6 ᠰᠠᠷ᠎ᠠ ᠵᠢᠨ 22 ᠎ᠤᠨ ᠡᠳᠤᠷ
ᠡᠬᠢᠯᠡᠬᠦ᠌ ᠴᠠᠭ᠄
2026-06-22 09:54:27
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


01封面模板_01.png


02天气模板_01.png


03盟市模板_01.png


ᠨᠡᠢᠭᠡᠮ                                  

✦ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ 19᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠳᠤᠮᠳᠠᠳᠤ ᠤᠯᠤᠰ᠎ᠤᠨ ᠬᠢᠯᠢ ᠳᠣᠲᠣᠷᠠᠬᠢ 129 ᠬᠣᠲᠠ᠎ᠳᠤ ᠨᠡᠪᠲᠡᠷᠡᠵᠦ᠂ ᠡᠸᠦ᠋ᠷᠦᠫᠡ ᠲᠢᠪ᠎ᠦᠨ 26 ᠤᠯᠤᠰ᠎ᠤᠨ 236 ᠬᠣᠲᠠ᠎ᠳᠤ ᠨᠡᠪᠲᠡᠷᠡᠵᠦ᠂ ᠲᠡᠭᠡᠭᠡᠪᠦᠷᠢ᠎ᠶᠢᠨ ᠲᠣᠣᠷ ᠨᠢ ᠠᠽᠢᠶ᠎ᠠ ᠡᠸᠦ᠋ᠷᠦᠫᠡ᠎ᠶᠢᠨ ᠪᠥᠬᠥ ᠬᠢᠯᠢ᠎ᠶᠢ ᠦᠨᠳᠦᠰᠦᠨ᠎ᠳᠡᠭᠡᠨ ᠬᠠᠮᠤᠷᠤᠭᠰᠠᠨ ᠪᠠᠢᠨ᠎ᠠ᠃  

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠨᠢᠭᠡᠨᠳᠡ 2.7 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠬᠦᠯᠦᠨ ᠪᠠᠭᠤᠯᠭᠠᠵᠤ᠂ 7 ᠠᠢᠮᠠᠭ ᠬᠣᠲᠠ᠎ᠶᠢᠨ ᠬᠠᠮᠢᠶ᠎ᠠ ᠪᠦᠬᠦᠢ ᠬᠡᠰᠡᠭ ᠲᠣᠭᠣᠷᠢᠭ᠋᠎ᠢ ᠥᠭᠡᠷᠡᠴᠢᠯᠡᠨ ᠳᠡᠭᠡᠭᠰᠢᠯᠡᠭᠦᠯᠬᠦ᠎ᠶᠢ ᠳᠡᠮᠵᠢᠵᠦ᠂ ᠬᠠᠭᠤᠴᠢᠨ ᠬᠣᠲᠠ ᠲᠣᠭᠣᠷᠢᠭ᠋ ᠤ᠋ᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠦ ᠪᠠᠲᠤ ᠪᠡᠬᠢ ᠪᠡᠯᠡ ᠮᠥᠩᠭᠥ᠎ᠶᠢᠨ ᠪᠠᠲᠤᠯᠠᠭ᠎ᠠ ᠬᠠᠩᠭᠠᠵᠠᠢ᠃

✦ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ 《ᠥᠷᠢᠰᠦᠯᠳᠦᠭᠡᠨ ᠬᠤᠨᠳᠠᠭᠠᠲᠤ》 ᠣᠶᠤᠲᠠᠳ ᠤ᠋ᠨ ᠦᠢᠯᠡᠰ ᠪᠤᠰᠬᠠᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠥᠨᠳᠥᠷᠯᠡᠵᠦ᠂ ᠤᠷᠤᠯᠳᠤᠭᠠᠨ᠎ᠳᠤ 48 ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠣᠷᠣᠭ᠍ᠴᠢ᠎ᠶᠢᠨ ᠲᠥᠯᠥᠭᠡᠯᠡᠭᠴᠢ ᠨᠡᠶ᠋ᠢᠲᠡ 1000 ᠭᠠᠷᠤᠢ ᠬᠥᠮᠥᠨ ᠣᠷᠣᠯᠴᠠᠵᠦ᠂ ᠦᠵᠡᠭᠦᠯᠭᠡ᠂ ᠨᠤᠮ ᠬᠠᠶᠠᠯᠴᠠᠬᠤ ᠵᠡᠷᠭᠡ ᠬᠡᠯᠪᠡᠷᠢ ᠪᠡᠷ ᠳᠠᠮᠵᠢᠨ 38 ᠣᠨᠴᠠ ᠳᠡᠰ᠎ᠤᠨ ᠱᠠᠩᠨᠠᠯ᠂ 90 ᠨᠢᠭᠡᠳᠦᠭᠡᠷ ᠳᠡᠰ ᠤ᠋ᠨ ᠱᠠᠩᠨᠠᠯ᠂ 164 ᠬᠣᠶᠠᠳᠤᠭᠠᠷ ᠳᠡᠰ᠎ᠤᠨ ᠱᠠᠩᠨᠠᠯ ᠢ᠋ ᠰᠢᠯᠭᠠᠷᠠᠭᠤᠯᠪᠠ᠃

✦ᠡᠨᠡ ᠵᠢᠯ᠎ᠦᠨ 1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠪᠠᠶᠠᠨᠨᠠᠭᠤᠷ ᠬᠣᠲᠠ ᠳᠤᠮᠳᠠ ᠵᠡᠷᠭᠡ᠎ᠡᠴᠡ ᠳᠡᠭᠡᠭᠰᠢᠬᠢ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ ᠨᠠᠰᠤᠵᠢᠯ᠎ᠤᠨ ᠦᠢᠯᠡᠴᠢᠯᠡᠭᠡᠨ᠎ᠦ ᠬᠡᠷᠡᠭᠯᠡᠭᠡᠨ᠎ᠦ ᠨᠥᠬᠥᠪᠦᠷᠢ ᠶ᠋ᠢᠨ ᠲᠥᠷᠥᠯ ᠵᠦᠢᠯ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ 5 ᠰᠠᠷ᠎ᠠ᠎ᠶᠢᠨ ᠰᠡᠭᠦᠯᠴᠢ ᠪᠣᠯᠲᠠᠯ᠎ᠠ ᠪᠥᠬᠥ ᠬᠣᠲᠠ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠯᠡᠭᠡᠨ᠎ᠦ ᠨᠥᠬᠥᠪᠦᠷᠢ᠎ᠳᠦ ᠣᠷᠣᠯᠴᠠᠭᠰᠠᠨ ᠪᠠᠢᠭᠤᠯᠤᠮᠵᠢ ᠨᠡᠶ᠋ᠢᠲᠡ 55 ᠪᠣᠯᠵᠤ᠂ 4159 ᠨᠠᠰᠤᠲᠠᠢᠴᠤᠳ᠎ᠲᠤ ᠠᠰᠢᠭ᠋ ᠬᠦᠷᠲᠡᠭᠡᠵᠡᠢ᠃

✦ᠣᠢᠷ᠎ᠠ᠎ᠶᠢᠨ ᠬᠤᠭᠤᠴᠠᠭᠠᠨ᠎ᠳᠤ ᠬᠢᠩᠭᠠᠨ ᠠᠢᠮᠠᠭ᠎ᠤᠨ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ ᠲᠥᠪ 2026 ᠣᠨ᠎ᠤ ᠬᠠᠪᠤᠷ᠎ᠤᠨ ᠤᠯᠠᠷᠢᠯ᠎ᠤᠨ ᠬᠦᠨᠳᠦ ᠶᠡᠬᠡ ᠠᠮᠢᠲᠠᠨ᠎ᠤ ᠬᠢᠵᠢᠭ ᠡᠪᠡᠳᠴᠢᠨ᠎ᠦ ᠰᠡᠷᠭᠡᠢᠯᠡᠨ ᠡᠵᠡᠮᠳᠡᠬᠦ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠵᠢᠴᠢ ᠡᠪᠡᠳᠴᠢᠨ ᠡᠭᠦᠰᠬᠡᠭᠴᠢ᠎ᠶᠢᠨ ᠰᠤᠳᠤᠯᠤᠯ᠎ᠤᠨ ᠲᠤᠰᠬᠠᠢ ᠰᠤᠭᠤᠴᠢᠨ ᠪᠠᠢᠴᠠᠭᠠᠬᠤ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠂ ᠡᠯ᠎ᠡ ᠬᠣᠰᠢᠭᠤ ᠰᠢᠶᠠᠨ ᠬᠣᠲᠠ᠎ᠶᠢᠨ ᠬᠢᠵᠢᠭ᠎ᠢ ᠰᠡᠷᠭᠡᠢᠯᠡᠨ ᠡᠵᠡᠮᠳᠡᠬᠦ ᠰᠠᠯᠠᠭ᠎ᠠ ᠮᠥᠴᠢᠷ᠂ ᠨᠡᠢᠭᠡᠮᠴᠢᠯᠡᠭᠰᠡᠨ ᠬᠢᠵᠢᠭ᠎ᠢ ᠰᠡᠷᠭᠡᠢᠯᠡᠬᠦ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ ᠠᠵᠢᠯᠲᠠᠳ ᠬᠣᠯᠪᠤᠭᠠᠯᠠᠨ ᠬᠠᠮᠵᠢᠯᠴᠠᠵᠤ᠂ ᠪᠥᠬᠥ ᠣᠷᠣᠨ ᠪᠦᠰᠡ᠎ᠶᠢᠨ ᠮᠠᠯ ᠵᠢᠭᠦᠷᠲᠡᠨ᠎ᠦ ᠥᠯᠢᠭᠡᠷ ᠡᠳ᠋ ᠴᠤᠭᠯᠠᠭᠤᠯᠬᠤ ᠠᠵᠢᠯ᠎ᠢ ᠪᠡᠶᠡᠯᠡᠭᠦᠯᠪᠡ᠃

✦ᠲᠦᠷᠦᠭᠦᠬᠡᠨ ᠤᠷᠠᠳ᠎ᠤᠨ ᠬᠣᠢᠲᠤ ᠬᠣᠰᠢᠭᠤᠨ᠎ᠤ ᠬᠢᠨ ᠡᠷᠲᠡᠨ᠎ᠦ ᠮᠣᠳᠣ᠌ ᠨᠠᠷᠠᠲᠤ ᠮᠣᠳᠣ᠌᠎ᠶᠢ ᠠᠪᠤᠷᠠᠵᠤ ᠠᠷᠠᠴᠢᠯᠠᠬᠤ ᠲᠤᠰᠬᠠᠢ ᠢᠨᠵᠧᠨᠧᠷᠢᠩ᠎ᠢ ᠡᠬᠢᠯᠡᠭᠦᠯᠵᠦ᠂ ᠵᠢᠱ᠌ᠢᠯᠲᠡ᠎ᠪᠡᠷ 6 ᠰᠠᠷ᠎ᠠ᠎ᠶᠢᠨ ᠰᠡᠭᠦᠯᠴᠢ᠎ᠪᠡᠷ ᠪᠥᠬᠥ ᠲᠠᠯ᠎ᠠ᠎ᠪᠠᠷ ᠳᠠᠭᠤᠰᠬᠠᠨ᠎ᠠ᠃ ᠲᠣᠰ ᠤᠳᠠᠭᠠᠨ᠎ᠤ ᠢᠨᠵᠧᠨᠧᠷᠢᠩ᠎ᠳᠦ ᠳᠡᠭᠡᠳᠦ ᠱᠠᠲᠤᠨ᠎ᠤ ᠲᠤᠰᠬᠠᠢ ᠪᠡᠯᠡ ᠮᠥᠩᠭᠥ᠎ᠶᠢ 6 ᠲᠦᠮᠡᠨ ᠲᠥᠭᠥᠷᠢᠭ ᠣᠯᠬᠤ᠎ᠪᠠᠷ ᠴᠢᠷᠮᠠᠢᠵᠤ᠂ 510 ᠵᠢᠯ ᠪᠤᠯᠤᠭᠰᠠᠨ 1 ᠬᠠᠢᠯᠠᠰᠤ᠂ 100 ᠵᠢᠯ ᠪᠤᠯᠤᠭᠰᠠᠨ 10 ᠲᠣᠣᠷᠠᠢ  ᠵᠢ ᠠᠪᠤᠷᠠᠵᠤ ᠬᠠᠮᠠᠭᠠᠯᠠᠬᠤ ᠪᠤᠯᠤᠨ᠎ᠠ᠃

 

ᠠᠵᠤ ᠠᠬᠤᠢ 

✦ᠣᠯᠠᠨ ᠤᠯᠤᠰ᠎ᠤᠨ ᠠᠯᠲᠠᠨ᠎ᠤ ᠦᠨ᠎ᠡ᠎ᠶᠢᠨ ᠲᠣᠬᠢᠷᠠᠭᠤᠯᠤᠯᠲᠠ᠎ᠶᠢᠨ ᠨᠥᠯᠥᠭᠡ᠎ᠪᠡᠷ᠂ ᠤᠯᠤᠰ᠎ᠤᠨ ᠳᠣᠲᠣᠭᠠᠳᠤ᠎ᠶᠢᠨ ᠮᠠᠰᠢ ᠣᠯᠠᠨ ᠲᠦᠷᠦᠯ ᠲᠡᠮᠳᠡᠭ ᠦ᠋ᠨ ᠠᠯᠲᠠᠨ ᠵᠠᠰᠠᠯ ᠴᠢᠮᠡᠭᠯᠡᠯ᠎ᠦᠨ ᠦᠨ᠎ᠡ ᠪᠠᠭᠤᠷᠠᠭᠠᠳ ᠪᠠᠷᠤᠭ ᠭᠷᠡᠮ ᠪᠦᠷᠢ ᠳ᠋ᠤ 1260 ᠲᠥᠭᠥᠷᠢᠭ ᠪᠤᠯᠵᠤ᠂ ᠡᠨᠡ ᠵᠢᠯ᠎ᠦᠨ ᠥᠨᠳᠥᠷ ᠴᠡᠭ᠎ᠲᠠᠢ ᠬᠠᠷᠢᠴᠠᠭᠤᠯᠪᠠᠯ 450 ᠲᠥᠭᠥᠷᠢᠭ ᠰᠢᠬᠠᠮ ᠪᠠᠭᠤᠷᠠᠪᠠ᠃

✦ᠬᠤᠳᠠᠯᠳᠤᠭᠠᠨ᠎ᠤ ᠶᠠᠪᠤᠳᠠᠯ᠎ᠤᠨ ᠶᠠᠮᠤᠨ ᠤ᠋ ᠮᠡᠳᠡᠭᠡ ᠵᠢ ᠦᠨᠳᠦᠰᠦᠯᠡᠪᠡᠯ᠂ 6 ᠰᠠᠷ᠎ᠠ᠎ᠶᠢᠨ 20᠎ᠤ ᠡᠳᠦᠷ᠎ᠦᠨ 0 ᠴᠠᠭ᠎ᠠᠴᠠ ᠡᠬᠢᠯᠡᠨ ᠠᠦ᠋ᠰᠲᠷᠠᠯᠢᠶ᠎ᠠ᠎ᠠᠴᠠ ᠣᠷᠣᠭᠤᠯᠬᠤ ᠦᠬᠡᠷ᠎ᠦᠨ ᠮᠢᠬ᠎ᠠ᠎ᠠᠴᠠ 55% ᠭᠠᠢᠯᠢ ᠨᠡᠮᠡᠵᠦ ᠳᠠᠳᠠᠪᠤᠷᠢᠯᠠᠪᠠ᠃

 

ᠰᠤᠶᠤᠯ

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ᠎ᠤᠨ ᠰᠢᠷᠢᠰ ᠠᠵᠢᠯᠯᠠᠭ᠎ᠠ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠬᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠠᠭᠠᠳᠤᠮ·ᠭᠠᠷ ᠤᠷᠠᠴᠤᠳ᠎ᠤᠨ ᠤᠷᠤᠯᠳᠤᠭᠠᠨ ᠲᠦᠷᠦᠭᠦᠬᠡᠨ ᠰᠢᠯᠢᠩᠬᠣᠲᠠ ᠳ᠋ᠤ ᠶᠠᠪᠤᠭᠳᠠᠵᠤ᠂ ᠪᠥᠬᠥ ᠣᠷᠣᠨ᠎ᠤ ᠡᠯ᠎ᠡ ᠭᠠᠵᠠᠷ᠎ᠠᠴᠠ ᠢᠷᠡᠭᠰᠡᠨ ᠤᠷᠠᠨ ᠳᠠᠷᠬᠠᠳ ᠢᠳᠡᠪᠬᠢᠯᠡᠨ ᠤᠷᠤᠯᠴᠠᠪᠠ᠃

✦ᠣᠢᠷ᠎ᠠ᠎ᠳᠤ 2026 ᠥᠪᠥᠷ ᠮᠣᠩᠭᠣᠯ᠎ᠤᠨ ᠠᠷᠠᠳ᠎ᠤᠨ ᠳᠠᠭᠤᠤ ᠵᠢᠨ ᠴᠤᠭᠯᠠᠭᠠᠨ ᠦᠬᠠᠢ᠎ᠳᠤ ᠡᠬᠢᠯᠡᠵᠦ᠂ ᠬᠣᠶᠠᠷ ᠭᠣᠣᠯ ᠰᠡᠳᠦᠪᠲᠦ ᠲᠤᠰᠬᠠᠢ ᠲᠠᠯᠠᠪᠠᠢ ᠲᠤᠭᠯᠠᠯᠳᠠ ᠭᠠᠷᠭᠠᠵᠤ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠰᠢᠯᠢᠳᠡᠭ ᠠᠷᠠᠳ᠎ᠤᠨ ᠳᠠᠭᠤᠴᠢᠳ ᠤᠷᠤᠯᠴᠠᠵᠠᠢ᠃

✦ᠲᠤᠬᠠᠢ ᠶ᠋ᠢᠨ ᠭᠠᠵᠠᠷ᠎ᠤᠨ ᠴᠠᠭ᠎ᠢᠶᠠᠷ 19᠎ᠦ ᠡᠳᠦᠷ᠂ ᠠᠦ᠋ᠰᠲᠷᠠᠯᠢᠶ᠎ᠠ ᠶ᠋ᠢᠨ ᠳ᠋ᠠᠷᠸᠢᠨ ᠬᠣᠲᠠ᠎ᠳᠦ 《ᠠᠨᠳᠠ》 ᠬᠠᠮᠳᠤᠯᠢᠭ ᠨᠤᠲᠤᠭ᠎ᠤᠨ ᠲᠣᠭᠯᠠᠭ᠍ᠴᠢᠳ ᠎ᠲᠠᠢ ᠬᠠᠮᠲᠤ᠎ᠪᠠᠷ ᠲᠤᠭᠯᠠᠯᠳᠠ ᠭᠠᠷᠭᠠᠪᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ ᠪᠣᠯᠣᠨ ᠰᠣᠶᠣᠯ᠎ᠤᠨ ᠡᠭᠦᠳᠦᠯᠲᠡ ᠶ᠋ᠢᠨ ᠦᠵᠡᠰᠬᠦᠯᠡᠨᠭ᠎ᠤᠨ ᠠᠵᠢᠯᠯᠠᠭ᠎ᠠ ᠵᠡᠷᠭᠡ᠎ᠪᠡᠷ ᠶᠠᠪᠤᠭᠳᠠᠵᠤ᠂ ᠲᠤᠬᠠᠢ ᠶ᠋ᠢᠨ ᠭᠠᠵᠠᠷ ᠤ᠋ᠨ ᠠᠷᠠᠳ ᠣᠯᠠᠨ ᠪᠣᠯᠣᠨ ᠵᠢᠭᠤᠯᠴᠢᠯᠠᠭ᠍ᠴᠢᠳ᠎ᠤᠨ ᠠᠩᠬᠠᠷᠤᠯ  ᠢ᠋ ᠲᠠᠲᠠᠪᠠ᠃

✦ᠤᠢᠷ᠎ᠠ ᠳ᠋ᠤ ᠣᠷᠳᠣᠰ᠎ᠤᠨ ᠬᠦᠷᠡᠯ ᠵᠡᠪᠰᠡᠭ᠎ᠦᠨ ᠰᠣᠶᠣᠯ᠎ᠤᠨ ᠦᠵᠡᠰᠬᠦᠯᠡᠨᠭ ᠪᠡᠭᠡᠵᠢᠩ᠎ᠦᠨ ᠶᠡᠬᠡ ᠲᠠᠲᠠᠮᠠᠯ ᠭᠣᠣᠯ ᠮᠦᠽᠧᠢ (ᠨᠡᠢᠰᠯᠡᠯ᠎ᠦᠨ ᠮᠦᠽᠧᠢ᠎ᠶᠢᠨ ᠵᠡᠭᠦᠨ ᠣᠷᠳᠣᠨ)᠎ᠳᠤ ᠶᠠᠪᠤᠭᠳᠠᠵᠦ᠂ ᠦᠵᠡᠰᠬᠦᠯᠡᠩ᠎ᠳᠦ ᠣᠷᠳᠣᠰ ᠬᠤᠳᠠ᠎ᠶᠢᠨ ᠮᠦᠽᠧᠢ᠎ᠡᠴᠡ ᠬᠠᠩᠭᠠᠭᠰᠠᠨ 369 ᠢᠵᠢ ᠣᠷᠳᠣᠰ ᠮᠠᠶᠢᠭ᠋᠎ᠤᠨ ᠬᠦᠷᠡᠯ ᠵᠡᠪᠰᠡᠭ ᠵᠢᠴᠢ ᠨᠡᠢᠰᠯᠡᠯ᠎ᠦᠨ ᠮᠦᠽᠧᠢ᠎ᠳᠦ ᠬᠠᠳᠠᠭᠠᠯᠠᠵᠤ ᠪᠠᠢᠭ᠎ᠠ ᠪᠡᠭᠡᠵᠢᠩ᠎ᠡᠴᠡ ᠣᠯᠳᠠᠭᠰᠠᠨ ᠬᠠᠮᠢᠶ᠎ᠠ ᠪᠦᠬᠦᠢ ᠬᠠᠳᠠᠭᠠᠯᠠᠮᠵᠢ᠎ᠶᠢ ᠳᠡᠯᠭᠡᠨ ᠦᠵᠡᠬᠦᠯᠵᠠᠢ᠃

✦ᠲᠦᠷᠦᠭᠦᠬᠡᠨ ᠠᠯᠠᠱᠠ ᠵᠡᠭᠦᠨ ᠬᠣᠰᠢᠭᠤᠨ᠎ᠤ 2026 ᠣᠨ᠎ᠤ ᠵᠠᠩ ᠳᠠᠳᠬᠠᠯ᠎ᠢ ᠥᠭᠡᠷᠡᠴᠢᠯᠡᠭᠰᠡᠨ ᠥᠯᠢᠭᠡᠷ᠎ᠤᠨ ᠲᠤᠭᠯᠠᠯᠳᠠ ᠪᠠᠶᠠᠨᠬᠣᠲᠠ᠎ᠳᠤ ᠶᠠᠪᠤᠭᠳᠠᠵᠤ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠎ᠶᠢᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠭᠠᠵᠠᠷ᠎ᠤᠨ 14 ᠲᠤᠭᠤᠢᠯᠠᠡᠭ ᠤᠷᠤᠯᠴᠠᠵᠤ᠂ ᠦᠨᠳᠦᠰᠦᠨ ᠱᠠᠲᠤᠨ᠎ᠤ ᠵᠠᠩ ᠳᠠᠳᠬᠠᠯ᠎ᠢ ᠥᠭᠡᠷᠡᠴᠢᠯᠡᠭᠰᠡᠨ᠂ ᠪᠣᠯᠪᠠᠰᠤᠨ ᠰᠢᠨ᠎ᠡ ᠬᠡᠪ ᠰᠤᠷᠲᠠᠯ᠎ᠢ ᠪᠣᠶ ᠪᠣᠯᠭᠠᠬᠤ᠎ᠶᠢ ᠠᠬᠢᠭᠤᠯᠤᠭᠰᠠᠨ ᠠᠮᠢᠳᠤ ᠰᠣᠷᠭᠣᠭ ᠥᠯᠢᠭᠡᠷ᠎ᠢ ᠶᠠᠷᠢᠵᠠᠢ᠃

 

ᠲᠠᠮᠢᠷ

✦ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠣᠶᠤᠲᠠᠳ᠎ᠤᠨ ᠲᠠᠮᠢᠷ᠎ᠤᠨ ᠴᠤᠭᠯᠠᠭᠠᠨ᠎ᠤ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠥᠨᠳᠥᠷᠯᠡᠵᠦ᠂ ᠣᠷᠳᠣᠰ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠮᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠰᠢᠯᠭᠠᠷᠠᠵᠤ᠂ ᠬᠥᠬᠡᠬᠣᠲᠠ᠎ᠶᠢᠨ ᠠᠵᠢᠯ ᠮᠡᠷᠭᠡᠵᠢᠯ ᠦ᠋ᠨ ᠶᠡᠬᠡ ᠰᠤᠷᠭᠠᠭᠤᠯᠢ ᠡᠷᠡᠭᠲᠡᠢ᠎ᠶᠢᠨ ᠳᠤᠭᠤᠢᠯᠠᠩ ᠮᠠᠩᠯᠠᠢ᠎ᠳᠤ ᠰᠢᠯᠭᠠᠷᠠᠵᠠᠢ᠃

✦20᠎ᠤ ᠡᠳᠦᠷ᠂ ᠰᠢᠯᠢᠩᠬᠣᠲᠠ᠎ᠶᠢᠨ ᠬᠣᠶᠠᠳᠤᠭᠠᠷ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠮᠢᠷ᠎ᠤᠨ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠶᠤᠨ᠎ᠤ ᠲᠠᠮᠢᠷ᠎ᠤᠨ ᠴᠤᠭᠯᠠᠭᠠᠨ ᠡᠬᠢᠯᠡᠵᠦ᠂ ᠪᠦᠬᠦ ᠬᠤᠳᠠ ᠵᠢᠨ ᠬᠡᠳᠦᠨ ᠵᠠᠭᠤᠨ ᠰᠤᠷᠤᠭ᠍ᠴᠢ ᠣᠷᠣᠯᠴᠠᠪᠠ᠃

 

ᠳᠡᠯᠡᠬᠡᠢ

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 20᠎ᠤ ᠡᠳᠦᠷ ᠢᠷᠡᠨ᠎ᠤ ᠵᠡᠪᠰᠡᠭᠲᠦ ᠴᠡᠷᠢᠭ ᠠᠩᠭᠢ ᠢᠯᠡᠷᠬᠡᠢᠯᠡᠯᠲᠡ ᠨᠡᠢᠲᠡᠯᠡᠵᠦ᠂ ᠠᠮᠧᠷᠢᠺᠠ ᠶ᠋ᠢᠨ ᠬᠢᠨ ᠮᠥᠷᠭᠥᠯᠳᠦᠭᠡᠨ᠎ᠢ ᠳᠠᠭᠤᠰᠬᠠᠬᠤ ᠲᠤᠬᠠᠢ ᠣᠢᠯᠠᠭᠠᠯᠴᠠᠭ᠎ᠠ ᠶ᠋ᠢᠨ ᠰᠠᠨᠠᠮᠵᠢ᠎ᠶᠢᠨ ᠪᠢᠴᠢᠭ᠎ᠲᠡᠬᠢ ᠠᠩᠬᠠᠳᠠᠭ᠍ᠴᠢ ᠠᠮᠠᠯᠠᠯᠲᠠ ᠪᠠᠨ ᠭᠦᠢᠴᠡᠳᠬᠡᠭᠰᠡᠨ ᠦᠭᠡᠢ ᠵᠢᠴᠢ ᠢᠰᠷᠧᠯ᠎ᠦᠨ ᠬᠡᠯᠡᠯᠴᠡᠭᠡᠷ᠎ᠢ ᠦᠷᠭᠦᠯᠵᠢᠯᠡᠨ ᠵᠥᠷᠢᠴᠡᠭᠰᠡᠨ ᠪᠠᠢᠳᠠᠯ᠎ᠢ ᠦᠨᠳᠦᠰᠦᠯᠡᠵᠦ᠂ ᠢᠷᠠᠺ᠎ᠤᠨ ᠲᠠᠯ᠎ᠠ᠎ᠶᠢᠨ ᠬᠢᠨ ᠬᠤᠷᠮᠤᠽ ᠬᠣᠭᠣᠯᠠᠢ᠎ᠶᠢ ᠬᠠᠭᠠᠵᠤ᠂ ᠣᠩᠭᠣᠴᠠ ᠰᠠᠯ᠎ᠤᠨ ᠨᠡᠪᠲᠡᠷᠡᠬᠦ᠎ᠶᠢ ᠴᠠᠭᠠᠵᠠᠯᠠᠬᠤ᠎ᠪᠠᠷ ᠲᠣᠭᠲᠠᠵᠠᠢ ᠭᠡᠪᠡ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠢᠷ᠎ᠠ᠎ᠳᠤ ᠡᠸᠦ᠋ᠷᠦᠫᠡ᠎ᠶᠢᠨ ᠣᠯᠠᠨ ᠤᠯᠤᠰ ᠵᠢᠡᠷ ᠠᠭᠠᠬᠢᠮ᠎ᠠ ᠬᠠᠯᠠᠭᠤᠨ ᠴᠠᠭ ᠠᠭᠤᠷ ᠢᠯᠡᠷᠡᠵᠦ᠂ ᠹᠷᠠᠨᠼᠢ᠎ᠶᠢᠨ ᠴᠠᠭ ᠠᠭᠤᠷ᠎ᠤᠨ ᠲᠣᠪᠴᠢᠶ᠎ᠠ ᠲᠤᠬᠠᠢ᠎ᠶᠢᠨ ᠭᠠᠵᠠᠷ᠎ᠤᠨ ᠴᠠᠭ᠎ᠢᠶᠠᠷ 19᠎ᠦ ᠡᠳᠦᠷ ᠢᠯᠡᠷᠬᠡᠢᠯᠡᠬᠦ᠎ᠳᠡᠭᠡᠨ᠂ 20᠎ᠤ ᠡᠳᠦᠷ᠎ᠡᠴᠡ ᠡᠬᠢᠯᠡᠨ ᠤᠯᠠᠪᠤᠷ ᠥᠩᠭᠡ᠎ᠶᠢᠨ ᠰᠡᠷᠡᠮᠵᠢᠯᠡᠭᠦᠯᠦᠯ᠎ᠦᠨ ᠪᠠᠢᠳᠠᠯ᠎ᠳᠤ ᠣᠷᠣᠬᠤ ᠮᠤᠵᠢ 60 ᠪᠣᠯᠣᠨ ᠨᠡᠮᠡᠭᠳᠡᠵᠦ᠂ ᠪᠠᠷᠤᠭ ᠹᠷᠠᠨᠼᠢ᠎ᠶᠢᠨ ᠪᠥᠬᠥ ᠤᠯᠤᠰ᠎ᠤᠨ ᠮᠤᠵᠢ ᠣᠷᠣᠨ᠎ᠤ ᠭᠤᠷᠪᠠᠨ᠎ᠤ ᠬᠣᠶᠠᠷ ᠬᠤᠪᠢ᠎ᠶᠢ ᠡᠵᠡᠯᠡᠨ᠎ᠡ ᠭᠡᠵᠡᠢ ᠃

 

ᠦᠢᠯᠡᠴᠢᠯᠡᠭᠡ

✦ᠬᠥᠬᠡᠬᠣᠲᠠ ᠣᠶ ᠰᠢᠭᠤᠢ ᠨᠤᠲᠤᠭ ᠪᠡᠯᠴᠢᠭᠡᠷ᠎ᠦᠨ ᠬᠠᠤᠯᠢ ᠬᠡᠷᠡᠭᠵᠢᠭᠦᠯᠬᠦ 6 ᠠᠵᠢᠯᠲᠠᠨ᠎ᠡᠯᠰᠡᠵᠦ ᠪᠤᠢ᠃ 

 

ᠲᠠᠨ᠎ᠤ ᠳᠤᠰᠠ᠎ᠳᠤ

✦ᠬᠠᠷ᠎ᠠ ᠴᠠᠢ ᠪᠠ ᠨᠣᠭᠣᠭᠠᠨ ᠴᠠᠢ᠎ᠶᠢᠨ ᠴᠢᠨᠠᠷ ᠨᠢ ᠠᠳᠠᠯᠢ ᠦᠭᠡᠢ ᠪᠠᠢᠳᠠᠭ᠂ ᠬᠠᠷ᠎ᠠ ᠴᠠᠢ ᠨᠢ ᠪᠦᠯᠢᠶᠡᠨ ᠴᠢᠨᠠᠷ ᠲᠠᠢ ᠪᠠᠢᠵᠦ᠂ ᠨᠣᠭᠣᠭᠠᠨ ᠴᠠᠢ ᠨᠢ ᠰᠡᠷᠢᠭᠦᠨ ᠴᠢᠨᠠᠷ ᠲᠠᠢ ᠪᠠᠢᠳᠠᠭ᠃ ᠡᠢᠮᠦ᠎ᠡᠴᠡ ᠬᠣᠶᠠᠭᠤᠯᠠ᠎ᠶᠢ ᠬᠠᠮᠲᠤ ᠳ᠋ᠤᠨᠢ ᠪᠦᠷᠢᠵᠦ ᠤᠤᠭᠤᠬᠤ ᠦᠭᠡᠢ ᠪᠤᠯ ᠵᠤᠬᠢᠨ᠎ᠠ᠃ ᠵᠤᠨ᠎ᠤ ᠴᠠᠭ᠎ᠲᠤ ᠨᠣᠭᠣᠭᠠᠨ ᠴᠠᠢ ᠤᠤᠭᠤᠵᠤ᠂ ᠡᠪᠦᠯ᠎ᠦᠨ ᠴᠠᠭ᠎ᠲᠤ ᠬᠠᠷ᠎ᠠ ᠴᠠᠢ ᠢᠯᠡᠭᠦᠦ ᠤᠤᠭᠤᠪᠠᠯ ᠰᠠᠢᠨ ᠪᠠᠢᠳᠠᠭ᠃

ᠵᠠᠯᠭᠠᠭᠠᠳ 《ᠬᠥᠳᠡᠭᠡ ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号