12 ᠰᠠᠷ᠎ᠠ᠎ᠶ᠋ᠢᠨ 3᠎ᠤ ᠡᠳᠦᠷ
ᠡᠬᠢᠯᠡᠬᠦ᠌ ᠴᠠᠭ᠄
2025-12-03 10:46:13
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


新 语音播报 封面-恢复的.jpg


8a213045-adc7-48db-8fe7-7d923fa5c3ca.png


10001010101010101010101010101010101010112.3天气预报模板0101.jpg


e701b949-e105-449f-ae16-51702e02e882.png


ᠨᠡᠢᠭᠡᠮ

✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ᠣᠢᠷ᠎ᠠ ᠎ᠳᠤ  ᠭᠤᠷᠪᠠᠨ ᠵᠢᠯ ᠎ᠦᠨ ᠬᠤᠭᠤᠴᠠᠭ᠎ᠠ ᠪᠦᠬᠦᠢ ᠡᠮᠴᠢᠯᠡᠭᠡᠨ᠎ᠤ ᠪᠠᠳᠤᠯᠠᠭ᠎ᠠ ᠨᠠᠰᠤᠵᠢᠯ᠎ᠤᠨ ᠠᠰᠠᠷᠠᠮᠵᠢ᠎ᠵᠢ ᠤᠶᠠᠯᠳᠤᠭᠤᠯᠬᠤ ᠠᠵᠢᠯᠯᠠᠭ᠎ᠠ᠎ᠶᠢ ᠪᠠᠢᠷᠢᠯᠠᠭᠤᠯᠪᠠ᠃

✦ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠠᠷ᠂ ᠣᠳᠣᠬᠠᠨ᠎ᠳᠤ ᠮᠠᠨ᠎ᠤ ᠤᠯᠤᠰ᠎ᠤᠨ ᠤᠰᠤᠲᠥ᠋ᠷᠥᠭᠴᠢ᠎ᠶᠢᠨ ᠠᠵᠤ ᠦᠢᠯᠡᠰ ᠲᠦᠷᠭᠡᠨ ᠬᠥᠭᠵᠢᠵᠦ᠂ ᠤᠯᠠᠨ ᠵᠦᠢᠯ᠎ᠦᠨ ᠮᠡᠷᠭᠡᠵᠢᠯ᠎ᠦᠨ ᠭᠦᠢᠴᠡᠳᠬᠡᠯ ᠲᠣᠭ᠎ᠠ ᠪᠦᠬᠦ ᠪᠥᠮᠪᠥᠷᠴᠡᠭ᠎ᠲᠦ ᠲᠦᠷᠦᠭᠦᠯᠡᠵᠤ ᠪᠤᠢ᠃

✦ᠳᠣᠲᠣᠭᠠᠳᠤ᠎ᠶᠢ ᠬᠠᠮᠠᠭᠠᠯᠠᠬᠤ ᠶᠠᠮᠤᠨ ᠵᠡᠷᠭᠡ 10 ᠰᠠᠯᠠᠭ᠎ᠠ ᠮᠥᠴᠢᠷ ᠬᠠᠮᠲᠤᠷᠠᠨ ᠰᠠᠨᠠᠯ ᠳᠠᠷᠤᠮᠠᠯᠯᠠᠨ ᠲᠠᠷᠬᠠᠭᠠᠵᠤ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠤᠨ ᠲᠣᠭᠲᠠᠴᠠ᠎ᠶᠢᠨ ᠪᠠᠢᠭᠤᠯᠤᠯᠲᠠ᠎ᠶᠢ ᠴᠢᠩᠭᠠᠳᠬᠠᠪᠠ᠃

✦ᠣᠳᠣᠬᠠᠨ᠎ᠳᠤ ᠮᠠᠨ᠎ᠤ ᠤᠯᠤᠰ ᠨᠢᠭᠡᠳᠦᠭᠡᠷ ᠱᠠᠲᠤᠨ᠎ᠤ 6G᠎ᠤᠨ ᠮᠡᠷᠭᠡᠵᠢᠯ᠎ᠦᠨ ᠲᠤᠷᠰᠢᠯᠲᠠ᠎ᠶᠢ ᠨᠢᠭᠡᠨᠲᠡ ᠪᠡᠶᠡᠯᠡᠭᠦᠯᠵᠦ᠂ 300 ᠭᠠᠷᠤᠢ ᠵᠦᠢᠯ᠎ᠦᠨ ᠵᠠᠩᠭᠢᠯᠠᠭ᠎ᠠ᠎ᠶᠢᠨ ᠮᠡᠷᠭᠡᠵᠢᠯ᠎ᠦᠨ ᠨᠥᠭᠡᠴᠡ᠎ᠲᠠᠢ ᠪᠣᠯᠪᠠ᠃  ᠵᠢᠱ᠌ᠢᠯᠲᠡ᠎ᠪᠡᠷ 2035 ᠣᠨ ᠪᠣᠯᠬᠤ᠎ᠳᠤ 6G᠎ᠤᠨ ᠬᠡᠪᠴᠢᠶᠡᠵᠢᠭᠰᠡᠨ ᠬᠤᠳᠠᠯᠳᠤᠭᠠᠨ᠎ᠳᠤ ᠬᠡᠷᠡᠭᠯᠡᠬᠦ ᠪᠠᠢᠷᠢᠯᠠᠭᠤᠯᠤᠯᠲᠠ᠎ᠶᠢ ᠪᠡᠶᠡᠯᠡᠭᠦᠯᠵᠦ᠂ ᠲᠦᠮᠡᠨ ᠳ᠋ᠦᠩᠰᠢᠭᠤᠷ ᠲᠥᠭᠥᠷᠢᠭ᠎ᠦᠨ ᠳᠡᠰ᠎ᠤᠨ 6G᠎ᠤᠨ ᠠᠵᠤ ᠦᠢᠯᠡᠰ ᠵᠢᠴᠢ ᠬᠡᠷᠡᠭᠯᠡᠭᠡ᠎ᠶᠢ ᠪᠣᠢᠵᠢᠭᠤᠯᠤᠨ ᠪᠦᠷᠢᠯᠳᠦᠭᠦᠯᠬᠦ ᠪᠣᠯᠣᠮᠵᠢ᠎ᠲᠠᠢ᠃

✦ᠤᠢᠷ᠎ᠠ᠎ᠳᠤ ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠣᠪᠴᠢᠶ᠎ᠠ ᠵᠢᠨ ᠨᠠᠢᠷᠠᠭᠤᠯᠤᠨ ᠪᠢᠴᠢᠭᠰᠡᠨ 《ᠬᠥᠬᠡᠬᠣᠲᠠ᠎ᠶᠢᠨ ᠴᠠᠭᠠᠨ ᠢᠳᠡᠭᠡᠨ ᠡᠳ᠋ᠰᠢᠭᠦᠯᠦᠨ ᠦᠢᠯᠡᠳᠬᠦ ᠠᠵᠢᠯ ᠲᠥᠷᠥᠯ᠎ᠦᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠦᠢᠯᠡᠳᠦᠯᠭᠡ᠎ᠶᠢᠨ ᠦᠯᠢᠭᠡᠷ ᠬᠡᠪ》 ᠨᠢ ᠤᠯᠤᠰ᠎ᠤᠨ ᠳᠡᠰ᠎ᠤᠨ ᠨᠡᠢᠲᠡᠯᠢᠭ ᠵᠢᠱ᠌ᠢᠶ᠎ᠡ᠎ᠪᠡᠷ ᠰᠣᠩᠭᠣᠭᠳᠠᠭᠰᠠᠨ ᠪᠥᠭᠡᠳ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠎ᠶᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠤᠨ 《ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ᠋ ᠪᠣᠢᠵᠢᠭᠤᠯᠬᠤ ᠲᠠᠪᠴᠠᠩ》 ᠵᠢᠡᠷ ᠪᠦᠬᠦ ᠤᠯᠤᠰ᠎ᠲᠤ ᠳᠡᠯᠭᠡᠷᠡᠭᠦᠯᠪᠡ᠃


3e9cfaa792690c1305787cab4a69a1c6.jpg


✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠡᠴᠡ ᠨᠠᠭᠠᠰᠢ ᠬᠤᠤᠯᠢᠨ ᠭᠤᠤᠯ ᠬᠣᠲᠠ᠎ᠶᠢᠨ ᠬᠢᠨ ᠬᠣᠲᠠ᠎ᠶᠢᠨ ᠲᠣᠭᠣᠷᠢᠭ᠋᠎ᠤᠨ ᠨᠣᠭᠣᠭᠠᠷᠠᠭᠤᠯᠤᠯᠲᠠ᠎ᠶᠢᠨ ᠲᠠᠯᠠᠪᠠᠢ ᠪᠠ ᠪᠦᠷᠬᠦᠴᠡ᠎ᠶᠢᠨ ᠨᠣᠷᠮ᠎ᠠ᠎ᠶᠢ ᠥᠷᠭᠦᠯᠵᠢᠯᠡᠨ ᠥᠷᠭᠡᠳᠬᠡᠪᠡ᠃ ᠣᠳᠣᠬᠠᠨ ᠪᠣᠯᠲᠠᠯ᠎ᠠ ᠰᠢᠨ᠎ᠡ᠎ᠪᠡᠷ ᠨᠡᠮᠡᠭᠳᠡᠭᠰᠡᠨ ᠨᠣᠭᠣᠭᠠᠷᠠᠭᠤᠯᠤᠯᠲᠠ᠎ᠶᠢᠨ ᠲᠠᠯᠠᠪᠠᠢ ᠨᠢ 11.82 ᠾᠧᠺᠲ᠋ᠠᠷ᠎ᠲᠤ ᠬᠦᠷᠴᠦ᠂ ᠬᠥᠮᠥᠨ ᠳᠤᠮᠳᠠᠴᠢ᠎ᠳᠤ ᠨᠣᠭᠳᠠᠬᠤ ᠴᠡᠴᠡᠷᠯᠢᠭ᠎ᠦᠨ ᠨᠣᠭᠣᠭᠠᠷᠠᠭᠤᠯᠤᠯᠲᠠ ᠎ᠶᠢᠨ ᠲᠠᠯᠠᠪᠠᠢ ᠨᠢ 15.86 ᠲᠡᠭᠰᠢ ᠳᠥᠷᠪᠡᠯᠵᠢᠨ ᠮᠧᠲᠷ ᠪᠠᠢᠭᠰᠠᠨ᠎ᠠᠴᠠ 16.17 ᠲᠡᠭᠰᠢ ᠳᠥᠷᠪᠡᠯᠵᠢᠨ ᠮᠧᠲᠷ ᠪᠣᠯᠵᠤ ᠨᠡᠮᠡᠭᠳᠡᠵᠡᠢ᠃


640.jpg


✦2025 ᠣᠨ᠎ᠠᠴᠠ ᠨᠠᠭᠠᠰᠢ᠂ ᠤᠷᠳᠤᠰ ᠬᠤᠳᠠ ᠵᠢᠨ ᠬᠢᠶ᠎ᠡ ᠪᠠᠭ᠍ᠰᠢ ᠲᠣᠭᠣᠷᠢᠭ᠋ ᠴᠠᠬᠢᠯᠭᠠᠨ ᠴᠡᠨᠡᠭᠯᠡᠬᠦ ᠲᠣᠣᠷ ᠤ᠋ᠨ  ᠪᠠᠢᠷᠢᠯᠠᠭᠤᠯᠤᠯᠲᠠ᠎ᠶᠢᠨ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ᠎ᠪᠡᠷ 10 ᠴᠠᠬᠢᠯᠭᠠᠨ ᠴᠡᠨᠡᠭᠯᠡᠬᠦ ᠥᠷᠲᠡᠭᠡ ᠴᠡᠭ᠂ 72 ᠴᠠᠬᠢᠯᠭᠠᠨ ᠴᠡᠨᠡᠭᠯᠡᠬᠦ ᠪᠠᠭᠠᠨ᠎ᠠ ᠪᠠᠢᠭᠤᠯᠵᠤ᠂ ᠠᠯᠪᠠᠨ᠎ᠠᠴᠠ ᠪᠠᠢᠭᠤᠯᠤᠭᠰᠠᠨ ᠠᠰᠠᠷ ᠪᠠᠢᠰᠢᠩ᠂ ᠰᠤᠷᠭᠠᠭᠤᠯᠢ᠎ᠶᠢᠨ ᠬᠦᠷᠢᠶᠡᠨ᠎ᠦ ᠡᠷᠭᠢᠨ ᠲᠣᠭᠣᠷᠢᠨ᠂ ᠰᠠᠭᠤᠭᠠᠯᠢ ᠲᠣᠭᠣᠷᠢᠭ᠋᠂ ᠦᠵᠡᠮᠵᠢ᠎ᠶᠢᠨ ᠣᠷᠣᠨ ᠵᠢᠴᠢ ᠬᠤᠳᠠᠯᠳᠤᠭᠠᠨ᠎ᠤ ᠲᠠᠯᠠᠪᠠᠢ ᠵᠡᠷᠭᠡ ᠭᠣᠣᠯ ᠲᠠᠯᠠᠪᠤᠷ᠎ᠢ ᠨᠡᠢᠳᠡᠮ ᠬᠠᠮᠤᠷᠴᠤ᠂ ᠣᠯᠠᠨ ᠣᠷᠣᠨ ᠪᠦᠰᠡ ᠎ᠶᠢᠨ ᠴᠠᠬᠢᠯᠭᠠᠨ ᠴᠡᠨᠡᠭᠯᠡᠬᠦ ᠦᠢᠯᠡᠴᠢᠯᠡᠭᠡᠨ᠎ᠦ ᠬᠣᠭᠣᠰᠤᠨ᠎ᠢ ᠪᠦᠲᠦᠮᠵᠢᠲᠡᠶ ᠨᠥᠬᠥᠪᠦᠷᠢᠯᠡᠵᠠᠢ᠃

 

微信图片_2025-12-02_103859_536.jpg


✦ᠤᠷᠴᠢᠮᠬᠠᠨ ᠬᠦᠪᠡᠭᠡᠳᠤ ᠰᠢᠷ᠎ᠠ ᠬᠣᠰᠢᠭᠤᠨ᠎ᠤ ᠡᠮᠡᠭᠲᠡᠢᠴᠦᠳ᠎ᠦᠨ ᠬᠤᠯᠪᠤᠭ᠎ᠠ᠂ ᠡᠮᠡᠭᠲᠡᠢᠴᠦᠳ ᠬᠡᠦᠬᠡᠳ ᠎ᠢ ᠬᠠᠯᠠᠮᠵᠢᠯᠠᠬᠤ ᠨᠡᠢᠭᠡᠮᠯᠢᠭ ᠬᠠᠮᠲᠤᠷᠠᠨ ᠬᠠᠢᠷ᠎ᠠ ᠲᠠᠯᠠᠷᠬᠠᠯ᠎ᠤᠨ ᠰᠡᠳᠬᠢᠯᠭᠡ᠎ᠪᠠᠨ ᠢᠯᠡᠳᠬᠡᠬᠦ ᠣᠷᠣᠭ ᠭᠡᠷ ᠪᠦᠯᠢ᠎ᠶᠢ ᠬᠠᠪᠰᠤᠷᠬᠤ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠥᠬᠥ ᠬᠣᠰᠢᠭᠤᠨ᠎ᠤ ᠡᠯ᠎ᠡ ᠬᠦᠷᠢᠶ᠎ᠡ ᠎ᠶᠢᠨ ᠬᠠᠮᠤᠭ᠎ᠤᠨ ᠭᠣᠶᠤ ᠭᠡᠷ ᠪᠦᠯᠢ᠎ᠶᠢᠨ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ ᠲᠣᠭᠯᠠᠭᠠᠮ ᠲᠣᠭᠯᠠᠬᠤ᠂ ᠦᠯᠢᠭᠡᠷ ᠬᠤᠪᠢᠶᠠᠯᠴᠠᠬᠤ᠂ ᠪᠡᠯᠡᠭ ᠬᠦᠷᠭᠡᠬᠦ ᠵᠡᠷᠭᠡ ᠪᠠᠶᠠᠯᠢᠭ᠋ ᠠᠭᠤᠯᠭ᠎ᠠ ᠪᠦᠬᠦᠢ  ᠠᠵᠢᠯᠯᠠᠭ᠎ᠠ᠎ᠪᠠᠷ ᠣᠷᠣᠭ ᠭᠡᠷ ᠪᠦᠯᠢ᠎ᠶᠢᠨ ᠵᠥᠪ ᠡᠨᠧᠷᠭᠢ᠎ᠶᠢ ᠲᠠᠮᠵᠢᠭᠤᠯᠵᠠᠢ᠃

 

微信图片_2025-12-02_103020_295.jpg


ᠠᠵᠤ ᠠᠬᠤᠢ

✦ᠮᠠᠨ᠎ᠤ ᠤᠯᠤᠰ᠎ᠤᠨ ᠲᠦᠷᠭᠡᠨ ᠬᠦᠷᠭᠡᠯᠲᠡ᠎ᠶᠢᠨ ᠵᠢᠯ᠎ᠦᠨ ᠲᠤᠬᠠᠢᠯᠠᠭᠰᠠᠨ ᠠᠵᠢᠯ᠎ᠤᠨ ᠬᠡᠮᠵᠢᠶ᠎ᠡ ᠠᠩᠬ᠎ᠠ ᠤᠳᠠᠭ᠎ᠠ 180 ᠳ᠋ᠦᠩᠰᠢᠭᠤᠷ ᠬᠤᠪᠢ ᠵᠢ ᠳᠠᠪᠠᠪᠠ᠃


a822e7d8e2648da9f0e038f2150ce412.jpg


✦10 ᠰᠠᠷ᠎ᠠ᠎ᠳᠤ᠂ ᠮᠠᠨ᠎ᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠱᠤᠭᠤᠮ᠎ᠤᠨ ᠠᠶᠠᠨᠴᠢᠳ᠎ᠤᠨ ᠵᠦᠭᠡᠭᠡᠪᠤᠷᠢ᠎ᠶᠢᠨ ᠬᠡᠮᠵᠢᠶ᠎ᠡ᠂ ᠪᠠᠷᠠᠭ᠎ᠠ ᠪᠠ ᠰᠢᠤᠳᠠᠨ᠎ᠤ ᠲᠡᠭᠡᠭᠡᠪᠦᠷᠢ᠎ᠶᠢᠨ ᠬᠡᠮᠵᠢᠶ᠎ᠡ᠎ᠶᠢᠨ ᠨᠡᠮᠡᠭᠳᠡᠯ᠎ᠦᠨ ᠬᠤᠷᠳᠤᠴᠠ ᠴᠥᠮ ᠠᠳᠠᠯᠢ ᠬᠤᠭᠤᠴᠠᠭᠠᠨ᠎ᠤ ᠬᠢ᠎ᠡᠴᠡ 20%᠎ᠪᠡᠷ ᠳᠠᠪᠠᠵᠤ᠂ ᠪᠠᠷᠠᠭ᠎ᠠ ᠪᠠ ᠰᠢᠤᠳᠠᠨ᠎ᠤ ᠰᠠᠷ᠎ᠠ᠎ᠶᠢᠨ ᠲᠡᠭᠡᠭᠡᠪᠦᠷᠢ᠎ᠶᠢᠨ ᠬᠡᠮᠵᠢᠶ᠎ᠡ ᠠᠩᠬ᠎ᠠ ᠤᠳᠠᠭ᠎ᠠ 90 ᠲᠦᠮᠡᠨ ᠲᠣᠨ᠎ᠢ ᠳᠠᠪᠠᠪᠠ᠃

 

ᠰᠤᠶᠤᠯ

✦ᠤᠢᠷ᠎ᠠ ᠵᠢᠨ ᠡᠳᠤᠷ 《ᠬᠣᠲᠠ᠎ᠶᠢᠨ ᠣᠷᠣᠨ ᠵᠠᠢ᠎ᠳᠤ ᠰᠣᠶᠣᠯ᠎ᠤᠨ ᠥᠪ᠎ᠢᠶᠠᠨ ᠬᠠᠮᠠᠭᠠᠯᠠᠶ᠎ᠠ — ᠪᠠᠭᠠᠴᠤᠳ ᠪᠢᠳᠡ ᠥᠪ ᠰᠣᠶᠣᠯ᠎ᠢᠶᠠᠨ ᠰᠤᠷᠲᠠᠯᠴᠢᠯᠠᠨ ᠵᠠᠯᠭᠠᠮᠵᠢᠯᠠᠶ᠎ᠠ》 ᠭᠡᠬᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠬᠠᠭᠤᠯᠤᠨ ᠲᠠᠢᠯᠪᠤᠷᠢᠯᠠᠬᠤ ᠭᠣᠣᠯ ᠰᠡᠳᠦᠪᠲᠦ ᠠᠵᠢᠯᠯᠠᠭ᠎ᠠ ᠬᠥᠬᠡᠬᠣᠲᠠ᠎ᠶᠢᠨ ᠦᠨᠳᠦᠰᠦᠲᠡᠨ᠎ᠦ ᠲᠤᠷᠰᠢᠯᠲᠠ᠎ᠶᠢᠨ ᠰᠤᠷᠭᠠᠭᠤᠯᠢ᠎ᠳᠤ ᠬᠥᠭᠵᠢᠶᠡᠨᠲᠡᠢ ᠶᠠᠪᠤᠭᠳᠠᠪᠠ᠃

 

微信图片_2025-12-02_103642_959.jpg


ᠲᠠᠮᠢᠷ

✦ᠨᠠᠢ᠍ᠮᠠᠳᠤᠭᠠᠷ ᠬᠤᠭᠤᠴᠠᠭᠠᠨ᠎ᠤ ᠪᠥᠬᠦ ᠤᠯᠤᠰ᠎ᠤᠨ ᠣᠶᠤᠲᠠᠳ᠎ᠤᠨ ᠳᠤᠮᠳᠠᠳᠤ ᠮᠠᠶᠢᠭ᠋᠎ᠤᠨ ᠪᠦᠬᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠲᠦᠷᠦᠬᠦᠬᠡᠨ ᠤᠯᠠᠭᠠᠨᠴᠠᠪ ᠬᠤᠳᠠ ᠵᠢᠨ ᠵᠢᠨᠢᠩ ᠳᠣᠭᠣᠷᠢᠭ ᠎ᠲᠦ ᠶᠠᠪᠤᠭᠳᠠᠵᠤ᠂ ᠬᠡᠰᠢᠭᠲᠡᠨ ᠬᠣᠰᠢᠭᠤᠨ᠎ᠤ ᠪᠠᠶᠠᠨᠴᠠᠭᠠᠨ ᠰᠤᠮᠤᠨ᠎ᠤ ᠵᠠᠮᠪᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢ ᠲᠥᠯᠥᠭᠡᠯᠡᠨ ᠣᠷᠣᠯᠴᠠᠵᠤ᠂ ᠳᠤᠮᠳᠠᠳᠤ ᠮᠠᠶᠢᠭ᠋᠎ᠤᠨ ᠪᠥᠬᠡ᠎ᠶᠢᠨ ᠪᠠᠷᠢᠯᠳᠤᠭᠠᠨ᠎ᠤ 100 ᠺᠢᠯᠦᠭᠷᠠᠮ᠎ᠤᠨ ᠳᠡᠰ᠎ᠲᠤ ᠮᠠᠩᠯᠠᠢᠯᠠᠪᠠ᠃

 

微信图片_2025-12-02_104103_280.jpg


微信图片_2025-12-02_104135_687.jpg


ᠳᠡᠯᠡᠬᠡᠢ

✦ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 11 ᠰᠠᠷ᠎ᠠ᠎ᠳᠤ ᠨᠡᠢᠲᠡᠯᠡᠭᠰᠡᠨ ᠮᠡᠳᠡᠭᠦᠯᠦᠯᠲᠡ᠎ᠶᠢᠨ ᠪᠦᠷᠢᠳᠬᠡᠯ᠎ᠡᠴᠡ ᠦᠵᠡᠪᠡᠯ᠂ ᠢᠨᠳᠤᠨᠧᠰᠢᠶ᠎ᠠ᠎ᠶᠢᠨ ᠨᠡᠢᠰᠯᠡᠯ ᠵᠠᠺᠠᠷᠲ᠋ᠠ᠎ᠶᠢᠨ ᠬᠥᠮᠥᠨ ᠠᠮᠠ 4200 ᠲᠦᠮᠡ᠎ᠳᠦ ᠬᠦᠷᠴᠦ᠂ ᠶᠠᠫᠤᠨ᠎ᠤ ᠲᠤᠤᠺᠢᠤ᠋ ᠎ᠶᠢ ᠣᠷᠣᠯᠠᠭᠠᠳ ᠪᠦᠬᠦ ᠪᠥᠮᠪᠥᠷᠴᠡᠭ᠎ᠦᠨ ᠨᠡᠢᠰᠯᠡᠯ ᠬᠤᠳᠠ ᠵᠢᠨ ᠬᠥᠮᠥᠨ ᠠᠮᠠ᠎ᠪᠡᠷ ᠬᠠᠮᠤᠭ᠎ᠤᠨ ᠣᠯᠠᠨ ᠬᠣᠲᠠ ᠪᠣᠯᠵᠠᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠰᠢᠩᠭᠠᠫᠤᠷ ᠳᠤᠮᠳᠠᠳᠤ ᠰᠤᠷᠭᠠᠭᠤᠯᠢ ᠎ᠳᠤ ᠭᠠᠷ ᠤᠲᠠᠰᠤᠨ᠎ᠤ ᠬᠠᠮᠢᠶᠠᠷᠤᠯᠲᠠ᠎ᠶᠢᠨ ᠨᠠᠩ ᠴᠢᠩᠭ᠎ᠠ ᠠᠷᠭ᠎ᠠ ᠬᠡᠮᠵᠢᠶ᠎ᠡ ᠬᠡᠷᠡᠭᠵᠢᠭᠦᠯᠬᠦ ᠪᠡᠷ ᠪᠤᠢ᠃


ᠦᠢᠯᠡᠴᠢᠯᠡᠭᠡ

✦ᠬᠦᠯᠦᠨ ᠪᠤᠢᠷ ᠬᠤᠳᠠ ᠵᠢᠨ ᠬᠤᠶᠠᠳᠤᠭᠠᠷ ᠠᠷᠠᠳ᠎ᠤᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ 


ᠲᠠᠨ᠎ᠤ ᠲᠤᠰᠠ᠎ᠳᠤ 

✦ᠱᠥᠯᠥ ᠪᠤᠴᠠᠯᠭᠠᠬᠤ ᠴᠠᠭ᠎ᠢ ᠬᠡᠳᠦ ᠤᠷᠳᠤ ᠪᠠᠢᠯᠭᠠᠵᠤ ᠪᠣᠯᠬᠤ ᠦᠭᠡᠢ᠃ ᠨᠠᠩ ᠴᠤ᠌ ᠲᠠᠬᠢᠶᠠᠨ ᠮᠢᠬᠠᠨ ᠱᠥᠯᠥ ᠵᠡᠷᠭᠡ᠎ᠶᠢ ᠤᠳᠠᠭᠠᠨ ᠪᠤᠴᠠᠯᠭᠠᠪᠠᠯ ᠫᠦᠷᠢᠨ᠎ᠦ ᠠᠭᠤᠯᠤᠭᠳᠠᠴᠠ᠎ᠶᠢ ᠨᠡᠮᠡᠭᠳᠡᠭᠦᠯᠵᠦ᠂ ᠡᠭᠦᠨ᠎ᠦ ᠤᠯᠠᠮ ᠡᠴᠡ ᠰᠢᠭᠡᠰᠦᠨ ᠬᠦᠴᠢᠯ᠂ ᠲᠤᠯᠠᠢ ᠡᠪᠡᠳᠴᠢᠨ ᠡᠭᠦᠰᠬᠡᠬᠦ ᠪᠤᠯᠤᠮᠵᠢ ᠲᠠᠢ ᠪᠥᠭᠡᠳ ᠢᠳᠡᠭᠡᠨ᠎ᠤ ᠰᠢᠮ᠎ᠡ ᠲᠡᠵᠢᠭᠡᠯ᠎ᠢ ᠠᠯᠳᠠᠬᠳᠠᠭᠤᠯᠳᠠᠭ᠃


e3b06d7b90a8b60574a4377776287bd4.jpg

 

ᠵᠠᠯᠭᠠᠭᠠᠳ 《ᠪᠢᠳᠡ ᠵᠢᠷᠭᠠᠯᠳᠠᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号