6 ᠰᠠᠷ᠎ᠠ ᠵᠢᠨ 21 ᠎ᠤ ᠡᠳᠤᠷ
ᠡᠬᠢᠯᠡᠬᠦ᠌ ᠴᠠᠭ᠄
2026-06-21 12:40:09
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄

01封面模板(2)_01.jpg


ᠨᠡᠢᠭᠡᠮ                                   

✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠮᠡᠳᠡᠭᠡ᠎ᠶᠢ ᠦᠨᠳᠦᠰᠦᠯᠡᠪᠡᠯ᠂ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠠᠮᠠᠷᠠᠯᠲᠠ᠎ᠶᠢᠨ ᠡᠬᠢᠨ᠎ᠦ ᠡᠳᠦᠷ ( 6 ᠰᠠᠷ᠎ᠠ᠎ᠶᠢᠨ 19 ᠎ᠦ ᠡᠳᠦᠷ ) ᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠨ ᠰᠢᠯᠵᠢᠭᠰᠡᠨ ᠬᠥᠮᠥᠨ᠎ᠤ ᠲᠤᠭ᠎ᠠ ᠪᠠᠷᠤᠭ 2.35 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.9%᠎ᠪᠠᠷ ᠨᠡᠮᠡᠭᠳᠡᠪᠡ᠃ ᠡᠭᠦᠨ᠎ᠳᠦ ᠲᠡᠮᠦᠷ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶᠢᠨ ᠬᠡᠮᠵᠢᠶ᠎ᠡ 1970 ᠲᠦᠮᠡᠨ ᠬᠥᠮᠥᠨ ᠤᠳᠠᠭ᠎ᠠ᠎ᠶᠢ ᠳᠠᠪᠠᠪᠠ᠃

✦ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠮᠡᠳᠡᠭᠡ᠎ᠵᠢ ᠦᠨᠳᠦᠰᠦᠯᠡᠪᠡᠯ᠂ ᠡᠨᠡ ᠵᠢᠯ᠎ᠦᠨ 6 ᠰᠠᠷ᠎ᠠ᠎ᠳᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠢᠭᠡᠳᠦᠯᠲᠡᠢ ᠲᠦᠷᠦᠯ ᠲᠡᠮᠳᠡᠭ᠎ᠢ ᠬᠡᠷᠡᠭᠯᠡᠭᠡᠳ ᠪᠦᠬᠦᠯᠢ 10 ᠵᠢᠯ ᠪᠣᠯᠵᠠᠢ᠃ 2016 — 2025 ᠣᠨ ᠪᠣᠯᠲᠠᠯ᠎ᠠ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠵᠢᠯ᠎ᠦᠨ ᠠᠶᠠᠯᠠᠯ᠎ᠤᠨ ᠬᠡᠮᠵᠢᠶ᠎ᠡ 10.8 ᠳᠠᠬᠢᠨ ᠨᠡᠮᠡᠭᠳᠡᠪᠡ᠃

✦ᠡᠨᠡ ᠵᠢᠯ ᠣᠯᠠᠨ ᠰᠢᠨ᠎ᠡ ᠬᠡᠯᠪᠡᠷᠢ᠎ᠶᠢᠨ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠬᠡᠪᠴᠢᠶ᠎ᠡ ᠪᠠ ᠰᠣᠷᠣᠭ᠍ᠴᠢ ᠡᠯᠰᠡᠬᠦ ᠬᠡᠪᠴᠢᠶ᠎ᠡ᠎ᠪᠡᠨ ᠥᠷᠭᠡᠳᠬᠡᠬᠦ᠎ᠶᠢᠨ ᠬᠠᠮᠲᠤ ᠨᠢᠭᠡ ᠪᠦᠯᠦᠭ ᠰᠢᠨ᠎ᠡ ᠲᠤᠰᠬᠠᠢ ᠮᠡᠷᠭᠡᠵᠢᠯ ᠨᠡᠮᠡᠬᠦ᠎ᠪᠡᠷ ᠪᠤᠢ᠃

✦ᠤᠢᠷ᠎ᠠ᠎ᠳᠦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ 《ᠲᠠᠪᠴᠠᠩ᠎ᠤᠨ ᠠᠵᠤ ᠠᠬᠤᠢ᠎ᠶᠢᠨ ᠲᠣᠮᠣ᠌ ᠳᠤᠮᠳᠠ ᠵᠢᠵᠢᠭ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠶᠢ ᠠᠬᠢᠭᠤᠯᠬᠤ ᠠᠵᠢᠯᠯᠠᠭ᠎ᠠ᠎ᠵᠢᠨ ᠲᠥᠰᠥᠯ ( 2026 — 2028 ᠣᠨ ) 》 ᠎ᠢ ᠳᠠᠷᠤᠮᠠᠯᠯᠠᠨ ᠲᠠᠷᠬᠠᠭᠠᠪᠠ᠃

✦18᠎ᠤ ᠡᠳᠦᠷ᠂ ᠮᠠᠨ᠎ᠤ ᠤᠷᠤᠨ᠎ᠤ ᠠᠷᠪᠠᠳᠤᠭᠠᠷ ᠵᠦᠢᠯ᠎ᠦᠨ ᠣᠨᠴᠠ ᠥᠨᠳᠥᠷ ᠳᠠᠷᠤᠯᠲᠠᠲᠤ ᠨᠡᠪᠲᠡᠷᠡᠬᠦ ᠵᠠᠮ ᠪᠣᠯᠬᠤ ᠳᠠᠯᠠᠳ ᠬᠤᠰᠢᠭᠤ — ᠥᠪᠥᠷ ᠮᠣᠩᠭᠣᠯ᠎ᠤᠨ ᠪᠠᠷᠠᠭᠤᠨ ᠬᠡᠰᠡᠭ᠎ᠬᠦᠷᠬᠦ 1000 ᠺᠢᠯᠦᠸᠠᠲ᠎ᠤᠨ ᠬᠤᠪᠢᠰᠤᠮᠠᠯ ᠭᠦᠶᠦᠳᠡᠯᠲᠦ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠠᠷᠢᠯᠭ᠎ᠠ ᠡᠬᠢᠯᠡᠪᠡ᠃

✦ᠲᠦᠷᠦᠭᠦᠬᠡᠨ ᠪᠠᠶᠠᠨᠨᠠᠭᠤᠷ ᠬᠤᠲᠠ᠎ᠵᠢᠨ ᠬᠢᠯᠢ ᠳᠠᠭᠠᠤ ᠨᠡᠭᠡᠭᠡᠯᠲᠡ ᠬᠢᠬᠦ ᠭᠣᠣᠯᠳᠠᠯᠭ᠎ᠠ᠎ᠲᠠᠢ ᠢᠨᠵᠧᠨᠧᠷᠢᠩ ᠪᠤᠯᠬᠤ ᠭᠠᠭᠴᠠᠮᠣᠳᠤ ᠪᠣᠭᠣᠮᠲᠠ᠎ᠶᠢᠨ ᠤᠯᠤᠰ᠎ᠤᠨ ᠡᠭᠦᠳᠡ ᠵᠢᠴᠢ ᠢᠵᠢ ᠪᠦᠷᠢᠳᠦᠭᠦᠯᠬᠦ ᠴᠢᠳᠠᠮᠵᠢ ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠎ᠦᠨ ᠭᠣᠣᠯ ᠴᠣᠭᠴᠠ᠎ᠶᠢᠨ ᠪᠠᠷᠢᠯᠭ᠎ᠠ ᠵᠢᠨ ᠠᠵᠢᠯ ᠳᠠᠭᠤᠰᠪᠠ᠃

 

ᠠᠵᠤ ᠠᠬᠤᠢ  

✦19 ᠎ᠦ ᠡᠳᠦᠷ᠂ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ ᠎ᠤ ᠠᠮᠠᠷᠠᠯᠲᠠ᠎ᠵᠢᠨ ᠲᠦᠷᠦᠭᠦᠦ ᠡᠳᠦᠷ᠎ᠦᠨ ᠺᠢᠨᠣ᠋᠎ᠶᠢᠨ ᠪᠢᠯᠧᠲ᠎ᠦᠨ ᠪᠦᠬᠦ ᠣᠷᠣᠯᠭ᠎ᠠ ( ᠤᠷᠢᠳᠴᠢᠯᠠᠨ ᠬᠤᠳᠠᠯᠳᠤᠭᠰᠠᠨ ᠪᠢᠯᠸᠲ᠎ᠢ ᠪᠠᠭᠲᠠᠭᠠᠨ᠎ᠠ ) 2 ᠳ᠋ᠦᠩᠰᠢᠭᠤᠷ ᠲᠥᠭᠥᠷᠢᠭ᠎ᠢ ᠳᠠᠪᠠᠪᠠ᠃

 

ᠰᠤᠶᠤᠯ 

✦ᠤᠢᠷ᠎ᠠ ᠎ᠳᠤ ᠭᠤᠴᠢᠨ ᠬᠣᠶᠠᠳᠤᠭᠠᠷ ᠬᠤᠭᠤᠴᠠᠭᠠᠨ᠎ᠤ ᠪᠡᠭᠡᠵᠢᠩ ᠎ᠦᠨ ᠣᠯᠠᠨ ᠤᠯᠤᠰ᠎ᠤᠨ ᠨᠣᠮ ᠎ᠤᠨ ᠦᠵᠡᠰᠬᠦᠯᠡᠩ ᠪᠡᠭᠡᠵᠢᠩ᠎ᠦᠨ ᠤᠯᠤᠰ ᠎ᠤᠨ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠪᠠ᠃

 

ᠲᠠᠮᠢᠷ

✦19 ᠎ᠦ ᠡᠳᠦᠷ᠂ 2026 ᠣᠨ᠎ᠤ ᠪᠥᠬᠥ ᠤᠯᠤᠰ ᠎ᠤᠨ ᠤᠮᠪᠠᠯᠲᠠ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠎ᠤ ᠡᠷᠡᠭᠲᠡᠢ᠎ᠶᠢᠨ 100 ᠮᠧᠲᠷ ᠎ᠦᠨ ᠡᠷᠪᠡᠬᠡᠢ ᠤᠮᠪᠠᠯᠲᠠ ᠎ᠶᠢᠨ ᠰᠢᠢᠳᠪᠦᠷᠢᠲᠦ ᠤᠷᠤᠯᠳᠤᠭᠠᠨ᠎ᠳᠤ᠂ ᠱᠠᠨᠳᠦ᠋ᠩ᠎ᠦᠨ ᠠᠩᠭᠢ᠎ᠶᠢᠨ ᠲᠠᠮᠢᠷᠴᠢᠨ ᠰᠢᠦᠢ ᠹᠠᠩ 50 ᠰᠧᠺᠦ᠋ᠨ᠋ᠳ᠋ 73 ᠵᠢᠨ ᠬᠢᠷᠢ ᠪᠦᠲᠦᠮᠵᠢ᠎ᠪᠡᠷ ᠮᠠᠩᠯᠠᠢᠯᠠᠵᠤ᠂ ᠪᠥᠬᠥ ᠤᠯᠤᠰ᠎ᠤᠨ ᠲᠡᠮᠳᠡᠭᠯᠡᠯ᠎ᠢ ᠡᠭᠦᠳᠪᠡ᠃

✦2026 ᠪᠤᠭᠤᠲᠤ᠎ᠶᠢᠨ ᠡᠮᠦᠨᠡᠲᠦ ᠳᠠᠯᠠᠢ᠎ᠶᠢᠨ ᠨᠤᠭᠤ ᠭᠠᠵᠠᠷ ᠎ᠤᠨ ᠴᠡᠴᠡᠷᠯᠢᠭ ᠎ᠲᠡᠬᠢ ᠬᠣᠶᠠᠳᠤᠭᠠᠷ ᠬᠤᠭᠤᠴᠠᠭᠠᠨ ᠎ᠤ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠯᠤᠤᠲᠤ ᠣᠩᠭᠣᠴᠠ᠎ᠶᠢᠨ ᠤᠷᠢᠯᠭ᠎ᠠ᠎ᠶᠢᠨ ᠤᠷᠤᠯᠳᠤᠭᠠᠨ 19᠎ᠦ ᠡᠳᠦᠷ ᠡᠮᠦᠨᠡᠲᠦ ᠳᠠᠯᠠᠢ᠎ᠶᠢᠨ ᠨᠤᠭᠤ ᠭᠠᠵᠠᠷ᠎ᠤᠨ ᠴᠡᠴᠡᠷᠯᠢᠭ ᠎ᠤᠨ ᠦᠵᠡᠮᠵᠢ᠎ᠶᠢᠨ ᠣᠷᠣᠨ᠎ᠳᠦ ᠶᠠᠪᠤᠭᠳᠠᠵᠤ᠂ ᠪᠥᠬᠥ ᠣᠷᠣᠨ ᠎ᠤ 15 ᠶᠡᠬᠡ ᠳᠡᠭᠡᠳᠦ ᠰᠤᠷᠭᠠᠭᠤᠯᠢ᠎ᠶᠢᠨ 17 ᠲᠥᠯᠥᠭᠡᠯᠡᠭᠴᠢ᠎ᠵᠢᠨ ᠠᠩᠭᠢ᠎ᠵᠢᠨ 374 ᠲᠠᠮᠢᠷᠴᠢᠨ ᠤᠷᠤᠯᠴᠠᠵᠠᠢ᠃

 

ᠲᠡᠯᠡᠬᠡᠢ 

✦19 ᠎ᠦ ᠡᠳᠦᠷ᠂ ᠰᠸᠢᠰ ᠎ᠦᠨ ᠭᠠᠳᠠᠭᠠᠳᠤ ᠶᠠᠪᠤᠳᠠᠯ᠎ᠤᠨ ᠶᠠᠮᠤᠨ ᠮᠡᠳᠡᠭᠡ ᠨᠡᠢᠲᠡᠯᠡᠵᠦ᠂ ᠠᠮᠧᠷᠢᠺᠠ ᠪᠣᠯᠣᠨ ᠢᠷᠠᠨ ᠎ᠤ ᠲᠤᠬᠠᠢ᠎ᠵᠢᠨ ᠡᠳᠦᠷ ᠰᠸᠢᠰ᠎ᠲᠦ ᠬᠢᠬᠦ᠎ᠪᠡᠷ ᠲᠣᠭᠲᠠᠭᠰᠠᠨ ᠬᠡᠯᠡᠯᠴᠡᠭᠡ ᠎ᠶᠢ ᠬᠦᠴᠦᠨ ᠦᠭᠡᠢ ᠪᠣᠯᠭᠠᠪᠠ ᠭᠡᠵᠡᠢ᠃

✦ᠲᠥᠪ ᠲᠸᠯᠸᠢᠰ ᠎ᠤᠨ ᠮᠡᠳᠡᠭᠡ᠎ᠵᠢ ᠦᠨᠳᠦᠰᠦᠯᠡᠪᠡᠯ᠂ ᠠᠷᠠᠪ ᠎ᠤᠨ ᠬᠣᠯᠪᠣᠭᠠᠲᠤ ᠠᠬᠠᠮᠠᠳᠲᠤ ᠤᠯᠤᠰ 18᠎ᠤ ᠡᠳᠦᠷ ᠰᠢᠨ᠎ᠡ ᠲᠣᠭᠲᠠᠭᠠᠯ ᠎ᠢ ᠵᠥᠪᠰᠢᠶᠡᠷᠡᠵᠦ᠂ 15 ᠨᠠᠰᠤᠨ᠎ᠠᠴᠠ ᠳᠣᠷᠣᠭ᠍ᠰᠢᠬᠢ ᠬᠡᠦᠬᠡᠳ ᠎ᠤᠨ ᠬᠤᠪᠢ ᠬᠥᠮᠥᠨ᠎ᠦ ᠨᠡᠢᠭᠡᠮ᠎ᠦᠨ ᠬᠠᠷᠢᠯᠴᠠᠭᠠᠨ ᠎ᠤ ᠵᠠᠭᠤᠴᠢᠯᠠᠭᠤᠷ᠎ᠲᠦ ᠳᠠᠩᠰᠠᠯᠠᠭᠤᠯᠬᠤ᠂ ᠬᠡᠷᠡᠭᠯᠡᠬᠦ᠂ ᠠᠵᠢᠯᠯᠠᠭᠤᠯᠬᠤ᠎ᠶᠢ ᠴᠠᠭᠠᠵᠠᠯᠠᠨ᠂ ᠡᠲᠡᠭᠡᠷ ᠲᠠᠪᠴᠠᠩ ᠎ᠤᠨ ᠪᠥᠬᠥ ᠴᠢᠳᠠᠮᠵᠢ᠎ᠶᠢ ᠠᠰᠢᠭᠯᠠᠬᠤ᠎ᠵᠢ ᠬᠢᠵᠠᠭᠠᠷᠯᠠᠬᠤ᠎ᠪᠡᠷ ᠪᠤᠯᠵᠤ᠂ ᠪᠥᠬᠥ ᠳᠡᠯᠡᠬᠡᠢ᠎ᠶᠢᠨ ᠠᠩᠬᠠᠳᠠᠭ᠍ᠴᠢ ᠡᠢᠮᠦᠷᠬᠦ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠨᠡᠢᠲᠡᠯᠡᠭᠰᠡᠨ ᠠᠷᠠᠪ᠎ᠤᠨ ᠤᠯᠤᠰ ᠪᠣᠯᠵᠠᠢ᠃

✦ᠰᠢᠨᠬᠤᠸᠠ ᠬᠤᠷᠢᠢ᠎ᠠ ᠎ᠵᠢᠨ ᠮᠡᠳᠡᠭᠡ᠎ᠵᠢ ᠦᠨᠳᠦᠰᠦᠯᠡᠪᠡᠯ᠂ ᠺᠣᠷᠢᠶᠠ ᠎ᠶᠢᠨ ᠶᠡᠷᠦᠩᠬᠡᠢᠯᠡᠭᠴᠢ ᠯᠢ ᠽᠠᠢ ᠮᠢᠩ 19᠎ᠦ ᠡᠳᠦᠷ ᠢᠯᠡᠷᠬᠡᠢᠯᠡᠬᠦ᠎ᠳᠡᠭᠡᠨ᠂ ᠣᠳᠣᠬᠠᠨ᠎ᠳᠤ ᠺᠣᠷᠢᠶᠠ ᠪᠣᠯᠣᠨ ᠰᠣᠯᠣᠩᠭᠣᠰ᠎ᠤᠨ ᠪᠣᠶ ᠪᠦᠬᠦᠢ ᠨᠡᠪᠲᠡᠷᠡᠯᠴᠡᠬᠦ ᠠᠷᠭ᠎ᠠ ᠵᠠᠮ ᠴᠥᠮ ᠲᠠᠰᠤᠷᠠᠭᠰᠠᠨ ᠪᠠᠢᠨ᠎ᠠ ᠭᠡᠪᠡ᠃

 

ᠦᠢᠯᠡᠴᠢᠯᠡᠭᠡ 

✦ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠡᠷᠳᠡᠮ ᠰᠢᠨᠵᠢᠯᠡᠭᠡᠨ᠎ᠦ ᠲᠤᠰᠠᠯᠠᠭ᠍ᠴᠢ ᠡᠯᠰᠡᠵᠤ ᠪᠤᠢ᠃ 

 

ᠲᠠᠨ ᠎ᠤ ᠲᠤᠰᠡ ᠳ᠋ᠤ  

✦《ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠠᠮᠠᠨ ᠬᠥᠨᠳᠡᠢ᠎ᠶᠢᠨ ᠡᠷᠡᠭᠦᠯ ᠮᠡᠨᠳᠦ᠎ᠶᠢᠨ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠎ᠶᠢᠨ ᠮᠡᠳᠡᠭᠦᠯᠦᠯᠲᠡ》᠎ᠵᠢ ᠦᠨᠳᠦᠰᠦᠯᠡᠪᠡᠯ᠂ 35 - 44 ᠨᠠᠰᠤᠨ ᠎ᠤ ᠬᠤᠭᠤᠷᠤᠨᠳᠤᠬᠢ ᠬᠥᠮᠥᠰ᠎ᠦᠨ ᠰᠢᠳᠦᠨ ᠎ᠦ ᠴᠢᠯᠠᠭᠤᠵᠢᠯ ᠎ᠢ ᠪᠠᠢᠴᠠᠭᠠᠵᠤ ᠭᠠᠷᠭᠠᠭᠰᠠᠨ ᠨᠣᠷᠮ᠎ᠠ 96.7%᠎ᠳᠤ ᠬᠦᠷᠴᠡᠢ᠃ ᠡᠢᠮᠦᠷᠬᠦᠦ ᠰᠢᠳᠦᠨ᠎ᠦ ᠴᠢᠯᠠᠭᠤᠵᠢᠯ ᠨᠢ ᠪᠤᠶ᠋ᠢᠯᠠ᠎ᠳᠤ ᠰᠡᠳᠦᠯᠲᠡ ᠥᠭᠴᠦ᠂ ᠠᠮᠠ᠎ᠵᠢ ᠦᠮᠡᠬᠡᠢᠷᠡᠭᠦᠯᠬᠦ ᠎ᠪᠡᠷ ᠪᠠᠷᠠᠬᠤ ᠦᠭᠡᠢ᠂ ᠴᠢᠨᠠᠭᠰᠢᠯᠠᠭᠠᠳ ᠪᠦᠬᠦ ᠪᠡᠶ᠎ᠡ᠎ᠶᠢᠨ ᠡᠷᠡᠭᠦᠯ ᠮᠡᠨᠳᠦ᠎ᠶᠢ ᠴᠦ᠍ ᠨᠥᠯᠥᠭᠡᠯᠡᠳᠡᠭ᠃

  

ᠵᠠᠯᠭᠠᠭᠠᠳ《ᠬᠠᠢᠷ᠎ᠠ᠎ᠵᠢᠨ ᠤᠴᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!


(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号