


ᠨᠡᠢᠭᠡᠮ
✦ᠲᠦᠷᠦᠭᠦᠬᠡᠨ ᠮᠠᠨ᠎ᠤ
ᠤᠯᠤᠰ ᠠᠩᠬ᠎ᠠ ᠤᠳᠠᠭ᠎ᠠ ᠢᠳᠡᠰᠢᠨ ᠨᠣᠭᠣᠭ᠎ᠠ ᠶ᠋ᠢᠨ ᠴᠤᠯ ᠴᠠᠬᠢᠯᠭᠠᠨ ᠬᠦᠳᠡᠯᠭᠡᠭᠦᠷᠲᠦ ᠲᠠᠷᠢᠶᠠᠯᠠᠩ᠎ᠤᠨ ᠮᠠᠰᠢᠨ᠎ᠢ
ᠲᠤᠬᠠᠢ᠎ᠶᠢᠨ ᠭᠠᠵᠠᠷ ᠲᠤᠨᠢ ᠶᠡᠷᠦᠩᠬᠡᠢᠯᠡᠨ ᠰᠢᠯᠭᠠᠨ ᠦᠨᠡᠯᠡᠵᠦ᠂ 20 ᠭᠠᠷᠤᠢ ᠰᠢᠨ᠎ᠡ ᠬᠡᠯᠪᠡᠷᠢ᠎ᠶᠢᠨ ᠮᠠᠰᠢᠨ᠎ᠳᠦ
ᠲᠤᠷᠰᠢᠯᠲᠠ ᠬᠢᠵᠦ᠂ ᠳᠠᠷᠢᠬᠤ ᠬᠠᠮᠢᠶᠠᠷᠬᠤ ᠬᠤᠷᠢᠶᠠᠬᠤ ᠪᠥᠬᠥ
ᠶᠠᠪᠤᠴᠠ᠎ᠶᠢ ᠬᠠᠮᠤᠷᠴᠠᠢ᠃
✦1998 ᠣᠨ᠎ᠳᠤ ᠴᠢᠰᠤ
ᠬᠠᠨᠳᠢᠪᠯᠠᠬᠤ ᠬᠠᠤᠯᠢ᠎ᠶᠢ ᠨᠡᠢᠲᠡᠯᠡᠨ ᠬᠡᠷᠡᠭᠵᠢᠭᠦᠯᠦᠭᠰᠡᠨ ᠡᠴᠡ ᠨᠠᠭᠠᠰᠢ᠂ ᠮᠠᠨ᠎ᠤ ᠤᠯᠤᠰ ᠦᠨ᠎ᠡ ᠲᠥᠯᠥᠪᠦᠷᠢ
ᠦᠭᠡᠢ ᠪᠡᠷ ᠴᠢᠰᠤ ᠬᠠᠨᠳᠢᠪᠯᠠᠬᠤ ᠳᠦᠷᠢᠮ᠎ᠢ ᠪᠥᠬᠥ ᠲᠠᠯ᠎ᠠ᠎ᠪᠠᠷ ᠪᠠᠢᠭᠤᠯᠵᠤ᠂ ᠵᠢᠯ ᠪᠦᠷᠢ ᠵᠢᠨ ᠴᠢᠰᠤ ᠬᠠᠨᠳᠢᠪᠯᠠᠬᠤ᠎ᠳᠦ
ᠣᠷᠣᠯᠴᠠᠬᠰᠠᠨ ᠬᠦᠮᠦᠨ᠎ᠤ ᠲᠤᠭ᠎ᠠ 1500 ᠲᠦᠮᠡ ᠭᠠᠷᠤᠢ ᠬᠥᠮᠥᠨ ᠤᠳᠠᠭ᠎ᠠ ᠵᠢ ᠳᠠᠪᠠᠵᠤ ᠪᠠᠢᠨ᠎ᠠ᠃
✦ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠲᠢᠩᠬᠢᠮ᠎ᠦᠨ ᠮᠡᠳᠡᠭᠡ ᠡᠴᠡ ᠦᠵᠡᠪᠡᠯ᠂
2026 ᠣᠨ᠎ᠤ ᠲᠦᠷᠦᠭᠦᠸ᠋ ᠪᠦᠯᠦᠭ᠎ᠦᠨ ᠪᠥᠬᠥ ᠤᠯᠤᠰ᠎ᠤᠨ ᠨᠠᠷᠠᠲᠤ ᠣᠨᠴᠠ ᠰᠢᠯᠢᠳᠡᠭ ᠲᠠᠷᠢᠶᠠᠯᠠᠩ᠎ᠤᠨ ᠪᠦᠲᠦᠭᠡᠭᠳᠡᠬᠦᠨ᠎ᠦ
ᠨᠡᠷᠡᠰ᠎ᠦᠨ ᠵᠢᠭ᠍ᠰᠠᠭᠠᠯᠲᠠ ᠶ᠋ᠢ ᠣᠢᠷ᠎ᠠ᠎ᠳᠤ ᠨᠡᠢᠲᠡᠯᠡᠵᠦ᠂ ᠥᠪᠥᠷ ᠮᠣᠩᠭᠣᠯ᠎ᠤᠨ 13 ᠮᠠᠯ᠎ᠤᠨ ᠠᠰᠢᠭ᠋ ᠰᠢᠮ᠎ᠡ
ᠲᠠᠷᠢᠶᠠᠯᠠᠩ᠎ᠤᠨ ᠪᠦᠲᠦᠭᠡᠭᠳᠡᠬᠦᠨ ᠨᠡᠷᠡᠰ᠎ᠦᠨ ᠵᠢᠭ᠍ᠰᠠᠭᠠᠯᠲᠠ᠎ᠳᠤ ᠰᠢᠨ᠎ᠡ ᠪᠡᠷ ᠰᠤᠨᠭᠭᠤᠭᠳᠠᠵᠤ᠂ ᠪᠥᠬᠥ ᠲᠣᠭ᠎ᠠ
ᠨᠢ 983 ᠪᠣᠯᠵᠤ᠂ ᠦᠷᠭᠦᠯᠵᠢᠯᠡᠨ ᠪᠥᠬᠥ ᠤᠯᠤᠰ᠎ᠲᠤ ᠲᠦᠷᠦᠭᠦᠯᠡᠵᠦ ᠪᠠᠢᠨ᠎ᠠ᠃
✦14᠎ᠦ ᠡᠳᠦᠷ᠂ 2026 ᠣᠨ᠎ᠤ ᠥᠪᠥᠷ ᠮᠣᠩᠭᠣᠯ᠎ᠤᠨ 《ᠵᠠᠭᠤᠨ ᠬᠣᠲᠠ ᠮᠢᠩᠭᠠᠨ ᠰᠤᠷᠭᠠᠭᠤᠯᠢ ᠲᠦᠮᠡᠨ ᠠᠵᠤ ᠠᠬᠤᠢᠯᠠᠯ᠎ᠤᠨ ᠠᠵᠢᠯ ᠣᠯᠭᠣᠯᠲᠠ ᠶ᠋ᠢ
ᠠᠬᠢᠭᠤᠯᠬᠤ》ᠠᠵᠢᠯᠯᠠᠭ᠎ᠠ ᠶᠠᠪᠤᠭᠳᠠᠵᠤ᠂ ᠬᠥᠬᠡᠬᠣᠲᠠ᠂ ᠪᠤᠭᠤᠲᠤ᠂ ᠤᠯᠠᠭᠠᠨᠬᠠᠳᠠ
ᠬᠣᠲᠠ᠎ᠶᠢᠨ 3 ᠬᠤᠷᠠᠯ᠎ᠤᠨ ᠲᠠᠯᠠᠪᠠᠶ᠎ᠳᠤ 10 ᠭᠠᠷᠤᠢ ᠶᠡᠬᠡ ᠳᠡᠭᠡᠳᠦ ᠰᠤᠷᠭᠠᠭᠤᠯᠢ᠎ᠶᠢᠨ 7100 ᠰᠣᠷᠣᠭ᠍ᠴᠢ ᠣᠷᠣᠯᠴᠠᠵᠤ᠂ 2720 ᠬᠦᠮᠦᠨ ᠠᠩᠬ᠎ᠠ
ᠠᠯᠬᠤᠮ᠎ᠤᠨ ᠠᠵᠢᠯ ᠣᠯᠬᠤ ᠰᠠᠨᠠᠮᠵᠢᠲᠣᠭᠲᠠᠵᠠᠢ᠃
✦ᠣᠯᠠᠨ ᠲᠦᠮᠡᠨ᠎ᠦ ᠲᠤᠰᠬᠠᠯ ᠶᠡᠬᠡᠲᠡᠢ ᠪᠠᠢᠭ᠎ᠠ ᠺᠣᠳ᠋
ᠰᠢᠷᠪᠢᠵᠦ ᠰᠦᠢᠳᠬᠡᠯ ᠲᠤᠰᠢᠶᠠᠬᠤ ᠴᠣᠩᠬᠣᠪᠴᠢᠳ᠋ᠤ ᠵᠠᠷᠮᠡᠳᠡᠭᠡ ᠢᠯᠡᠷᠡᠬᠦ᠂ ᠠᠯᠪᠠᠳᠠᠯᠭ᠎ᠠ ᠪᠠᠷ ᠦᠵᠡᠭᠦᠯᠬᠦ᠂
ᠬᠠᠭᠠᠬᠤ᠎ᠳᠤ ᠬᠦᠴᠢᠷᠲᠡᠢ ᠵᠡᠷᠭᠡ ᠠᠰᠠᠭᠤᠳᠠᠯ᠎ᠳᠦ ᠴᠢᠭᠯᠡᠭᠦᠯᠦᠨ᠂ ᠣᠢᠷ᠎ᠠ᠎ᠳᠤ ᠬᠥᠬᠡᠬᠣᠲᠠ᠂ ᠬᠢᠩᠭᠠᠨ ᠠᠢᠮᠠᠭ
ᠵᠡᠷᠭᠡ ᠭᠠᠵᠠᠷ᠎ᠤᠨ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠲᠣᠭᠲᠠᠭᠠᠯ᠎ᠳᠤ
ᠨᠡᠢᠴᠡᠬᠦᠯᠬᠦ ᠰᠠᠨᠠᠭᠤᠯᠤᠮᠵᠢ ᠨᠡᠢᠲᠡᠯᠡᠵᠦ᠂ ᠪᠤᠳᠠᠳᠤ ᠴᠤᠭᠴᠠ ᠵᠢᠨ ᠲᠣᠭᠠᠴᠠᠭ᠎ᠠ ᠬᠢᠬᠦ ᠲᠠᠯᠠᠪᠤᠷ ᠤ᠋ᠨ ᠵᠠᠷᠮᠡᠳᠡᠭᠡ
ᠵᠢᠨ ᠡᠵᠡᠩᠨᠡᠯᠲᠡ᠎ᠶᠢᠨ ᠡᠮᠬᠢ ᠳᠢᠭ᠌ᠯᠢᠮ᠎ᠢ ᠲᠥᠪᠯᠡᠷᠡᠭᠦᠯᠦᠨ ᠵᠢᠷᠤᠮᠵᠢᠭᠤᠯᠵᠤ᠂ ᠬᠡᠷᠡᠭᠯᠡᠭᠴᠢᠳ᠎ᠦᠨ ᠬᠠᠤᠯᠢ
ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠪᠠ᠃
✦ᠲᠦᠷᠦᠭᠦᠬᠡᠨ ᠠᠯᠠᠱᠠ ᠠᠢᠮᠠᠭ᠎ᠤᠨ ᠲᠠᠷᠢᠶᠠᠯᠠᠩ ᠮᠠᠯ
ᠠᠵᠤ ᠠᠬᠤᠢ᠎ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠣᠨᠴᠠᠯᠢᠭ᠍ᠲᠤ ᠠᠵᠤ ᠦᠢᠯᠡᠰ᠎ᠦᠨ
ᠬᠥᠭᠵᠢᠯᠲᠡ᠎ᠶᠢᠨ ᠲᠥᠪ᠎ᠡᠴᠡ ᠵᠢᠯᠣᠭᠣᠳᠤᠨ ᠡᠷᠬᠢᠯᠡᠭᠰᠡᠨ ᠳᠡᠯᠡᠬᠡᠢ᠎ᠶᠢᠨ 32 ᠳ᠋ᠡᠬᠢ ᠴᠦᠯᠯᠡᠷᠬᠡᠭᠵᠢᠯ ᠪᠣᠯᠣᠨ
ᠭᠠᠩ ᠬᠠᠭᠰᠠᠷᠠᠭᠠᠨ᠎ᠢ ᠰᠡᠷᠭᠡᠢᠯᠡᠨ ᠵᠠᠰᠠᠬᠤ ᠡᠳᠦᠷ᠎ᠢ ᠳᠤᠷᠠᠰᠬᠠᠬᠤ ᠭᠣᠣᠯ ᠰᠡᠳᠦᠪᠲᠦ ᠠᠵᠢᠯᠯᠠᠭ᠎ᠠ ᠵᠢᠶᠠᠩᠰᠤ᠎ᠳᠦ
ᠶᠠᠪᠤᠭᠳᠠᠵᠦ᠂ ᠠᠯᠠᠱᠠ᠎ᠶᠢᠨ ᠴᠦᠯᠯᠡᠷᠭᠡᠭᠵᠢᠯ᠎ᠢ ᠶᠡᠷᠦᠩᠬᠡᠢᠯᠡᠨ ᠵᠠᠰᠠᠬᠤ᠂ ᠠᠮᠢ ᠠᠬᠤᠢ᠎ᠶᠢᠨ ᠡᠯᠡᠰᠦᠨ᠎ᠦ ᠠᠵᠤ
ᠦᠢᠯᠡᠰ᠎ᠢ ᠪᠣᠢᠵᠢᠭᠤᠯᠬᠤ᠂ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ
ᠢ᠋ ᠤᠯᠠᠷᠢᠭᠤᠯᠬᠤ ᠵᠡᠷᠭᠡ ᠬᠦᠷᠢᠶᠡᠨ᠎ᠳᠡᠬᠢ ᠦᠢᠯᠡᠳᠦᠯᠭᠡ᠎ᠶᠢᠨ ᠰᠦᠪᠡᠭᠴᠢᠯᠡᠯᠲᠡ ᠪᠣᠯᠣᠨ ᠡᠯᠪᠡᠭ ᠪᠠᠶᠠᠯᠢᠭ᠋
ᠦᠷ᠎ᠡ ᠪᠦᠲᠦᠮᠵᠢ᠎ᠶᠢ ᠲᠥᠪᠯᠡᠷᠡᠩᠭᠦᠢ ᠬᠠᠷᠠᠭᠤᠯᠵᠠᠢ᠃
✦15᠎ᠤ ᠡᠳᠦᠷ᠂ ᠬᠦᠯᠦᠨ
ᠪᠤᠢᠷ ᠬᠤᠳᠠ ᠵᠢᠨ 2026 ᠣᠨ᠎ᠤ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠶᠢ ᠰᠡᠷᠭᠡᠢᠯᠡᠬᠦ ᠤᠬᠠᠭᠤᠯᠭ᠎ᠠ᠎ᠶᠢᠨ
ᠰᠠᠷ᠎ᠠ᠎ᠶᠢᠨ ᠡᠬᠢᠯᠡᠯᠲᠡ᠎ᠶᠢᠨ ᠶᠣᠰᠣᠯᠠᠯ ᠬᠠᠢᠯᠠᠷ ᠲᠣᠭᠣᠷᠢᠭ᠋ ᠲᠦ᠍ ᠶᠠᠪᠤᠭᠳᠠᠵᠤ᠂ ᠨᠡᠶ᠋ᠢᠲᠡ 70 ᠭᠠᠷᠤᠢ ᠠᠵᠢᠯᠲᠠᠨ
ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠵᠤ᠂ ᠬᠠᠤᠯᠢ ᠪᠤᠰᠤ ᠮᠡᠬᠡᠯᠡᠯ᠎ᠢ ᠰᠡᠷᠭᠡᠢᠯᠡᠬᠦ ᠪᠠ ᠡᠰᠡᠷᠭᠦᠴᠡᠬᠦ
ᠮᠡᠳᠡᠯᠭᠡ᠎ᠶᠢ ᠪᠥᠬᠥ ᠲᠠᠯ᠎ᠠ᠎ᠪᠠᠷ ᠲᠦᠭᠡᠮᠡᠯᠵᠢᠭᠦᠯᠦᠨ᠂ ᠪᠥᠬᠥ ᠠᠷᠠᠳ᠎ᠤᠨ ᠮᠥᠩᠭᠥᠨ ᠭᠦᠢᠯᠭᠡᠭᠡᠨ᠎ᠦ ᠠᠮᠤᠷ ᠲᠦᠪᠰᠢᠨ᠎ᠦ
ᠬᠠᠮᠠᠭᠠᠯᠠᠯᠲᠠ᠎ᠶᠢᠨ ᠲᠣᠣᠷ᠎ᠢ ᠨᠢᠭ᠍ᠲᠠ ᠰᠦᠯᠵᠢᠪᠡ᠃
✦ᠣᠢᠷ᠎ᠠ᠎ᠳᠤ ᠪᠤᠭᠤᠲᠤ
ᠬᠤᠳᠠ ᠵᠢᠨ ᠬᠦᠨᠳᠡᠯᠡᠨ ᠲᠤᠭᠤᠷᠢᠭ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢ ᠬᠠᠤᠯᠢ ᠪᠤᠰᠤ᠎ᠪᠠᠷ ᠥᠭᠡᠷᠡᠴᠢᠯᠡᠨ
ᠤᠭᠰᠠᠷᠠᠬᠤ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠳ᠋ᠧᠩ᠎ᠦᠨ ᠬᠡᠷᠡᠯ᠂ ᠲᠠᠭᠤᠨ ᠴᠢᠮᠡᠭᠡ᠎ᠶᠢ
ᠬᠤᠪᠢ᠎ᠪᠠᠷ᠎ᠢᠶᠠᠨ ᠥᠭᠡᠷᠡᠴᠢᠯᠡᠬᠦ ᠵᠡᠷᠭᠡ ᠬᠠᠤᠯᠢ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳ᠋ᠤ
ᠴᠢᠨᠭᠭ᠎ᠠ ᠴᠤᠬᠢᠯᠳᠠ ᠦᠭᠴᠤ ᠪᠠᠢᠨ᠎ᠠ᠃
ᠠᠵᠦ ᠠᠬᠤᠢ
✦ᠡᠨᠡ ᠵᠢᠯ᠎ᠡᠴᠡ ᠨᠠᠭᠠᠰᠢ
ᠪᠥᠬᠥ ᠤᠯᠤᠰ᠎ᠲᠤ ᠨᠢᠭᠡᠨᠲᠡ 60 ᠭᠠᠷᠤᠢ ᠬᠣᠲᠠ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ
ᠮᠥᠩᠭᠥ ᠶ᠋ᠢᠨ ᠲᠥᠷᠥ᠎ᠶᠢᠨ ᠪᠣᠳᠣᠯᠭ᠎ᠠ᠎ᠪᠠᠨ ᠲᠣᠬᠢᠷᠠᠭᠤᠯᠤᠨ ᠰᠢᠯᠢᠳᠡᠭᠵᠢᠭᠦᠯᠵᠦ᠂ ᠵᠢᠭᠡᠯᠡᠯᠭᠡ ᠶ᠋ᠢᠨ ᠬᠡᠮᠵᠢᠶ᠎ᠡ᠂
ᠠᠩᠬ᠎ᠠ ᠲᠤᠰᠢᠶᠠᠬᠤ ᠵᠣᠭᠣᠰ᠎ᠤᠨ ᠬᠠᠷᠢᠴᠠᠯ᠂ ᠭᠠᠷᠭᠠᠨ ᠠᠪᠬᠤ ᠬᠡᠪᠴᠢᠶ᠎ᠡ ᠵᠡᠷᠭᠡ ᠲᠠᠯ᠎ᠠ᠎ᠳᠤ ᠬᠣᠯᠪᠣᠭᠳᠠᠵᠤ
ᠪᠠᠢᠨ᠎ᠠ᠃
✦ᠦᠪᠦᠷ
ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ
ᠮᠡᠳᠡᠭᠡ᠎ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠤᠨ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ
ᠪᠠᠭ᠎ᠠ ᠠᠵᠤ ᠠᠬᠤᠢᠯᠠᠯ᠎ᠢ ᠮᠠᠭᠠᠳᠯᠠᠨ ᠲᠣᠭᠲᠠᠭᠠᠭᠰᠠᠨ ᠨᠡᠷᠡᠰ᠎ᠢ ᠣᠢᠷ᠎ᠠ᠎ᠳᠤ ᠨᠢᠭᠡᠨᠲᠡ ᠵᠠᠷᠯᠠᠨ ᠨᠡᠢᠲᠡᠯᠡᠵᠦ᠂
ᠪᠥᠬᠥ ᠣᠷᠣᠨ᠎ᠳᠤ ᠨᠡᠶ᠋ᠢᠲᠡ 215 ᠠᠵᠤ ᠠᠬᠤᠢᠯᠠᠯ᠎ᠢ ᠰᠢᠨ᠎ᠡ᠎ᠪᠡᠷ ᠮᠠᠭᠠᠳᠯᠠᠨ ᠲᠣᠭᠲᠠᠭᠠᠵᠤ᠂
ᠬᠦᠴᠦᠨ᠎ᠲᠠᠢ ᠬᠤᠭᠤᠴᠠᠭᠠᠨ᠎ᠳᠤ ᠪᠠᠢᠭ᠎ᠠ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ
ᠨᠡᠢᠳᠡ 1837 ᠪᠣᠯᠪᠠ᠃
✦ᠣᠳᠣᠬᠠᠨ᠎ᠳᠤ ᠰᠥᠨᠢᠳ
ᠵᠡᠭᠦᠨ ᠬᠣᠰᠢᠭᠤ ᠨᠢᠭᠡᠨᠲᠡ 7 ᠪᠠᠷᠢᠮᠵᠢᠶᠠᠵᠢᠭ᠍ᠰᠠᠨ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠪᠠᠢᠭᠤᠯᠵᠤ᠂
ᠲᠡᠮᠡᠭᠡᠨ᠎ᠦ ᠲᠣᠭ᠎ᠠ 3500᠎ᠳᠤ ᠬᠦᠷᠴᠦ᠂ ᠪᠥᠬᠥ ᠬᠣᠰᠢᠭᠤᠨ᠎ᠤ ᠢᠨᠭᠭᠡᠨ ᠰᠦ ᠶ᠋ᠢᠨ ᠵᠢᠯ᠎ᠦᠨ ᠭᠠᠷᠤᠯᠲᠠ 130
ᠲᠣᠨ᠎ᠳᠤ ᠬᠦᠷᠴᠦ᠂ ᠵᠢᠯ᠎ᠦᠨ ᠦᠢᠯᠡᠳᠬᠦᠨ᠎ᠦ ᠥᠷᠲᠡᠭ ᠨᠢ 2000 ᠲᠦᠮᠡᠨ ᠲᠥᠭᠥᠷᠢᠭ᠎ᠢ ᠳᠠᠪᠠᠵᠠᠢ᠃
ᠰᠤᠶᠤᠯ
✦15᠎ᠤ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ᠎ᠤᠨ
ᠰᠢᠷᠢᠰ ᠴᠢᠬᠤᠯᠠ ᠠᠵᠢᠯᠯᠠᠭ᠎ᠠ ︱ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠠᠭᠠᠳᠤᠮ·ᠤᠷᠳᠤ ᠵᠢᠨ ᠳᠠᠭᠤᠤ ᠴᠤᠭᠤᠷ ᠳᠠᠭᠤᠤ ᠵᠢᠨ
ᠤᠷᠤᠯᠳᠤᠭᠠᠨ ᠰᠢᠯᠢᠩᠬᠣᠲᠠ᠎ᠳᠤ ᠡᠬᠢᠯᠡᠵᠦ᠂ 150 ᠭᠠᠷᠤᠢ ᠤᠷᠠᠯᠢᠭᠴᠢᠨ ᠤᠷᠤᠯᠴᠠᠭᠰᠠᠨ ᠪᠠᠢᠨ᠎ᠠ᠃
✦14᠎ᠦ ᠡᠳᠦᠷ᠂ ᠣᠷᠳᠣᠰ
ᠬᠣᠲᠠ᠎ᠶᠢᠨ ᠠᠩᠬᠠᠳᠤᠭᠠᠷ ᠤᠳᠠᠭᠠᠨ᠎ᠤ 《ᠤᠶᠠᠩᠭ᠎ᠠ᠎ᠶᠢᠨ ᠴᠤᠤᠷᠢᠶ᠎ᠠ》ᠰᠤᠷᠤᠭ᠍ᠴᠢᠳ᠎ᠤᠨ ᠤᠷᠠᠨ ᠤᠩᠰᠢᠯᠭ᠎ᠠ᠎ᠶᠢᠨ ᠤᠷᠤᠯᠳᠤᠭᠠᠨ᠎ᠤ
ᠰᠢᠢᠳᠪᠦᠷᠢᠲᠦ ᠤᠷᠤᠯᠳᠤᠭᠠᠨ ᠦᠦᠰᠢᠨ ᠬᠣᠰᠢᠭᠤᠨ᠎ᠤ ᠭᠠᠯᠠᠭᠤᠲᠤ ᠪᠠᠯᠭᠠᠰᠤᠨ᠎ᠳᠤ ᠶᠠᠪᠤᠭᠳᠠᠪᠠ᠃ ᠣᠢᠯᠠᠭᠠᠭᠰᠠᠨ᠎ᠢᠶᠠᠷ
ᠲᠤᠰ ᠤᠳᠠᠭᠠᠨ᠎ᠤ ᠤᠷᠤᠯᠳᠤᠭᠠᠨ᠎ᠳᠤ ᠣᠷᠳᠣᠰ ᠬᠣᠲᠠ᠎ᠶᠢᠨ ᠳᠣᠯᠣᠭᠠᠨ ᠬᠣᠰᠢᠭᠤ ᠬᠣᠶᠠᠷ ᠲᠣᠭᠣᠷᠢᠭ᠋᠎ᠠᠴᠠ 100 ᠢᠯᠡᠭᠦᠦ
ᠰᠤᠷᠤᠭ᠍ᠴᠢ ᠨᠡᠷ᠎ᠡ ᠮᠡᠳᠡᠭᠦᠯᠦᠨ ᠣᠷᠣᠯᠴᠠᠵᠤ᠂ ᠰᠢᠢᠳᠪᠦᠷᠢᠲᠦ ᠤᠷᠤᠯᠳᠤᠭᠠᠨ ᠳ᠋ᠤ ᠪᠠᠭ᠎ᠠ ᠣᠨ᠎ᠤ ᠳᠤᠭᠤᠢᠯᠠᠩ ᠪᠠ ᠶᠡᠬᠡ ᠣᠨ᠎ᠤ ᠳᠤᠭᠤᠢᠯᠠᠩ᠎ᠠᠴᠠ
ᠲᠤᠰ ᠪᠦᠷᠢ 18 ᠰᠤᠷᠤᠭ᠍ᠴᠢᠰᠢᠯᠭᠠᠷᠠᠨ ᠤᠷᠤᠯᠴᠠᠵᠠᠢ᠃
ᠲᠠᠮᠢᠷ
✦14᠎ᠦ ᠡᠳᠦᠷ᠂ ᠠᠩᠬᠠᠳᠤᠭᠠᠷ
ᠤᠳᠠᠭᠠᠨ᠎ᠤ《ᠪᠥᠬᠡ ᠪᠡᠯᠭᠦᠳᠡᠢ》ᠨᠡᠷᠡᠮᠵᠢᠲᠦ ᠣᠷᠳᠣᠰ ᠪᠥᠬᠡ᠎ᠶᠢᠨ ᠪᠠᠷᠢᠯᠳᠤᠭᠠᠨ ᠣᠲᠣᠭ
ᠬᠣᠰᠢᠭᠤᠨ᠎ᠤ ᠰᠦᠮᠡᠲᠦ ᠰᠤᠮᠤ ᠵᠢᠨ ᠡᠷᠢᠶᠡᠨᠲᠤᠯᠣᠭᠠᠶ ᠭᠠᠴᠠᠭ᠎ᠠ᠎ᠳᠤ ᠡᠬᠢᠯᠡᠵᠦ᠂ ᠪᠦᠬᠦ ᠣᠷᠣᠨ᠎ᠤ 256 ᠪᠥᠬᠡ
ᠵᠣᠳᠣᠭᠯᠠᠭᠰᠠᠨ ᠪᠠᠢᠨ᠎ᠠ᠃
ᠲᠡᠯᠡᠬᠡᠢ
✦ᠤᠯᠠᠨ ᠤᠯᠤᠰ᠎ᠤᠨ
ᠬᠣᠯᠪᠣᠭᠠᠲᠤ ᠪᠠᠢᠭᠤᠯᠭ᠎ᠠ᠎ᠶᠢᠨ ᠬᠥᠮᠥᠨ᠎ᠦ ᠡᠷᠬᠡ ᠶ᠋ᠢᠨ ᠬᠡᠷᠡᠭ ᠡᠷᠬᠢᠯᠡᠭᠴᠢᠳ᠎ᠦᠨ ᠬᠤᠷᠠᠯ᠎ᠤᠨ 62 ᠳ᠋ᠤᠭᠠᠷ
ᠬᠤᠭᠤᠴᠠᠭᠠᠨ᠎ᠤ ᠬᠤᠷᠠᠯ ᠲᠤᠬᠠᠢ᠎ᠶᠢᠨ ᠭᠠᠵᠠᠷ᠎ᠤᠨ ᠴᠠᠭ᠎ᠢᠶᠠᠷ 15᠎ᠤ ᠡᠳᠦᠷ᠎ᠡᠴᠡ ᠡᠬᠢᠯᠡᠨ ᠰᠸᠢᠰ᠎ᠦᠨ ᠵᠧᠨᠧᠸᠠ᠎ᠳᠤ
ᠶᠠᠪᠤᠭᠳᠠᠵᠤ᠂ ᠲᠤᠰ ᠬᠤᠭᠤᠴᠠᠭᠠᠨ᠎ᠤ ᠬᠤᠷᠠᠯ 7 ᠰᠠᠷ᠎ᠠ ᠵᠢᠨ 7 ᠤ᠋ ᠡᠳᠦᠷ ᠪᠤᠯᠳᠠᠯ᠎ᠠ ᠦᠷᠬᠦᠯᠵᠢᠯᠡᠵᠦ᠂ ᠬᠥᠮᠥᠨ᠎ᠦ
ᠡᠷᠬᠡᠳ᠋ᠤ ᠬᠣᠯᠪᠣᠭᠳᠠᠬᠤ ᠤᠯᠠᠨ ᠶᠠᠷᠢᠶᠠᠨ᠎ᠤ ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠬᠦᠪᠤᠯᠤᠨᠠ᠃
✦ᠲᠤᠬᠠᠢ ᠶ᠋ᠢᠨ ᠭᠠᠵᠠᠷ᠎ᠤᠨ
ᠴᠠᠭ᠎ᠢᠶᠠᠷ 15᠎ᠤ ᠡᠳᠦᠷ᠂ ᠠᠩᠭ᠌ᠯᠢ ᠶ᠋ᠢᠨ ᠲᠡᠷᠢᠭᠦᠨ ᠰᠠᠢᠳ
ᠰᠲ᠋ᠠᠷᠮᠸᠷ ᠲᠡᠷᠢᠭᠦᠨ ᠰᠠᠢᠳ᠎ᠤᠨ ᠣᠷᠳᠣᠨ᠎ᠳᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ 16 ᠨᠠᠰᠤᠨ ᠠ᠋ᠴᠠ
ᠳᠣᠷᠣᠭ᠍ᠰᠢᠬᠢ ᠬᠥᠮᠥᠰ᠎ᠦᠨ ᠬᠡᠰᠡᠭ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ ᠬᠡᠷᠡᠭᠯᠡᠬᠦ
ᠶ᠋ᠢ ᠴᠠᠭᠠᠵᠠᠯᠠᠨ᠎ᠠ ᠭᠡᠵᠦ ᠨᠡᠢᠲᠡᠯᠡᠵᠡᠢ᠃
ᠦᠢᠯᠡᠴᠢᠯᠡᠭᠡ
✦ᠤᠯᠠᠭᠠᠨᠴᠠᠪ ᠬᠣᠲᠠ
367 ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠲᠤᠰᠬᠠᠢ ᠮᠡᠷᠭᠡᠵᠢᠯ᠎ᠦᠨ ᠠᠵᠢᠯᠲᠠᠨ ᠡᠯᠰᠡᠨ᠎ᠠ᠃ ᠨᠠᠷᠢᠨ
ᠠᠭᠤᠯᠭ᠎ᠠ ᠶ᠋ᠢ 《ᠤᠤᠯ ᠵᠤᠬᠢᠶᠠᠯ᠎ᠢ ᠦᠵᠡᠬᠦ》(阅读原文)ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠦᠳᠡ᠎ᠵᠢᠨ
ᠬᠣᠭᠣᠯᠠᠨ᠎ᠤ ᠳᠠᠷᠠᠭ᠎ᠠ 30 ᠮᠢᠨᠦ᠋ᠲ ᠣᠷᠴᠢᠮ ᠤᠨᠲᠠᠬᠤ ᠨᠢ ᠶᠠᠳᠠᠷᠠᠭ᠎ᠠ᠎ᠶᠢ ᠲᠠᠢᠯᠵᠦ᠂ ᠲᠠᠮᠢᠷ ᠲᠡᠩᠬᠡᠭᠡ᠎ᠶᠢ
ᠰᠡᠷᠭᠦᠭᠡᠬᠦ᠎ᠳᠦ ᠲᠤᠰᠠᠲᠠᠢ ᠪᠠᠢᠳᠠᠭ᠃ ᠪᠠᠰᠠ ᠵᠣᠬᠢᠬᠤ ᠬᠡᠮᠵᠢᠶ᠎ᠡ᠎ᠪᠡᠷ ᠨᠡᠷᠡᠨ᠎ᠳᠦ ᠡᠭᠡᠭᠡᠵᠦ ᠪᠣᠯᠣᠨ᠎ᠠ᠂
ᠬᠠᠪᠤᠷ ᠵᠤᠨ᠎ᠤ᠋ ᠤᠯᠠᠷᠢᠯ ᠳ᠋ᠤ ᠨᠡᠷᠡᠨᠳ᠋ᠤ ᠡᠬᠡᠬᠡᠬᠦ ᠨᠢ ᠬᠡᠢ ᠴᠢᠰᠤᠨ᠎ᠤ ᠡᠷᠭᠢᠯᠲᠡ ᠳ᠋ᠦ ᠠᠰᠢᠭ᠍ᠲᠠᠢ
ᠪᠠᠢᠵᠦ᠂ ᠴᠤᠭ ᠰᠦᠯᠳᠡ ᠵᠢ ᠪᠠᠳᠠᠷᠠᠭᠤᠯᠳᠠᠭ᠃
ᠵᠠᠯᠭᠠᠭᠠᠳ 《ᠡᠵᠢ ᠳᠠᠯ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)