



ᠨᠡᠢᠭᠡᠮ
✦12 ᠰᠠᠷ᠎ᠠ᠎ᠵᠢᠨ 2᠎ᠤᠨ ᠡᠳᠦᠷ᠂ ᠳᠤᠮᠳᠠᠳᠤ ᠤᠯᠤᠰ᠎ᠤᠨ ᠡᠮ᠎ᠦᠨ ᠵᠦᠢᠯᠡᠰ᠎ᠦᠨ ᠦᠨ᠎ᠡ ᠬᠠᠩᠰᠢ᠎ᠶᠢ ᠳᠠᠩᠰᠠᠯᠠᠬᠤ
ᠰᠢᠰᠲᠧᠮ ᠰᠦᠯᠵᠢᠶᠡᠨ᠎ᠳᠦ ᠭᠠᠷᠪᠠ᠃ ᠲᠣᠰ ᠰᠢᠰᠲᠧᠮ ᠨᠢ ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ᠎ᠶᠢᠨ ᠬᠤᠳᠠᠯᠳᠤᠨ
ᠠᠪᠬᠤ ᠲᠠᠪᠴᠠᠩ᠎ᠠᠴᠠ ᠲᠤᠰᠠᠭᠠᠷᠯᠠᠵᠤ᠂ ᠠᠵᠤ ᠠᠬᠤᠢᠯᠠᠯ᠎ᠳᠤ ᠡᠷᠬᠡ ᠰᠦᠷᠲᠦ᠂ ᠵᠢᠷᠤᠮᠵᠢᠭ᠍ᠰᠠᠨ᠂ ᠢᠯᠡ ᠲᠣᠳᠣ᠌
ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠳᠡᠩᠰᠡᠯᠡᠨ ᠲᠡᠮᠳᠡᠭᠯᠡᠵᠦ ᠪᠠᠢᠴᠠᠭᠠᠨ ᠯᠠᠪᠯᠠᠬᠤ ᠦᠢᠯᠡᠴᠢᠯᠡᠭᠡ
ᠬᠠᠩᠭᠠᠨ᠎ᠠ᠃

✦12 ᠰᠠᠷ᠎ᠠ᠎ᠵᠢᠨ 2᠎ᠤᠨ ᠡᠳᠦᠷ᠂
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ 5 ᠰᠠᠯᠠᠭ᠎ᠠ
ᠮᠥᠴᠢᠷ 《ᠳ᠋ᠠᠢᠲ᠋ᠠ᠎ᠶᠢᠨ
ᠡᠯᠧᠮᠧᠨ᠋ᠲ᠎ᠦᠨ ᠰᠢᠨᠵᠢᠯᠡᠭᠡᠨ᠎ᠦ ᠰᠠᠯᠠᠭ᠎ᠠ ᠵᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ ᠪᠠ ᠲᠣᠭᠠᠴᠢᠯᠠᠭᠰᠠᠨ
ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠠᠨᠠᠯ》 ᠨᠡᠢᠲᠡᠯᠡᠵᠦ᠂ ᠳᠥᠷᠪᠡᠨ ᠲᠠᠯ᠎ᠠ᠎ᠶᠢᠨ 12 ᠵᠦᠢᠯ᠎ᠦᠨ
ᠪᠣᠳᠠᠲᠠᠢ ᠠᠷᠭ᠎ᠠ ᠬᠡᠮᠵᠢᠶᠡᠳᠤᠷᠠᠳᠴᠤ᠂ ᠲᠣᠭᠠᠴᠢᠯᠠᠭᠰᠠᠨ ᠴᠢᠳᠠᠪᠤᠷᠢᠲᠠᠨ ᠳᠤᠲᠠᠭᠳᠠᠵᠤ ᠪᠠᠢᠭ᠎ᠠ ᠪᠣᠳᠠᠲᠠᠢ
ᠠᠰᠠᠭᠤᠳᠠᠯ᠎ᠢ ᠰᠢᠢᠳᠪᠦᠷᠢᠯᠡᠬᠦ ᠪᠡᠷ ᠪᠣᠢ᠃
✦ᠤᠯᠤᠰ᠎ᠤᠨ
ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ 2 ᠤᠨ ᠡᠳᠦᠷ ᠨᠡᠢᠲᠡᠯᠡᠭᠰᠡᠨ 《2024 ᠣᠨ᠎ᠤ ᠮᠠᠨ᠎ᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ
ᠮᠡᠨᠳᠦ᠎ᠶᠢᠨ ᠦᠢᠯᠡᠰ᠎ᠦᠨ ᠬᠥᠭᠵᠢᠯᠲᠡ᠎ᠶᠢᠨ ᠪᠦᠷᠢᠳᠬᠡᠯ᠎ᠦᠨ ᠠᠯᠪᠠᠨ ᠮᠡᠳᠡᠭᠡ》᠎ᠶᠢ ᠦᠨᠳᠦᠰᠦᠯᠡᠪᠡᠯ᠂ 2024 ᠣᠨ᠎ᠳᠤ
ᠪᠥᠬᠥ ᠤᠯᠤᠰ᠎ᠤᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠣᠨᠣᠰᠢᠯᠠᠨ ᠡᠮᠴᠢᠯᠡᠭᠰᠡᠨ ᠪᠥᠬᠥ
ᠬᠥᠮᠥᠨ᠎ᠤ ᠲᠤᠭ᠎ᠠ 10.5 ᠳ᠋ᠦᠩᠰᠢᠭᠤᠷ ᠪᠣᠯᠵᠤ᠂ ᠲᠦᠷᠦᠭᠦᠦ ᠵᠢᠯ᠎ᠦᠨ ᠬᠢ᠎ᠡᠴᠡ 6.0 ᠳ᠋ᠦᠩᠰᠢᠭᠤᠷ
ᠬᠥᠮᠥᠨ ᠤᠳᠠᠭ᠎ᠠ ᠨᠡᠮᠡᠭᠳᠡᠨ᠂ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ
79.0 ᠨᠠᠰᠤᠨ᠎ᠳᠤ ᠬᠦᠷᠴᠡᠢ᠃
✦ᠤᠢᠷ᠎ᠠ᠎ᠳᠦ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠭᠠᠯ ᠭᠠᠷᠠᠭ᠎ᠤᠨ
ᠡᠯᠡᠰᠦᠨ ᠰᠢᠭᠤᠷᠭ᠎ᠠ᠎ᠵᠢᠨ ᠡᠷᠭᠢᠯᠲᠡ᠎ᠶᠢ ᠪᠥᠬᠥ ᠲᠠᠯ᠎ᠠ᠎ᠪᠠᠷ ᠳᠠᠭᠤᠷᠢᠶᠠᠵᠤ᠂ ᠢᠷᠡᠭᠡᠳᠦᠢ᠎ᠳᠦ ᠭᠠᠯ ᠭᠠᠷᠠᠭ᠎ᠤᠨ
ᠨᠠᠢᠳᠠᠪᠤᠷᠢᠲᠠᠢ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠬᠢᠭᠡᠳ ᠠᠭᠤᠷ ᠠᠮᠢᠰᠬᠤᠯ᠎ᠤᠨ ᠵᠢᠱ᠌ᠢᠯᠲᠡ᠎ᠶᠢ ᠪᠡᠶᠡᠯᠡᠭᠦᠯᠬᠦ᠎ᠳᠦ
ᠵᠠᠩᠭᠢᠯᠠᠭ᠎ᠠ᠎ᠶᠢᠨ ᠰᠠᠭᠤᠷᠢᠲᠠᠯᠪᠢᠭ᠍ᠰᠠᠨ ᠪᠠᠢᠨ᠎ᠠ᠃
✦ᠲᠦᠷᠦᠭᠦᠬᠡᠨ
ᠣᠷᠳᠣᠰ ᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠ ᠣᠷᠳᠣᠰ ᠬᠣᠲᠠ᠎ᠶᠢᠨ ᠨᠠᠰᠤᠲᠠᠢᠴᠤᠳ᠎ᠤᠨ ᠠᠵᠢᠯ᠎ᠤᠨ
ᠵᠥᠪᠯᠡᠯ᠎ᠦᠨ ᠠᠯᠪᠠᠨ ᠭᠡᠷ 《ᠣᠷᠳᠣᠰ ᠬᠣᠲᠠ᠎ᠶᠢᠨ ᠨᠠᠰᠤᠲᠠᠢᠴᠤᠳ᠎ᠤᠨ ᠮᠡᠳᠡᠭᠡ ᠵᠠᠩᠭᠢ ᠪᠠ
ᠨᠠᠰᠤᠲᠠᠢᠴᠤᠳ᠎ᠤᠨ ᠦᠢᠯᠡᠰ᠎ᠦᠨ ᠬᠥᠭᠵᠢᠯᠲᠡ᠎ᠶᠢᠨ ᠪᠠᠢᠳᠠᠯ᠎ᠤᠨ ᠮᠡᠳᠡᠭᠦᠯᠦᠯᠲᠡ》ᠨᠡᠢᠲᠡᠯᠡᠪᠡ᠂ ᠮᠡᠳᠡᠭᠦᠯᠦᠯᠲᠡ᠎ᠶᠢ
ᠦᠨᠳᠦᠰᠦᠯᠡᠪᠡᠯ 2024 ᠣᠨ᠎ᠤ ᠡᠴᠦᠰ ᠪᠣᠯᠲᠠᠯ᠎ᠠ᠂ ᠣᠷᠳᠣᠰ ᠬᠣᠲᠠ᠎ᠶᠢᠨ ᠪᠦᠬᠦᠯᠢ 60 ᠨᠠᠰᠤ ᠵᠢᠴᠢ
ᠲᠡᠭᠦᠨ᠎ᠡᠴᠡ ᠳᠡᠭᠡᠭᠰᠢᠬᠢ ᠡᠷᠦᠬᠡ ᠠᠮᠠ᠎ᠶᠢᠨ ᠳᠠᠩᠰᠠ᠎ᠲᠠᠢ ᠨᠠᠰᠤᠲᠠᠢᠴᠤᠳ 35.34 ᠲᠦᠮᠡ
ᠪᠣᠯᠵᠣ᠂ ᠡᠷᠦᠬᠡ ᠠᠮᠠ᠎ᠶᠢᠨ ᠳᠠᠩᠰᠠ᠎ᠶᠢᠨ ᠪᠥᠬᠥ ᠬᠥᠮᠥᠨ ᠠᠮᠠ᠎ᠶᠢᠨ 21.01%᠎ᠶᠢ ᠡᠵᠡᠯᠡᠵᠦ᠂
5 ᠬᠥᠮᠥᠨ ᠪᠦᠷᠢᠳᠦ 60 ᠨᠠᠰᠤᠨ᠎ᠠᠴᠠ
ᠳᠡᠭᠡᠭᠰᠢᠬᠢ ᠨᠠᠰᠤᠲᠠᠨ᠎ᠲᠠᠢ ᠪᠣᠯᠵᠠᠢ᠃

✦ᠣᠢᠷ᠎ᠠ᠎ᠳᠤ
ᠬᠥᠬᠡᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ
ᠪᠠᠲᠤᠯᠠᠭ᠎ᠠ᠎ᠶᠢᠨ ᠲᠣᠪᠴᠢᠶ᠎ᠠ ᠬᠢᠭᠡᠳ ᠢᠦᠢᠴᠢᠤᠸᠠᠨ ᠲᠣᠭᠣᠷᠢᠭ᠋᠎ᠤᠨ ᠵᠠᠰᠠᠭ᠎ᠤᠨ ᠣᠷᠳᠣᠨ ᠬᠠᠮᠲᠤᠷᠠᠨ ᠪᠥᠬᠥ
ᠣᠷᠣᠨ᠎ᠤ ᠠᠩᠬᠠᠳᠠᠬᠴᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢ ᠤᠶᠠᠯᠳᠤᠭᠤᠯᠤᠭᠰᠠᠨ ᠮᠧᠩ ᠶᠢᠦ ᠠᠳᠠᠯ ᠠᠬᠤᠢ᠎ᠶᠢᠨ
ᠦᠢᠯᠡᠴᠢᠯᠡᠭᠡᠨ᠎ᠦ ᠬᠡᠲᠦ ᠳᠡᠯᠭᠡᠭᠦᠷ ᠪᠠᠢᠭᠤᠯᠪᠠ᠃ ᠣᠳᠣᠬᠠᠨ᠎ᠳᠤ ᠲᠣᠰ ᠠᠳᠠᠯ ᠠᠬᠤᠢ᠎ᠶᠢᠨ ᠬᠡᠲᠦ ᠳᠡᠯᠭᠡᠭᠦᠷ
ᠨᠢᠭᠡᠨᠲᠡ ᠲᠤᠷᠰᠢᠨ ᠡᠵᠡᠩᠨᠡᠬᠦ ᠱᠠᠲᠤᠨ᠎ᠳᠤ ᠣᠷᠣᠪᠠ᠃

✦ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ
ᠣᠢᠷ᠎ᠠ᠎ᠳᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠳᠦᠷᠢᠮ》᠎ᠤᠨ ᠬᠠᠮᠢᠶ᠎ᠠ ᠪᠦᠬᠦᠢ ᠠᠭᠤᠯᠭ᠎ᠠ᠎ᠶᠢ ᠲᠥᠪᠯᠡᠷᠡᠭᠦᠯᠦᠨ ᠨᠡᠢᠲᠡᠯᠡᠵᠤ᠂
ᠲᠤᠰ 2 ᠳᠦᠷᠢᠮ᠎ᠢ 2026 ᠣᠨ᠎ᠤ 1 ᠰᠠᠷ᠎ᠠ᠎ᠶᠢᠨ 1᠎ᠦ ᠡᠳᠦᠷ᠎ᠡᠴᠡ
ᠡᠬᠢᠯᠡᠨ ᠬᠡᠷᠡᠭᠵᠢᠭᠦᠯᠬᠦ ᠪᠣᠯᠣᠨ᠎ᠠ᠃

✦2026 ᠤᠨ᠎ᠤ ᠥᠪᠥᠷ ᠮᠤᠩᠭᠤᠯ᠎ᠤᠨ ᠥᠪᠡᠷᠲᠡᠭᠡᠨ ᠵᠠᠰᠠᠬᠤ
ᠤᠷᠤᠨ᠎ᠤ ᠠᠵᠢᠯ ᠦᠢᠯᠡᠰ᠎ᠤᠨ ᠨᠢᠭᠡᠴᠢ᠎ᠵᠢᠨ ᠢᠯᠡ᠎ᠪᠡᠷ ᠠᠵᠢᠯᠲᠠᠨ ᠡᠯᠰᠡᠬᠦ ᠪᠢᠷ᠎ᠤᠨ ᠰᠢᠯᠭᠠᠯᠲᠠ᠎ᠵᠢᠨ ᠬᠢᠷᠢ
ᠪᠥᠲᠥᠮᠵᠢ ᠵᠢᠴᠢ ᠬᠠᠮᠤᠭ᠎ᠤᠨ ᠳᠤᠤᠷ᠎ᠠ ᠬᠢᠷᠢ ᠲᠡᠩᠴᠡᠬᠦ ᠬᠤᠪᠢ᠎ᠵᠢᠨ ᠱᠤᠭᠤᠮ᠎ᠢ ᠨᠡᠢᠲᠡᠯᠡᠪᠡ᠃
✦ᠤᠢᠷ᠎ᠠ᠎ᠳᠦ
ᠥᠵᠥᠮᠥᠴᠢᠨ ᠬᠤᠨᠢ᠂ ᠰᠥᠨᠢᠳ ᠬᠤᠨᠢ᠂ ᠮᠤᠩᠭᠤᠯ ᠦᠬᠡᠷ᠂ ᠮᠤᠩᠭᠤᠯ ᠠᠳᠤᠭᠤ ᠪᠠ ᠰᠥᠨᠢᠳ ᠬᠤᠤᠰ ᠪᠦᠬᠦᠲᠦ
ᠲᠡᠮᠡᠭᠡ ᠵᠡᠷᠭᠡ ᠰᠢᠯᠢ᠎ᠵᠢᠨ ᠭᠤᠤᠯ ᠠᠢᠮᠠᠭ᠎ᠤᠨ 5 ᠰᠢᠯᠢᠳᠡᠭ ᠡᠭᠦᠯᠳᠡᠷ ᠬᠥᠳᠡᠭᠡ ᠠᠵᠤ ᠠᠬᠤᠢ ᠬᠥᠳᠡᠭᠡ
ᠲᠤᠰᠬᠤᠨ᠎ᠤ ᠶᠠᠮᠤᠨ᠎ᠤ ᠰᠢᠨ᠎ᠡ᠎ᠪᠡᠷ ᠵᠠᠰᠠᠪᠤᠷᠢ ᠤᠷᠤᠭᠤᠯᠤᠭᠰᠠᠨ《ᠤᠯᠤᠰ᠎ᠤᠨ ᠳᠡᠰ᠎ᠤᠨ ᠮᠠᠯ ᠵᠢᠭᠦᠷᠲᠡᠨ᠎ᠤ ᠤᠳᠤᠮᠯᠠᠯ᠎ᠤᠨ
ᠡᠬᠢ ᠪᠠᠶᠠᠯᠢᠭ᠎ᠤᠨ ᠬᠠᠮᠠᠭᠠᠯᠠᠯᠲᠠ᠎ᠵᠢᠨ ᠨᠡᠷᠡᠰ᠎ᠤᠨ ᠵᠢᠭᠰᠠᠭᠠᠯᠲᠠ》᠎ᠳᠦ ᠤᠷᠤᠵᠠᠢ᠃
ᠠᠵᠤ ᠠᠬᠤᠢ
✦12 ᠰᠠᠷ᠎ᠠ᠎ᠶᠢᠨ 2᠎ᠤᠨ ᠡᠳᠦᠷ ᠲᠤ ᠳᠤᠮᠳᠠᠳᠤ ᠯᠠᠤᠰ᠎ᠤᠨ ᠲᠡᠮᠦᠷ
ᠵᠠᠮ ᠨᠡᠪᠲᠡᠷᠡᠭᠡᠳ ᠪᠦᠬᠦᠯᠢ 4 ᠵᠢᠯ ᠪᠣᠯᠵᠤ᠂ ᠠᠶᠠᠨᠴᠢᠳ᠎ᠢ ᠨᠡᠶ᠋ᠢᠲᠡ 6250 ᠲᠦᠮᠡᠨ ᠬᠥᠮᠥᠨ ᠤᠳᠠᠭ᠎ᠠ᠂ ᠡᠳ᠋ ᠪᠠᠷᠠᠭ᠎ᠠ᠎ᠶᠢ
ᠨᠡᠢᠲᠡ 7250 ᠲᠦᠮᠡᠨ ᠲᠣᠨ ᠲᠡᠭᠡᠭᠡᠪᠦᠷᠢᠯᠡᠵᠦ᠂ ᠣᠷᠣᠨ ᠪᠦᠰᠡ᠎ᠶᠢᠨ ᠠᠵᠤ
ᠠᠬᠤᠢ ᠨᠡᠢᠭᠡᠮ᠎ᠦᠨ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

✦2025 ᠤᠨ᠎ᠤ 《ᠰᠢᠯᠢ᠎ᠵᠢᠨ ᠭᠤᠤᠯ᠎ᠤᠨ ᠬᠤᠨᠢ》 ᠤᠷᠤᠨ ᠪᠦᠰᠡ᠎ᠵᠢᠨ ᠨᠡᠢᠲᠡ᠎ᠵᠢᠨ ᠬᠡᠷᠡᠭᠯᠡᠭᠡᠨ᠎ᠤ ᠲᠥᠷᠥᠯ
ᠲᠡᠮᠳᠡᠭ᠎ᠤᠨ ᠬᠤᠨᠢ᠎ᠶᠢ ᠡᠳ᠋ᠰᠢᠭᠦᠯᠬᠦ ᠠᠵᠢᠯ ᠠᠮᠵᠢᠯᠲᠠ ᠲᠠᠢ ᠳᠠᠭᠤᠰᠴᠤ᠂ ᠬᠤᠳᠠᠯᠳᠤᠨ ᠠᠪᠴᠤ
ᠡᠳ᠋ᠰᠢᠭᠦᠯᠦᠭᠰᠡᠨ ᠬᠡᠮᠵᠢᠶ᠎ᠡ ᠨᠡᠢᠲᠡ 106.8 ᠲᠥᠮᠡ᠎ᠳᠦ ᠬᠦᠷᠴᠦ᠂ ᠨᠢᠳᠤᠨᠤᠨ᠎ᠤ ᠠᠳᠠᠯᠢ
ᠬᠤᠭᠤᠴᠠᠭᠠᠨ᠎ᠤ᠎ᠬᠢ᠎ᠡᠴᠡ 38 ᠲᠥᠮᠡ ᠢᠯᠡᠭᠦᠦ ᠡᠳ᠋ᠰᠢᠭᠦᠯᠵᠦ᠂ ᠪᠠᠷᠤᠭ ᠪᠦᠬᠦ
ᠠᠢᠮᠠᠭ᠎ᠤᠨ ᠮᠢᠬᠠᠨ᠎ᠤ ᠬᠤᠨᠢ᠎ᠶᠢ ᠨᠢᠳᠤᠯᠤᠨ ᠡᠳ᠋ᠰᠢᠭᠦᠯᠦᠭᠰᠡᠨ ᠬᠡᠮᠵᠢᠶᠡᠨ᠎ᠤ 28.5%᠎ᠶᠢ ᠡᠵᠡᠯᠡᠵᠦ᠂ ᠲᠥᠷᠥᠯ ᠲᠡᠮᠳᠡᠭ᠎ᠤᠨ ᠪᠥᠲᠥᠬᠡᠭᠳᠡᠬᠦᠨᠤ
ᠶᠡᠷᠦᠩᠬᠡᠢ ᠭᠠᠷᠤᠯᠲᠠ 7298.2 ᠲᠤᠨ᠎ᠳᠦ ᠬᠦᠷᠴᠦ᠂ ᠮᠠᠯᠴᠢᠳ᠎ᠢ ᠳᠠᠢᠴᠢᠯᠠᠨ ᠬᠤᠨᠢ ᠮᠠᠯᠵᠢᠭᠰᠠᠨ
ᠤᠷᠤᠯᠭ᠎ᠠ᠎ᠶᠢ 2500 ᠭᠠᠷᠤᠢ ᠲᠥᠮᠡᠨ ᠲᠥᠭᠥᠷᠢᠭ ᠨᠡᠮᠡᠭᠳᠡᠭᠦᠯᠪᠡ᠃
ᠰᠤᠶᠤᠯ
✦ᠠᠷᠪᠠᠨ
ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠦᠵᠢᠭ᠎ᠤᠨ ᠯᠢᠩᠬᠤ᠎ᠠ ᠱᠠᠩᠨᠠᠯ᠎ᠤᠨ ᠦᠨᠳᠦᠰᠦᠲᠡᠨ᠎ᠦ ᠠᠷᠠᠳ᠎ᠤᠨ
ᠪᠥᠵᠢᠭ᠎ᠢ ᠰᠢᠯᠭᠠᠷᠠᠭᠤᠯᠤᠭᠰᠠᠨ ᠦᠷ᠎ᠡ ᠳ᠋ᠦᠩ᠎ᠢ ᠲᠦᠷᠦᠭᠦᠬᠡᠨ ᠨᠡᠢᠲᠡᠯᠡᠵᠦ᠂ ᠬᠥᠬᠡᠬᠣᠲᠠ᠎ᠶᠢᠨ ᠳᠠᠭᠤᠯᠠᠯᠳᠤ
ᠵᠦᠴᠦᠭᠡ ᠪᠥᠵᠢᠭᠲᠦ ᠵᠦᠴᠦᠭᠡ᠎ᠶᠢᠨ ᠬᠦᠷᠢᠶᠡᠯᠡᠩ᠎ᠦᠨ ᠬᠢᠵᠠᠭᠠᠷᠲᠤ ᠺᠣᠮᠫᠠᠨᠢ᠎ᠶᠢᠨ ᠵᠣᠬᠢᠶᠠᠨ ᠪᠦᠲᠦᠭᠡᠭᠰᠡᠨ
《ᠲᠡᠮᠦᠷ
ᠬᠡᠦᠬᠡᠨ》 ᠬᠡᠭᠦ
ᠪᠦᠲᠦᠭᠡᠯ 51 ᠪᠦᠲᠦᠭᠡᠯ᠎ᠤᠨ ᠲᠤᠮᠳᠠ᠎ᠡᠴᠡ ᠴᠣᠯᠭᠣᠷᠠᠨ ᠭᠠᠷᠴᠤ᠂ ᠱᠠᠩᠨᠠᠯ
ᠭᠥᠷᠳᠡᠭᠰᠡᠨ ᠡᠴᠦᠰ᠎ᠤᠨ 6 ᠪᠦᠲᠦᠭᠡᠯ᠎ᠦᠨ ᠵᠢᠭᠰᠠᠭᠠᠯᠲᠠ᠎ᠳᠦ ᠰᠣᠩᠭᠣᠭᠳᠠᠪᠠ᠃

✦ᠥᠪᠥᠷ
ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠪᠠᠨ ᠳᠦᠷᠪᠡᠳᠦᠭᠡᠷ ᠬᠤᠭᠤᠴᠠᠭᠠᠨ᠎ᠤ 《ᠪᠦᠬᠦ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠥᠪᠰᠢᠨ᠎ᠤ
ᠡᠳᠦᠷ》᠎ᠤᠨ ᠭᠤᠤᠯ ᠰᠡᠳᠦᠪᠲᠦ ᠠᠵᠢᠯᠯᠠᠭ᠎ᠠ ᠪᠤᠯᠬᠤ 《ᠵᠠᠮ ᠬᠠᠷᠢᠯᠴᠠᠭᠠᠨ᠎ᠤ ᠠᠮᠤᠷ ᠲᠥᠪᠰᠢᠨ᠎ᠤ ᠨᠠᠭᠠᠳᠤᠮ᠎ᠤᠨ
ᠠᠵᠢᠯᠯᠠᠭ᠎ᠠ》 ᠲᠦᠷᠦᠭᠦᠬᠡᠨ ᠤᠷᠳᠤᠰ ᠬᠤᠲᠠ᠎ᠳᠦ ᠶᠠᠪᠤᠭᠳᠠᠪᠠ᠃

ᠲᠠᠮᠢᠷ
✦ᠲᠦᠷᠦᠭᠦᠬᠡᠨ
ᠶᠠᠪᠤᠭᠳᠠᠭᠰᠠᠨ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠵᠢᠨ ᠲᠠᠮᠢᠷ᠎ᠤᠨ ᠬᠤᠯᠪᠤᠭ᠎ᠠ᠎ᠵᠢᠨ
ᠳᠡᠯᠡᠬᠡᠢ᠎ᠵᠢᠨ ᠮᠠᠶᠢᠭ᠎ᠤᠨ ᠪᠦᠬᠡ᠎ᠵᠢᠨ ᠢᠯᠡ ᠤᠷᠤᠯᠳᠤᠭᠠᠨ ᠭᠦᠢᠵᠸᠦ ᠮᠤᠵᠢ᠎ᠵᠢᠨ ᠽᠦᠨ ᠢ ᠬᠤᠲᠠ᠎ᠳᠦ ᠶᠠᠪᠤᠭᠳᠠᠵᠤ᠂
ᠬᠡᠰᠢᠭᠲᠡᠨ ᠬᠤᠰᠢᠭᠤᠨ᠎ᠤ ᠲᠠᠮᠢᠷᠴᠢᠨ ᠨᠠᠴᠢᠨ ᠰᠢᠯᠢ᠎ᠵᠢᠨ ᠭᠤᠤᠯ ᠠᠢᠮᠠᠭ᠎ᠤᠨ ᠠᠵᠢᠯ ᠮᠡᠷᠭᠡᠵᠢᠯ᠎ᠤᠨ
ᠳᠡᠭᠡᠳᠦ ᠰᠤᠷᠭᠠᠭᠤᠯᠢ᠎ᠶᠢ ᠲᠥᠯᠥᠭᠡᠯᠡᠨ ᠤᠷᠤᠯᠴᠠᠵᠤ᠂ ᠴᠢᠯᠦᠭᠡᠲᠦ ᠪᠦᠬᠡ᠎ᠵᠢᠨ ᠪᠠᠷᠢᠯᠳᠤᠭᠠᠨ᠎ᠤ 58 ᠺᠢᠯᠤᠭ᠌ᠷᠡᠮ᠎ᠤᠨ ᠳᠡᠰ ᠪᠤᠯᠤᠨ ᠰᠤᠩᠭᠤᠳᠠᠭ ᠮᠠᠶᠢᠭ᠎ᠤᠨ
ᠪᠦᠬᠡ᠎ᠵᠢᠨ ᠪᠠᠷᠢᠯᠳᠤᠭᠠᠨ᠎ᠤ 58 ᠺᠢᠯᠤᠭ᠌ᠷᠡᠮ᠎ᠤᠨ ᠲᠡᠰ᠎ᠤᠨ ᠤᠷᠤᠯᠳᠤᠭᠠᠨ᠎ᠳᠦ
ᠮᠠᠩᠯᠠᠢᠯᠠᠵᠠᠢ᠃


ᠳᠡᠯᠡᠬᠡᠢ
✦ᠲᠥᠪ
ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ
ᠭᠠᠵᠠᠷ᠎ᠤᠨ ᠴᠠᠭ᠎ᠢᠶᠠᠷ 1᠎ᠦ ᠡᠳᠦᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ
ᠨᠠᠷᠢᠨ ᠪᠢᠴᠢᠭ᠎ᠦᠨ ᠳᠠᠷᠤᠭ᠎ᠠ ᠬᠦᠲ᠋ᠸᠷᠢᠰ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ
ᠲᠥᠰᠥᠪ᠎ᠢ ᠪᠠᠭᠠᠰᠬᠠᠬᠤ ᠪᠠ ᠬᠥᠮᠥᠨ ᠬᠠᠰᠤᠬᠤ ᠲᠥᠰᠥᠯ ᠢ ᠳᠡᠪᠰᠢᠭᠦᠯᠵᠦ᠂ 2026 ᠣᠨ᠎ᠤ ᠪᠠᠢᠩᠭᠤ᠎ᠶᠢᠨ ᠲᠥᠰᠥᠪ ᠢ 32.8 ᠳ᠋ᠦᠩᠰᠢᠭᠤᠷ ᠳ᠋ᠣᠯᠯᠠᠷ ᠪᠣᠯᠭᠠᠨ ᠪᠠᠭᠤᠷᠠᠭᠤᠯᠵᠤ᠂ ᠠᠵᠢᠯᠲᠠᠨ᠎ᠤ
ᠣᠷᠣᠨ ᠲᠣᠭ᠎ᠠ᠎ᠶᠢ 18.8% ᠬᠠᠰᠤᠵᠤ᠂ 2025 ᠣᠨ᠎ᠤ ᠬᠢᠨᠠᠨ ᠵᠥᠪᠰᠢᠶᠡᠷᠡᠭᠰᠡᠨ ᠠᠵᠢᠯᠲᠠᠨ᠎ᠤ ᠣᠷᠣᠨ ᠲᠣᠭ᠎ᠠ᠎ᠲᠠᠢ
ᠬᠠᠷᠢᠴᠠᠭᠤᠯᠪᠠᠯ 2681 ᠲᠤᠰᠢᠶᠠᠯ᠎ᠤᠨ ᠪᠠᠢᠷᠢ ᠬᠠᠰᠤᠭᠳᠠᠨ᠎ᠠ ᠭᠡᠪᠠ᠃
✦ᠰᠢᠨᠬᠤᠸᠠ
ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ ᠺᠠᠮᠪᠤᠵᠠ᠎ᠶᠢᠨ ᠵᠠᠰᠠᠭ᠎ᠤᠨ ᠣᠷᠳᠣᠨ 2᠎ᠤᠨ ᠡᠳᠦᠷ ᠠᠯᠪᠠᠨ ᠪᠢᠴᠢᠭ ᠮᠠᠲᠧᠷᠢᠶᠠᠯ ᠨᠡᠢᠲᠡᠯᠡᠵᠦ᠂ 2026 ᠣᠨ᠎ᠤ 6 ᠰᠠᠷ᠎ᠠ᠎ᠶᠢᠨ 15᠎ᠤ ᠡᠳᠦᠷ᠎ᠡᠴᠡ 10 ᠰᠠᠷ᠎ᠠ᠎ᠶᠢᠨ 15᠎ᠤ ᠡᠳᠦᠷ ᠪᠣᠯᠲᠠᠯ᠎ᠠ ᠳᠤᠮᠳᠠᠳᠤ ᠤᠯᠤᠰ᠎ᠤᠨ ᠠᠷᠠᠳ ᠢᠷᠭᠡᠨ᠎ᠳᠦ
ᠸᠢᠰᠠ᠎ᠡᠴᠡ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠲᠤᠷᠰᠢᠨ ᠬᠡᠷᠡᠭᠵᠢᠭᠦᠯᠦᠨ᠎ᠡ ᠭᠡᠵᠡᠢ᠃

ᠦᠢᠯᠡᠴᠢᠯᠡᠭᠡ
✦ᠣᠷᠳᠣᠰ ᠬᠣᠲᠠ᠎ᠶᠢᠨ
ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶᠢᠨ ᠬᠠᠷᠢᠶ᠎ᠠ ᠠᠵᠢᠯ ᠦᠢᠯᠡᠰ᠎ᠤᠨ ᠨᠢᠭᠡᠴᠢ ᠠᠵᠢᠯᠲᠠᠨ
ᠡᠯᠰᠡᠨ᠎ᠡ᠃
ᠲᠠᠨ᠎ᠤ ᠳᠤᠰᠠ᠎ᠳᠤ
✦ᠨᠠᠰᠤᠲᠠᠢᠴᠤᠳ᠎ᠤᠨ ᠰᠢᠩᠭᠡᠭᠡᠬᠦ
ᠴᠢᠳᠠᠪᠤᠷᠢ ᠨᠢ ᠮᠠᠭᠤᠳᠠᠵᠤ᠂ ᠬᠣᠷᠮᠣᠨᠤ ᠲᠦᠪᠰᠢᠨ ᠨᠢ ᠪᠠᠭᠤᠷᠠᠵᠤ᠂ ᠭᠡᠷ᠎ᠦᠨ ᠭᠠᠳᠠᠨᠠᠬᠢ ᠬᠥᠳᠡᠯᠭᠡᠭᠡᠨ ᠨᠢ
ᠪᠠᠭᠠᠰᠬᠤ ᠵᠡᠷᠭᠡ ᠡᠴᠡ ᠪᠤᠯᠵᠤ ᠠᠮᠠᠷᠬᠠᠨ ᠪᠤᠯᠴᠢᠩ ᠮᠢᠬ᠎ᠠ
ᠰᠤᠯᠠᠷᠠᠬᠤ ᠪᠠ ᠶᠠᠰᠤ ᠰᠡᠢᠷᠡᠭᠵᠢᠬᠦ ᠪᠠᠢᠳᠠᠯ ᠢᠯᠡᠷᠡᠳᠡᠭ᠃ ᠴᠠᠭᠠᠨ ᠢᠳᠡᠭᠡᠨ ᠨᠢ ᠰᠢᠩᠭᠡᠭᠡᠬᠦ᠎ᠳᠦ ᠠᠮᠠᠷᠬᠠᠨ
ᠰᠢᠷᠠᠰᠤ᠎ᠶᠢᠨ ᠤᠭᠤᠷᠠᠭ ᠪᠣᠯᠣᠨ ᠲᠠᠷᠠᠭ᠎ᠤᠨ ᠤᠭᠤᠷᠠᠭ᠎ᠢ ᠬᠠᠩᠭᠠᠬᠤ᠎ᠪᠠᠷ ᠪᠠᠷᠠᠬᠤ ᠦᠭᠡᠢ᠂ ᠪᠠᠰᠠ ᠺᠠᠯᠼ᠎ᠤᠨ
ᠰᠢᠩᠭᠡᠭᠡᠯᠲᠡ᠎ᠶᠢ ᠠᠬᠢᠭᠤᠯᠬᠤ ᠰᠦᠨ ᠰᠢᠬᠢᠷ ᠪᠣᠯᠣᠨ ᠰᠢᠪᠲᠦᠷᠲᠦ ᠬᠦᠴᠢᠯ᠎ᠢ ᠠᠭᠤᠯᠵᠤ ᠪᠠᠢᠳᠠᠭ᠃

ᠵᠠᠯᠭᠠᠭᠠᠳ 《ᠨᠤᠲᠤᠭ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)