12 ᠰᠠᠷ᠎ᠠ᠎ᠶ᠋ᠢᠨ 7᠎ᠦ ᠡᠳᠦᠷ
ᠡᠬᠢᠯᠡᠬᠦ᠌ ᠴᠠᠭ᠄
2025-12-07 11:48:32
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄





ᠨᠡᠢᠭᠡᠮ 

✦ᠪᠣᠭᠣᠮᠲᠠ᠎ᠶᠢᠨ ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ 10 ᠰᠠᠷ᠎ᠠ᠎ᠳᠤ ᠮᠠᠨ᠎ᠤ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ 6000 ᠳ᠋ᠦᠩᠰᠢᠭᠤᠷ ᠲᠥᠭᠥᠷᠢᠭ᠎ᠲᠦ ᠬᠦᠷᠴᠦ᠂ ᠭᠠᠳᠠᠭᠠᠳᠤ ᠭᠠᠷᠭᠠᠯᠲᠠ᠎ᠶᠢᠨ ᠳᠠᠸᠠᠷ᠎ᠤᠨ ᠳᠦᠷᠦᠯ 838 ᠵᠦᠢᠯ᠎ᠳᠦ ᠬᠦᠷᠴᠦ᠂ ᠭᠠᠳᠠᠭᠠᠳᠤ ᠭᠠᠷᠭᠠᠯᠲᠠ ᠨᠢ 223 ᠤᠯᠤᠰ ᠪᠠ ᠭᠠᠵᠠᠷ ᠣᠷᠣᠨ᠎ᠢ ᠬᠠᠮᠤᠷᠴᠤ ᠪᠤᠢ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ ᠠᠵᠤ ᠠᠬᠤᠢᠯᠠᠯ᠎ᠤᠨ ᠦᠢᠯᠡᠳᠬᠦᠨ᠎ᠢᠶᠡᠨ ᠰᠢᠯᠢᠳᠡᠭᠵᠢᠭᠦᠯᠬᠦ᠎ᠶᠢ ᠠᠬᠢᠭᠤᠯᠬᠤ᠎ᠪᠠᠷ ᠪᠣᠶ᠃

✦ᠪᠦᠷᠢᠳᠬᠡᠯ᠎ᠢ ᠦᠨᠳᠦᠰᠦᠯᠡᠪᠡᠯ᠂ ᠪᠦᠬᠦ ᠤᠯᠤᠰ ᠎ᠲᠦ ᠪᠦᠷᠢᠳᠬᠡᠬᠦᠯᠦᠨ ᠳᠠᠩᠰᠠᠯᠠᠭᠤᠯᠤᠬᠰᠠᠨ ᠨᠠᠰᠤᠳᠠᠢᠴᠤᠳ ᠎ᠤᠨ ᠰᠠᠢᠨ ᠳᠤᠷᠠᠴᠤᠳ ᠨᠢᠭᠡᠨᠳᠡ 5300 ᠲᠦᠮᠡ ᠵᠢ ᠳᠠᠪᠠᠵᠤ᠂ 4000 ᠭᠠᠷᠤᠢ ᠲᠦᠷᠦᠯ ᠵᠤᠢᠯ᠎ᠳᠤ ᠳᠤᠰᠠᠯᠠᠮᠵᠢ ᠦᠵᠡᠬᠦᠯᠦᠭᠰᠡᠨ ᠪᠠᠢᠨ᠎ᠠ᠃

✦ᠤᠢᠷ᠎ᠠ᠎ᠳᠤ ᠳᠤᠮᠳᠠᠳᠤ ᠤᠯᠤᠰ ᠪᠣᠯᠣᠨ ᠠᠷᠭᠧᠨ᠋ᠲ᠋ᠢᠨ᠎ᠤ ᠠᠩᠬᠠᠳᠠᠭ᠍ᠴᠢ ᠠᠭᠠᠷ᠎ᠤᠨ ᠠᠶᠠᠯᠠᠯ᠎ᠤᠨ ᠰᠢᠭᠤᠳ ᠱᠤᠭᠤᠮ ᠨᠡᠪᠲᠡᠷᠡᠪᠡ᠃

✦ᠪᠤᠭᠤᠲᠤ ᠢᠷᠭᠠᠢ᠎ᠶᠢᠨ ᠲᠦᠷᠬᠡᠨ᠎ᠤ ᠲᠡᠮᠦᠷ ᠵᠠᠮ ᠳᠠᠭᠠᠤ ᠬᠤᠲᠠ᠎ᠶᠢᠨ ᠵᠢᠭᠤᠯᠴᠢᠯᠠᠯ᠎ᠤᠨ ᠬᠣᠯᠪᠣᠭ᠎ᠠ ᠲᠦᠷᠦᠭᠦᠬᠡᠨ ᠪᠤᠭᠤᠲᠤ ᠬᠣᠲᠠ᠎ᠳᠤ ᠪᠠᠢᠭᠤᠯᠤᠭᠳᠠᠪᠠ᠃ ᠤᠳᠠᠯ ᠦᠭᠡᠢ ᠨᠡᠪᠲᠡᠷᠡᠬᠦ᠎ᠪᠡᠷ ᠪᠠᠢᠭ᠎ᠠ ᠡᠨᠡᠬᠦ ᠲᠡᠮᠦᠷ ᠵᠠᠮ ᠨᠢ ᠪᠤᠭᠤᠲᠤ᠂ ᠤᠷᠳᠤᠰ᠂ ᠪᠠᠶᠠᠨᠨᠠᠭᠤᠷ᠂ ᠦᠬᠠᠢ᠂ ᠠᠯᠠᠱᠠ᠂ ᠢᠷᠭᠠᠢ ᠵᠡᠷᠭᠡ ᠲᠣᠯᠣᠭᠠᠨ ᠭᠠᠵᠠᠷ᠎ᠢ ᠬᠣᠯᠪᠣᠵᠤ᠂ 《ᠬᠣᠶᠠᠷ ᠴᠠᠭ᠎ᠤᠨ ᠠᠵᠤ ᠠᠬᠤᠢ᠎ᠶᠢᠨ ᠲᠣᠭᠣᠷᠢᠭ᠋》᠎ᠢ ᠪᠠᠶ᠋ᠢᠭᠤᠯᠬᠤ ᠪᠣᠯᠣᠨ᠎ᠠ᠃

✦ᠦᠪᠤᠷ ᠮᠤᠩᠭᠤᠯ᠎ᠤᠨ ᠬᠠᠳᠤᠨ ᠭᠤᠤᠯ ᠪᠦᠯᠦᠭᠯᠡᠯ᠎ᠤᠨ《ᠴᠢᠶᠠᠨ ᠯᠢ ᠱᠠᠨ》ᠨᠡᠭᠦᠷᠡᠰᠦ ᠬᠡᠣᠷᠰᠢᠭᠦᠯᠬᠦ ᠺᠣᠮᠫᠠᠨᠢ᠎ᠶᠢᠨ ᠭᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠲᠦᠷᠦᠯ ᠵᠤᠢᠯ ᠲᠦᠷᠦᠬᠦᠬᠡᠨ ᠠᠰᠢᠭ᠍ᠯᠠᠯᠲᠠ᠎ᠳᠤ ᠣᠷᠣᠪᠠ᠃ ᠲᠤᠰ ᠲᠦᠷᠦᠯ ᠵᠤᠢᠯ ᠨᠢ 《ᠪᠥᠬᠥ ᠶᠠᠪᠤᠴᠠ᠎ᠶᠢ ᠪᠠᠷᠢᠮᠵᠢᠶ᠎ᠠ᠎ᠳᠤ ᠬᠦᠷᠭᠡᠵᠦ᠂ ᠪᠥᠬᠥ ᠭᠣᠭᠴᠣᠭ᠎ᠠ᠎ᠪᠠᠷ ᠪᠣᠬᠢᠷᠳᠤᠯ᠎ᠢ ᠬᠢᠵᠠᠭᠠᠷᠯᠠᠬᠤ 》 ᠪᠡᠷ ᠬᠠᠷᠠᠯᠲᠠ ᠪᠣᠯᠭᠠᠵᠤ᠂ ᠶᠡᠷᠦᠩᠬᠡᠢ ᠪᠡᠯᠡ ᠣᠷᠤᠭᠤᠯᠤᠯᠲᠠ ᠨᠢ 4 ᠳ᠋ᠦᠩᠰᠢᠭᠤᠷ 6000 ᠲᠦᠮᠡᠨ ᠲᠥᠭᠥᠷᠢᠭ᠎ᠲᠦ ᠬᠦᠷᠪᠡ᠃

✦12 ᠰᠠᠷ᠎ᠠ᠎ᠶᠢᠨ 4᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ《2025 ᠣᠨ᠎ᠤ A ᠳᠡᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ ᠵᠢᠭᠤᠯᠴᠢᠯᠠᠯ᠎ᠤᠨ ᠲᠦᠷᠦᠯ ᠲᠡᠮᠳᠡᠭ᠎ᠢ ᠰᠢᠯᠭᠠᠨ ᠲᠣᠭᠲᠠᠭᠠᠭᠰᠠᠨ ᠦᠷ᠎ᠡ ᠳ᠋ᠦᠩ᠎ᠦᠨ ᠲᠤᠬᠠᠢ ᠵᠠᠷᠯᠠᠯ》᠎ᠢ ᠨᠡᠢᠲᠡᠯᠡᠪᠡ᠃ ᠡᠭᠦᠨ᠎ᠳᠤ ᠦᠦᠰᠢᠨ ᠬᠣᠰᠢᠭᠤᠨ᠎ᠤ ᠬᠤᠷ᠎ᠠ ᠤᠰᠤ ᠵᠢᠭᠤᠯᠴᠢᠯᠠᠯ᠎ᠤᠨ ᠣᠷᠣᠨ 2025 ᠣᠨ᠎ᠤ ᠰᠢᠨ᠎ᠡ᠎ᠪᠡᠷ ᠰᠢᠯᠭᠠᠨ ᠲᠣᠭᠲᠠᠭᠠᠭᠰᠠᠨ4A ᠳᠡᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠨᠡᠷᠡᠰ᠎ᠦᠨ ᠪᠦᠷᠢᠳᠬᠡᠯ᠎ᠳᠦ ᠲᠣᠳᠣᠷᠠᠵᠤ᠂ ᠬᠠᠩᠭᠢᠨ ᠬᠣᠰᠢᠭᠤᠨ᠎ᠤ ᠪᠦᠷᠢᠶ᠎ᠡ ᠮᠠᠩᠬ᠎ᠠ ᠵᠢᠭᠤᠯᠴᠢᠯᠠᠯ᠎ᠤᠨ ᠣᠷᠣᠨ 2025 ᠣᠨ᠎ᠤ ᠰᠢᠨ᠎ᠡ᠎ᠪᠡᠷ ᠰᠢᠯᠭᠠᠨ ᠲᠣᠭᠲᠠᠭᠠᠭᠰᠠᠨ 3A ᠳᠡᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠨᠡᠷᠡᠰ᠎ᠦᠨ ᠪᠦᠷᠢᠳᠬᠡᠯ᠎ᠳᠦ ᠲᠣᠳᠣᠷᠠᠵᠤ᠂ ᠣᠲᠤᠭ᠎ᠤᠨ ᠡᠮᠦᠨᠡᠲᠦ ᠬᠣᠰᠢᠭᠤᠨ᠎ᠤ ᠪᠠᠶᠠᠨᠰᠢᠪᠠᠷ ᠭᠠᠴᠠᠭ᠎ᠠ 2025 ᠣᠨ᠎ᠤ ᠰᠢᠨ᠎ᠡ᠎ᠪᠡᠷ ᠰᠢᠯᠭᠠᠨ ᠳᠤᠬᠲᠠᠭᠠᠬᠰᠠᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠎ᠤ ᠨᠡᠷᠡᠰ᠎ᠦᠨ ᠪᠦᠷᠢᠳᠬᠡᠯ᠎ᠳᠦ ᠲᠣᠳᠣᠷᠠᠪᠠ᠃

✦2025 ᠣᠨ᠎ᠳᠤ ᠲᠦᠩᠯᠢᠶᠣᠣ ᠬᠤᠲᠠ ᠬᠣᠲᠠ ᠪᠠᠯᠭᠠᠰᠤᠨ᠎ᠤ 91 ᠬᠠᠭᠤᠴᠢᠨ ᠰᠠᠭᠤᠭᠠᠯᠢ ᠲᠤᠭᠤᠷᠢᠭ᠎ᠢ ᠵᠠᠰᠠᠨ ᠰᠢᠨᠡᠳᠬᠡᠵᠦ᠂ 410 ᠠᠰᠠᠷ᠂ 16135 ᠡᠷᠦᠬᠡ᠎ᠶᠢ ᠬᠠᠮᠤᠷᠴᠠᠢ᠃

✦12 ᠰᠠᠷ᠎ᠠ᠎ᠶᠢᠨ 5᠎ᠤ ᠡᠳᠦᠷ᠂ ᠤᠷᠳᠤᠰ ᠬᠤᠳᠠ ᠵᠢᠨ ᠬᠢᠶ᠎ᠡ ᠪᠠᠭ᠍ᠰᠢ ᠲᠣᠭᠣᠷᠢᠭ᠋᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠯᠴᠠᠵᠤ 2025 ᠣᠨ᠎ᠤ ᠣᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠰᠣᠷᠢᠯᠲᠠ ᠬᠢᠪᠡ᠃ ᠲᠤᠰ ᠤᠳᠠᠭᠠᠨ᠎ᠤ ᠰᠣᠷᠢᠯᠲᠠ ᠨᠢ ᠲᠦᠢᠮᠡᠷ᠎ᠠᠴᠠ ᠵᠠᠪᠳᠤᠨ ᠠᠪᠤᠷᠠᠬᠤ᠂ ᠲᠦᠢᠮᠡᠷ᠎ᠢ ᠤᠨᠲᠠᠷᠠᠭᠠᠬᠤ᠂ ᠣᠢ ᠰᠢᠭᠤᠢ ᠪᠤᠲᠠᠯᠢᠭ᠋ ᠤᠷᠭᠤᠮᠠᠯ᠎ᠤᠨ ᠭᠠᠯ ᠲᠦᠢᠮᠡᠷ᠎ᠢ ᠤᠨᠲᠠᠷᠠᠭᠠᠬᠤ ᠵᠡᠷᠭᠡ ᠭᠤᠷᠪᠠᠨ ᠭᠣᠭᠴᠣᠭ᠎ᠠ᠎ᠪᠠᠷ ᠶᠠᠪᠤᠬᠳᠠᠵᠠᠢ᠃

✦2025 ᠣᠨ᠎ᠳᠤ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ 494.8 ᠲᠦᠮᠡᠨ ᠮᠦ᠍᠎ᠳᠦ ᠬᠦᠷᠴᠦ᠂ ᠶᠡᠷᠦᠩᠬᠡᠢ ᠤᠨᠠᠯᠲᠠ ᠨᠢ 68.53 ᠳ᠋ᠦᠩᠰᠢᠭᠤᠷ ᠵᠢᠩ᠎ᠳᠦ ᠬᠦᠷᠴᠤ᠂ ᠳᠡᠭᠡᠷ᠎ᠡ ᠵᠢᠯ᠎ᠦᠨ ᠬᠢ᠎ᠡᠴᠡ 6.36 ᠳ᠋ᠦᠩᠰᠢᠭᠤᠷ ᠵᠢᠩ ᠨᠡᠮᠡᠭᠳᠡᠵᠡᠢ᠃

 ᠠᠵᠦ ᠠᠬᠤᠢ 

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠦ ᠨᠡᠢᠲᠡᠯᠡᠭᠰᠡᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ 10 ᠰᠠᠷ᠎ᠠ᠎ᠳᠤ ᠮᠠᠨ᠎ᠤ ᠤᠯᠤᠰ᠎ᠤᠨ ᠡᠯᠧᠺᠲᠷᠣᠨ ᠮᠡᠳᠡᠭᠡ ᠵᠠᠩᠭᠢ᠎ᠶᠢᠨ ᠦᠢᠯᠡᠳᠬᠦ ᠦᠢᠯᠡᠰ ᠎ᠦᠨ ᠦᠢᠯᠡᠳᠪᠦᠷᠢᠯᠡᠯ ᠲᠣᠭᠲᠠᠭᠤᠨ ᠎ᠢᠶᠡᠷ ᠨᠡᠮᠡᠭᠳᠡᠪᠡ᠃ ᠡᠭᠦᠨ᠎ᠳᠤ ᠣᠶᠤᠨᠲᠤ ᠭᠠᠷ ᠤᠲᠠᠰᠤ ᠦᠢᠯᠡᠳᠪᠦᠷᠢᠯᠡᠭᠰᠡᠨ ᠬᠡᠮᠵᠢᠶ᠎ᠡ 10 ᠳ᠋ᠦᠩᠰᠢᠭᠤᠷ 2000 ᠲᠦᠮᠡ᠎ᠳᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 0.7%᠎ᠪᠠᠷ ᠨᠡᠮᠡᠭᠳᠡᠪᠡ᠃

✦ᠤᠢᠷ᠎ᠠ᠎ᠳᠤ ᠺᠠᠢᠯᠤ ᠰᠢᠶᠠᠨ᠎ᠤ ᠷᠦᠩ ᠱᠠᠨ ᠵᠢᠮᠢᠰ ᠨᠣᠭᠣᠭ᠎ᠠ ᠲᠠᠷᠢᠬᠤ ᠲᠤᠰᠬᠠᠢ ᠬᠤᠷᠰᠢᠶ᠎ᠠ ᠵᠢᠨ ᠬᠢᠨ 16.8 ᠲᠣᠨ ᠬᠠᠢᠲᠠᠩ ᠵᠢᠮᠢᠰ᠎ᠢᠶᠡᠨ ᠰᠠᠦ᠋ᠳ᠋ ᠠᠷᠠᠪ᠎ᠲᠤ ᠭᠠᠷᠭᠠᠪᠠ᠃ ᠣᠢᠯᠠᠭᠠᠭᠰᠠᠨ᠎ᠢᠶᠠᠷ ᠲᠤᠰ ᠬᠤᠷᠰᠢᠶ᠎ᠠ ᠵᠢᠨ ᠳᠠᠷᠢᠭ᠍ᠰᠠᠨ ᠬᠠᠢᠲᠠᠩ ᠵᠢᠮᠢᠰ ᠨᠢ ᠨᠢᠭᠡᠨᠲᠡ ᠪᠦᠬᠦ ᠤᠯᠤᠰ᠎ᠤᠨ《ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠨᠡᠷᠡᠰ᠎ᠦᠨ ᠵᠢᠭ᠍ᠰᠠᠭᠠᠯᠳᠠ》᠎ᠳᠦ ᠤᠷᠤᠵᠤ᠂ ᠤᠯᠤᠰ᠎ᠤᠨ ᠳᠣᠲᠣᠭᠠᠳᠤ᠎ᠶᠢᠨ ᠡᠯ᠎ᠡ ᠮᠤᠵᠢ ᠣᠷᠣᠨ᠎ᠳᠤ ᠪᠣᠷᠤᠯᠠᠭᠤᠯᠭ᠎ᠠ ᠰᠠᠢᠲᠠᠢ᠎ᠪᠠᠷ ᠪᠠᠷᠠᠬᠤ ᠦᠭᠡᠢ ᠮᠠᠯᠠᠢᠰᠢᠶ᠎ᠠ᠂ ᠯᠠᠤᠰ ᠵᠡᠷᠭᠡ ᠤᠯᠤᠰ᠎ᠲᠤ ᠴᠤ᠌ ᠬᠥᠭᠵᠢᠶᠡᠨᠲᠡᠢ ᠪᠣᠷᠣᠯᠠᠭᠤᠯᠤᠭᠳᠠᠵᠤ ᠪᠣᠶ᠃

 ᠰᠤᠶᠤᠯ 

✦ᠬᠥᠪᠡᠭᠡᠲᠦ ᠰᠢᠷ᠎ᠠ ᠬᠣᠰᠢᠭᠤᠨ᠎ᠤ ᠨᠣᠮ᠎ᠤᠨ ᠰᠠᠩ᠎ᠤᠨ ᠤᠳᠬ᠎ᠠ ᠤᠷᠠᠯᠢᠭ᠋᠎ᠤᠨ ᠣᠷᠴᠢᠭᠤᠯᠭ᠎ᠠ᠎ᠶᠢᠨ ᠨᠡᠶ᠋ᠢᠲᠡ᠎ᠶᠢᠨ ᠬᠢᠴᠢᠶᠡᠯ ᠡᠬᠢᠯᠡᠬᠦ ᠶᠣᠰᠣᠯᠠᠯ ᠵᠢᠴᠢ ᠰᠢᠯᠢ᠎ᠶᠢᠨ ᠭᠣᠣᠯ ᠠᠢᠮᠠᠭ᠎ᠤᠨ ᠤᠳᠬ᠎ᠠ ᠵᠣᠬᠢᠶᠠᠯ ᠤᠷᠠᠯᠢᠭ᠋᠎ᠤᠨ ᠣᠷᠴᠢᠭᠤᠯᠤᠭ᠍ᠴᠢᠳ᠎ᠤᠨ ᠨᠡᠢᠭᠡᠮᠯᠢᠭ᠎ᠦᠨ ᠬᠥᠪᠡᠭᠡᠲᠦ ᠰᠢᠷ᠎ᠠ ᠬᠣᠰᠢᠭᠤᠨ᠎ᠳᠠᠬᠢ ᠣᠷᠴᠢᠭᠤᠯᠭ᠎ᠠ᠎ᠶᠢᠨ ᠪᠣᠯᠪᠠᠰᠤᠷᠠᠯ᠎ᠤᠨ ᠰᠠᠭᠤᠷᠢᠨ᠎ᠤ ᠫᠠᠢᠰᠠ ᠰᠡᠬᠦᠬᠦ ᠶᠣᠰᠣᠯᠠᠯ ᠲᠦᠷᠦᠬᠦᠬᠡᠨ ᠰᠢᠨᠡᠪᠤᠯᠠᠭ ᠪᠠᠯᠭᠠᠰᠤᠨ᠎ᠳᠤ ᠶᠠᠪᠤᠭᠳᠠᠪᠠ᠃

 ᠲᠠᠮᠢᠷ 

✦12 ᠰᠠᠷ᠎ᠠ ᠵᠢᠨ 5᠎ᠤ ᠡᠳᠦᠷ᠂ 2025 ᠣᠨ᠎ᠤ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠡᠭᠡᠷᠡᠯᠡᠨ ᠴᠠᠨᠠᠯᠠᠯᠳᠠ ᠵᠢᠨ ᠮᠠᠩᠯᠠᠢ ᠰᠢᠯᠭᠠᠷᠠᠭᠤᠯᠬᠤ  ᠤᠷᠤᠯᠳᠤᠭᠠᠨ ᠤᠯᠠᠭᠠᠨᠴᠠᠪ ᠬᠤᠲᠠ᠎ᠶᠢᠨ ᠯᠢᠶᠡᠩᠴᠧᠩ ᠣᠯᠠᠨ ᠤᠯᠤᠰ᠎ᠤᠨ ᠴᠠᠨᠠᠯᠠᠯᠳᠠ ᠵᠢᠨ ᠲᠠᠯᠠᠪᠠᠢ᠎ᠳᠤ ᠡᠬᠢᠯᠡᠪᠡ᠃ ᠤᠷᠤᠯᠲᠤᠭᠠᠨ᠎ᠳᠤ ᠪᠤᠭᠤᠲᠤ᠂ ᠬᠥᠯᠥᠨ ᠪᠦᠶ᠋ᠷ᠂ ᠬᠢᠩᠭᠠᠨ᠂ ᠤᠯᠠᠭᠠᠨᠴᠠᠪ᠂ ᠣᠷᠳᠣᠰ᠂ ᠪᠠᠶᠠᠨᠨᠠᠭᠤᠷ ᠵᠡᠷᠭᠡ 6 ᠠᠢᠮᠠᠭ ᠬᠤᠲᠠ᠎ᠶᠢᠨ ᠲᠥᠯᠥᠭᠡᠯᠡᠭᠴᠢᠳ᠎ᠦᠨ ᠠᠩᠭᠢ᠎ᠶᠢᠨ 73 ᠲᠠᠮᠢᠷᠴᠢᠨ ᠣᠷᠣᠯᠴᠠᠪᠠ᠃

✦12 ᠰᠠᠷ᠎ᠠ ᠵᠢᠨ 5᠎ᠤ ᠡᠳᠤᠷ᠂ 2025 ᠤᠨ᠎ᠤ ᠤᠷᠳᠤᠰ ᠬᠤᠳᠠ ᠵᠢᠨ ᠵᠠᠯᠠᠭᠤᠴᠤᠳ᠎ᠤᠨ ᠤᠮᠪᠠᠯᠳᠠ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ  ᠤᠷᠳᠤᠰ ᠬᠤᠳᠠ᠎ᠳᠤ ᠡᠬᠢᠯᠡᠵᠤ᠂ ᠪᠡᠭᠡᠵᠢᠩ᠂ ᠱᠠᠩᠬᠠᠢ᠂ ᠦᠪᠤᠷ ᠮᠤᠩᠭᠤᠯ ᠵᠡᠷᠭᠡ 25 ᠮᠤᠵᠢ ᠬᠤᠳᠠ ᠵᠢᠨ 307 ᠳᠠᠮᠢᠷᠴᠢᠨ ᠤᠷᠤᠯᠴᠠᠪᠠ᠃

 ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠡᠸᠦ᠋ᠷᠦᠫᠡ᠎ᠲᠢᠪ ᠎ᠤᠨ ᠤᠯᠤᠰ ᠎ᠤᠳ ᠎ᠤᠨ ᠬᠣᠯᠪᠣᠭ᠎ᠠ ᠠᠮᠧᠷᠢᠺᠠ᠎ᠶᠢᠨ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ X᠎ᠤᠨ ᠢᠯᠡ ᠲᠣᠳᠣ᠌᠎ᠡᠵᠡᠩᠨᠡᠯᠳᠡ ᠵᠢᠨ ᠲᠠᠯ᠎ᠠ᠎ᠪᠠᠷ ᠬᠠᠤᠯᠢ ᠡᠴᠡ ᠵᠥᠷᠢᠴᠡᠭᠰᠡᠨ᠎ᠢ ᠮᠠᠭᠠᠳᠯᠠᠨ ᠲᠣᠭᠲᠠᠭᠠᠵᠤ᠂ 1.2 ᠳ᠋ᠦᠩᠰᠢᠭᠤᠷ ᠡᠸᠦ᠋ᠷᠤ᠋ ᠵᠣᠭᠣᠰ᠎ᠢᠶᠠᠷ ᠲᠣᠷᠭᠠᠪᠠ᠃

✦ᠢᠨᠳᠤᠨᠧᠰᠢᠶ᠎ᠠ᠎ᠶᠢᠨ ᠨᠡᠢᠰᠯᠡᠯ ᠵᠠᠺᠠᠷᠳᠡ ᠤᠷᠴᠢᠮᠬᠠᠨ ᠴᠠᠭᠠᠵᠠᠯᠠᠬᠤ ᠵᠠᠷᠯᠢᠭ᠋ ᠨᠡᠢᠲᠡᠯᠡᠵᠦ᠂ ᠨᠣᠬᠠᠢ᠂ ᠮᠤᠤᠷ᠂ ᠰᠠᠷᠢᠰᠤᠨ ᠪᠠᠭᠪᠠᠭᠠᠢ ᠵᠡᠷᠭᠡ ᠭᠠᠯᠵᠠᠭᠤ ᠡᠪᠡᠳᠴᠢᠨ᠎ᠦ ᠠᠶᠤᠯ ᠲᠦᠭᠰᠢᠭᠦᠷᠢ ᠶᠡᠬᠡᠲᠡᠢ ᠬᠠᠯᠳᠠᠪᠤᠷᠢᠯᠠᠯ᠎ᠢᠶᠠᠷ ᠲᠣᠳᠣᠯᠠᠠ ᠳᠤᠬᠲᠠᠭᠠᠬᠰᠠᠨ ᠠᠮᠢᠲᠠᠨ ᠪᠣᠯᠣᠨ ᠲᠡᠭᠦᠨ᠎ᠦ ᠮᠢᠬᠠᠨ᠎ᠤ ᠵᠦᠢᠯ᠎ᠢ ᠪᠣᠷᠣᠯᠠᠭᠤᠯᠬᠤ ᠪᠠ ᠢᠳᠡᠬᠦ᠎ᠶᠢ ᠪᠦᠬᠦ ᠲᠠᠯ᠎ᠠ᠎ᠪᠠᠷ ᠴᠠᠭᠠᠵᠠᠯᠠᠵᠠᠢ᠃

ᠦᠢᠯᠡᠴᠢᠯᠡᠭᠡ 

✦ᠤᠯᠠᠭᠠᠠᠬᠠᠳᠠ ᠬᠤᠳᠠ ᠵᠢᠨ ᠰᠦᠩᠱᠠᠨ ᠲᠤᠭᠤᠷᠢᠭ᠎ᠤᠨ  ᠬᠢᠳᠠᠳ ᠮᠤᠩᠭᠤᠯ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ᠎ᠶᠢ《ᠤᠤᠯ ᠵᠤᠬᠢᠶᠠᠯ᠎ᠢ ᠦᠵᠡᠬᠦ》(阅读原文)ᠦᠰᠦᠭ᠎ᠢ  ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠨᠣᠭᠣᠭᠠᠨ ᠪᠤᠷᠴᠠᠭ᠎ᠲᠤ ᠤᠷᠭᠤᠮᠠᠯ᠎ᠤᠨ ᠤᠭᠤᠷᠠᠭ᠂ ᠬᠠᠨᠤᠮᠠᠯ ᠪᠤᠰᠤ ᠥᠭᠡᠬᠦᠨ ᠬᠦᠴᠢᠯ᠂ ᠢᠳᠡᠭᠡᠨ᠎ᠦ ᠰᠢᠷᠬᠡᠭᠯᠢᠭ ᠡᠳ᠋ ᠵᠢᠴᠢ ᠡᠯ᠎ᠡ ᠵᠦᠢᠯ᠎ᠦᠨ ᠡᠷᠦᠳᠡᠰᠦ ᠪᠣᠳᠠᠰ᠂ ᠸᠢᠲ᠋ᠠᠮᠢᠨ ᠡᠯᠪᠡᠭ ᠠᠭᠤᠯᠤᠭᠳᠠᠳᠠᠭ᠎ᠠᠴᠠ ᠵᠣᠬᠢᠬᠤ ᠬᠤᠭᠤᠴᠠᠭᠠᠨ᠎ᠳᠤ ᠨᠣᠭᠣᠭᠠᠨ ᠪᠤᠷᠴᠠᠭ ᠢᠳᠡᠵᠦ ᠪᠠᠢᠬᠤ ᠨᠢ ᠬᠥᠮᠥᠨ᠎ᠦ ᠪᠡᠶ᠎ᠡ᠎ᠳᠦ ᠰᠢᠮ᠎ᠡ ᠲᠡᠵᠢᠭᠡᠯ ᠨᠥᠬᠥᠪᠦᠷᠢᠯᠡᠳᠡᠭ᠃

ᠵᠠᠯᠭᠠᠭᠠᠳ《ᠨᠠᠰᠤᠲᠠᠨ ᠪᠤᠭᠤᠷᠤᠯ ᠡᠮᠸ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号