6 ᠰᠠᠷ᠎ᠠ᠎ᠶᠢᠨ18᠎ᠦ ᠡᠳᠦᠷ
ᠡᠬᠢᠯᠡᠬᠦ᠌ ᠴᠠᠭ᠄
2026-06-18 10:20:31
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

100010101010101010101010101010101010101封面模板0101.jpg


100010101010101010101010101010101010101天气预报模板0101.jpg


100010101010101010101010101010101010101盟市模板0101.jpg


ᠨᠡᠢ᠌ᠭᠡᠮ

✦ 2026 ᠤᠨ᠎ᠤ ᠪᠦᠬᠦ ᠤᠯᠤᠰ᠎ᠤᠨ ᠬᠤᠳᠠ ᠬᠤᠯᠪᠤᠭᠠᠯᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠎ᠢ ᠡᠯᠰᠡᠬᠦ ᠬᠠᠪᠤᠷ᠎ᠤᠨ ᠲᠤᠰᠬᠠᠢ ᠠᠵᠢᠯᠯᠠᠭ᠎ᠠ ᠣᠷᠴᠢᠮᠬᠠᠨ ᠳᠠᠭᠤᠰᠴᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠨᠡᠶ᠋ᠢᠲᠡ 1268 ᠲᠦᠮᠡᠨ ᠠᠵᠢᠯ᠎ᠤᠨ ᠪᠠᠢᠷᠢ ᠬᠠᠩᠭᠠᠪᠠ᠃

✦ ᠰᠤᠷᠭᠠᠨ ᠬᠥᠮᠦᠵᠢᠯ᠎ᠦᠨ ᠶᠠᠮᠤᠨ ᠶᠡᠬᠡ ᠳᠡᠭᠡᠳᠦ ᠰᠤᠷᠭᠠᠭᠤᠯᠢ᠎ᠳᠤ ᠰᠤᠷᠤᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠡᠷᠡᠮᠡᠯᠵᠡᠯ ᠲᠠᠭᠯᠠᠨ ᠮᠡᠳᠡᠭᠦᠯᠬᠦ《ᠶᠠᠩ ᠭᠤᠸᠠᠩ ᡁᠢ ᠶᠤᠸᠠᠨ》ᠭᠡᠬᠦ ᠮᠡᠳᠡᠭᠡ ᠵᠠᠩᠭᠢ᠎ᠶᠢᠨ ᠦᠢᠯᠡᠴᠢᠯᠡᠭᠡᠨ᠎ᠦ ᠰᠢᠰᠲᠧᠮ᠎ᠢ ᠤᠢᠷ᠎ᠠ᠎ᠳᠦ ᠳᠠᠬᠢᠨᠲᠠ ᠳᠡᠰ ᠳᠡᠪᠰᠢᠭᠦᠯᠵᠦ᠂ ᠭᠡᠷ᠎ᠦᠨ ᠠᠬᠠᠮᠠᠳ ᠪᠣᠯᠣᠨ ᠰᠢᠯᠭᠠᠭᠤᠯᠤᠭ᠍ᠴᠢ᠎ᠳᠦ ᠠᠯᠪᠠᠨ᠎ᠤ ᠲᠠᠯ᠎ᠠ᠎ᠶᠢᠨ᠂ ᠦᠨ᠎ᠡ ᠲᠥᠯᠥᠪᠦᠷᠢ ᠦᠭᠡᠢ᠂ ᠴᠢᠨᠠᠷ ᠰᠠᠢᠲᠠᠢ᠂ ᠡᠷᠬᠡ ᠰᠦᠷᠲᠦ ᠮᠡᠳᠡᠭᠡ ᠵᠠᠩᠭᠢ᠎ᠶᠢᠨ ᠦᠢᠯᠡᠴᠢᠯᠡᠭᠡ ᠪᠠ ᠨᠡᠷ᠎ᠡ ᠮᠡᠳᠡᠭᠦᠯᠬᠦ ᠵᠦᠭᠯᠡᠭᠦᠷ ᠬᠠᠩᠭᠠᠬᠤ᠎ᠪᠠᠷ ᠪᠣᠯᠵᠠᠢ᠃

✦ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠠᠬᠢᠭᠤᠯᠬᠤ ᠦᠵᠡᠰᠬᠦᠯᠡᠩ 6 ᠰᠠᠷ᠎ᠠ᠎ᠶᠢᠨ 22 — 26᠎ᠤ ᠡᠳᠦᠷ ᠪᠣᠯᠲᠠᠯ᠎ᠠ ᠪᠡᠭᠡᠵᠢᠩ᠎ᠳᠦ ᠶᠠᠪᠤᠬᠳᠠᠬᠤ ᠪᠡᠷ ᠪᠤᠢ᠃ ᠡᠭᠦᠨ᠎ᠳᠦ ᠮᠠᠨ᠎ᠤ ᠣᠷᠣᠨ《ᠪᠥᠬᠥ ᠬᠡᠯᠬᠢᠶᠡᠵᠢᠯ》᠎ᠢᠶᠠᠷ ᠦᠵᠡᠰᠬᠦᠯᠡᠩ᠎ᠳᠦ ᠣᠷᠣᠯᠴᠠᠬᠤ ᠎ᠶᠢ ᠠᠩᠬ᠎ᠠ ᠤᠳᠠᠭ᠎ᠠ ᠪᠡᠶᠡᠯᠡᠭᠦᠯᠵᠦ᠂ 11 ᠳᠠᠪᠠᠭᠤᠯᠢᠭ᠋ ᠣᠨᠴᠠᠯᠢᠭ᠍ᠲᠤ ᠠᠵᠤ ᠠᠬᠤᠢᠯᠠᠯ᠎ᠢ ᠵᠣᠬᠢᠶᠠᠨ ᠪᠠᠢᠭᠤᠯᠵᠤ ᠦᠵᠡᠰᠬᠦᠯᠡᠩ᠎ᠳᠦ ᠣᠷᠣᠯᠴᠠᠭᠤᠯᠬᠤ᠎ᠪᠠᠷ ᠪᠣᠢ᠃

✦ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠬᠢᠨ ᠤᠢᠷ᠎ᠠ᠎ᠳᠤ ᠠᠯᠪᠠᠨ ᠵᠠᠷᠯᠠᠯ ᠨᠡᠢᠲᠡᠯᠡᠵᠦ᠂ 6 ᠰᠠᠷ᠎ᠠ᠎ᠶᠢᠨ 22 ᠎ᠤᠨ ᠡᠳᠦᠷ᠎ᠦᠨ ᠳᠡᠭ ᠴᠠᠭ᠎ᠠᠴᠠ ᠡᠬᠢᠯᠡᠨ ᠵᠠᠮ ᠬᠠᠷᠢᠯᠴᠠᠭᠠᠨ᠎ᠤ ᠮᠡᠷᠭᠡᠵᠢᠯ᠎ᠦᠨ ᠬᠢᠨᠠᠨ ᠡᠵᠡᠮᠳᠡᠬᠦ 12 ᠲᠥᠬᠦᠭᠡᠷᠦᠮᠵᠢ᠎ᠶᠢ ᠡᠬᠢᠯᠡᠨ ᠬᠡᠷᠡᠭᠯᠡᠵᠦ᠂ ᠤᠯᠠᠭᠠᠨ ᠳ᠋ᠧᠩ᠎ᠢ ᠬᠠᠢᠬᠤᠷᠤᠯ ᠦᠭᠡᠢ ᠠᠶᠠᠯᠠᠬᠤ᠂ ᠮᠠᠰᠢᠨ ᠲᠡᠷᠭᠡ ᠵᠢᠯᠤᠭᠣᠳᠴᠤ ᠪᠠᠢᠭᠠᠳ ᠭᠠᠷ ᠤᠲᠠᠰᠤ ᠲᠤᠰᠬᠤ᠂ ᠠᠮᠤᠷ ᠲᠦᠪᠰᠢᠨ᠎ᠦ ᠪᠦᠰᠡ᠎ᠪᠡᠨ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ᠎ᠤ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠰᠡᠭᠦᠳᠡᠷᠯᠡᠬᠦ᠎ᠪᠡᠷ ᠪᠣᠢ᠃

✦ ᠬᠦᠬᠡᠬᠤᠳᠠ ᠬᠤᠳᠠ ᠵᠢᠨ ᠠᠷᠠᠳ᠎ᠲᠦ ᠤᠷᠤᠨ᠎ᠤ ᠭᠠᠳᠠᠨᠠᠬᠢ ᠨᠡᠷᠡᠳᠤ ᠡᠮᠨᠡᠯᠭᠡ᠎ᠶᠢᠨ ᠬᠤᠷᠢᠶ᠎ᠠ ᠵᠢᠨ ᠲᠤᠰᠬᠠᠢ ᠮᠡᠷᠭᠡᠵᠢᠯᠲᠡᠨ᠎ᠤ ᠣᠨᠣᠰᠢᠯᠠᠨ ᠡᠮᠴᠢᠯᠡᠬᠦ ᠦᠢᠯᠡᠴᠢᠯᠡᠭᠡ ᠵᠢ ᠬᠠᠩᠭᠠᠬᠤ ᠵᠢᠨ ᠲᠦᠯᠦᠭᠡ᠂ 6 ᠰᠠᠷ᠎ᠠ ᠵᠢᠨ 15 — 21᠎ᠦ ᠡᠳᠦᠷ ᠪᠣᠯᠲᠠᠯ᠎ᠠ ᠪᠡᠭᠡᠵᠢᠩ᠎ᠦᠨ ᠣᠯᠠᠨ ᠡᠮᠨᠡᠯᠭᠡ᠎ᠶᠢᠨ ᠬᠣᠷᠢᠶ᠎ᠠ᠎ᠡᠴᠡ ᠲᠤᠰᠬᠠᠢ ᠮᠡᠷᠭᠡᠵᠢᠯᠲᠡᠳ᠎ᠵᠠᠯᠠᠵᠤ᠂ ᠥᠪᠥᠷ ᠮᠣᠩᠭᠣᠯ᠎ᠤᠨ ᠭᠤᠷᠪᠠᠳᠤᠭᠠᠷ ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ  ᠬᠢᠲᠠᠳ ᠮᠣᠩᠭᠣᠯ ᠡᠮ ᠡᠮᠨᠡᠯᠭᠡ᠎ᠶᠢᠨ ᠰᠤᠳᠤᠯᠭᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭᠠᠭᠤᠯᠢ᠎ᠶᠢᠨ ᠬᠠᠪᠤᠳᠠᠷ᠎ᠤᠨ ᠡᠮᠨᠡᠯᠭᠡ᠎ᠶᠢᠨ ᠬᠤᠷᠢᠶ᠎ᠠ ᠵᠢᠨ ᠥᠪᠥᠷ ᠮᠣᠩᠭᠣᠯ᠎ᠤᠨ  ᠡᠮᠨᠡᠯᠭᠡ᠎ᠶᠢᠨ ᠬᠣᠷᠢᠶ᠎ᠠ ᠵᠡᠷᠭᠡ ᠭᠠᠵᠠᠷ᠎ᠲᠤ ᠡᠮᠴᠢᠯᠡᠭᠡ ᠬᠢᠬᠦ ᠪᠤᠯᠤᠨ᠎ᠠ᠃

✦ 6 ᠰᠠᠷ᠎ᠠ ᠵᠢᠨ 15᠎ᠤ ᠡᠳᠦᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ ᠎ᠶᠢᠨ ᠬᠤᠭᠤᠴᠠᠭᠠᠨ᠎ᠤ  ᠴᠠᠬᠢᠯᠭᠠᠨ ᠲᠣᠣᠷ᠎ᠤᠨ ᠭᠣᠣᠯᠳᠠᠯᠭ᠎ᠠ ᠲᠠᠢ ᠲᠥᠷᠥᠯ ᠵᠦᠢᠯ ᠪᠣᠯᠬᠤ ᠤᠷᠠᠳ᠎ᠤᠨ ᠬᠣᠢᠲᠤ ᠬᠣᠰᠢᠭᠤᠨ᠎ᠤ 500 ᠺᠢᠯᠦᠸᠠᠲ᠎ᠤᠨ ᠭᠣᠣᠯ ᠬᠦᠴᠦᠳᠡᠯ ᠬᠤᠪᠢᠰᠬᠠᠭᠤᠷ᠎ᠢ  ᠥᠷᠭᠡᠳᠬᠡᠨ ᠪᠠᠶ᠋ᠢᠭᠤᠯᠬᠤ ᠪᠠ ᠪᠣᠷᠣᠳᠣᠬᠣᠢ ᠬᠦᠷᠬᠦ  ᠬᠤᠶᠠᠳᠤᠭᠠᠷ ᠱᠤᠭᠤᠮ᠎ᠤᠨ ᠲᠦᠷᠦᠯ ᠵᠤᠢᠯ᠎ᠢ ᠲᠣᠣᠷ᠎ᠲᠤ ᠨᠡᠢᠯᠡᠭᠦᠯᠦᠨ ᠴᠠᠬᠢᠯᠭᠠᠨ ᠬᠦᠷᠭᠡᠪᠡ᠃

✦ ᠤᠢᠷ᠎ᠠ ᠵᠢᠨ ᠡᠳᠤᠷ ᠰᠢᠯᠢ ᠵᠢᠨ ᠭᠤᠤᠯ ᠠᠢᠮᠠᠭ᠎ᠤᠨ ᠰᠦᠨᠢᠳ ᠵᠡᠬᠦᠨ ᠬᠤᠰᠢᠭᠤᠨ᠎ᠤ 《ᠶᠡᠬᠡ ᠰᠠᠢᠨ》 ᠮᠠᠯ ᠠᠵᠤ ᠠᠬᠤᠢ ᠵᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠢᠨ 《ᠶᠡᠬᠡ ᠰᠠᠢᠨ》 ᠮᠠᠯ᠎ᠤᠨ ᠡᠮ᠎ᠤᠨ ᠳᠡᠯᠭᠡᠭᠦᠷ ᠨᠢ 《ᠪᠦᠬᠦ ᠤᠯᠤᠰ᠎ᠤᠨ ᠠᠵᠢᠯᠴᠢᠨ᠎ᠤ ᠬᠤᠰᠢᠭᠤᠴᠢ ᠨᠡᠷᠡᠮᠵᠢᠳᠤ》 ᠢᠷᠠᠭᠤ ᠠᠯᠳᠠᠷ᠎ᠤᠨ ᠦᠨᠡᠮᠯᠡᠯ᠎ᠢ ᠭᠠᠷᠳᠠᠪᠠ᠃

✦ 6 ᠰᠠᠷ᠎ᠠ ᠎ᠶᠢᠨ 16᠎ᠤ ᠡᠳᠦᠷ᠂ ᠠᠷᠤ ᠬᠣᠷᠴᠢᠨ ᠬᠣᠰᠢᠭᠤ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠣᠯᠭᠠᠨ ᠪᠠᠴᠢᠮ ᠪᠠᠢᠳᠠᠯ᠎ᠢ ᠠᠷᠭᠠᠴᠠᠭᠠᠵᠤ ᠴᠢᠳᠠᠬᠤ — ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠶ᠎ᠡ》᠎ᠪᠡᠷ ᠭᠣᠣᠯ ᠰᠡᠳᠦᠪ ᠪᠣᠯᠭᠠᠭᠰᠠᠨ ᠠᠶᠤᠯᠭᠦᠢ ᠦᠢᠯᠡᠳᠪᠦᠷᠢᠯᠡᠯ᠎ᠦᠨ ᠤᠬᠠᠭᠤᠯᠭ᠎ᠠ ᠯᠠᠪᠯᠠᠭ᠎ᠠ᠎ᠶᠢᠨ ᠡᠳᠦᠷ᠎ᠦᠨ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ᠎ᠦ ᠮᠡᠳᠡᠯᠭᠡ᠎ᠶᠢ ᠪᠦᠬᠥ ᠲᠠᠯ᠎ᠠ᠎ᠪᠠᠷ ᠲᠦᠭᠡᠮᠡᠯᠵᠢᠭᠦᠯᠦᠨ᠂ ᠪᠦᠬᠥ ᠠᠷᠠᠳ᠎ᠤᠨ ᠠᠮᠤᠷ ᠲᠦᠪᠰᠢᠨ᠎ᠦ ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃

✦ ᠤᠢᠷ᠎ᠠ᠎ᠳᠤ ᠰᠦᠨᠢᠳ ᠪᠠᠷᠠᠭᠤᠨ ᠬᠣᠰᠢᠭᠤ 2026 ᠣᠨ᠎ᠤ 《ᠲᠤᠰᠬᠠᠢ ᠲᠠᠯᠠᠪᠠᠢ᠎ᠪᠠᠷ ᠠᠵᠢᠯ᠎ᠤᠨ ᠪᠠᠢᠷᠢ ᠬᠦᠷᠭᠡᠵᠦ᠂ ᠠᠶᠠᠯᠠᠯ᠎ᠢᠶᠠᠨ ᠡᠬᠢᠯᠡᠭᠦᠯᠬᠦ᠎ᠳᠦ ᠬᠦᠴᠦᠨ ᠨᠡᠮᠡᠷᠢᠯᠡᠬᠦ》 ᠲᠤᠬᠠᠢ᠎ᠶᠢᠨ ᠲᠠᠯᠠᠪᠠᠢ᠎ᠶᠢᠨ ᠠᠵᠢᠯᠲᠠᠨ ᠡᠯᠰᠡᠬᠦ ᠴᠤᠭᠯᠠᠭᠠᠨ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ᠎ᠦ ᠠᠵᠢᠯ ᠡᠷᠢᠬᠦ᠎ᠳᠦ ᠬᠣᠯᠠ᠂ ᠠᠵᠤ ᠠᠬᠤᠢᠯᠠᠯ᠎ᠤᠨ ᠠᠵᠢᠯᠴᠢᠨ ᠡᠯᠰᠡᠬᠦ᠎ᠳᠦ ᠬᠦᠴᠢᠷᠲᠡᠢ ᠪᠠᠢᠬᠤ ᠠᠰᠠᠭᠤᠳᠠᠯ ᠎ᠢ ᠦᠨᠡᠨ ᠬᠦ᠌ ᠰᠢᠢᠳᠪᠦᠷᠢᠯᠡᠵᠦ᠂ ᠠᠵᠢᠯ ᠣᠯᠭᠣᠬᠤ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠨ᠂ ᠤᠯᠠᠨ ᠲᠦᠮᠡᠨ᠎ᠦ ᠳᠡᠷᠭᠡᠳᠡ ᠬᠦᠷᠭᠡᠭᠰᠡᠨ ᠪᠠᠢᠨ᠎ᠠ᠃

✦ 6 ᠰᠠᠷ᠎ᠠ᠎ᠶᠢᠨ 15᠎ᠤ ᠡᠳᠦᠷ᠂ ᠣᠯᠠᠨ ᠲᠦᠮᠡᠨ᠎ᠦ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠶᠢ ᠢᠯᠭᠠᠨ ᠲᠠᠨᠢᠬᠤ ᠪᠠ ᠰᠡᠷᠭᠡᠢᠯᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ ᠰᠢᠯᠤᠭᠤᠨ ᠬᠥᠬᠡ ᠬᠣᠰᠢᠭᠤᠨ᠎ᠤ 2026 ᠣᠨ᠎ᠤ ᠬᠠᠤᠯᠢ ᠪᠤᠰᠤ ᠮᠥᠩᠭᠥᠨ ᠭᠦᠢᠯᠭᠡᠭᠡ ᠵᠢ ᠰᠡᠷᠭᠡᠢᠯᠡᠬᠦ ᠤᠬᠠᠭᠤᠯᠭ᠎ᠠ᠎ᠶᠢᠨ ᠠᠵᠢᠯᠯᠠᠭ᠎ᠠ ᠬᠤᠪᠢᠯᠠᠢ ᠠᠭᠤᠳᠠᠮ ᠲᠠᠯᠠᠪᠠᠢ᠎ᠳᠤ ᠶᠠᠪᠤᠭᠳᠠᠪᠠ᠃

 

ᠰᠣᠶᠣᠯ

✦ ᠬᠦᠯᠦᠨ ᠪᠤᠢᠷ ᠬᠤᠳᠠ ᠵᠢᠨ ᠳᠤᠯᠤᠳᠤᠭᠠᠷ ᠪᠦᠯᠦᠭ ᠬᠤᠳᠠ ᠵᠢᠨ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭ᠍ᠴᠢᠳ᠎ᠢ ᠰᠢᠯᠭᠠᠷᠠᠭᠤᠯᠬᠤ ᠠᠵᠢᠯ᠎ᠤᠨ ᠳᠤᠮᠳᠠ᠂ ᠰᠢᠨ᠎ᠡ ᠪᠠᠷᠭᠤ ᠪᠠᠷᠠᠭᠤᠨ ᠬᠣᠰᠢᠭᠤᠨ᠎ᠠᠴᠠ 6 ᠬᠥᠮᠥᠨ ᠬᠣᠰᠢᠭᠤᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠪᠯᠡᠨ ᠤᠯᠠᠮᠵᠢᠯᠠᠭ᠍ᠴᠢ᠎ᠠᠴᠠ᠎ᠪᠠᠨ

ᠬᠥᠯᠥᠨ ᠪᠤᠢᠷ ᠬᠣᠲᠠ᠎ᠶᠢᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭ᠍ᠴᠢ᠎ᠪᠠᠷ ᠦᠨᠡᠯᠡᠭᠳᠡᠵᠦ᠂ ᠪᠦᠬᠦ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠥᠪᠯᠡᠨ ᠤᠯᠠᠮᠵᠢᠯᠠᠬᠤ  ᠦᠢᠯᠡᠰ ᠎ᠲᠤ ᠳᠠᠬᠢᠨᠲᠠ ᠭᠣᠣᠯᠯᠠᠬᠤ ᠬᠦᠴᠦᠨ ᠨᠡᠮᠡᠷᠢᠯᠡᠪᠡ᠃  

✦ 6 ᠰᠠᠷ᠎ᠠ ᠎ᠶᠢᠨ 15 ᠎ᠤ ᠡᠳᠦᠷ᠂ ᠤᠯᠠᠭᠠᠨᠬᠠᠳᠠ᠎ᠶᠢᠨ ᠦᠨᠳᠦᠰᠦᠲᠡᠨ᠎ᠦ ᠬᠡᠯᠡ᠎ᠪᠡᠷ ᠺᠢᠨᠣ᠋ ᠵᠦᠴᠦᠭᠡ ᠣᠷᠴᠢᠭᠤᠯᠤᠨ ᠦᠢᠯᠡᠳᠬᠦ ᠲᠥᠪ᠎ᠦᠨ ᠺᠢᠨᠣ᠋ ᠦᠵᠡᠭᠦᠯᠭᠡ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ ᠵᠢᠨ ᠠᠩᠬᠠᠨ᠎ᠤ ᠲᠠᠯᠠᠪᠠᠢ ᠠᠵᠢᠯᠯᠠᠭ᠎ᠠ ᠨᠢ ᠪᠠᠭᠠᠷᠢᠨ ᠪᠠᠷᠠᠭᠤᠨ ᠬᠣᠰᠢᠭᠤᠨ᠎ᠤ ᠪᠣᠷᠣᠠᠤᠰᠤ ᠭᠣᠣᠯ ᠪᠠᠭ᠎ᠠ ᠰᠤᠷᠭᠠᠭᠤᠯᠢ᠎ᠳᠤ ᠶᠠᠪᠤᠭᠳᠠᠪᠠ᠃

✦ ᠣᠢᠷ᠎ᠠ᠎ᠳᠤ ᠬᠠᠩᠭᠢᠨ ᠬᠣᠰᠢᠭᠤᠨ᠎ᠤ 2026 ᠣᠨ᠎ᠤ 《ᠦᠨᠳᠦᠰᠦᠲᠡᠨ᠎ᠦ ᠪᠦᠯᠬᠦᠮᠳᠡᠯ ᠬᠤᠨᠳᠠᠭᠠᠲᠤ》 ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠤᠯᠠᠮᠵᠢᠯᠠᠯᠲᠤ ᠢᠷᠦᠭᠡᠯ ᠮᠠᠭᠲᠠᠭᠠᠯ᠎ᠤᠨ ᠪᠣᠯᠪᠠᠰᠤᠷᠠᠯ ᠵᠢᠴᠢ ᠱᠠᠩᠨᠠᠯᠲᠤ ᠤᠷᠤᠯᠳᠤᠭᠠᠨ ᠬᠠᠩᠭᠢᠨ ᠬᠣᠰᠢᠭᠤᠨ᠎ᠤ ᠠᠷᠪᠠᠳᠤᠭᠠᠷ ᠬᠡᠦᠬᠡᠳ᠎ᠦᠨ ᠴᠡᠴᠡᠷᠯᠢᠭ᠎ᠲᠦ ᠶᠠᠪᠤᠬᠳᠠᠪᠠ᠃

✦ 6 ᠰᠠᠷ᠎ᠠ ᠵᠢᠨ15᠎ᠤ ᠡᠳᠦᠷ᠂ ᠪᠠᠶᠠᠠᠨᠠᠭᠤᠷ ᠬᠣᠲᠠ᠎ᠶᠢᠨ 2026 ᠣᠨ᠎ᠤ ᠳᠦᠷᠢᠮᠵᠢᠭᠰᠡᠨ ᠬᠢᠲᠠᠳ ᠦᠰᠦᠭ᠎ᠦᠨ ᠰᠣᠨᠣᠰᠴᠤ ᠪᠢᠴᠢᠬᠦ ᠤᠷᠤᠯᠳᠤᠭᠠᠨ ᠯᠢᠨᠾᠧ ᠲᠣᠭᠣᠷᠢᠭ᠋᠎ᠤᠨ ᠎ᠶᠢᠨ ᠴᠤᠸᠠᠨ ᠰᠤᠷᠭᠠᠭᠤᠯᠢ᠎ᠳᠤ ᠶᠠᠪᠤᠭᠳᠠᠪᠠ᠃


ᠲᠠᠮᠢᠷ

✦ ᠤᠢᠷ᠎ᠠ᠎ᠳᠤ ᠠᠪᠠᠭ᠎ᠠ ᠬᠣᠰᠢᠭᠤᠨ᠎ᠤ ᠠᠩᠬᠠᠳᠤᠭᠠᠷ ᠤᠳᠠᠭᠠᠨ᠎ᠤ ᠬᠤᠰᠢᠭᠤ ᠠᠯᠳᠠᠷᠲᠤ ᠤᠷᠭᠠᠴᠢᠨ ᠰᠢᠯᠭᠠᠷᠠᠭᠤᠯᠬᠤ ᠠᠳᠤᠭᠤᠨ ᠰᠣᠶᠣᠯ᠎ᠤᠨ ᠨᠠᠭᠠᠳᠤᠮ ᠶᠡᠬᠡᠭᠤᠤᠯ ᠰᠤᠮᠤᠨ᠎ᠦ ᠪᠤᠯᠠᠭ᠎ᠤᠨ ᠣᠪᠣᠭ᠎ᠠ ᠭᠠᠴᠠᠭᠠᠨ᠎ᠳᠤ ᠬᠥᠭᠵᠢᠶᠡᠨ᠎ᠲᠠᠢ ᠶᠠᠪᠤᠬᠳᠠᠪᠠ᠃ ᠪᠥᠬᠥ ᠬᠣᠰᠢᠭᠤᠨ᠎ᠤ ᠮᠣᠷᠢ ᠤᠷᠭᠠᠯᠠᠬᠤ᠂ ᠡᠮᠨᠢᠭ ᠰᠤᠷᠭᠠᠬᠤ᠂ ᠠᠳᠤᠭᠤᠨ᠎ᠳᠤ ᠪᠠᠬᠠᠳᠠᠢ ᠬᠦᠮᠦᠰ ᠬᠦᠴᠦ ᠬᠤᠷᠳᠤ ᠰᠢᠨᠳᠠᠰᠤ ᠰᠢᠯᠭᠠᠬᠰᠠᠨ ᠨᠢᠵᠢᠬᠢᠷ ᠨᠠᠭᠠᠳᠤᠮ ᠪᠤᠯᠵᠤ᠂ ᠬᠦᠮᠦᠨ ᠠᠷᠠᠳ ᠵᠢᠡᠨ ᠪᠠᠶᠠᠰᠬᠠᠯ᠎ᠠ᠃


ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 16᠎ᠤ ᠡᠳᠦᠷ ᠬᠡᠯᠡᠬᠦ᠎ᠳᠡᠭᠡᠨ᠂ 19 ᠎ᠦ ᠡᠳᠦᠷ᠎ᠡᠴᠡ ᠡᠮᠦᠨ᠎ᠡ ᠬᠤᠷᠮᠤᠽ ᠬᠣᠭᠣᠯᠠᠢ᠎ᠶᠢ ᠪᠥᠬᠥ ᠲᠠᠯ᠎ᠠ᠎ᠪᠠᠷ ᠳᠠᠬᠢᠨ ᠨᠡᠭᠡᠭᠡᠬᠦ ᠪᠣᠯᠣᠨ᠎ᠠ ᠭᠡᠵᠡᠢ᠃


ᠦᠢ᠍ᠯᠡᠴᠢᠯᠡᠭᠡ

✦ ᠦᠪᠤᠷ ᠮᠤᠩᠭᠤᠯ᠎ᠤᠨ ᠤᠷᠠᠯᠢᠭ ᠵᠦᠴᠦᠭᠡ ᠵᠢᠨ ᠬᠦᠷᠢᠶᠡᠯᠡᠩ ᠠᠵᠢᠯᠳᠠᠨ ᠡᠯᠰᠡᠬᠦ ᠪᠡᠷ ᠪᠤᠢ᠃ 

 

ᠲᠠᠨ᠎ᠤ ᠲᠤᠰᠠ᠎ᠳᠤ

✦ ᠪᠡᠶ᠎ᠡ ᠪᠡᠨ ᠪᠤᠯᠪᠠᠰᠤᠷᠠᠬᠤ ᠬᠠᠮᠤᠭ᠎ᠤᠨ ᠳᠤᠬᠢᠷᠠᠮᠵᠢᠳᠠᠢ ᠴᠠᠭ —

ᠰᠢᠷ᠎ᠠ ᠪᠦᠷᠦᠢ ᠵᠢᠨ ᠦᠶ᠎ᠡ ᠪᠡᠷ ᠪᠡᠶ᠎ᠡ ᠮᠠᠬᠠᠪᠤᠳ ᠵᠢᠡᠨ ᠪᠤᠯᠪᠠᠰᠤᠷᠠᠭᠤᠯᠪᠠᠯ ᠬᠠᠮᠤᠭ ᠰᠠᠢᠨ ᠪᠠᠢᠳᠠᠭ᠃ ᠡᠨᠡ ᠦᠶ᠎ᠡ᠎ᠳᠤ ᠬᠠᠷᠠᠭᠠᠨ ᠰᠡᠷᠡᠯ᠂ ᠰᠤᠨᠤᠰᠬᠤ ᠰᠡᠷᠡᠯ ᠪᠦᠷ ᠬᠠᠮᠤᠭ᠎ᠤᠨ ᠰᠤᠷᠭᠤᠭ ᠦᠶ᠎ᠡ᠎ᠳᠡᠭᠡᠨ ᠪᠠᠢᠵᠤ᠂ ᠪᠦᠬᠦ ᠪᠡᠶ᠎ᠡ ᠵᠢᠨ ᠵᠤᠬᠢᠴᠠᠭᠤᠯᠬᠤ ᠴᠢᠳᠠᠪᠤᠷᠢ ᠬᠠᠮᠤᠭ ᠴᠢᠩᠭ᠎ᠠ ᠪᠠᠢᠵᠤ᠂ ᠤᠨᠴᠠᠭᠠᠢᠯᠠᠨ ᠵᠢᠷᠦᠬᠡᠨ᠎ᠤ ᠬᠡᠮᠨᠡᠯ ᠪᠤᠯᠤᠨ ᠴᠢᠰᠤᠨ᠎ᠤ ᠳᠠᠷᠤᠯᠳᠠ ᠪᠦᠷ ᠳᠤᠬᠳᠠᠭᠤᠨ ᠪᠠᠢᠳᠠᠭ ᠳᠤᠯᠠ ᠪᠡᠶ᠎ᠡ ᠪᠤᠯᠪᠠᠰᠤᠷᠠᠭᠤᠯᠬᠤ᠎ᠳᠤ ᠮᠠᠰᠢ ᠳᠤᠬᠢᠷᠠᠮᠵᠢᠳᠠᠢ ᠪᠠᠢᠳᠠᠭ᠃

ᠵᠠᠯᠭᠠᠭᠠᠳ 《ᠠᠪᠤ ᠡᠵᠢ ᠰᠢᠭ ᠰᠠᠢᠬᠠᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号