12 ᠰᠠᠷ᠎ᠠ᠎ᠶ᠋ᠢᠨ 8᠎ᠦ ᠡᠳᠦᠷ
ᠡᠬᠢᠯᠡᠬᠦ᠌ ᠴᠠᠭ᠄
2025-12-08 10:48:44
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


新 语音播报 封面.jpg


10001010101010101010101010101010101010112.8语言播报 日期0101.jpg


10001010101010101010101010101010101010112.8天气预报模板0101.jpg


10001010101010101010101010101010101010112.8各盟市天气模板0101.jpg


ᠨᠡᠢᠭᠡᠮ

✦ ᠮᠠᠨ᠎ᠤ ᠤᠯᠤᠰ ᠳᠠᠭᠠᠭᠤᠯᠢ ᠤᠳᠤᠨ᠎ᠤ ᠢᠨᠲᠧᠷ ᠰᠦᠯᠵᠢᠶᠡᠨ᠎ᠦ ᠳᠤᠤᠷ᠎ᠠ ᠵᠢᠮᠳᠤ 14 ᠪᠦᠯᠦᠭ ᠳᠠᠭᠠᠭᠤᠯᠢ ᠣᠲᠣ᠌᠎ᠶᠢ ᠠᠮᠵᠢᠯᠲᠠ᠎ᠲᠠᠢ᠎ᠪᠠᠷ ᠬᠠᠷᠪᠤᠪᠠ᠃


微信图片_2025-12-07_165017_837.jpg


✦ 12 ᠰᠠᠷ᠎ᠠ ᠵᠢᠨ 6 ᠎ᠤ ᠡᠳᠦᠷ᠂ 2026 ᠣᠨ᠎ᠤ ᠪᠦᠬᠦ ᠤᠯᠤᠰ᠎ᠤᠨ ᠴᠡᠷᠢᠭ ᠡᠯᠰᠡᠬᠦ (ᠡᠷᠡᠭᠲᠡᠢ ᠴᠡᠷᠢᠭ)᠎ᠳᠤ ᠨᠡᠷ᠎ᠡ ᠮᠡᠳᠡᠬᠦᠯᠬᠦ᠎ᠠᠵᠢᠯ ᠡᠬᠢᠯᠡᠨ ᠶᠠᠪᠤᠬᠳᠠᠪᠠ᠃

✦ ᠤᠢᠷ᠎ᠠ᠎ᠳᠤ ᠪᠦᠬᠦ ᠤᠯᠤᠰ᠎ᠤᠨ ᠠᠩᠬᠠᠨᠲᠠᠭ᠍ᠴᠢ ᠲᠠᠷᠢᠶᠠᠯᠠᠩ᠎ᠳᠤ ᠬᠠᠨᠳᠤᠭᠤᠯᠤᠭᠰᠠᠨ ᠤᠯᠤᠰ ᠤ᠋ᠨ ᠳᠡᠰ᠎ᠤᠨ ᠲᠠᠷᠢᠶᠠᠯᠠᠩ᠎ᠤᠨ ᠴᠠᠭ ᠠᠭᠤᠷ᠎ᠤᠨ ᠦᠢᠯᠡᠴᠢᠯᠡᠭᠡᠨ᠎ᠦ ᠵᠢᠷᠭᠢᠶ᠎ᠠ ᠵᠢᠨ ᠪᠢᠴᠢᠯ ᠫᠷᠣᠭ᠌ᠷᠠᠮ ᠪᠣᠯᠬᠤ 《ᠲᠠᠷᠢᠶᠠᠯᠠᠩ᠎ᠤᠨ ᠭᠠᠮᠰᠢᠭ᠋᠎ᠤᠨ ᠰᠠᠷᠡᠮᠵᠢᠯᠡᠭᠦᠯᠦᠯ》 ᠠᠰᠢᠭ᠍ᠯᠠᠯᠲᠠ᠎ᠳᠤ ᠣᠷᠣᠪᠠ᠃

✦ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2025 ᠣᠨ᠎ᠤ 12 ᠰᠠᠷ᠎ᠠ᠎ᠠᠴᠠ 2026 ᠣᠨ᠎ᠤ 4 ᠰᠠᠷ᠎ᠠ ᠪᠣᠯᠲᠠᠯ᠎ᠠ᠂ ᠪᠦᠬᠦ ᠣᠷᠣᠨ᠎ᠳᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠠᠵᠢᠯᠲᠠᠨ᠎ᠤ ᠵᠠᠭᠤᠨ ᠡᠳᠦᠷ᠎ᠦᠨ ᠰᠣᠷᠢᠭ᠎ᠠ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠬᠦ᠎ᠪᠡᠷ ᠲᠣᠭᠲᠠᠪᠠ᠃

✦ ᠬᠢᠯᠢ᠎ᠪᠡᠷ ᠥᠩᠭᠡᠷᠡᠬᠦ ᠮᠠᠯ ᠣᠨᠣᠭ᠎ᠠ᠎ᠶᠢᠨ ᠬᠢᠨᠠᠯᠲᠠ ᠬᠠᠮᠢᠶᠠᠷᠤᠯᠲᠠ ᠵᠢᠴᠢ ᠠᠮᠢᠲᠠᠨ᠎ᠤ ᠬᠡᠮ ᠬᠢᠵᠢᠭ᠎ᠢ ᠰᠡᠷᠭᠡᠢᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠴᠢᠩᠭᠠᠳᠬᠠᠬᠤ᠎ᠶᠢᠨ ᠲᠥᠯᠥᠭᠡ᠂ ᠬᠥᠯᠥᠨ ᠪᠤᠢᠷ ᠬᠤᠲᠠ ᠣᠶᠤᠨᠴᠢᠯᠠᠭᠰᠠᠨ ᠮᠠᠯ ᠠᠵᠤ ᠠᠬᠤᠢ᠎ᠶᠢᠨ ᠳ᠋ᠠᠢᠲ᠋ᠠ᠎ᠶᠢᠨ ᠲᠠᠪᠴᠠᠩ᠎ᠳᠠᠭᠠᠨ ᠲᠦᠰᠢᠭᠯᠡᠨ᠂ 《ᠲᠤᠰᠬᠠᠢ ᠨᠡᠪᠲᠡᠷᠡᠬᠦ ᠵᠠᠮ + ᠬᠥᠳᠡᠯᠦᠩᠭᠦᠢ ᠬᠢᠨᠠᠨ ᠪᠠᠢᠴᠠᠭᠠᠬᠤ ᠥᠷᠲᠡᠭᠡ + AI ᠮᠡᠷᠭᠡᠵᠢᠯ᠎ᠦᠨ ᠬᠠᠪᠰᠤᠷᠤᠮᠵᠢ》᠎ᠶᠢᠨ ᠰᠢᠨ᠎ᠡ᠎ᠶᠢ ᠡᠭᠦᠳᠦᠭᠰᠡᠨ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠢ ᠪᠠᠢᠭᠤᠯᠵᠤ᠂ ᠮᠠᠯ ᠣᠨᠣᠭ᠎ᠠ᠎ᠶᠢ ᠰᠢᠯᠵᠢᠭᠦᠯᠦᠨ ᠵᠦᠭᠡᠭᠡᠪᠤᠷᠢᠯᠡᠬᠦ ᠬᠢᠨᠠᠯᠳᠠ ᠬᠠᠮᠢᠶᠠᠷᠤᠯᠳᠠ ᠵᠢ ᠳᠤᠭᠠᠴᠢᠯᠠᠬᠰᠠᠨ ᠤᠶᠤᠨᠴᠢᠯᠠᠬᠰᠠᠨ ᠰᠢᠨ᠎ᠡ ᠱᠠᠳᠤᠨ᠎ᠳᠤ ᠤᠷᠤᠭᠤᠯᠵᠠᠢ᠃

✦ ᠤᠷᠴᠢᠮᠬᠠᠨ ᠪᠠᠶᠠᠠᠨᠠᠭᠤᠷ ᠬᠤᠳᠠ ᠵᠢᠨ ᠯᠢᠨᠾᠧ ᠲᠣᠭᠣᠷᠢᠭ᠋᠎ᠦᠨ ᠬᠣᠲᠠ᠎ᠶᠢᠨ ᠬᠠᠮᠢᠶᠠᠷᠤᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠨᠡᠭᠦᠳᠡᠯ ᠮᠠᠢᠮᠠᠢᠴᠢᠨ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢ ᠡᠬᠢᠯᠡᠭᠦᠯᠪᠡ᠃

✦ 4GW ᠵᠢᠨ ᠠᠵᠢᠯᠯᠠᠭᠠᠨ᠎ᠤ ᠲᠥᠪ ᠨᠢ ᠣᠲᠣᠭ᠎ᠤᠨ ᠡᠮᠦᠨᠡᠲᠦ ᠬᠣᠰᠢᠭᠤᠨ᠎ᠤ 4GW ᠰᠢᠨ᠎ᠡ ᠡᠨᠧᠷᠭᠢ᠎ᠶᠢᠨ ᠲᠣᠮᠣ᠌ ᠰᠠᠭᠤᠷᠢᠨ᠎ᠤ ᠡᠵᠡᠩᠨᠡᠯᠲᠡ᠎ᠶᠢᠨ 《ᠣᠶᠤᠨᠳᠤ ᠬᠥᠳᠡᠯᠭᠡᠭᠦᠷ》 ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠨᠢᠭᠡᠨᠲᠡ ᠲᠤᠷᠰᠢᠨ ᠬᠡᠷᠡᠭᠵᠢᠭᠦᠯᠬᠦ ᠱᠠᠲᠤᠨ᠎ᠳᠤ ᠤᠷᠤᠪᠠ᠃ ᠭᠣᠣᠯ ᠲᠥᠬᠦᠭᠡᠷᠦᠮᠵᠢ᠎ᠶᠢ ᠤᠭᠰᠠᠷᠠᠵᠤ ᠲᠣᠬᠢᠷᠠᠭᠤᠯᠤᠨ ᠲᠤᠷᠰᠢᠬᠤ ᠠᠵᠢᠯ᠎ᠢ ᠦᠨᠳᠦᠰᠦᠨ᠎ᠳᠡᠭᠡᠨ ᠪᠡᠶᠡᠯᠡᠬᠦᠯᠦᠭᠰᠡᠨ ᠨᠢ 4GW ᠰᠢᠨ᠎ᠡ ᠡᠨᠧᠷᠭᠢ᠎ᠶᠢᠨ ᠰᠠᠭᠤᠷᠢᠨ ᠣᠶᠤᠨᠴᠢᠯᠠᠭᠰᠠᠨ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃


640 (1).jpg


ᠠᠵᠤ ᠠᠬᠤᠢ

✦ ᠳᠤᠮᠳᠠᠳᠤ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠮᠡᠳᠡᠭᠡ ᠵᠢ ᠦᠨᠳᠦᠰᠦᠯᠡᠪᠡᠯ᠂ 11 ᠰᠠᠷ᠎ᠠ᠎ᠳᠤ ᠤᠯᠤᠰ᠎ᠤᠨ ᠲᠡᠮᠦᠷ ᠵᠠᠮ ᠨᠡᠶ᠋ᠢᠲᠡ 1.84 ᠳ᠋ᠦᠩᠰᠢᠭᠤᠷ ᠲᠣᠨ ᠨᠡᠭᠦᠷᠡᠰᠦ ᠲᠡᠭᠡᠭᠡᠪᠤᠷᠢᠯᠡᠪᠡ᠃


QQ截图20251001113555.png


✦ ᠤᠢᠷ᠎ᠠ᠎ᠳᠤ ᠬᠠᠩᠭᠢᠨ ᠬᠣᠢᠲᠤ ᠬᠣᠰᠢᠭᠤᠨ᠎ᠤ ᠱᠠ ᠬᠠᠢ ᠪᠠᠯᠭᠠᠰᠤᠨ᠎ᠤ ᠪᠠ ᠢ ᠲᠤᠰᠬᠣᠨ᠎ᠤ 《ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠬᠤ》 ᠲᠥᠷᠥᠯ ᠵᠦᠢᠯ᠎ᠦᠨ ᠠᠰᠢᠭ᠋ ᠬᠤᠪᠢᠶᠠᠬᠤ ᠬᠤᠷᠠᠯ ᠶᠠᠪᠤᠭᠳᠠᠵᠤ᠂ ᠡᠨᠡᠬᠦ ᠲᠥᠷᠥᠯ ᠵᠦᠢᠯ᠎ᠳᠦ ᠣᠷᠣᠯᠴᠠᠭᠰᠠᠨ 96 ᠡᠷᠦᠬᠡ ᠲᠣᠰᠬᠣᠨ᠎ᠤ ᠠᠷᠠᠳ᠎ᠲᠤ ᠨᠡᠢᠲᠡ 180 ᠭᠠᠷᠤᠢ ᠲᠦᠮᠡᠨ ᠲᠥᠭᠥᠷᠢᠭ᠎ᠦᠨ ᠠᠰᠢᠭ᠋ ᠬᠤᠪᠢᠶᠠᠭᠰᠠᠨ ᠪᠠᠢᠨ᠎ᠠ᠃

 

ᠰᠣᠶᠣᠯ

✦ᠤᠷᠠᠳ᠎ᠤᠨ ᠳᠤᠮᠳᠠᠳᠤ ᠬᠣᠰᠢᠭᠤᠨ᠎ᠤ ᠲᠤᠷᠰᠢᠯᠲᠠ᠎ᠶᠢᠨ ᠰᠤᠷᠭᠠᠭᠤᠯᠢ᠎ᠶᠢᠨ ᠪᠠᠭ᠎ᠠ ᠰᠤᠷᠭᠠᠭᠤᠯᠢ᠎ᠶᠢᠨ ᠬᠡᠯᠲᠡᠰ᠎ᠦᠨ ᠮᠣᠩᠭᠣᠯ ᠬᠡᠯᠡᠨ᠎ᠦ ᠳᠤᠭᠤᠢᠯᠠᠩ᠎ᠠᠴᠠ ᠡᠷᠬᠢᠯᠡᠭᠰᠡᠨ ᠭᠤᠷᠪᠠᠳᠠᠭᠢ ᠤᠳᠠᠭᠠᠨ᠎ᠤ 《ᠲᠣᠷᠭᠠᠨ ᠬᠡᠯᠡ》 ᠢᠷᠠᠭᠤ ᠨᠠᠢᠷᠠᠭ᠎ᠤᠨ ᠤᠷᠤᠯᠳᠤᠭᠠᠨ ᠤᠷᠴᠢᠮᠬᠠᠨ ᠶᠠᠪᠤᠭᠳᠠᠵᠤ᠂ 《ᠨᠣᠮ᠎ᠲᠠᠢ ᠬᠡᠦᠬᠡᠳ》 ᠰᠠᠭᠤᠷᠢ  ᠮᠥᠩᠭᠥᠨ ᠎ᠦ  ᠨᠡᠢᠭᠡᠮᠯᠢᠭ ᠎ᠦᠨ ᠪᠠᠭ᠍ᠰᠢ ᠨᠠᠷ᠎ᠠᠴᠠ 1000 ᠲᠥᠭᠥᠷᠢᠭ᠎ᠦᠨ ᠨᠣᠮ ᠳᠡᠪᠲᠡᠷ ᠠᠪᠴᠤ ᠰᠤᠷᠤᠭ᠍ᠴᠢᠳ᠎ᠢᠶᠠᠨ ᠵᠣᠷᠢᠭ᠍ᠵᠢᠭᠤᠯᠤᠨ ᠱᠠᠩᠨᠠᠵᠠᠢ᠃


ᠲᠠᠮᠢᠷ

✦ 12 ᠰᠠᠷ᠎ᠠ ᠵᠢᠨ 6᠎ᠤ ᠡᠳᠤᠷ᠂ 2026 ᠣᠨ᠎ᠤ ᠮᠢᠯᠠᠨ — ᠺᠤᠷᠲ᠋ᠢᠨᠠ᠎ᠶᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ᠎ᠢ ᠳᠠᠮᠵᠢᠭᠤᠯᠬᠤ ᠠᠵᠢᠯᠯᠠᠭ᠎ᠠ ᠷᠣᠮᠠ᠎ᠳᠤ ᠡᠬᠢᠯᠡᠪᠡ᠃


QQ截图20250224163936.png


✦ ᠰᠤᠷᠭᠠᠭᠤᠯᠢ᠎ᠶᠢᠨ ᠬᠦᠷᠢᠶᠡᠨ᠎ᠦ ᠰᠣᠶᠣᠯ ᠲᠠᠮᠢᠷ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠪᠠᠭ᠍ᠰᠢ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠬᠡᠪ ᠴᠢᠨᠠᠷ᠎ᠢ ᠳᠡᠭᠡᠭᠰᠢᠯᠡᠭᠦᠯᠦᠨ᠂ 《ᠡᠷᠡᠭᠦᠯ ᠴᠢᠭᠢᠷᠠᠭ᠎ᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠨᠠᠢᠳᠠᠪᠤᠷᠢᠵᠢᠭᠤᠯᠬᠤ᠎ᠶᠢᠨ ᠲᠥᠯᠥᠭᠡ᠂  ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ ᠲᠦᠷᠦᠬᠦᠬᠡᠨ ᠡᠪᠦᠯ᠎ᠦᠨ ᠤᠯᠠᠷᠢᠯ᠎ᠤᠨ ᠬᠡᠭᠡᠷᠡᠯᠡᠨ ᠭᠦᠶᠦᠬᠦ ᠤᠷᠤᠯᠳᠤᠭᠠᠨ᠎ᠢ ᠡᠷᠬᠢᠯᠡᠨ ᠶᠠᠪᠤᠭᠳᠠᠭᠤᠯᠵᠤ᠂ ᠪᠥᠬᠥ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠣᠷᠣᠯᠴᠠᠭᠰᠠᠨ ᠪᠠᠢᠨ᠎ᠠ᠃


QQ截图20251001104448.png


ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠵᠠᠰᠠᠭ᠎ᠤᠨ ᠣᠷᠳᠣᠨ᠎ᠤ 5 ᠎ᠤ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠶᠠᠫᠤᠨ᠎ᠤ ᠲᠤᠲᠤᠷᠭ᠎ᠠ᠎ᠶᠢᠨ ᠦᠨ᠎ᠡ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ 5 ᠺᠢᠯᠣᠭ᠌ᠷᠠᠮ ᠲᠤᠲᠤᠷᠭ᠎ᠠ᠎ᠶᠢᠨ ᠳᠤᠮᠳᠠᠴᠢ ᠦᠨ᠎ᠡ 13 ᠭᠠᠷᠠᠭ ᠳᠠᠷᠠᠭᠠᠯᠠᠨ 4000 ᠶᠸᠨ ( ᠠᠷᠠᠳ᠎ᠤᠨ ᠵᠣᠭᠣᠰ᠎ᠢᠶᠠᠷ ᠪᠠᠷᠤᠭ 182.3 ᠲᠥᠭᠥᠷᠢᠭ)᠎ᠢ ᠳᠠᠪᠠᠵᠠᠢ᠃

✦ ᠺᠤᠷᠢᠶᠠ ᠵᠢᠨ ᠵᠠᠰᠠᠭ᠎ᠤᠨ ᠤᠷᠳᠤᠨ 2026 ᠤᠨ᠎ᠤ 1 ᠰᠠᠷ᠎ᠠ ᠵᠢᠨ 1᠎ᠤ ᠡᠳᠤᠷ ᠡᠴᠡ ᠡᠬᠢᠯᠡᠨ᠂ ᠨᠡᠢᠰᠯᠡᠯ᠎ᠤᠨ ᠬᠡᠪᠴᠢᠶᠡᠨ᠎ᠳᠤ ᠠᠮᠢᠳᠤᠷᠠᠯ᠎ᠤᠨ ᠬᠣᠭ ᠨᠣᠪᠰᠢ᠎ᠶᠢ ᠰᠢᠭᠤᠳ ᠪᠤᠯᠠᠬᠤ᠎ᠶᠢ ᠪᠦᠬᠥ ᠲᠠᠯ᠎ᠠ ᠪᠠᠷ ᠴᠠᠭᠠᠵᠠᠯᠠᠵᠤ᠂ ᠵᠥᠪᠬᠡᠨ ᠰᠢᠲᠠᠭᠠᠬᠤ ᠪᠤᠶᠤ ᠳᠠᠬᠢᠨ ᠠᠰᠢᠬᠯᠠᠬᠰᠠᠨ᠎ᠦ ᠳᠠᠷᠠᠭ᠎ᠠ ᠡᠭᠦᠰᠦᠭᠰᠡᠨ ᠰᠢᠭᠠᠷᠤ ᠪᠣᠯᠣᠨ ᠬᠣᠯᠢᠴᠠ᠎ᠶᠢ ᠪᠤᠯᠠᠬᠤ ᠲᠠᠯᠠᠪᠤᠷ᠎ᠲᠤ ᠣᠷᠣᠭᠤᠯᠬᠤ᠎ᠶᠢ ᠵᠥᠪᠰᠢᠶᠡᠷᠡᠨ᠎ᠡ ᠭᠡᠪᠡ᠃

✦ ᠤᠷᠴᠢᠮᠬᠠᠨ ᠭᠠᠳᠠᠭᠠᠳᠤ᠎ᠶᠢᠨ ᠨᠢᠭᠡᠨ ᠦᠢᠯᠡᠳᠬᠡᠯ᠎ᠦᠨ ᠭᠠᠵᠠᠷ᠎ᠤᠨ ᠦᠢᠯᠡᠳᠪᠦᠷᠢᠯᠡᠭᠰᠡᠨ ᠬᠠᠭᠠᠨᠲᠤ ᠤᠯᠤᠰ᠎ᠤᠨ ᠥᠨᠳᠡᠭᠡᠨ ᠤᠷᠠᠯᠠᠯ᠎ᠢ ᠠᠨᠭ᠌ᠭ᠌ᠯᠢ᠎ᠶᠢᠨ ᠯᠤᠨᠳᠣᠨ᠎ᠳᠤ 3020 ᠲᠦᠮᠡᠨ ᠳ᠋ᠣᠯᠯᠠᠷ᠎ᠤᠨ ᠥᠨᠳᠥᠷ ᠦᠨ᠎ᠡ᠎ᠪᠡᠷ ᠦᠨ᠎ᠡ ᠬᠠᠶᠠᠯᠴᠠᠨ ᠬᠤᠳᠠᠯᠳᠤᠭᠠᠯᠠᠵᠤ᠂ ᠣᠷᠣᠰ᠎ᠦᠨ ᠬᠣᠪᠣᠷ ᠡᠷᠳᠡᠨᠢ᠎ᠶᠢ ᠦᠨ᠎ᠡ ᠬᠠᠶᠠᠵᠤ ᠬᠤᠳᠠᠯᠳᠤᠭᠰᠠᠨ ᠦᠨ᠎ᠡ᠎ᠶᠢᠨ ᠲᠡᠮᠳᠡᠭᠯᠡᠯ᠎ᠢ ᠰᠢᠨᠡᠳᠬᠡᠵᠡᠢ᠃


640.png

 

ᠦᠢᠯᠡᠴᠢᠯᠡᠭᠡ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠡᠯᠰᠡᠬᠦ ᠪᠡᠷ ᠪᠤᠢ᠃  


ᠲᠠᠨ᠎ᠤ ᠲᠤᠰᠠ᠎ᠳᠤ

✦ ᠲᠥᠪᠡᠳ ᠬᠠᠰᠢ᠎ᠳᠤ ᠲᠥᠪᠡᠳ ᠬᠠᠰᠢ᠎ᠶᠢᠨ ᠤᠯᠠᠭᠠᠨ ᠡᠳ᠋ ᠡᠯᠪᠡᠭ ᠠᠭᠤᠯᠤᠭᠳᠠᠳᠠᠭ ᠡᠴᠡ ᠥᠭᠡᠬᠦ ᠎ᠶᠢ ᠵᠠᠳᠠᠷᠠᠭᠤᠯᠵᠤ᠂ ᠮᠠᠷᠢᠶ᠎ᠠ ᠰᠢᠭᠤᠷᠠᠭᠤᠯᠬᠤ ᠦᠢᠯᠡᠳᠦᠯ᠎ᠲᠠᠢ ᠪᠠᠢᠳᠠᠭ᠃


86f6b154c17b188a97bae220b5f1680d.jpeg

 

ᠵᠠᠯᠭᠠᠭᠠᠳ 《ᠪᠠᠶᠠᠠᠳᠦ᠋ᠬᠦᠮ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号