3 ᠰᠠᠷ᠎ᠠ ᠵᠢᠨ 16 ᠎ᠤ ᠡᠳᠤᠷ
ᠡᠬᠢᠯᠡᠬᠦ᠌ ᠴᠠᠭ᠄
2026-03-16 11:22:47
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


 ᠨᠡᠢᠭᠡᠮ  

✦ᠣᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ ᠎ᠤᠨ ᠬᠤᠷᠢᠶ᠎ᠠ ᠵᠢᠨ ᠠᠯᠪᠠᠨ ᠲᠢᠩᠬᠢᠮ《ᠨᠡᠢᠭᠡᠮ᠎ᠦᠨ ᠠᠵᠢᠯ ᠎ᠤᠨ ᠲᠤᠰᠬᠠᠢ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠪᠠ᠃

✦ᠲᠥᠷᠥ ᠎ᠶᠢᠨ ᠶᠠᠪᠤᠳᠠᠯ ᠎ᠤᠨ ᠬᠤᠷᠢᠶ᠎ᠠ ᠵᠢᠨ ᠢᠳᠡᠭᠡᠨ᠎ᠦ ᠠᠮᠤᠷ ᠲᠦᠪᠰᠢᠨ ᠎ᠦ ᠠᠯᠪᠠᠨ ᠭᠡᠷ ᠎ᠦᠨ ᠮᠡᠳᠡᠭᠡ ᠵᠢ ᠦᠨᠳᠦᠰᠦᠯᠡᠪᠡᠯ᠂ 2025 ᠣᠨ᠎ᠳᠤ  ᠪᠥᠬᠥ ᠤᠯᠤᠰ᠎ᠤᠨ ᠠᠮᠤ ᠪᠤᠳᠠᠭ᠎ᠠ᠂ ᠭᠤᠯᠢᠷ᠂ ᠲᠣᠰᠣ᠌᠂ ᠮᠢᠬ᠎ᠠ᠂ ᠥᠨᠳᠡᠭᠡ᠂ ᠰᠦ ᠵᠡᠷᠭᠡ ᠶᠡᠬᠡ ᠬᠡᠮᠵᠢᠶᠡᠨ᠎ᠦ ᠢᠳᠡᠭᠡᠨ᠎ᠦ ᠰᠤᠭᠤᠴᠢᠨ ᠪᠠᠢᠴᠠᠭᠠᠯᠲᠠ᠎ᠶᠢᠨ ᠬᠢᠷᠢ ᠲᠡᠩᠴᠡᠭᠰᠡᠨ ᠨᠣᠷᠮ᠎ᠠ 99.37%᠎ᠳᠤ ᠬᠦᠷᠴᠦ᠂ 4 ᠵᠢᠯ ᠳᠠᠷᠠᠭᠠᠯᠠᠨ 99%᠎ᠠᠴᠠ ᠳᠡᠭᠡᠭᠰᠢ᠎ᠳᠦ ᠲᠣᠭᠲᠠᠪᠤᠷᠢᠵᠢᠪᠠ᠃

✦ᠤᠯᠤᠰ ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠎ᠶᠢᠨ ᠵᠥᠪᠯᠡᠯ ᠎ᠦᠨ ᠮᠡᠳᠡᠭᠡ ᠵᠢ ᠦᠨᠳᠦᠰᠦᠯᠡᠪᠡᠯ᠂ ᠡᠨᠡ ᠵᠢᠯ  ᠮᠠᠨ ᠎ᠤ ᠤᠯᠤᠰ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠣᠢᠵᠢᠭᠤᠯᠤᠨ ᠨᠡᠭᠡᠭᠡᠯᠲᠡ ᠬᠢᠬᠦ ᠪᠠ ᠶᠡᠬᠡ ᠬᠡᠪᠴᠢᠶ᠎ᠡ᠎ᠪᠡᠷ ᠬᠡᠷᠡᠭᠯᠡᠬᠦ᠎ᠶᠢ ᠲᠦᠷᠭᠡᠳᠬᠡᠬᠦ ᠪᠡᠷ ᠪᠤᠢ᠃

✦ᠰᠤᠷᠭᠠᠨ ᠬᠥᠮᠦᠵᠢᠯ᠎ᠦᠨ ᠶᠠᠮᠤᠨ᠎ᠦ《ᠰᠤᠷᠭᠠᠭᠤᠯᠢ ᠎ᠶᠢᠨ ᠬᠦᠷᠢᠶᠡᠨ ᠎ᠦ ᠡᠷᠡᠭᠦᠯ ᠮᠡᠨᠳᠦ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠰᠤᠷᠤᠭ᠍ᠴᠢᠳ᠎ᠤᠨ ᠲᠠᠮᠢᠷ᠎ᠤᠨ ᠬᠥᠳᠡᠯᠭᠡᠭᠡᠨ᠎ᠦ ᠴᠠᠭ ᠪᠣᠯᠣᠨ ᠪᠡᠶ᠎ᠡ ᠰᠡᠳᠬᠢᠴᠡ ᠎ᠶᠢᠨ ᠡᠷᠡᠭᠦᠯ ᠮᠡᠨᠳᠦ ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠬᠥᠬᠡᠬᠣᠲᠠ᠎ᠶᠢᠨ ᠰᠤᠷᠭᠠᠨ ᠬᠥᠮᠦᠵᠢᠯ ᠎ᠦᠨ ᠲᠣᠪᠴᠢᠶ᠎ᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ᠎ᠶᠢ ᠨᠡᠢᠲᠡᠯᠡᠪᠡ᠃

 

✦3 ᠰᠠᠷ᠎ᠠ᠎ᠶᠢᠨ 15᠎ᠤ ᠡᠳᠦᠷ᠂ ᠤᠯᠠᠭᠠᠠᠬᠠᠳᠠ ᠬᠤᠲᠠ 《3·15》 ᠎ᠤ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠡᠳᠦᠷ᠎ᠦᠨ ᠤᠬᠠᠭᠤᠯᠭ᠎ᠠ ᠎ᠶᠢᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠬᠤᠲᠠ᠎ᠶᠢᠨ ᠠᠷᠠᠳ᠎ᠢ ᠢᠳᠡᠪᠬᠢᠲᠡᠢ᠎ᠪᠡᠷ ᠤᠷᠤᠯᠴᠠᠭᠤᠯᠵᠤ᠂ ᠰᠠᠨᠠᠭ᠎ᠠ ᠠᠮᠤᠷ ᠬᠡᠷᠡᠭᠯᠡᠭᠡᠨ᠎ᠤ ᠤᠷᠴᠢᠨ ᠨᠦᠬᠦᠴᠡᠯ ᠎ᠢ ᠬᠠᠮᠳᠤ ᠪᠡᠷ ᠪᠤᠢ ᠪᠤᠯᠭᠠᠪᠠ᠂ ᠠᠵᠢᠯᠯᠠᠭ᠎ᠠ ᠨᠢ ᠲᠤᠰᠬᠠᠢ ᠮᠡᠷᠭᠡᠵᠢᠯ᠎ᠦᠨ ᠬᠠᠤᠯᠢ ᠴᠠᠭᠠᠵᠠ᠎ᠶᠢᠨ ᠯᠠᠪᠯᠠᠭ᠎ᠠ ᠪᠠᠷ ᠲᠤᠬᠠᠢ᠎ᠶᠢᠨ ᠲᠠᠯᠠᠪᠤᠷ᠎ᠲᠤ ᠵᠠᠭᠠᠯᠳᠤᠯᠭ᠎ᠠ᠎ᠶᠢ ᠬᠦᠯᠢᠶᠡᠨ ᠠᠪᠴᠤ ᠰᠢᠢᠳᠪᠦᠷᠢᠯᠡᠬᠦ᠂ ᠰᠣᠨᠢᠷᠬᠠᠯᠲᠤ ᠱᠠᠩᠨᠠᠯ᠎ᠲᠠᠢ ᠠᠰᠠᠭᠤᠯᠲᠠ ᠬᠠᠷᠢᠭᠤᠯᠲᠠ᠂ ᠰᠦᠢᠳᠬᠡᠯ ᠬᠤᠷᠢᠶᠠᠬᠤ ᠦᠭᠡᠢ ᠪᠠᠷ ᠰᠢᠯᠭᠠᠨ ᠪᠠᠢᠴᠠᠭᠠᠵᠤ ᠬᠡᠮᠵᠢᠬᠦ ᠵᠡᠷᠭᠡ ᠪᠠᠶᠠᠯᠢᠭ᠋ ᠠᠭᠤᠯᠭ᠎ᠠ᠎ᠲᠠᠢ ᠶᠠᠪᠤᠭᠳᠠᠭᠰᠠᠨ ᠪᠠᠢᠨ᠎ᠠ᠃

 

✦3 ᠰᠠᠷ᠎ᠠ ᠵᠢᠨ 12 ᠎ᠤᠨ ᠡᠳᠦᠷ᠂ ᠣᠷᠳᠣᠰ ᠪᠦᠯᠦᠭᠯᠡᠯ᠎ᠤᠨ ᠡᠬᠢ ᠮᠠᠯᠵᠢᠯ᠎ᠤᠨ ᠲᠠᠯᠠᠪᠠᠢ ᠎ᠳᠤ ᠨᠤᠤᠯᠤᠭᠤᠷ᠎ᠤᠨ ᠢᠮᠠᠭᠠᠨ᠎ᠤ ᠳᠡᠳ᠋ ᠳᠡᠰ᠎ᠤᠨ ᠨᠤᠤᠯᠤᠭᠤᠷ ᠎ᠤᠨ ᠤᠭᠤᠳᠠ ᠵᠢ ᠳᠤᠬᠢᠷᠠᠭᠤᠯᠤᠨ ᠡᠵᠡᠮᠳᠡᠬᠦ ᠮᠡᠷᠭᠡᠵᠢᠯ᠎ᠢ ᠳᠡᠯᠭᠡᠷᠡᠬᠦᠯᠬᠦ ᠠᠵᠢᠯᠯᠠᠭ᠎ᠠ ᠶᠠᠪᠤᠬᠳᠠᠪᠠ᠃

✦ᠤᠷᠴᠢᠮᠬᠠᠨ ᠳᠠᠯᠠᠳ ᠬᠣᠰᠢᠭᠤᠨ᠎ᠤ ᠠᠷᠠᠳ᠎ᠤᠨ ᠵᠠᠰᠠᠭ ᠎ᠤᠨ ᠣᠷᠳᠣᠨ ᠥᠪᠥᠷ ᠮᠣᠩᠭᠣᠯ᠎ᠦᠨ ᠵᠢᠶᠠ ᠱᠢ ᠲᠠᠷᠢᠶᠠᠯᠠᠩ ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠡᠨᠡ ᠨᠢ ᠵᠢᠶᠠ ᠱᠢ ᠲᠣᠭᠠᠴᠢᠯᠠᠭᠰᠠᠨ ᠣᠶᠤᠨᠴᠢ ᠲᠠᠷᠢᠶᠠᠯᠠᠩ᠎ᠤᠨ ᠳᠠᠯᠠᠪᠠᠢ᠎ᠶᠢᠨ ᠲᠦᠷᠦᠯ ᠵᠤᠢᠯ ᠳᠠᠯᠠᠳ ᠬᠣᠰᠢᠭᠤᠨ᠎ᠳᠤ ᠨᠤᠲᠤᠭᠰᠢᠭ᠍ᠰᠠᠨ᠎ᠢ ᠬᠠᠷᠠᠭᠤᠯᠵᠤ ᠪᠠᠢᠨ᠎ᠠ᠃ ᠡᠨᠡᠬᠦ ᠲᠦᠷᠦᠯ ᠵᠤᠢᠯ᠎ᠢ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠢᠭᠤᠯᠵᠤ᠂ ᠥᠨᠳᠥᠷ ᠪᠠᠷᠢᠮᠵᠢᠶᠠᠲᠤ ᠣᠶᠤᠨᠴᠢ ᠬᠦᠯᠡᠮᠵᠢ᠎ᠶᠢ ᠨᠡᠢᠲᠡ 370 ᠪᠠᠢᠭᠤᠯᠵᠤ᠂ ᠪᠠᠷᠤᠭ 3102 ᠮᠦ᠍ ᠭᠠᠵᠠᠷ ᠡᠵᠡᠯᠡᠬᠦ᠎ᠪᠡᠷ ᠲᠥᠯᠥᠪᠯᠡᠵᠦ ᠪᠣᠢ᠃ ᠲᠦᠷᠦᠯ ᠵᠤᠢᠯ ᠨᠢ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠦᠨ ᠶᠡᠷᠦᠩᠬᠡᠢ ᠦᠢᠯᠡᠳᠬᠦᠨ᠎ᠦ ᠥᠷᠲᠡᠭ ᠨᠢ 2 ᠳ᠋ᠦᠩᠰᠢᠭᠤᠷ 6600 ᠲᠦᠮᠡᠨ ᠲᠥᠭᠥᠷᠢᠭ᠎ᠲᠦ ᠬᠦᠷᠴᠦ᠂ ᠡᠷᠭᠢᠨ ᠲᠣᠭᠣᠷᠢᠨ ᠎ᠤ ᠮᠠᠯᠴᠢᠨ ᠲᠠᠷᠢᠶᠠᠴᠢᠳ᠎ᠤᠨ ᠠᠵᠢᠯ ᠣᠯᠭᠣᠯᠲᠠ᠎ᠶᠢ ᠪᠦᠲᠦᠮᠵᠢᠲᠡᠶ ᠳᠠᠢᠴᠢᠯᠠᠨ᠂ ᠣᠷᠣᠯᠭ᠎ᠠ᠎ᠶᠢ ᠲᠣᠭᠲᠠᠭᠤᠨ ᠵᠢᠡᠷ ᠨᠡᠮᠡᠭᠳᠡᠭᠦᠯᠵᠦ᠂ ᠲᠣᠰᠬᠣᠨ ᠎ᠤ ᠬᠠᠮᠲᠤ᠎ᠶᠢᠨ ᠠᠵᠤ ᠠᠬᠤᠢ ᠵᠢᠨ ᠬᠥᠭᠵᠢᠨ ᠪᠤᠵᠠᠭᠠᠢᠷᠠᠬᠤ᠎ᠶᠢ ᠠᠬᠢᠭᠤᠯᠬᠤ ᠪᠣᠯᠣᠨ᠎ᠠ᠃

 

ᠠᠵᠤ ᠠᠬᠤᠢ 

✦ᠲᠦᠷᠦᠭᠦᠬᠡᠨ ᠤᠯᠠᠭᠠᠨᠬᠠᠳᠠ ᠬᠣᠲᠠ᠎ᠶᠢᠨ ᠬᠣᠩᠱᠡᠨ ᠲᠣᠭᠣᠷᠢᠭ᠋ ᠰᠢᠨ᠎ᠡ ᠮᠠᠰᠢᠨ ᠲᠡᠷᠭᠡ ᠬᠤᠳᠠᠯᠳᠤᠨ ᠠᠪᠬᠤ᠎ᠳᠤ ᠨᠥᠬᠥᠪᠦᠷᠢ ᠣᠯᠭᠣᠬᠤ ᠠᠵᠢᠯᠯᠠᠭ᠎ᠠ ᠡᠬᠢᠯᠡᠨ ᠶᠠᠪᠤᠬᠳᠠᠭᠤᠯᠪᠠ᠃ ᠬᠤᠪᠢ ᠬᠥᠮᠥᠨ ᠰᠢᠨ᠎ᠡ ᠮᠠᠰᠢᠨ ᠲᠡᠷᠭᠡ ᠬᠤᠳᠠᠯᠳᠤᠨ ᠠᠪᠤᠪᠠᠯ ᠬᠠᠮᠤᠭ ᠥᠨᠳᠥᠷ᠎ᠲᠡᠬᠡᠨ 5000 ᠲᠥᠭᠥᠷᠢᠭ᠎ᠦᠨ ᠪᠡᠯᠡᠨ ᠵᠣᠭᠣᠰ᠎ᠤᠨ ᠨᠥᠬᠥᠪᠦᠷᠢ ᠬᠦᠷᠲᠡᠵᠦ ᠪᠣᠯᠣᠨ᠎ᠠ᠃  ᠬᠡᠷᠡᠭᠯᠡᠭᠴᠢᠳ 3  ᠰᠠᠷ᠎ᠠ᠎ᠶᠢᠨ 18᠎ᠤ ᠡᠳᠦᠷ᠎ᠦᠨ 10 : 00᠎ᠠᠴᠠ 4 ᠰᠠᠷ᠎ᠠ᠎ᠶᠢᠨ 25᠎ᠤ ᠡᠳᠦᠷ᠎ᠦᠨ 24᠄ 00 ᠪᠣᠯᠲᠠᠯ᠎ᠠ ᠨᠥᠬᠥᠪᠦᠷᠢ ᠡᠷᠡᠮᠡᠯᠵᠡᠵᠦ ᠪᠣᠯᠣᠨ᠎ᠠ᠃


ᠰᠤᠶᠤᠯ  


✦ᠤᠢᠷ᠎ᠠ ᠎ᠳᠤ ᠬᠥᠯᠥᠨ ᠪᠣᠶ᠋ᠢᠷ ᠬᠣᠲᠠ᠎ᠶᠢᠨ ᠰᠢᠨ᠎ᠡ ᠪᠠᠷᠭᠤ ᠵᠡᠭᠦᠨ ᠬᠣᠰᠢᠭᠤᠨ᠎ᠤ ᠥᠪᠥᠷᠪᠣᠯᠠᠭ ᠰᠤᠮᠤᠨ᠎ᠤ ᠤᠯᠠᠭᠠᠨᠨᠠᠭᠤᠷ ᠭᠠᠴᠠᠭ᠎ᠠ ᠠᠩᠬᠠᠳᠤᠭᠠᠷ ᠤᠳᠠᠭᠠᠨ᠎ᠤ ᠮᠣᠷᠢᠲᠠᠢ ᠠᠶᠠᠯᠠᠯ ᠵᠢᠴᠢ ᠵᠠᠩ ᠦᠢᠯᠡ᠎ᠶᠢᠨ ᠦᠵᠡᠭᠦᠯᠭᠡ᠎ᠶᠢᠨ ᠠᠵᠢᠯᠯᠠᠭ᠎ᠠ ᠡᠷᠬᠢᠯᠡᠨ ᠶᠠᠪᠤᠭᠳᠠᠭᠤᠯᠵᠤ᠂ ᠶᠡᠷᠡᠭᠡᠳ ᠬᠥᠮᠥᠨ ᠮᠣᠷᠢᠲᠠᠢ ᠠᠶᠠᠯᠠᠯ᠎ᠳᠤ ᠣᠷᠣᠯᠴᠠᠭᠰᠠᠨ ᠪᠠᠢᠨ᠎ᠠ᠃

✦ᠬᠠᠪᠤᠷ᠎ᠤᠨ ᠤᠷᠢᠨ ᠳᠤᠯᠠᠭᠠᠨ ᠪᠣᠯᠵᠤ᠂ ᠬᠠᠮᠤᠭ ᠪᠣᠳᠠᠰ ᠠᠮᠢᠯᠠᠨ ᠰᠡᠷᠭᠦᠵᠦ ᠪᠠᠢᠭ᠎ᠠ 3 ᠰᠠᠷ᠎ᠠ᠎ᠶᠢᠨ 13᠎ᠤ ᠡᠳᠦᠷ᠂ ᠮᠠᠯᠴᠢᠨ ᠴᠣᠯᠮᠣᠨ᠎ᠤ ᠡᠷᠭᠢᠯᠡᠭᠰᠡᠨ ᠮᠣᠷᠢᠨ ᠰᠣᠷᠢᠭ᠎ᠠ ᠤᠷᠤᠯᠳᠤᠭᠠᠨ ᠬᠠᠩᠭᠢᠨ ᠬᠣᠰᠢᠭᠤᠨ᠎ᠤ ᠪᠠᠯᠭᠤᠨ ᠪᠠᠯᠭᠠᠰᠤᠨ᠎ᠤ ᠮᠣᠷᠢᠨ ᠤᠷᠤᠯᠳᠤᠭᠠᠨ᠎ᠤ ᠲᠠᠯᠠᠪᠠᠢ᠎ᠳᠤ ᠶᠠᠪᠤᠭᠳᠠᠯ᠎ᠠ᠃ ᠲᠤᠰ ᠤᠳᠠᠭᠠᠨ᠎ᠤ ᠤᠷᠤᠯᠳᠤᠭᠠᠨ᠎ᠳᠤ 500 ᠮᠧᠲᠷ᠎ᠦᠨ ᠵᠢᠷᠤᠭ᠎ᠠ ᠮᠣᠷᠢᠨ᠎ᠤ ᠤᠷᠤᠯᠳᠤᠭᠠᠨ᠂ 6000 ᠮᠧᠲᠷ᠎ᠦᠨ ᠬᠤᠷᠳᠤᠨ ᠮᠣᠷᠢᠨ᠎ᠤ ᠤᠷᠤᠯᠳᠤᠭᠠᠨ᠎ᠢ ᠶᠠᠪᠤᠭᠳᠠᠭᠤᠯᠵᠤ᠂ ᠨᠤᠲᠤᠭ᠎ᠤᠨ ᠤᠶᠠᠭᠠᠴᠢᠳ᠎ᠤᠨ 20 ᠭᠠᠷᠤᠢ ᠰᠢᠨᠳᠠᠰᠤ ᠰᠠᠢᠲᠠᠢ ᠬᠥᠯᠥᠭ ᠬᠤᠷᠳᠤ ᠰᠢᠯᠭᠠᠨ ᠳᠠᠪᠬᠢᠵᠤ᠂ ᠬᠤᠷᠠᠭᠰᠠᠨ ᠣᠯᠠᠨ᠎ᠢ ᠪᠠᠶᠠᠰᠬᠠᠯ᠎ᠠ᠃ ᠡᠭᠦᠨ᠎ᠡᠴᠡ ᠭᠠᠳᠠᠨ᠎ᠠ ᠪᠠᠰᠠ ᠲᠡᠮᠡᠭᠡᠨ ᠤᠷᠤᠯᠳᠤᠭᠠᠨ ᠶᠠᠪᠤᠭᠳᠠᠵᠤ᠂ ᠤᠷᠤᠨ ᠨᠤᠲᠤᠭ᠎ᠤᠨ ᠦᠪᠠᠷᠮᠢᠴᠡ ᠬᠡᠪ ᠵᠠᠩᠰᠢᠯ᠎ᠤᠨ ᠥᠪᠡᠷᠮᠢᠴᠡ ᠷᠢᠳᠢ ᠰᠢᠳᠢ᠎ᠶᠢ ᠭᠠᠢᠬᠠᠭᠤᠯᠵᠠᠢ᠃

 

ᠲᠠᠮᠢᠷ

✦3 ᠰᠠᠷ᠎ᠠ ᠵᠢᠨ 13᠎ᠤ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ U ᠰᠢᠷᠢᠰ ᠵᠠᠯᠠᠭᠤᠴᠤᠳ ᠪᠠᠭᠠᠴᠤᠳ᠎ᠤᠨ ᠰᠠᠭᠰᠤᠨ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ᠤᠷᠠᠳ᠎ᠤᠨ ᠡᠮᠦᠨᠡᠲᠦ ᠬᠣᠰᠢᠭᠤᠨ᠎ᠤ ᠪᠡᠶ᠎ᠡ ᠎ᠶᠢᠨ ᠲᠠᠮᠢᠷ ᠰᠣᠶᠣᠯ ᠎ᠤᠨ ᠠᠵᠤ ᠦᠢᠯᠡᠰ᠎ᠦᠨ ᠬᠦᠷᠢᠶᠡᠯᠡᠩ᠎ᠤᠨ ᠰᠠᠭᠰᠤᠨ ᠪᠥᠮᠪᠥᠭᠡ᠎ᠶᠢᠨ ᠣᠷᠳᠣᠨ᠎ᠳᠤ ᠬᠥᠷ ᠬᠥᠭᠵᠢᠶᠡᠨ ᠎ᠲᠠᠢ ᠡᠬᠢᠯᠡᠪᠡ᠃

✦ᠠᠯᠠᠱᠠ᠎ᠶᠢᠨ ᠲᠡᠮᠡᠭᠡᠨ᠎ᠦ ᠬᠣᠯᠪᠣᠭᠠᠲᠤ ᠤᠷᠤᠯᠳᠤᠭᠠᠨ᠎ᠤ ᠳᠥᠷᠪᠡᠳᠦᠭᠡᠷ ᠲᠠᠯᠠᠪᠠᠢ᠎ᠶᠢᠨ ᠲᠡᠮᠡᠭᠡᠨ ᠨᠠᠮᠨᠠᠭ᠎ᠠ᠎ᠶᠢᠨ ᠤᠷᠤᠯᠳᠤᠭᠠᠨ ᠤᠷᠴᠢᠮᠬᠠᠨ ᠠᠯᠠᠱᠠ ᠵᠡᠭᠦᠨ ᠬᠣᠰᠢᠭᠤᠨ᠎ᠤ ᠦᠷᠡᠰ ᠨᠠᠭᠠᠳᠤᠮ᠎ᠤᠨ ᠲᠠᠯᠠᠪᠠᠢ᠎ᠳᠤ ᠶᠠᠪᠤᠭᠳᠠᠵᠤ᠂ ᠠᠯᠠᠱᠠ ᠪᠠᠷᠠᠭᠤᠨ ᠬᠣᠰᠢᠭᠤᠨ ᠎ᠤ ᠲᠠᠩᠰᠤᠭᠪᠤᠯᠠᠭ ᠰᠤᠮᠤᠨ ᠎ᠤ ᠠᠯᠲᠠᠨᠲᠤᠶᠠᠭ᠎ᠠ ᠭᠠᠴᠠᠭᠠᠨ᠎ᠤ ᠮᠠᠯᠴᠢᠨ ᠴᠣᠯᠮᠣᠨᠴᠡᠴᠡᠭ ᠲᠦᠷᠦᠭᠦᠯᠡᠪᠡ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠪᠠᠢᠳᠠᠯ ᠬᠡᠴᠡᠭᠦᠳᠡᠭᠰᠡᠨ᠎ᠡᠴᠡ ᠪᠣᠯᠤᠭᠰᠠᠨ ᠡᠨᠧᠷᠭᠢ᠎ᠶᠢᠨ ᠰᠤᠷᠪᠤᠯᠵᠢ ᠵᠡᠷᠭᠡ ᠲᠠᠸᠠᠷ᠎ᠤᠨ ᠦᠨ᠎ᠡ ᠥᠰᠬᠦ ᠳᠠᠷᠤᠯᠲᠠ᠎ᠶᠢᠨ ᠡᠮᠦᠨ᠎ᠡ᠂ ᠠᠮᠧᠷᠢᠺᠠ᠎ᠶᠢᠨ ᠡᠳ᠋᠎ᠦᠨ ᠵᠠᠰᠠᠭ᠎ᠤᠨ ᠶᠠᠮᠤᠨ ᠪᠢᠴᠢᠭ ᠮᠠᠲᠧᠷᠢᠶᠠᠯ ᠨᠡᠢᠲᠡᠯᠡᠵᠦ᠂ ᠸᠧᠨᠧᠽᠦ᠋ᠧᠯᠠ᠎ᠶᠢᠨ ᠴᠢᠯᠠᠭᠤᠨ ᠲᠣᠰᠣ᠌᠂ ᠪᠠᠢᠭᠠᠯᠢ ᠵᠢᠨ ᠰᠢᠲᠠᠮᠠᠬᠠᠢ ᠬᠡᠢ ᠵᠡᠷᠭᠡ ᠡᠨᠧᠷᠭᠢ ᠎ᠶᠢᠨ ᠠᠵᠢᠯ ᠲᠦᠷᠦᠯ ᠎ᠦᠨ ᠬᠣᠯᠪᠣᠭᠳᠠᠯ ᠪᠦᠬᠦᠢ ᠠᠷᠠᠯᠵᠢᠶ᠎ᠠ ᠎ᠪᠠᠨ ᠰᠤᠯᠠᠳᠬᠠᠬᠤ ᠨᠥᠬᠥᠴᠡᠯ᠎ᠲᠠᠢ ᠪᠤᠯᠤᠬᠰᠠᠨ ᠭᠡᠪᠡ᠃

✦ᠠᠷᠠᠳ ᠎ᠤᠨ ᠡᠳᠤᠷ᠎ᠤᠨ ᠰᠤᠨᠢᠨ ᠎ᠤ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ ᠲᠦᠷᠦᠭᠦᠬᠡᠨ ᠢᠯᠡᠷᠬᠡᠢᠯᠡᠬᠦ᠎ᠳᠡᠭᠡᠨ᠂ ᠪᠥᠬᠥ ᠳᠡᠯᠡᠬᠡᠢ᠎ᠶᠢᠨ10%ᠣᠷᠴᠢᠮ᠎ᠤᠨ ᠳᠡᠯᠡᠬᠡᠢ᠎ᠶᠢᠨ ᠥᠪ ᠨᠢ ᠳᠤᠮᠳᠠᠳᠤ ᠳᠣᠷᠣᠨᠠᠲᠤ᠎ᠶᠢᠨ ᠲᠡᠶ᠋ᠢᠨ᠎ᠳᠦ ᠨᠥᠯᠥᠭᠡᠯᠡᠭᠳᠡᠵᠦ ᠮᠡᠳᠡᠨ᠎ᠡ ᠭᠡᠵᠡᠢ᠃

 

ᠦᠢᠯᠡᠴᠢᠯᠡᠭᠡ 

✦ᠦᠪᠤᠷ ᠮᠤᠩᠭᠤᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ ᠎ᠤᠨ  ᠳᠡᠭᠡᠳᠤ ᠰᠤᠷᠭᠠᠭᠤᠯᠢ ᠴᠢᠳᠠᠪᠤᠷᠢᠳᠠᠨ ᠤᠷᠢᠨ ᠡᠯᠰᠡᠵᠤ ᠪᠤᠢ᠃ 


✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠤᠨ ᠪᠦᠬᠦ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠠᠨᠭ᠌ᠭ᠌ᠯᠢ ᠬᠡᠯᠡᠨ᠎ᠦ ᠳᠥᠷᠪᠡ᠂ ᠵᠢᠷᠭᠤᠳᠤᠭᠠᠷ ᠳᠡᠰ᠎ᠤᠨ ᠰᠢᠯᠭᠠᠯᠲᠠ᠎ᠶᠢᠨ ᠪᠢᠴᠢᠭ᠎ᠦᠨ ᠰᠢᠯᠭᠠᠯᠲᠠ (CET ) ᠪᠠ ᠶᠠᠷᠢᠶᠠᠨ᠎ᠤ ᠰᠢᠯᠭᠠᠯᠲᠠ (CET - SET ) ᠵᠢᠨ ᠨᠡᠷ᠎ᠡ ᠮᠡᠳᠡᠭᠦᠯᠬᠦ ᠠᠵᠢᠯ 3 ᠰᠠᠷ᠎ᠠ᠎ᠶᠢᠨ 16᠎ᠤ ᠡᠳᠦᠷ᠎ᠦᠨ 10 : 00 - 3 ᠰᠠᠷ᠎ᠠ᠎ᠶᠢᠨ 23᠎ᠤ ᠡᠳᠦᠷ᠎ᠦᠨ 17:00 ᠪᠣᠯᠲᠠᠯ᠎ᠠ ᠶᠠᠪᠤᠭᠳᠠᠨ᠎ᠠ᠃ ᠪᠣᠳᠠᠲᠠᠢ ᠨᠡᠷ᠎ᠡ ᠮᠡᠳᠡᠭᠦᠯᠬᠦ ᠴᠠᠭ᠎ᠢ ᠡᠯ᠎ᠡ ᠰᠢᠯᠭᠠᠯᠲᠠ ᠵᠢᠨ ᠴᠡᠭ᠎ᠦᠨ ᠨᠡᠢᠲᠡᠯᠡᠭᠰᠡᠨ ᠴᠠᠭ ᠵᠢᠡᠷ ᠪᠠᠷᠢᠮᠵᠢᠶ᠎ᠡ ᠪᠤᠯᠭᠠᠨ᠎ᠠ᠃

 

ᠲᠠᠨ ᠎ᠤ ᠲᠤᠰᠡ ᠳ᠋ᠤ 

✦ᠭᠦᠢᠴᠡᠳ ᠬᠡᠮᠵᠢᠶᠡᠨ᠎ᠦ ᠤᠰᠤ ᠤᠤᠭᠤᠪᠠᠯ ᠰᠠᠶᠢ ᠬᠥᠮᠥᠨ ᠎ᠦ ᠪᠡᠶ᠎ᠡ ᠎ᠶᠢᠨ ᠪᠣᠳᠠᠰ᠎ᠤᠨ ᠰᠣᠯᠢᠯᠴᠠᠭ᠎ᠠ᠎ᠶᠢ ᠠᠬᠢᠭᠤᠯᠬᠤ᠎ᠳᠤ ᠲᠤᠰᠠᠲᠠᠢ ᠪᠠᠢᠵᠤ᠂ ᠬᠥᠮᠥᠨ ᠎ᠦ ᠪᠡᠶ᠎ᠡ᠎ᠳᠦ ᠤᠰᠤ ᠳᠤᠲᠠᠭᠳᠠᠪᠠᠯ ᠡᠭᠡᠯᠢᠯᠡᠭᠡ᠎ᠶᠢᠨ ᠴᠢᠳᠠᠪᠤᠷᠢ᠎ᠶᠢ ᠪᠠᠭᠤᠷᠠᠭᠤᠯᠳᠠᠭ᠃ ᠨᠠᠰᠤᠨ᠎ᠳᠤ ᠬᠦᠷᠦᠭᠰᠡᠳ ᠡᠳᠦᠷ ᠪᠣᠯᠭᠠᠨ 1500 — 1700 ᠮᠢᠯᠢᠯᠢᠲᠷ ᠤᠰᠤ ᠤᠤᠭᠤᠬᠤ ᠴᠢᠬᠤᠯᠠᠲᠠᠢ ᠪᠠᠢᠵᠤ᠂ ᠪᠠᠭ᠎ᠠ ᠬᠡᠮᠵᠢᠶ᠎ᠡ  ᠪᠠᠷ ᠣᠯᠠᠨ ᠤᠳᠠᠭ᠎ᠠ ᠤᠤᠭᠤᠵᠤ᠂ ᠤᠳᠠᠭ᠎ᠠ ᠪᠦᠷᠢ 200 ᠮᠢᠯᠢᠯᠢᠲᠷ ᠣᠷᠴᠢᠮ ᠤᠤᠭᠤᠪᠠᠯ ᠬᠠᠮᠤᠭ᠎ᠤᠨ ᠲᠣᠬᠢᠷᠠᠮᠵᠢᠲᠠᠢ ᠪᠠᠢᠳᠠᠭ᠃


ᠵᠠᠯᠭᠠᠭᠠᠳ 《ᠨᠠᠷᠠᠨ ᠰᠠᠷᠠᠨ ᠬᠤᠩᠭᠤᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号