12 ᠰᠠᠷ᠎ᠠ᠎ᠶ᠋ᠢᠨ 6᠎ᠦ ᠡᠳᠦᠷ
ᠡᠬᠢᠯᠡᠬᠦ᠌ ᠴᠠᠭ᠄
2025-12-06 10:31:55
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


01 封面.jpg


b9dbf359-c9b3-43de-a1c9-16a62b17e0f4.png


最新 天气预报模板_01.jpg


0835fe22-e8ef-4250-865b-f862f69de165.png


ᠨᠡᠢᠭᠡᠮ

✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ 4᠎ᠦ ᠡᠳᠦᠷ ᠢᠯᠡᠷᠬᠡᠢᠯᠡᠬᠦ᠎ᠳᠡᠭᠡᠨ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠬᠠᠤᠯᠢ ᠲᠣᠭᠲᠠᠭᠠᠯ ᠶᠣᠰᠣᠭᠠᠷ ᠬᠣᠪᠣᠷ ᠰᠢᠷᠣᠢ᠎ᠶᠢᠨ ᠬᠠᠮᠢᠶ᠎ᠠ ᠪᠦᠬᠦᠢ ᠪᠣᠳᠠᠰ᠎ᠢ ᠭᠠᠳᠠᠭᠠᠳᠤ᠎ᠳᠤ ᠭᠠᠷᠭᠠᠬᠤ᠎ᠶᠢ ᠵᠠᠬᠢᠷᠤᠨ ᠬᠠᠮᠢᠶᠠᠷᠬᠤ ᠠᠵᠢᠯ᠎ᠢ ᠥᠷᠨᠢᠭᠦᠯᠵᠤ᠂ ᠠᠷᠠᠳ᠎ᠤᠨ ᠬᠡᠷᠡᠭᠯᠡᠭᠡᠨ᠎ᠦ ᠵᠢᠴᠢ ᠲᠣᠭᠲᠠᠭᠠᠯ᠎ᠳᠤ ᠨᠡᠢᠴᠡᠭᠰᠡᠨ ᠭᠠᠳᠠᠭᠠᠳᠤ ᠭᠠᠷᠭᠠᠯᠲᠠ᠎ᠶᠢᠨ ᠭᠤᠶᠤᠴᠢᠯᠠᠯ᠎ᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠴᠥᠮ ᠴᠠᠭ ᠲᠤᠬᠠᠢ ᠳ᠋ᠤᠨᠢ ᠵᠥᠪᠰᠢᠶᠡᠷᠡᠭᠰᠡᠨ ᠪᠠᠢᠨ᠎ᠠ ᠭᠡᠪᠡ᠃

✦ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ ᠎ᠤᠨ ᠢᠨᠵᠧᠨᠧᠷᠢᠩ᠎ᠦᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ᠎ᠤ ᠳᠤᠭᠤᠢᠯᠠᠩ ᠣᠢᠷ᠎ᠠ᠎ᠶᠢᠨ ᠡᠳᠦᠷ ᠲᠣᠬᠢᠶᠠᠯ᠎ᠢ ᠦᠵᠡᠨ ᠠᠩᠬ᠎ᠠ ᠤᠳᠠᠭ᠎ᠠ ᠦᠷᠦᠭᠡ᠎ᠡᠴᠡ ᠭᠠᠷᠬᠤ ᠠᠵᠢᠯᠯᠠᠭ᠎ᠠ ᠥᠷᠨᠢᠭᠦᠯᠬᠦ ᠪᠡᠷ ᠪᠤᠢ᠃

✦12 ᠰᠠᠷ᠎ᠠ᠎ᠶᠢᠨ 4᠎ᠦ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ ᠰᠣᠨᠢᠨ ᠮᠡᠳᠡᠭᠡ ᠰᠢᠨ᠎ᠡ ᠵᠠᠭᠤᠴᠢᠯᠠᠭᠤᠷ᠎ᠤᠨ ᠲᠥᠪ᠎ᠤᠨ ᠬᠢᠨ ᠶᠡᠷᠦᠩᠬᠡᠢ ᠬᠣᠷᠢᠶ᠎ᠠ᠎ᠵᠢᠨ ᠭᠤᠸᠠᠩᠳᠦ᠋ᠩ᠎ᠤᠨ ᠶᠡᠷᠦᠩᠬᠡᠢ ᠥᠷᠲᠡᠭᠡ᠎ᠲᠠᠢ ᠬᠠᠮᠲᠤᠷᠠᠨ ᠱᠧᠨᠵᠧᠨ᠎ᠳᠦ 《〈CMG ᠣᠶᠤᠨᠴᠢ ᠢᠷᠡᠭᠡᠳᠦᠢ᠎ᠶᠢᠨ ᠬᠡᠦᠬᠡᠳ ᠰᠠᠭᠠᠲᠠᠭᠤᠯᠤᠭ᠍ᠴᠢ ᠮᠠᠰᠢᠨ ᠬᠥᠮᠥᠨ᠎ᠦ ᠶᠡᠬᠡ ᠬᠤᠷᠠᠯ〉᠎ᠤᠨ ᠮᠠᠰᠢᠨ ᠬᠥᠮᠥᠨ᠎ᠦ ᠦᠵᠡᠭᠦᠯᠭᠡ᠎ᠶᠢᠨ ᠲᠣᠭᠯᠠᠯᠲᠠ》᠎ᠶᠢ ᠡᠷᠭᠢᠯᠡᠵᠤ᠂ 6᠎ᠤ ᠡᠳᠦᠷ ᠪᠣᠯᠲᠠᠯ᠎ᠠ ᠶᠠᠪᠤᠭᠳᠠᠨ᠎ᠠ᠃


a5b8d25da84a2bfdd255de3e94e1cbe1.jpg


✦ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠪᠥᠬᠥ ᠤᠯᠤᠰ᠎ᠲᠤ ᠬᠣᠲᠠ ᠪᠠᠯᠭᠠᠰᠤᠨ᠎ᠤ 2.51 ᠲᠦᠮᠡᠨ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ ᠠᠵᠢᠯ᠎ᠢ ᠰᠢᠨ᠎ᠡ᠎ᠪᠡᠷ ᠡᠬᠢᠯᠡᠭᠦᠯᠪᠡ᠃


889f9ca51034e718a6568dbc38c23d13.jpg


✦11 ᠰᠠᠷ᠎ᠠ᠎ᠶᠢᠨ 30᠎ᠤ ᠡᠳᠦᠷ ᠪᠣᠯᠲᠠᠯ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠠᠷᠠᠳ᠎ᠲᠤ ᠠᠰᠢᠭ᠋ ᠬᠦᠷᠲᠡᠭᠡᠬᠦ ᠡᠳ᠋᠎ᠦᠨ ᠵᠠᠰᠠᠭ᠎ᠤᠨ ᠨᠥᠬᠥᠪᠦᠷᠢ᠎ᠶᠢ ᠨᠡᠶ᠋ᠢᠲᠡ 458.48 ᠳ᠋ᠦᠩᠰᠢᠭᠤᠷ ᠲᠥᠭᠥᠷᠢᠭ ᠪᠠᠭᠤᠯᠭᠠᠵᠤ᠂ 2024 ᠣᠨ᠎ᠤ ᠪᠥᠬᠥ ᠵᠢᠯ᠎ᠦᠨ ᠲᠠᠷᠬᠠᠭᠠᠭᠰᠠᠨ ᠶᠡᠷᠦᠩᠬᠡᠢ ᠲᠣᠭ᠎ᠠ᠎ᠠᠴᠠ 22.12 ᠳ᠋ᠦᠩᠰᠢᠭᠤᠷ ᠲᠥᠭᠥᠷᠢᠭ ᠥᠨᠳᠥᠷ ᠪᠠᠢᠵᠤ᠂ 540.60 ᠲᠦᠮᠡᠨ ᠡᠷᠦᠬᠡ ᠰᠠᠭᠤᠭᠠᠯᠢ ᠠᠷᠠᠳ᠎ᠲᠤ ᠠᠰᠢᠭ᠋ ᠬᠦᠷᠲᠡᠭᠡᠵᠠᠢ᠃

✦2025 ᠣᠨ᠎ᠤ ᠳᠣᠣᠷ᠎ᠠ ᠬᠠᠭᠠᠰ ᠵᠢᠯ᠎ᠳᠦ ᠪᠥᠬᠥ ᠤᠯᠤᠰ᠎ᠤᠨ ᠶᠡᠬᠡ ᠰᠤᠷᠭᠠᠭᠤᠯᠢ᠎ᠶᠢᠨ ᠠᠨᠭ᠌ᠭ᠌ᠯᠢ ᠬᠡᠯᠡᠨ᠎ᠦ ᠳᠥᠷᠪᠡᠳᠦᠭᠡᠷ᠂ ᠵᠢᠷᠭᠤᠳᠤᠭᠠᠷ ᠳᠡᠰ᠎ᠤᠨ ᠪᠢᠴᠢᠭ᠎ᠦᠨ ᠰᠢᠯᠭᠠᠯᠲᠠ 12 ᠰᠠᠷ᠎ᠠ᠎ᠶᠢᠨ 13᠎ᠤ ᠡᠳᠦᠷ ᠶᠠᠪᠤᠭᠳᠠᠬᠤ᠎ᠪᠡᠷ ᠪᠠᠢᠵᠤ᠂ ᠰᠢᠯᠭᠠᠭᠤᠯᠤᠭ᠍ᠴᠢᠳ 12 ᠰᠠᠷ᠎ᠠ᠎ᠶᠢᠨ 5᠎ᠤ ᠡᠳᠦᠷ᠎ᠦᠨ 9 ᠴᠠᠭ᠎ᠠᠴᠠ ᠰᠡᠭᠦᠯᠡᠷ ᠪᠥᠬᠥ ᠤᠯᠤᠰ᠎ᠤᠨ ᠶᠡᠬᠡ ᠰᠤᠷᠭᠠᠭᠤᠯᠢ᠎ᠶᠢᠨ ᠠᠨᠭ᠌ᠭ᠌ᠯᠢ ᠬᠡᠯᠡᠨ᠎ᠦ ᠳᠥᠷᠪᠡᠳᠦᠭᠡᠷ᠂ ᠵᠢᠷᠭᠤᠳᠤᠭᠠᠷ ᠳᠡᠰ᠎ᠤᠨ ᠰᠢᠯᠭᠠᠯᠲᠠ ᠳ᠋ᠤ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠰᠢᠯᠭᠠᠭᠤᠯᠬᠤ ᠦᠨᠡᠮᠯᠡᠯ᠎ᠵᠢᠡᠨ ᠳᠠᠷᠤᠮᠠᠯᠯᠠᠵᠤ ᠪᠣᠯᠣᠨ᠎ᠠ᠃


272d1fdf79c933167ba256dec733792d.jpg


✦ᠤᠢᠷ᠎ᠠ᠎ᠳᠦ ᠥᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠵᠢᠨ ᠵᠥᠪᠯᠡᠯ᠂ ᠥᠪᠡᠷᠲᠡᠭᠡᠨ ᠵᠠᠰᠠᠬᠤ ᠤᠷᠤᠨ᠎ᠤ ᠬᠢᠲᠠᠳ ᠡᠮ ᠡᠮᠨᠡᠯᠭᠡ᠎ᠵᠢᠨ ᠲᠤᠪᠴᠢᠶ᠎ᠠ ᠮᠡᠳᠡᠭᠳᠡᠯ ᠨᠡᠢᠲᠡᠯᠡᠵᠦ᠂ 2022 ᠤᠨ᠎ᠡᠴᠡ 2024 ᠤᠨ᠎ᠤ ᠬᠤᠭᠤᠴᠠᠭᠠᠨ᠎ᠳᠦ ᠲᠥᠷᠥᠭᠰᠡᠨ ᠬᠡᠦᠬᠡᠳ ᠲᠠᠢ ᠭᠡᠷ ᠪᠦᠯᠢ᠎ᠵᠢᠨ ᠬᠢᠨ 2025 ᠤᠨ᠎ᠤ 12 ᠰᠠᠷ᠎ᠠ᠎ᠵᠢᠨ 31᠎ᠤ ᠡᠳᠦᠷ᠎ᠡᠴᠡ ᠡᠮᠦᠨ᠎ᠡ ᠬᠡᠦᠬᠡᠳ ᠪᠤᠢᠵᠢᠭᠤᠯᠬᠤ ᠨᠥᠬᠥᠪᠥᠷᠢ᠎ᠶᠢ ᠭᠤᠶᠤᠴᠢᠯᠠᠬᠤ ᠬᠡᠷᠡᠭᠲᠡᠢ᠂ ᠡᠰᠡ ᠲᠡᠭᠡᠪᠡᠯ ᠲᠤᠰ ᠵᠢᠯ᠎ᠤᠨ ᠨᠥᠬᠥᠪᠥᠷᠢ᠎ᠶᠢ ᠠᠶᠠᠨᠳᠠᠭᠠᠨ ᠲᠠᠶᠠᠭᠳᠠᠭᠰᠠᠨ᠎ᠵᠢᠡᠷ ᠦᠵᠡᠨ᠎ᠡ ᠭᠡᠪᠡ᠃

✦ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠵᠢᠨ ᠵᠥᠪᠯᠡᠯ᠎ᠤᠨ ᠠᠯᠪᠠᠨ ᠲᠢᠩᠬᠢᠮ ᠤᠢᠷ᠎ᠠ᠎ᠳᠦ《ᠤᠯᠤᠰ᠎ᠤᠨ ᠠᠮᠢ ᠠᠬᠤᠢ᠎ᠵᠢᠨ ᠦᠢᠯᠡᠳᠬᠦᠨ᠎ᠤ ᠥᠷᠲᠡᠭ᠎ᠢ ᠪᠡᠶᠡᠯᠡᠭᠦᠯᠬᠦ ᠲᠤᠭᠲᠠᠴᠠ᠎ᠵᠢᠨ ᠬᠤᠶᠠᠳᠤᠭᠠᠷ ᠡᠭᠡᠯᠵᠢ᠎ᠵᠢᠨ ᠲᠤᠷᠰᠢᠯᠲᠠ᠎ᠵᠢᠨ ᠴᠡᠭ᠎ᠤᠨ ᠨᠡᠷᠡᠰ᠎ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ》᠎ᠢ ᠨᠡᠢᠲᠡᠯᠡᠵᠦ᠂ ᠪᠡᠭᠡᠵᠢᠩ ᠬᠤᠲᠠ᠎ᠵᠢᠨ ᠮᠢ ᠶᠦᠨ ᠲᠤᠭᠤᠷᠢᠭ᠂ ᠦᠪᠦᠷ ᠮᠤᠩᠭᠤᠯ᠎ᠤᠨ ᠬᠥᠯᠥᠨ ᠪᠤᠢᠷ ᠬᠤᠲᠠ ᠵᠡᠷᠭᠡ 25 ᠭᠠᠵᠠᠷ ᠤᠷᠤᠨ ᠪᠠ ᠬᠠᠢᠨᠠᠨ᠎ᠤ ᠬᠠᠯᠠᠭᠤᠨ ᠪᠦᠰᠡᠨ᠎ᠤ ᠪᠤᠷᠤᠭᠠᠨᠲᠤ ᠤᠢ᠎ᠵᠢᠨ ᠤᠯᠤᠰ᠎ᠤᠨ ᠴᠡᠴᠡᠷᠯᠢᠭ᠎ᠢ ᠬᠤᠶᠠᠳᠤᠭᠠᠷ ᠡᠭᠡᠯᠵᠢ᠎ᠵᠢᠨ ᠤᠯᠤᠰ᠎ᠤᠨ ᠠᠮᠢ ᠠᠬᠤᠢ᠎ᠵᠢᠨ ᠦᠢᠯᠡᠳᠬᠦᠨ᠎ᠤ ᠥᠷᠲᠡᠭ᠎ᠢ ᠪᠡᠶᠡᠯᠡᠭᠦᠯᠬᠦ ᠲᠤᠭᠲᠠᠴᠠ᠎ᠵᠢᠨ ᠲᠤᠷᠰᠢᠯᠲᠠ᠎ᠵᠢᠨ ᠴᠡᠭ᠎ᠵᠢᠡᠷ ᠲᠤᠭᠲᠠᠭᠠᠪᠠ᠃


921d23085cb87aeaf9c7023924bd9b78.jpg


✦12 ᠰᠠᠷ᠎ᠠ᠎ᠵᠢᠨ 3᠎ᠤ ᠡᠳᠦᠷ ᠪᠤᠯᠲᠠᠯ᠎ᠠ᠂ ᠤᠷᠳᠤᠰ ᠬᠤᠲᠠ᠎ᠵᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠡᠴᠡ ᠥᠪᠥᠷ ᠮᠤᠩᠭᠤᠯ᠎ᠤᠨ ᠷᠦᠩ ᠲᠦᠩ ᠡᠨ᠋ᠸᠷᠬᠢ᠎ᠵᠢᠨ (ᠪᠥᠯᠥᠭᠯᠡᠯ) ᠬᠢᠵᠠᠭᠠᠷᠲᠤ ᠺᠤᠮᠫᠠᠨᠢ ᠵᠡᠷᠭᠡ ᠠᠵᠤ ᠠᠬᠤᠢᠯᠠᠯ ᠪᠠ ᠬᠤᠪᠢ ᠬᠦᠮᠦᠨ᠎ᠤ ᠰᠢᠶᠠᠩᠭᠠᠩ᠎ᠤᠨ ᠳ᠋ᠠᠪᠦ᠋ ᠵᠢᠨ ᠹᠦ ᠶᠤᠸᠠᠨ᠎ᠤ ᠭᠠᠯ᠎ᠤᠨ ᠠᠶᠤᠯ᠎ᠳᠦ ᠲᠤᠰᠠᠯᠠᠭᠰᠠᠨ ᠲᠤᠰᠠᠯᠠᠮᠵᠢ᠎ᠵᠢᠨ ᠮᠥᠩᠭᠥ᠎ᠶᠢ ᠨᠡᠢᠲᠡ 15.4 ᠲᠥᠮᠡᠨ ᠲᠥᠭᠥᠷᠢᠭ ᠬᠦᠯᠢᠶᠡᠨ ᠠᠪᠴᠤ᠂ ᠨᠢᠭᠡᠨᠲᠡ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠥᠪᠡᠷᠲᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ ᠭᠤᠪᠢᠭᠤᠯᠵᠠᠢ᠃

✦ᠤᠯᠠᠭᠠᠨᠬᠠᠳᠠ ᠬᠤᠲᠠ᠎ᠵᠢᠨ 2025 ᠤᠨ᠎ᠤ 40 ᠠᠷᠠᠳ᠎ᠤᠨ ᠠᠮᠢᠳᠤᠷᠠᠯ᠎ᠤᠨ ᠪᠤᠳᠠᠳᠤ ᠶᠠᠪᠤᠳᠠᠯ᠎ᠤᠨ ᠭᠤᠤᠯᠳᠠᠯᠭ᠎ᠠ ᠲᠠᠢ ᠲᠥᠷᠥᠯ ᠵᠦᠢᠯ᠎ᠤᠨ ᠨᠢᠭᠡ ᠪᠤᠯᠬᠤ 190 ᠴᠠᠬᠢᠯᠭᠠᠨ ᠬᠥᠳᠡᠯᠭᠡᠭᠦᠷᠲᠦ ᠨᠡᠢᠲᠡ᠎ᠵᠢᠨ ᠮᠠᠰᠢᠨ ᠲᠡᠷᠭᠡ ᠬᠤᠳᠠᠯᠳᠤᠨ ᠠᠪᠬᠤ ᠲᠥᠷᠥᠯ ᠵᠦᠢᠯ ᠵᠠᠩᠭᠢᠯᠠᠭ᠎ᠠ᠎ᠵᠢᠨ ᠠᠬᠢᠴᠠ ᠲᠠᠢ ᠪᠤᠯᠵᠤ᠂ 12 ᠰᠠᠷ᠎ᠠ᠎ᠵᠢᠨ 4᠎ᠤ ᠡᠳᠦᠷ ᠤᠯᠠᠭᠠᠨᠬᠠᠳᠠ ᠬᠤᠲᠠ᠎ᠵᠢᠨ ᠤᠯᠠᠨ ᠨᠡᠢᠲᠡ᠎ᠵᠢᠨ ᠵᠠᠮ ᠬᠠᠷᠢᠯᠴᠠᠭᠠᠨ᠎ᠤ ᠬᠢᠵᠠᠭᠠᠷᠲᠤ ᠺᠤᠮᠫᠠᠨᠢ ᠠᠩᠬᠠᠨ᠎ᠤ ᠪᠥᠯᠥᠭ 40 ᠰᠢᠨ᠎ᠡ ᠬᠡᠯᠪᠡᠷᠢ᠎ᠵᠢᠨ ᠨᠡᠢᠲᠡ᠎ᠵᠢᠨ ᠮᠠᠰᠢᠨ ᠲᠡᠷᠭᠡ᠎ᠶᠢ ᠬᠦᠯᠢᠶᠡᠨ ᠠᠪᠴᠠᠢ᠃

 

60a5440c9a4548c9e793059c2aec7b73.jpg

                       

ᠰᠤᠶᠤᠯ

✦12 ᠰᠠᠷ᠎ᠠ᠎ᠶᠢᠨ 6᠎ᠠᠴᠠ 7᠎ᠤ ᠡᠳᠦᠷ ᠪᠣᠯᠲᠠᠯ᠎ᠠ᠂ 2025-2026 ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ᠎ᠤᠨ ᠴᠠᠨᠠᠯᠠᠯᠲᠠ ᠬᠢᠭᠡᠳ ᠲᠠᠩ ᠬᠠᠪᠲᠠᠰᠤᠲᠤ ᠴᠠᠨᠠᠯᠠᠯᠲᠠ ᠵᠢᠨ ᠬᠤᠯᠪᠤᠭ᠎ᠠ ᠵᠢᠨ ᠲᠠᠩ ᠬᠠᠪᠲᠠᠰᠤᠲᠤ ᠴᠠᠨᠠᠯᠠᠯᠲᠠ ᠵᠢᠨ ᠵᠡᠷᠭᠡᠴᠡᠭᠡ ᠲᠥᠷᠥᠯ ᠵᠦᠢᠯ᠎ᠦᠨ ᠳᠡᠯᠡᠬᠡᠢ᠎ᠶᠢᠨ ᠬᠤᠨᠳᠠᠭᠠᠲᠤ ᠮᠧᠶ ᠯᠢᠨ ᠥᠷᠲᠡᠭᠡ᠎ᠵᠢᠨ ᠤᠷᠤᠯᠳᠤᠭᠠᠨ ᠤᠯᠠᠭᠠᠨᠬᠠᠳᠠ ᠬᠣᠲᠠ᠎ᠳᠤ ᠶᠠᠪᠤᠭᠳᠠᠨ᠎ᠠ᠃

 

1b18ec0a36b8c4b9c97b426400330cea.jpg


ᠲᠠᠮᠢᠷ

✦4᠎ᠦ ᠡᠳᠦᠷ᠂ 2025 ᠣᠨ᠎ᠤ ᠣᠯᠠᠨ ᠤᠯᠤᠰ᠎ᠤᠨ ᠫᠢᠩᠫᠠᠩ ᠪᠥᠮᠪᠥᠭᠡ᠎ᠶᠢᠨ ᠬᠣᠯᠪᠣᠭ᠎ᠠ ᠵᠢᠨ ᠡᠷᠡᠭᠲᠡᠢ ᠡᠮᠡᠭᠲᠡᠢ᠎ᠵᠢᠨ ᠬᠤᠤᠰᠯᠠᠨ ᠴᠤᠬᠢᠬᠤ ᠤᠷᠤᠯᠳᠤᠭᠠᠨ᠎ᠤ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠴᠧᠩᠳᠦ᠋᠎ᠳᠦ ᠦᠷᠭᠦᠯᠵᠢᠯᠡᠨ ᠶᠠᠪᠤᠭᠳᠠᠵᠤ᠂ ᠳᠤᠮᠳᠠᠳᠤ ᠤᠯᠤᠰ᠎ᠤᠨ ᠠᠩᠭᠢ ᠬᠣᠶᠠᠳᠤᠭᠠᠷ ᠱᠠᠲᠤᠨ᠎ᠤ ᠭᠤᠷᠪᠠᠳᠤᠭᠠᠷ ᠡᠭᠡᠯᠵᠢ᠎ᠶᠢᠨ ᠤᠷᠤᠯᠳᠤᠭᠠᠨ᠎ᠳᠤ 8᠄ 2᠎ᠢᠶᠠᠷ ᠹᠷᠠᠨᠼᠢ᠎ᠶᠢᠨ ᠠᠩᠭᠢ᠎ᠶᠢ ᠢᠯᠠᠵᠤ᠂ ᠵᠠᠯᠭᠠᠭ᠎ᠠ᠎ᠪᠠᠷ 6 ᠤᠳᠠᠭ᠎ᠠ ᠢᠯᠠᠪᠠ᠃

✦ᠲᠤᠬᠠᠢ᠎ᠶᠢᠨ ᠭᠠᠵᠠᠷ᠎ᠤᠨ ᠴᠠᠭ᠎ᠢᠶᠠᠷ 4᠎ᠦ ᠡᠳᠦᠷ᠂ 2026 ᠣᠨ᠎ᠤ ᠢᠲ᠋ᠠᠯᠢ᠎ᠶᠢᠨ ᠮᠢᠯᠠᠨ ᠺᠤᠷᠲ᠋ᠢᠨᠠ᠎ᠶᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ᠎ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠭᠷᠧᠭ᠎ᠦᠨ ᠨᠡᠢᠰᠯᠡᠯ ᠠᠲᠧᠨ᠎ᠳᠤ ᠶᠠᠪᠤᠭᠳᠠᠪᠠ᠃ ᠭᠠᠯ ᠪᠠᠮᠪᠠᠷ᠎ᠢ 2025 ᠣᠨ᠎ᠤ 12 ᠰᠠᠷ᠎ᠠ᠎ᠶᠢᠨ 6᠎ᠤ ᠡᠳᠦᠷ᠎ᠡᠴᠡ 2026 ᠣᠨ᠎ᠤ 2 ᠰᠠᠷ᠎ᠠ᠎ᠶᠢᠨ 6᠎ᠤ ᠡᠳᠦᠷ ᠪᠣᠯᠲᠠᠯ᠎ᠠ ᠳᠠᠮᠵᠢᠭᠤᠯᠵᠤ᠂ ᠳᠠᠮᠵᠢᠭᠤᠯᠬᠤ ᠪᠥᠬᠥ ᠣᠷᠳᠣ᠌ ᠨᠢ ᠪᠠᠷᠤᠭ 1.2 ᠲᠦᠮᠡᠨ ᠺᠢᠯᠣᠮᠧᠲᠷ ᠪᠣᠯᠣᠨ᠎ᠠ᠃


e4d65b9ab6b346a443390a49e5d742ae.jpg


✦ᠳᠤᠮᠳᠠᠳᠤ ᠤᠯᠤᠰ 2027 ᠣᠨ᠎ᠤ U20 ᠠᠽᠢᠶ᠎ᠠ ᠲᠢᠪ᠎ᠤᠨ᠎ᠬᠤᠨᠳᠠᠭᠠᠲᠤ ᠬᠦᠯ ᠪᠦᠮᠪᠦᠭᠡ ᠵᠢᠨ ᠤᠷᠤᠯᠳᠤᠭᠠᠨ᠎ᠢ ᠳᠠᠭᠠᠭᠠᠴᠢᠯᠠᠨ ᠡᠷᠭᠢᠯᠡᠬᠦ᠎ᠪᠡᠷ ᠪᠣᠶ᠃ 2027 ᠣᠨ᠎ᠤ U20 ᠠᠽᠢᠶ᠎ᠠ ᠲᠢᠪ᠎ᠤᠨ ᠬᠤᠨᠳᠠᠭᠠᠲᠤ᠎ᠬᠦᠯ ᠪᠦᠮᠪᠦᠭᠡ ᠵᠢᠨ ᠤᠷᠤᠯᠳᠤᠭᠠᠨ᠎ᠤ ᠪᠡᠯᠡᠳᠬᠡᠯ ᠰᠤᠩᠭᠤᠬᠤ ᠤᠷᠤᠯᠳᠤᠭᠠᠨ 2026 ᠣᠨ᠎ᠤ 8 ᠰᠠᠷ᠎ᠠ᠎ᠠᠴᠠ ᠡᠬᠢᠯᠡᠵᠦ᠂ ᠰᠢᠢᠳᠪᠦᠷᠢᠲᠦ ᠤᠷᠤᠯᠳᠤᠭᠠᠨ ᠨᠢ 2027 ᠣᠨ᠎ᠤ 3 ᠰᠠᠷ᠎ᠠ᠎ᠳᠤ ᠶᠠᠪᠤᠭᠳᠠᠨ᠎ᠠ᠃

 

884d83d0ac5eebcc9706b00632d09aac.jpg


ᠳᠡᠯᠡᠬᠡᠢ

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ 16 ᠨᠠᠰᠤᠨ᠎ᠠᠴᠠ ᠳᠣᠷᠣᠭ᠍ᠰᠢᠬᠢ ᠬᠥᠮᠥᠰ᠎ᠲᠦ ᠴᠢᠭᠯᠡᠭᠦᠯᠦᠭᠰᠡᠨ ᠠᠦ᠋ᠰᠲᠷᠠᠯᠢᠶ᠎ᠠ ᠵᠢᠨ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠦ ᠭᠠᠷᠬᠤ᠎ᠶᠢ ᠴᠠᠭᠠᠵᠠᠯᠠᠬᠤ ᠵᠠᠷᠯᠢᠭ᠋ ᠲᠤᠰ ᠰᠠᠷ᠎ᠠ᠎ᠶᠢᠨ 10᠎ᠤ ᠡᠳᠦᠷ᠎ᠡᠴᠡ ᠡᠬᠢᠯᠡᠨ ᠬᠦᠴᠦᠨ᠎ᠲᠠᠢ ᠪᠣᠯᠣᠨ᠎ᠠ᠃

 

16bb2f57f894cdb175b457410c0ddc66.jpg


ᠦᠢᠯᠡᠴᠢᠯᠡᠭᠡ

✦ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ᠎ᠦᠨ ᠠᠵᠢᠯ ᠦᠢᠯᠡᠰ᠎ᠦᠨ ᠨᠢᠭᠡᠴᠢ ᠠᠵᠢᠯᠲᠠᠨ ᠡᠯᠰᠡᠵᠦ ᠪᠤᠢ᠃ 

 

ᠲᠠᠨ᠎ᠤ ᠲᠤᠰᠠ᠎ᠳᠦ

✦ᠰᠢᠷ᠎ᠠ ᠯᠤᠤᠪᠠᠩ᠎ᠢ ᠠᠯᠮᠤᠷᠠᠳ᠂ ᠲᠥᠪᠡᠳ ᠬᠠᠰᠢ᠂ ᠲᠤᠭᠤᠷ᠂ ᠵᠦᠷᠵᠢ᠂ ᠲᠣᠰᠢᠯᠣᠭ ᠵᠡᠷᠭᠡ ᠵᠢᠮᠢᠰ᠎ᠲᠠᠢ ᠬᠠᠮᠲᠤ ᠲᠦᠭᠦᠬᠡᠢ᠎ᠪᠡᠷ ᠢᠳᠡᠬᠦ ᠨᠢ ᠪᠡᠶ᠎ᠡ ᠮᠠᠬᠠᠪᠤᠳ᠎ᠤᠨ ᠲᠤᠳᠤᠷᠠᠬᠢ ᠬᠣᠣᠷ᠎ᠢ ᠭᠠᠳᠠᠭᠰᠢᠯᠠᠭᠤᠯᠵᠤ᠂ ᠡᠯᠢᠭᠡ᠂ ᠪᠥᠭᠡᠷ᠎ᠡ᠂ ᠰᠢᠩᠭᠡᠭᠡᠯᠲᠡ᠎ᠶᠢᠨ ᠰᠢᠰᠲᠧᠮ᠎ᠦᠨ ᠠᠵᠢᠯᠯᠠᠭ᠎ᠠ᠎ᠶᠢ ᠰᠠᠢᠵᠢᠷᠠᠭᠤᠯᠬᠤ᠎ᠳᠦ ᠰᠠᠢᠨ ᠪᠠᠢᠳᠠᠭ᠃


ff95087d70a3f7289d6bc9f03b809df8.jpg


ᠵᠠᠯᠭᠠᠭᠠᠳ《ᠮᠥᠷᠥᠭᠡᠳᠦᠯ᠎ᠤᠨ ᠠᠶᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)   

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号