



ᠨᠡᠢᠭᠡᠮ
✦ᠲᠦᠷᠦᠭᠦᠬᠡᠨ ᠰᠣᠶᠣᠯ ᠪᠠ ᠵᠢᠭᠤᠯᠴᠢᠯᠠᠯ᠎ᠤᠨ
ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ ᠬᠠᠮᠲᠤᠷᠠᠨ《ᠠᠵᠢᠯᠯᠠᠭᠠᠨ᠎ᠤ ᠲᠥᠰᠥᠯ》 ᠨᠡᠢᠲᠡᠯᠡᠵᠦ᠂ 2027 ᠣᠨ ᠪᠣᠯᠬᠤ᠎ᠳᠤ ᠵᠢᠭᠤᠯᠴᠢᠯᠠᠯ ᠤᠨ ᠦᠢᠯᠡᠴᠢᠯᠡᠭᠡᠨ
ᠦ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠯ ᠤᠨ
ᠠᠶᠠᠯᠠᠯ᠎ᠤᠨ ᠱᠤᠭᠤᠮ᠎ᠤᠨ ᠪᠦᠷᠬᠦᠴᠡ᠎ᠶᠢ ᠨᠠᠩ ᠥᠷᠭᠡᠨ ᠪᠣᠯᠭᠠᠵᠤ᠂ ᠠᠭᠤᠰᠤᠯᠴᠠᠭᠰᠠᠨ ᠦᠢᠯᠡᠳᠬᠦᠨ ᠪᠠ ᠲᠠᠯᠠᠪᠤᠷ᠎ᠢ ᠨᠠᠩ ᠡᠯᠪᠡᠭ ᠪᠠᠶᠠᠯᠢᠭ᠋ ᠣᠯᠠᠨ ᠡᠰᠢᠵᠢᠭᠦᠯᠦᠨᠡ ᠭᠡᠪᠡ᠃

✦ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠶᠢᠨ 3᠎ᠤ ᠡᠳᠦᠷ ᠨᠡᠢᠲᠡᠯᠡᠭᠰᠡᠨ ᠠᠯᠪᠠᠨ
ᠮᠡᠳᠡᠭᠡ᠎ᠶᠢ ᠦᠨᠳᠦᠰᠦᠯᠡᠪᠡᠯ᠂ 2024 ᠣᠨ᠎ᠳᠤ ᠮᠠᠨ᠎ᠤ ᠤᠯᠤᠰ᠎ᠤᠨ ᠬᠦᠮᠦᠨ᠎ᠤ ᠬᠦᠴᠦ᠎ᠪᠡᠷ ᠨᠡᠭᠦᠷᠡᠰᠦᠲᠥ᠋ᠷᠥᠭᠴᠢ
ᠭᠠᠳᠠᠭᠰᠢᠯᠠᠭᠤᠯᠤᠭᠰᠠᠨ ᠶᠡᠷᠦᠩᠬᠡᠢ ᠬᠡᠮᠵᠢᠶ᠎ᠡ 2023 ᠣᠨ᠎ᠤ ᠬᠢ᠎ᠡᠴᠡ ᠪᠠᠷᠤᠭ 0.6%ᠨᠡᠮᠡᠭᠳᠡᠵᠦ᠂ 2023
ᠣᠨ᠎ᠤ ᠨᠡᠮᠡᠭᠳᠡᠭᠰᠡᠨ ᠬᠡᠮᠵᠢᠶ᠎ᠡ᠎ᠡᠴᠡ ᠢᠯᠡᠳᠲᠡ ᠪᠠᠭᠠᠰᠤᠭᠰᠠᠨ ᠪᠠᠢᠨ᠎ᠠ᠃
✦12 ᠰᠠᠷ᠎ᠠ᠎ᠶᠢᠨ 5᠎ᠤ ᠡᠳᠦᠷ᠎ᠦᠨ ᠲᠡᠭ ᠴᠠᠭ᠎ᠠᠴᠠ ᠡᠬᠢᠯᠡᠨ᠂ ᠤᠯᠤᠰ᠎ᠤᠨ ᠳᠣᠲᠣᠭᠠᠳᠤ᠎ᠶᠢᠨ
ᠠᠭᠠᠷ᠎ᠤᠨ ᠠᠶᠠᠯᠠᠯ᠎ᠤᠨ ᠠᠶᠠᠨᠴᠢᠳ᠎ᠤᠨ ᠵᠥᠭᠡᠭᠡᠪᠦᠷᠢ᠎ᠶᠢᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠰᠦᠢᠳᠬᠡᠯ
ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠤ᠂ ᠤᠤᠯ᠎ᠤᠨ ᠬᠡᠷᠡᠭᠵᠢᠭᠦᠯᠵᠦ ᠪᠠᠢᠭᠰᠠᠨ ᠪᠠᠷᠢᠮᠵᠢᠶ᠎ᠠ᠎ᠲᠠᠢ
ᠬᠠᠷᠢᠴᠠᠭᠤᠯᠪᠠᠯ ᠠᠭᠠᠷ᠎ᠤᠨ ᠠᠶᠠᠯᠠᠯ ᠪᠦᠷᠢ ᠳ᠋ᠤ 10 ᠡᠴᠡ 20 ᠲᠥᠭᠥᠷᠢᠭ ᠥᠰᠬᠡᠵᠡᠢ᠃
✦12
ᠰᠠᠷ᠎ᠠ᠎ᠶᠢᠨ 3᠎ᠤ ᠡᠳᠦᠷ᠂ ᠬᠥᠬᠡᠬᠣᠲᠠ᠎ᠶᠢᠨ ᠠᠮᠢᠳᠤ ᠪᠣᠳᠠᠰ᠎ᠤᠨ ᠦᠢᠯᠡᠳᠬᠦ ᠠᠵᠤ ᠦᠢᠯᠡᠰ᠎ᠦᠨ ᠱᠧᠨᠵᠧᠨ᠎ᠳᠡᠬᠢ
ᠵᠣᠯᠭᠠᠭᠣᠯᠬᠣ ᠬᠤᠷᠠᠯ ᠱᠧᠨᠵᠧᠨ ᠬᠣᠲᠠ᠎ᠳᠦ ᠶᠠᠪᠤᠭᠳᠠᠵᠤ᠂ 11 ᠭᠣᠣᠯᠳᠠᠯᠭ᠎ᠠ᠎ᠲᠠᠢ ᠬᠠᠮᠲᠤᠷᠠᠯᠴᠠᠭᠠᠨ᠎ᠤ ᠲᠥᠷᠥᠯ ᠵᠦᠢᠯ᠎ᠳᠦ ᠭᠠᠷᠤᠨ ᠥᠰᠥᠭ ᠵᠢᠷᠤᠵᠤ᠂
ᠮᠡᠷᠭᠡᠵᠢᠯ ᠢ ᠰᠤᠳᠤᠯᠤᠨ ᠨᠡᠭᠡᠭᠡᠬᠦ᠂ ᠠᠵᠤ ᠦᠢᠯᠡᠰ᠎ᠢ ᠨᠡᠪᠴᠢᠭᠦᠯᠬᠦ᠂ ᠲᠠᠪᠴᠠᠩ᠎ᠢ ᠬᠠᠮᠲᠤ᠎ᠪᠠᠷ ᠪᠠᠶ᠋ᠢᠭᠤᠯᠬᠤ
ᠵᠡᠷᠭᠡ ᠣᠯᠠᠨ ᠵᠠᠩᠭᠢᠯᠠᠭ᠎ᠠ᠎ᠶᠢᠨ ᠬᠦᠷᠢᠶ᠎ᠡ᠎ᠶᠢ ᠬᠠᠮᠤᠷᠴᠠᠢ᠃

✦《ᠠᠷᠪᠠᠨ ᠳᠥᠷᠪᠡᠳᠦᠭᠡᠷ ᠲᠠᠪᠤᠨ ᠵᠢᠯ》᠎ᠤᠨ
ᠲᠥᠯᠥᠪᠵᠢᠭᠦᠯᠭᠡ᠎ᠵᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠥᠪᠡᠷᠲᠡᠭᠡᠨ
ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠲᠠᠢ ᠬᠠᠮᠲᠤᠷᠠᠨ ᠬᠠᠮᠢᠶ᠎ᠠ ᠪᠦᠬᠦᠢ ᠠᠢᠮᠠᠭ
ᠬᠣᠲᠠ᠎ᠶᠢ ᠵᠣᠬᠢᠶᠠᠨ ᠪᠠᠢᠭᠤᠯᠵᠤ ᠪᠠᠢᠭᠠᠳ ᠲᠥᠷᠥᠯ ᠵᠦᠢᠯ᠎ᠦᠨ ᠨᠥᠭᠡᠴᠡᠯᠡᠯᠲᠡ᠎ᠶᠢ ᠰᠠᠢᠲᠤᠷ ᠬᠢᠵᠦ᠂ ᠲᠡᠦᠬᠡᠨ᠎ᠡᠴᠡ
ᠦᠯᠡᠳᠡᠭᠳᠡᠵᠦ ᠢᠷᠡᠭᠰᠡᠨ 6 ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠵᠢᠱ᠌ᠢᠶ᠎ᠡ
ᠦᠵᠡᠭᠦᠯᠬᠦ ᠲᠥᠷᠥᠯ ᠵᠦᠢᠯ᠎ᠢ ᠠᠮᠵᠢᠯᠲᠠ᠎ᠲᠠᠢ᠎ᠪᠠᠷ ᠭᠤᠶᠤᠴᠢᠯᠠᠨ ᠮᠡᠳᠡᠭᠦᠯᠵᠦ ᠤᠯᠤᠰ᠎ᠤᠨ ᠳᠡᠮᠵᠢᠯᠭᠡ᠎ᠶᠢᠨ ᠬᠡᠪᠴᠢᠶᠡᠨ᠎ᠳᠦ
ᠣᠷᠣᠭᠤᠯᠵᠤ᠂ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠨᠡᠶ᠋ᠢᠲᠡ 18 ᠳ᠋ᠦᠩᠰᠢᠭᠤᠷ ᠲᠥᠭᠥᠷᠢᠭ ᠣᠯᠵᠠᠢ᠃
✦ᠣᠢᠷ᠎ᠠ᠎ᠳᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠬᠢᠨ ᠠᠩᠬᠠᠨ᠎ᠤ ᠪᠦᠯᠦᠭ
ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠣᠲᠣ᠌ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ
ᠲᠸᠭᠨᠢᠭ ᠮᠡᠷᠭᠡᠵᠢᠯ᠎ᠦᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠤ ᠨᠡᠷᠡᠰ᠎ᠢ ᠨᠡᠢᠲᠡᠯᠡᠵᠦ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ
ᠲᠸᠭᠨᠢᠭ ᠮᠡᠷᠭᠡᠵᠢᠯ᠎ᠦᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ 5 ᠰᠠᠭᠤᠷᠢᠨ ᠰᠤᠩᠭᠤᠭᠳᠠᠪᠠ᠃
✦ᠤᠢᠷ᠎ᠠ᠎ᠳᠦ ᠰᠢᠨ᠎ᠡ ᠵᠠᠭᠤᠴᠢᠯᠠᠭᠤᠷ᠎ᠤᠨ ᠡᠵᠡᠩᠨᠡᠯᠲᠡ ᠵᠢᠴᠢ ᠰᠢᠭᠤᠳ ᠨᠡᠪᠲᠡᠷᠡᠭᠦᠯᠭᠡ᠎ᠵᠢᠨ
ᠪᠤᠳᠠᠳᠤ ᠠᠵᠢᠯᠯᠠᠭ᠎ᠠ᠎ᠵᠢᠨ ᠲᠤᠰᠬᠠᠢ ᠪᠤᠯᠪᠠᠰᠤᠷᠠᠯ ᠤᠲᠤᠭ᠎ᠤᠨ ᠡᠮᠦᠨᠡᠲᠦ ᠬᠤᠰᠢᠭᠤᠨ᠎ᠳᠦ ᠶᠠᠪᠤᠭᠳᠠᠵᠤ᠂
ᠪᠦᠬᠦ ᠬᠤᠰᠢᠭᠤᠨ᠎ᠤ ᠡᠯ᠎ᠡ ᠪᠠᠯᠭᠠᠰᠤᠨ᠎ᠤ 80 ᠭᠠᠷᠤᠢ ᠬᠦᠮᠦᠨ ᠤᠷᠤᠯᠴᠠᠵᠠᠢ᠃

✦ᠲᠦᠷᠦᠭᠦᠬᠡᠨ 《ᠥᠪᠥᠷ ᠮᠤᠩᠭᠤᠯ᠎ᠢ ᠤᠢᠯᠠᠭᠠᠬᠤᠢ》 2025 ᠤᠨ᠎ᠤ ᠬᠤᠷᠠᠯ ᠬᠦᠬᠡᠬᠤᠲᠠ᠎ᠳᠦ
ᠶᠠᠪᠤᠭᠳᠠᠵᠤ᠂ ᠬᠡᠰᠢᠭᠲᠡᠨ ᠬᠤᠰᠢᠭᠤᠨ᠎ᠤ ᠨᠢᠭᠡ ᠪᠥᠯᠥᠭ ᠴᠢᠨᠠᠷ ᠰᠠᠢᠲᠠᠢ ᠮᠠᠯ᠎ᠤᠨ ᠠᠰᠢᠭ ᠰᠢᠮ᠎ᠡ
ᠲᠠᠷᠢᠶᠠᠯᠠᠩ᠎ᠤᠨ ᠪᠥᠲᠥᠭᠡᠭᠲᠡᠭᠦᠨᠤ ᠤᠨᠴᠠ ᠭᠠᠷᠤᠯᠲᠠ ᠪᠤᠯᠤᠨ ᠰᠤᠶᠤᠯ ᠵᠢᠭᠤᠯᠴᠢᠯᠠᠯ᠎ᠤᠨ ᠪᠤᠳᠠᠰ᠎ᠤᠨ
ᠪᠤᠰᠤ ᠰᠤᠶᠤᠯ᠎ᠤᠨ ᠥᠪ᠎ᠤᠨ ᠰᠤᠳᠤᠨ ᠪᠥᠲᠥᠭᠡᠯ ᠦᠵᠡᠰᠬᠦᠯᠡᠩᠳᠦ ᠤᠷᠤᠯᠴᠠᠪᠠ᠃

✦12 ᠰᠠᠷ᠎ᠠ᠎ᠵᠢᠨ 2᠎ᠤᠨ ᠡᠳᠦᠷ᠂ 2025 ᠤᠨ᠎ᠤ ᠤᠯᠠᠭᠠᠨᠬᠠᠳᠠ ᠬᠤᠲᠠ᠎ᠵᠢᠨ 《ᠪᠦᠬᠦ
ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠥᠪᠰᠢᠨ᠎ᠤ ᠡᠳᠦᠷ》᠎ᠤᠨ ᠭᠤᠤᠯ ᠰᠡᠳᠦᠪᠲᠦ ᠤᠬᠠᠭᠤᠯᠭ᠎ᠠ᠎ᠵᠢᠨ
ᠠᠵᠢᠯᠯᠠᠭ᠎ᠠ ᠤᠯᠠᠭᠠᠨᠬᠠᠳᠠ ᠬᠤᠲᠠ᠎ᠵᠢᠨ ᠬᠤᠩᠱᠠᠨ ᠲᠤᠭᠤᠷᠢᠭ᠎ᠤᠨ ᠸᠠᠨ ᠳᠠ ᠠᠭᠤᠳᠠᠮ ᠲᠠᠯᠠᠪᠠᠢ᠎ᠳᠦ
ᠶᠠᠪᠤᠭᠳᠠᠪᠠ᠃

✦ᠤᠢᠷ᠎ᠠ᠎ᠳᠦ ᠰᠢᠯᠢᠩᠬᠤᠲᠠ᠎ᠵᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ
ᠲᠸᠭᠨᠢᠭ ᠮᠡᠷᠭᠡᠵᠢᠯ᠎ᠤᠨ ᠲᠤᠪᠴᠢᠶ᠎ᠠ ᠤᠯᠠᠨ ᠲᠥᠮᠡᠨ᠎ᠤ ᠢᠯᠡᠴᠢᠯᠡᠨ ᠮᠡᠳᠡᠭᠦᠯᠦᠭᠰᠡᠨ ᠵᠢᠴᠢ ᠡᠳᠦᠷ
ᠲᠤᠳᠤᠮ᠎ᠤᠨ ᠲᠤᠭᠤᠷᠢᠨ ᠪᠠᠢᠴᠠᠭᠠᠬᠣ ᠪᠡᠷ ᠳᠠᠮᠵᠢᠨ ᠣᠯᠵᠣ ᠮᠡᠳᠡᠭᠰᠡᠨ ᠰᠦᠪᠡᠭᠴᠢ ᠪᠠᠨ ᠦᠨᠳᠦᠰᠦᠯᠡᠨ᠂
ᠬᠠᠤᠯᠢ ᠡᠴᠡ ᠵᠥᠷᠢᠴᠡᠨ ᠮᠠᠯ ᠵᠢᠭᠦᠷᠲᠡᠨ᠎ᠢ ᠳᠤᠷᠠᠪᠡᠷ ᠠᠯᠠᠵᠤ ᠨᠢᠳᠤᠯᠤᠭᠰᠠᠨ 2 ᠬᠡᠷᠡᠭ᠎ᠢ ᠪᠠᠢᠴᠠᠭᠠᠨ
ᠰᠢᠢᠳᠪᠦᠷᠢᠯᠡᠵᠡᠢ᠃
ᠠᠵᠤ ᠠᠬᠤᠢ
✦ᠬᠤᠳᠠᠯᠳᠤᠭᠠᠨ᠎ᠤ
ᠶᠠᠪᠤᠳᠠᠯ᠎ᠤᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ 1 ᠡᠴᠠ
11 ᠰᠠᠷ᠎ᠠ ᠪᠣᠯᠲᠠᠯ᠎ᠠ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ
ᠰᠢᠨ᠎ᠡ᠎ᠶᠢ ᠰᠣᠯᠢᠬᠤ ᠠᠵᠢᠯ ᠬᠣᠯᠪᠣᠭᠳᠠᠯ ᠪᠦᠬᠦᠢ ᠲᠠᠸᠠᠷ᠎ᠤᠨ ᠪᠣᠷᠤᠯᠠᠭᠤᠯᠭ᠎ᠠ᠎ᠶᠢ 2.5 ᠲᠦᠮᠡᠨ
ᠳ᠋ᠦᠩᠰᠢᠭᠤᠷ ᠲᠥᠭᠥᠷᠢᠭ ᠳᠠᠶ᠋ᠢᠴᠢᠯᠠᠵᠤ᠂ 3.6 ᠳ᠋ᠦᠩᠰᠢᠭᠤᠷ ᠬᠥᠮᠥᠨ ᠤᠳᠠᠭ᠎ᠠ᠎ᠳᠤ
ᠠᠰᠢᠭ᠋ ᠬᠦᠷᠲᠡᠭᠡᠪᠡ᠃

ᠠᠮᠢ ᠠᠬᠤᠢ
✦ᠤᠢᠷ᠎ᠠ᠎ᠳᠦ ᠲᠦᠩᠯᠢᠶᠤᠤ ᠬᠤᠲᠠ᠎ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠡᠬᠢ
ᠪᠠᠶᠠᠯᠢᠭ᠎ᠤᠨ ᠬᠢᠨᠠᠨ ᠬᠡᠮᠵᠢᠯᠲᠡ ᠪᠠᠲᠤᠯᠠᠭ᠎ᠠ᠎ᠵᠢᠨ ᠲᠥᠪ᠎ᠤᠨ ᠬᠢᠨ ᠨᠡᠭᠦᠳᠡᠯ᠎ᠤᠨ ᠰᠢᠪᠠᠭᠤ᠎ᠶᠢ ᠬᠢᠨᠠᠨ
ᠬᠡᠮᠵᠢᠬᠦ ᠳᠤᠮᠳᠠ ᠴᠢᠬᠤᠯᠠ ᠶᠡᠬᠡ ᠢᠯᠡᠷᠡᠭᠦᠯᠦᠯᠲᠡ ᠲᠠᠢ ᠪᠤᠯᠵᠤ᠂ ᠬᠤᠷᠴᠢᠨ ᠵᠡᠭᠦᠨ ᠭᠠᠷᠤᠨ ᠬᠤᠢᠲᠤ
ᠬᠤᠰᠢᠭᠤᠨ᠎ᠡᠴᠡ ᠤᠯᠤᠰ᠎ᠤᠨ ᠨᠢᠭᠡᠳᠦᠭᠡᠷ ᠳᠡᠰ᠎ᠤᠨ ᠭᠤᠤᠯᠳᠠᠯᠭ᠎ᠠ ᠲᠠᠢ ᠬᠠᠮᠠᠭᠠᠯᠠᠯᠲᠠ᠎ᠲᠠᠢ ᠠᠮᠢᠲᠠᠨ
ᠪᠤᠯᠬᠤ ᠠᠯ ᠰᠡᠭᠦᠯ᠎ᠢ ᠨᠢᠭᠡ ᠯᠡ ᠤᠳᠠᠭ᠎ᠠ᠎ᠳᠦ 73 ᠪᠠᠢᠴᠠᠭᠠᠨ ᠢᠯᠡᠷᠡᠭᠦᠯᠵᠦ᠂ ᠲᠥᠩᠯᠢᠶᠤᠤ
ᠬᠤᠲᠠ᠎ᠵᠢᠨ ᠲᠤᠰ ᠠᠮᠢᠳᠤ ᠪᠤᠳᠠᠰ᠎ᠤᠨ ᠲᠥᠷᠥᠯ᠎ᠢ
ᠠᠵᠢᠭᠯᠠᠨ ᠬᠡᠮᠵᠢᠭᠰᠡᠨ ᠲᠤᠭ᠎ᠠ ᠬᠡᠮᠵᠢᠶ᠎ᠡ᠎ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃
ᠰᠤᠶᠤᠯ
✦ᠰᠤᠷᠭᠠᠨ
ᠬᠥᠮᠦᠵᠢᠯ᠎ᠦᠨ ᠶᠠᠮᠤᠨ᠎ᠠᠴᠠ ᠭᠣᠣᠯᠯᠠᠨ ᠡᠷᠭᠢᠯᠡᠭᠰᠡᠨ ᠠᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠰᠤᠷᠤᠭ᠍ᠴᠢᠳ᠎ᠤᠨ
《ᠦᠨᠳᠦᠰᠦᠨ ᠬᠠᠤᠯᠢ᠎ᠶᠢ ᠰᠤᠷᠤᠯᠴᠠᠵᠤ ᠦᠨᠳᠦᠰᠦᠨ ᠬᠠᠤᠯᠢ᠎ᠶᠢ ᠡᠷᠬᠢᠮᠯᠡᠬᠦ》ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ ᠤᠢᠷ᠎ᠠ᠎ᠳᠦ ᠪᠡᠭᠡᠵᠢᠩ᠎ᠳᠦ ᠶᠠᠪᠤᠭᠳᠠᠵᠤ᠂
ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠦᠨ ᠠᠩᠭᠢ ᠶᠠᠷᠢᠶ᠎ᠠ ᠢᠯᠡᠳᠬᠡᠯ᠎ᠦᠨ ᠤᠷᠤᠯᠳᠤᠭᠠᠨ᠎ᠳᠤ 1 ᠨᠢᠭᠡᠳᠦᠭᠡᠷ ᠳᠡᠰ᠎ᠤᠨ ᠱᠠᠩᠨᠠᠯ᠂ 1 ᠬᠣᠶᠠᠳᠤᠭᠠᠷ ᠳᠡᠰ᠎ᠤᠨ ᠱᠠᠩᠨᠠᠯ᠂ 2 ᠭᠤᠷᠪᠠᠳᠤᠭᠠᠷ ᠳᠡᠰ᠎ᠤᠨ ᠱᠠᠩᠨᠠᠯ ᠣᠯᠣᠭᠰᠠᠨ ᠪᠥᠭᠡᠳ
ᠬᠠᠤᠯᠢᠵᠢᠯ᠎ᠤᠨ ᠬᠡᠪ ᠪᠣᠯᠪᠠᠰᠤᠷᠠᠯ᠎ᠤᠨ ᠤᠷᠤᠯᠳᠤᠭᠠᠨ᠎ᠤ ᠪᠦᠯᠬᠦᠮ᠎ᠦᠨ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃

ᠳᠡᠯᠡᠬᠡᠢ
✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ
3᠎ᠤ ᠡᠳᠦᠷ᠂ ᠮᠠᠯᠠᠢᠰᠢᠶ᠎ᠠ᠎ᠶᠢᠨ ᠵᠠᠮ ᠬᠠᠷᠢᠯᠴᠠᠭᠠᠨ᠎ᠤ ᠶᠠᠮᠤᠨ ᠠᠯᠪᠠᠨ ᠵᠠᠷᠯᠠᠯ ᠨᠡᠢᠲᠡᠯᠡᠵᠦ᠂ ᠤᠰᠤᠨ ᠳᠣᠣᠷᠠᠬᠢ
ᠬᠠᠢᠨ ᠬᠡᠮᠵᠢᠬᠦ ᠺᠣᠮᠫᠠᠨᠢ 12 ᠰᠠᠷ᠎ᠠ᠎ᠶᠢᠨ 30᠎ᠤ ᠡᠳᠦᠷ᠎ᠡᠴᠡ ᠮᠠᠯᠠᠢᠰᠢᠶ᠎ᠠ᠎ᠶᠢᠨ ᠠᠭᠠᠷ᠎ᠤᠨ ᠠᠶᠠᠯᠠᠯ᠎ᠤᠨ
ᠺᠣᠮᠫᠠᠨᠢ᠎ᠶᠢᠨ 370 ᠡᠭᠡᠯᠵᠢ᠎ᠶᠢᠨ ᠨᠢᠰᠬᠡᠯ᠎ᠦᠨ ᠦᠯᠡᠳᠡᠭᠳᠡᠯ᠎ᠢ ᠡᠷᠢᠬᠦ ᠠᠵᠢᠯ᠎ᠢ ᠳᠠᠬᠢᠨ ᠡᠬᠢᠯᠡᠭᠦᠯᠬᠦ ᠪᠣᠯᠣᠨ᠎ᠠ
ᠭᠡᠵᠡᠢ᠃

✦ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ ᠵᠢᠨ ᠬᠡᠷᠡᠭ ᠡᠷᠬᠢᠯᠡᠭᠴᠢᠳ᠎ᠦᠨ ᠬᠤᠷᠠᠯ᠎ᠡᠴᠡ
3᠎ᠤ ᠡᠳᠦᠷ ᠰᠦᠯᠵᠢᠶᠡᠨ ᠳᠡᠭᠡᠷ᠎ᠡ ᠮᠡᠳᠡᠭᠡ
ᠨᠡᠢᠲᠡᠯᠡᠵᠦ ᠢᠯᠡᠷᠬᠡᠢᠯᠡᠭᠰᠡᠨ ᠵᠢᠡᠷ᠂ ᠡᠸᠦ᠋ᠷᠦᠫᠡ᠎ᠶᠢᠨ ᠬᠣᠯᠪᠣᠭ᠎ᠠ 2027
ᠣᠨ᠎ᠤ ᠨᠠᠮᠤᠷ᠎ᠤᠨ ᠤᠯᠠᠷᠢᠯ᠎ᠠᠴᠠ ᠡᠬᠢᠯᠡᠨ ᠣᠷᠣᠰ᠎ᠤᠨ ᠪᠠᠢᠭᠠᠯᠢ᠎ᠶᠢᠨ
ᠰᠢᠲᠠᠮᠠᠬᠠᠢ ᠬᠡᠢ᠎ᠶᠢ ᠣᠷᠣᠭᠤᠯᠬᠤ᠎ᠶᠢ ᠪᠥᠬᠥ ᠲᠠᠯ᠎ᠠ᠎ᠪᠠᠷ ᠴᠠᠭᠠᠵᠠᠯᠠᠨ᠎ᠠ ᠭᠡᠵᠡᠢ᠃
ᠦᠢᠯᠡᠴᠢᠯᠡᠭᠡ
✦ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ ᠪᠦᠯᠦᠭᠯᠡᠯ
ᠬᠢᠵᠠᠭᠠᠷᠲᠤ ᠺᠣᠮᠫᠠᠨᠢ ᠠᠵᠢᠯᠲᠠᠨ ᠡᠯᠰᠡᠵᠤ ᠪᠤᠢ᠃
ᠲᠠᠨ᠎ᠤ ᠲᠤᠰᠠ᠎ᠳᠤ
✦ᠠᠳᠠᠯᠢ ᠪᠤᠰᠤ ᠤᠯᠠᠷᠢᠯ᠎ᠤᠨ ᠬᠦᠷᠢᠨᠦ ᠭᠠᠳᠠᠨᠠᠬᠢ ᠲᠤᠶᠠᠭ᠎ᠠ ᠲᠤᠰᠬᠤ ᠴᠠᠭ᠂ ᠬᠦᠴᠦᠯᠡᠴᠡ᠎ᠶᠢᠨ
ᠵᠥᠷᠢᠶ᠎ᠡ ᠶᠡᠬᠡ ᠪᠠᠢᠳᠠᠭ᠃ ᠬᠠᠪᠤᠷ ᠵᠤᠨ᠎ᠢ ᠪᠤᠳᠤᠪᠠᠯ ᠬᠥᠮᠥᠨ᠎ᠦ ᠪᠡᠶ᠎ᠡ ᠨᠠᠮᠤᠷ ᠡᠪᠦᠯ᠎ᠦᠨ ᠤᠯᠠᠷᠢᠯ᠎ᠳᠤ ᠸᠢᠲ᠋ᠠᠮᠢᠨ
D ᠵᠢᠨ ᠨᠡᠢᠯᠡᠯᠭᠡ
ᠶᠠᠪᠤᠭᠳᠠᠭᠤᠯᠬᠤ ᠨᠢ ᠪᠠᠭ᠎ᠠ᠂ ᠨᠠᠮᠤᠷ ᠡᠪᠦᠯ᠎ᠦᠨ ᠤᠯᠠᠷᠢᠯ᠎ᠳᠤ ᠸᠢᠲ᠋ᠠᠮᠢᠨ D ᠵᠢᠨ ᠨᠥᠬᠥᠪᠦᠷᠢᠯᠡᠯᠲᠡᠶᠢ ᠨᠡᠩ ᠠᠩᠬᠠᠷᠬᠤ ᠬᠡᠷᠡᠭᠲᠡᠢ᠃

ᠵᠠᠯᠭᠠᠭᠠᠳ《ᠰᠠᠴᠤᠯᠢ》
ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ
ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ
ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂
ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)