


ᠨᠡᠢᠭᠡᠮ
✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠲᠠᠪᠤᠨ
ᠰᠠᠷ᠎ᠠ᠎ᠶᠢᠨ ᠰᠢᠨ᠎ᠡ᠎ᠶᠢᠨ ᠲᠠᠪᠤᠨ᠎ᠤ ᠠᠮᠠᠷᠠᠯᠲᠠ᠎ᠶᠢᠨ ᠭᠤᠷᠪᠠᠨ ᠡᠳᠦᠷ (19 — 21᠎ᠦ ᠡᠳᠦᠷ
ᠪᠤᠯᠲᠠᠯ᠎ᠠ)᠎ᠦᠨ ᠪᠥᠬᠥ ᠨᠡᠢᠭᠡᠮ᠎ᠦᠨ ᠣᠷᠣᠨ ᠪᠦᠰᠡ ᠠᠯᠤᠰᠯᠠᠨ ᠰᠢᠯᠵᠢᠭᠰᠡᠨ ᠬᠥᠮᠥᠨ᠎ᠦ ᠶᠡᠷᠦᠩᠬᠡᠢ ᠬᠡᠮᠵᠢᠶ᠎ᠡ
6.5 ᠳ᠋ᠦᠩᠰᠢᠭᠤᠷ ᠬᠥᠮᠥᠨ ᠤᠳᠠᠭ᠎ᠠ᠎ᠶᠢ
ᠳᠠᠪᠠᠵᠠᠢ᠃
✦22᠎ᠤᠨ
ᠡᠳᠦᠷ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ
ᠠᠬᠢᠭᠤᠯᠬᠤ ᠦᠵᠡᠰᠬᠦᠯᠡᠩ ᠡᠬᠢᠯᠡᠵᠤ᠂ 5 ᠡᠳᠦᠷ᠎ᠤᠨ ᠬᠤᠭᠤᠴᠠᠭ᠎ᠠ ᠲᠠᠢ ᠶᠠᠪᠤᠭᠳᠠᠬᠤ ᠪᠤᠯᠤᠨ᠎ᠠ᠃ ᠲᠣᠰ ᠬᠤᠭᠤᠴᠠᠭᠠᠨ᠎ᠤ
ᠦᠵᠡᠰᠬᠦᠯᠡᠩ᠎ᠦᠨ ᠴᠤᠭᠯᠠᠭᠠᠨ᠎ᠳᠤ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠲᠡᠷᠢᠭᠦᠨ᠎ᠦ
ᠦᠢᠯᠡᠳᠬᠦ ᠦᠢᠯᠡᠰ᠂ ᠪᠣᠬᠢᠷᠲᠤᠯ ᠦᠭᠡᠢ ᠬᠥᠳᠡᠭᠡ ᠠᠵᠤ ᠠᠬᠤᠢ᠂ ᠡᠷᠡᠭᠦᠯ ᠡᠩᠭᠡ ᠠᠮᠢᠳᠤᠷᠠᠯ᠂ ᠣᠶᠤᠨᠲᠤ ᠮᠠᠰᠢᠨ
ᠲᠡᠷᠭᠡ᠂ ᠴᠡᠪᠡᠷ ᠡᠨᠧᠷᠭᠢ ᠵᠡᠷᠭᠡ ᠵᠢᠷᠭᠤᠭᠠᠨ ᠶᠡᠬᠡ ᠬᠡᠯᠬᠢᠶ᠎ᠡ ᠪᠠ ᠨᠢᠭᠡ ᠬᠠᠩᠭᠠᠯᠭ᠎ᠠ᠎ᠶᠢᠨ ᠬᠡᠯᠬᠢᠶ᠎ᠡ᠎ᠶᠢᠨ
ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋ ᠲᠣᠬᠢᠷᠠᠭᠤᠯᠪᠠ᠃
✦ᠤᠯᠤᠰ᠎ᠤᠨ ᠴᠠᠭ ᠠᠭᠤᠷ᠎ᠤᠨ ᠲᠥᠪ ᠦᠨ 21᠎ᠦ ᠡᠳᠦᠷ ᠨᠡᠢᠲᠡᠯᠡᠭᠰᠡᠨ ᠬᠢᠨᠠᠨ ᠬᠡᠮᠵᠢᠯᠲᠡ᠎ᠶᠢᠨ
ᠦᠷ᠎ᠡ ᠳ᠋ᠦᠩ᠎ᠢ ᠦᠨᠳᠦᠰᠦᠯᠡᠪᠡᠯ᠂ ᠵᠢᠶᠠᠩᠨᠠᠨ ᠣᠷᠣᠨ᠂ ᠬᠥᠬᠡᠮᠥ᠋ᠷᠡᠨ᠎ᠦ ᠳᠤᠮᠳᠠᠳᠤ ᠳᠣᠣᠷᠠᠳᠤ ᠤᠷᠤᠰᠬᠠᠯ᠎ᠤᠨ
ᠣᠷᠣᠨ ᠪᠣᠯᠣᠨ ᠬᠥᠬᠡᠮᠥ᠋ᠷᠡᠨ ᠪᠠ ᠬᠤᠸᠠᠢᠾᠧ ᠭᠣᠣᠯ᠎ᠤᠨ ᠬᠤᠭᠤᠷᠤᠨᠳᠤᠬᠢ ᠣᠷᠣᠨ᠎ᠳᠤ ᠬᠦᠶ᠋ᠯᠡᠰᠦᠨ ᠪᠣᠷᠣᠭᠠᠨ᠎ᠤ ᠤᠯᠠᠷᠢᠯ ᠬᠦᠷᠴᠦ ᠢᠷᠡᠵᠡᠢ᠃
✦ᠬᠥᠳᠡᠭᠡ
ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠬᠠᠮᠤᠭ ᠤᠨ ᠰᠢᠨ᠎ᠡ ᠲᠠᠷᠢᠶᠠᠯᠠᠩ᠎ᠤᠨ ᠪᠠᠢᠳᠠᠯ᠎ᠤᠨ ᠲᠣᠬᠢᠷᠠᠭᠤᠯᠤᠯᠲᠠ᠎ᠵᠢ
ᠦᠨᠳᠦᠰᠦᠯᠡᠪᠡᠯ᠂ ᠣᠳᠣᠬᠠᠨ᠎ᠳᠤ ᠪᠥᠬᠥ ᠤᠯᠤᠰ᠎ᠤᠨ ᠵᠣᠨ᠎ᠤ ᠲᠠᠷᠢᠶᠠᠯᠠᠭ᠎ᠠ᠎ᠶᠢᠨ ᠠᠮᠤ ᠪᠤᠳᠠᠭ᠎ᠠ ᠲᠠᠷᠢᠭᠰᠠᠨ ᠠᠬᠢᠴᠠ
ᠲᠤᠯᠤᠭᠠᠨ ᠬᠤᠪᠢ ᠰᠢᠬᠠᠮ ᠪᠣᠯᠵᠠᠢ᠃
✦ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ
ᠲᠣᠭᠯᠠᠭᠠᠮ᠎ᠤᠨ ᠵᠦᠢᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠬᠡᠦᠬᠡᠳ᠎ᠦᠨ ᠲᠡᠷᠭᠡᠨ᠎ᠦ CCC ᠦᠢᠯᠡᠳᠬᠦᠨ᠎ᠦ ᠭᠡᠷᠡᠴᠢᠯᠡᠯ᠎ᠦᠨ ᠬᠡᠷᠡᠭᠵᠢᠭᠦᠯᠬᠦ
ᠳᠦᠷᠢᠮ᠎ᠳᠦ ᠪᠥᠬᠥ ᠲᠠᠯ᠎ᠠ᠎ᠪᠠᠷ ᠵᠠᠰᠠᠪᠤᠷᠢ ᠣᠷᠣᠭᠤᠯᠵᠤ᠂ ᠡᠨᠡ ᠵᠢᠯ᠎ᠦᠨ 11 ᠰᠠᠷ᠎ᠠ᠎ᠠᠴᠠ ᠡᠬᠢᠯᠡᠵᠦ ᠬᠡᠷᠡᠭᠵᠢᠭᠦᠯᠬᠦ
ᠪᠡᠷ ᠪᠤᠢ᠃
✦ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠭᠢᠷᠢᠨ
ᠶᠡᠬᠡ ᠰᠤᠷᠭᠠᠭᠤᠯᠢ᠎ᠶᠢᠨ ᠫᠷᠤᠹᠸᠰᠰᠤᠷ ᠱᠧᠨ ᠵᠢᠶᠠ ᠬᠣᠩ ᠣᠢᠷ᠎ᠠ᠎ᠳᠤ ᠤᠯᠤᠬᠰᠠᠨ 《ᠳᠤᠮᠳᠠᠳᠤ ᠤᠯᠤᠰ᠎ᠤᠨ ᠬᠢᠮᠢ᠎ᠶᠢᠨ ᠨᠡᠢᠭᠡᠮᠯᠢᠭ᠎ᠦᠨ ᠨᠠᠰᠤᠨ ᠲᠤᠷᠰᠢᠲᠠ᠎ᠶᠢᠨ ᠠᠮᠵᠢᠯᠲᠠ
ᠪᠦᠲᠦᠮᠵᠢ ᠶᠢᠨ ᠱᠠᠩᠨᠠᠯ》᠎ᠤᠨ 50 ᠲᠦᠮᠡᠨ ᠲᠥᠭᠥᠷᠢᠭ᠎ᠤᠨ ᠱᠠᠩᠨᠠᠯ᠎ᠤᠨ
ᠮᠥᠩᠭᠥ᠎ᠪᠡᠨ ᠭᠢᠷᠢᠨ ᠶᠡᠬᠡ ᠰᠤᠷᠭᠠᠭᠤᠯᠢ᠎ᠶᠢᠨ 《ᠲᠠᠩ ᠤᠦ ᠴᠢᠩ》 ᠰᠤᠷᠭᠠᠨ ᠬᠥᠮᠦᠵᠢᠯ᠎ᠦᠨ ᠰᠠᠭᠤᠷᠢ ᠮᠥᠩᠭᠥᠨ᠎ᠦ
ᠨᠡᠢᠭᠡᠮᠯᠢᠭ᠎ᠲᠦ ᠬᠠᠨᠳᠢᠪᠯᠡᠪᠠ᠃
✦ᠥᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ ᠤᠢᠷ᠎ᠠ᠎ᠳᠦ 2.7
ᠳ᠋ᠦᠩᠰᠢᠭᠤᠷ ᠲᠥᠭᠥᠷᠢᠭ᠎ᠤᠨ ᠲᠤᠰᠬᠠᠢ ᠪᠡᠯᠡ ᠮᠥᠩᠭᠥ᠎ᠵᠢ ᠨᠢᠭᠡᠳᠦᠯᠲᠡᠢ ᠲᠥᠯᠥᠪᠯᠡᠨ ᠪᠠᠭᠤᠯᠭᠠᠵᠤ᠂ 7
ᠠᠢᠮᠠᠭ ᠬᠤᠲᠠ᠎ᠵᠢᠨ ᠬᠡᠰᠡᠭ ᠲᠤᠭᠤᠷᠢᠭ᠎ᠢ ᠥᠭᠡᠷᠡᠴᠢᠯᠡᠨ ᠰᠢᠨᠡᠴᠢᠯᠡᠬᠦ᠎ᠵᠢ ᠳᠡᠮᠵᠢᠵᠦ᠂ ᠬᠠᠭᠤᠴᠢᠨ ᠬᠤᠲᠠ
ᠲᠤᠭᠤᠷᠢᠭ᠎ᠤᠨ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠭᠦᠯᠬᠦ᠎ᠳᠦ ᠪᠡᠯᠡ ᠮᠥᠩᠭᠥ᠎ᠵᠢᠨ ᠪᠠᠲᠤᠯᠠᠭ᠎ᠠ
ᠬᠠᠩᠭᠠᠵᠤ᠂ ᠬᠤᠲᠠ᠎ᠵᠢᠨ ᠳᠦᠷᠢ ᠳᠥᠷᠬᠦ᠎ᠵᠢ ᠰᠢᠨᠡᠴᠢᠯᠡᠨ ᠠᠷᠠᠳ᠎ᠲᠦ ᠠᠰᠢᠭ ᠬᠦᠷᠲᠡᠭᠡᠬᠦ ᠠᠷᠭ᠎ᠠ
ᠬᠡᠮᠵᠢᠶ᠎ᠡ᠎ᠵᠢ ᠦᠨᠡᠨᠬᠦ ᠦᠨᠳᠦᠰᠦᠨ ᠱᠠᠲᠤᠨ᠎ᠳᠦ ᠨᠠᠢᠳᠠᠪᠤᠷᠢᠵᠢᠭᠤᠯᠪᠠ᠃
✦ᠤᠢᠷ᠎ᠠ᠎ᠳᠦ ᠤᠯᠤᠰ᠎ᠤᠨ ᠡᠨ᠋ᠸᠷᠬᠢ ᠵᠢᠨ ᠲᠤᠪᠴᠢᠶ᠎ᠠ᠎ᠵᠢᠨ ᠵᠥᠪᠰᠢᠶᠡᠷᠡᠯᠵᠢᠡᠷ᠂ ᠥᠪᠥᠷ
ᠮᠤᠩᠭᠤᠯ᠎ᠤᠨ ᠴᠠᠬᠢᠯᠭᠠᠨ ᠬᠦᠴᠦᠨ᠎ᠤ ᠠᠷᠠᠯᠵᠢᠶᠠᠨ᠎ᠤ ᠲᠥᠪ ᠪᠤᠬᠢᠷᠳᠤᠯ ᠦᠭᠡᠢ ᠴᠠᠬᠢᠯᠭᠠᠨ᠎ᠤ ᠦᠨᠡᠮᠯᠡᠯ᠎ᠤᠨ
ᠠᠷᠠᠯᠵᠢᠶ᠎ᠠ᠎ᠵᠢ ᠵᠤᠬᠢᠶᠠᠨ ᠪᠠᠢᠭᠤᠯᠤᠨ ᠥᠷᠨᠢᠭᠦᠯᠵᠤ ᠪᠤᠯᠬᠤ ᠪᠦᠬᠦ ᠤᠯᠤᠰ᠎ᠤᠨ ᠳᠦᠷᠪᠡᠳᠡᠬᠢ ᠪᠤᠬᠢᠷᠳᠤᠯ
ᠦᠭᠡᠢ ᠴᠠᠬᠢᠯᠭᠠᠨ ᠤ ᠦᠨᠡᠮᠯᠡᠯ᠎ᠤᠨ ᠠᠷᠠᠯᠵᠢᠶᠠᠨ᠎ᠤ ᠳᠠᠪᠴᠠᠩ ᠪᠤᠯᠤᠭᠰᠠᠨ ᠪᠥᠭᠡᠳ ᠪᠤᠬᠢᠷᠳᠤᠯ ᠦᠭᠡᠢ
ᠴᠠᠬᠢᠯᠭᠠᠨ᠎ᠤ ᠦᠨᠡᠮᠯᠡᠯ᠎ᠤᠨ ᠠᠷᠠᠯᠵᠢᠶ᠎ᠠ ᠪᠠ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠵᠢ
ᠵᠡᠷᠭᠡ᠎ᠪᠡᠷ ᠵᠤᠬᠢᠶᠠᠨ ᠪᠠᠢᠭᠤᠯᠵᠤ ᠪᠤᠯᠬᠤ ᠠᠩᠬᠠᠳᠠᠭᠴᠢ ᠮᠤᠵᠢ᠎ᠵᠢᠨ ᠳᠡᠰ᠎ᠤᠨ ᠴᠠᠬᠢᠯᠭᠠᠨ ᠬᠦᠴᠦᠨ᠎ᠤ
ᠠᠷᠠᠯᠵᠢᠶᠠᠨ᠎ᠤ ᠪᠠᠢᠭᠤᠯᠤᠮᠵᠢ ᠪᠤᠯᠵᠠᠢ᠃
✦ᠲᠦᠷᠦᠭᠦᠬᠡᠨ ᠪᠠᠶᠠᠨᠨᠠᠭᠤᠷ ᠬᠤᠲᠠ᠎ᠵᠢᠨ ᠤᠷᠠᠳ᠎ᠤᠨ ᠡᠮᠦᠨᠡᠲᠦ ᠬᠤᠰᠢᠭᠤᠨ᠎ᠤ
ᠬᠤᠲᠠ᠎ᠵᠢᠨ ᠬᠠᠮᠢᠶᠠᠷᠤᠯᠲᠠ᠎ᠵᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠰᠠᠢᠨ
ᠳᠤᠷᠠᠴᠤᠳ᠎ᠤᠨ ᠨᠡᠢᠭᠡᠮᠯᠢᠭ ᠲᠠᠢ ᠬᠠᠮᠲᠤᠷᠠᠨ᠂ ᠬᠤᠲᠠ᠎ᠵᠢᠨ ᠲᠤᠭᠤᠷᠢᠭ᠎ᠤᠨ ᠵᠢᠵᠢᠭ ᠵᠠᠷ ᠮᠡᠳᠡᠭᠡᠵᠢ
ᠠᠷᠢᠯᠭᠠᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ᠎ᠲᠦ ᠴᠡᠪᠡᠷ ᠴᠡᠮᠴᠡᠭᠡᠷ᠂ ᠡᠮᠬᠢ ᠵᠢᠷᠤᠮ ᠲᠠᠢ᠂
ᠤᠷᠤᠰᠢᠨ ᠰᠠᠭᠤᠷᠢᠰᠢᠬᠤ᠎ᠳᠦ ᠲᠤᠬᠢᠷᠠᠮᠵᠢᠲᠠᠢ ᠤᠷᠴᠢᠨ ᠲᠤᠭᠤᠷᠢᠨ᠎ᠢ ᠪᠤᠢ ᠪᠤᠯᠭᠠᠬᠤ᠎ᠳᠦ ᠬᠦᠴᠦᠨ
ᠨᠡᠮᠡᠷᠢᠯᠡᠪᠡ᠃
ᠠᠵᠤ ᠠᠬᠤᠢ
✦ᠡᠨᠡ ᠵᠢᠯ᠎ᠤᠨ ᠲᠦᠷᠦᠭᠦᠦ 5 ᠰᠠᠷ᠎ᠠ᠎ᠳᠦ ᠥᠪᠥᠷ ᠮᠤᠩᠭᠤᠯ᠎ᠤᠨ ᠬᠠᠭᠤᠷᠠᠢ ᠵᠠᠮ᠎ᠤᠨ
ᠪᠤᠭᠤᠮᠲᠠ᠎ᠵᠢᠨ ᠬᠢᠯᠢ᠎ᠪᠡᠷ ᠤᠷᠤᠭᠤᠯᠵᠤ ᠭᠠᠷᠭᠠᠬᠰᠠᠨ ᠪᠠᠷᠠᠭᠠᠨ᠎ᠤ ᠲᠡᠭᠡᠭᠡᠪᠦᠷᠢ᠎ᠵᠢᠨ ᠬᠡᠮᠵᠢᠶ᠎ᠡ 6809
ᠲᠥᠮᠡᠨ ᠲᠤᠨᠢ ᠳᠠᠪᠠᠵᠤ᠂ ᠲᠦᠷᠦᠭᠦᠦ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 43.1%᠎ᠪᠡᠷ ᠨᠡᠮᠡᠭᠳᠡᠨ᠂
ᠪᠠᠷᠠᠭᠠᠨ᠎ᠤ ᠲᠡᠭᠡᠭᠡᠪᠦᠷᠢ᠎ᠵᠢᠨ ᠬᠡᠮᠵᠢᠶ᠎ᠡ᠎ᠨᠢ ᠦᠷᠭᠦᠯᠵᠢᠯᠡᠨ ᠪᠦᠬᠦ ᠤᠯᠤᠰ᠎ᠤᠨ ᠬᠠᠭᠤᠷᠠᠢ ᠵᠠᠮ᠎ᠤᠨ
ᠪᠤᠭᠤᠮᠲᠠ᠎ᠵᠢᠨ ᠲᠡᠷᠢᠭᠦᠨ᠎ᠳᠦ ᠤᠷᠤᠵᠠᠢ᠃
ᠰᠤᠶᠤᠯ
✦ᠤᠢᠷ᠎ᠠ᠎ᠳᠦ ᠤᠷᠳᠤᠰ ᠬᠤᠲᠠ᠎ᠵᠢᠨ ᠬᠠᠩᠭᠢᠨ ᠬᠤᠰᠢᠭᠤᠨ᠎ᠤ ᠬᠤᠶᠠᠳᠤᠭᠠᠷ ᠬᠡᠦᠬᠡᠳ᠎ᠤᠨ
ᠴᠡᠴᠡᠷᠯᠢᠭ᠎ᠤᠨ ᠠᠪᠤ᠎ᠵᠢᠨ ᠪᠠᠶᠠᠷᠲᠦ ᠵᠤᠷᠢᠭᠤᠯᠤᠭᠰᠠᠨ ᠪᠦᠬᠡ᠎ᠵᠢᠨ ᠤᠷᠤᠯᠳᠤᠭᠠᠨ ᠰᠢᠨᠡᠪᠠᠯᠭᠠᠰᠤ ᠵᠢᠨ
ᠲᠠᠮᠤᠬᠠᠢᠵᠢᠨ ᠴᠠᠢᠳᠠᠮ᠎ᠳᠦ ᠬᠦᠭᠵᠢᠶᠡᠨᠲᠡᠢ ᠶᠠᠪᠤᠭᠳᠠᠪᠠ᠃
ᠲᠠᠮᠢᠷ
✦21᠎ᠤ ᠡᠳᠦᠷ᠂ ᠬᠥᠯᠥᠨ ᠪᠤᠢᠷ᠎ᠤᠨ
ᠲᠠᠯ᠎ᠠ ᠨᠤᠲᠤᠭ᠎ᠤᠨ ᠪᠠᠭᠠᠲᠤᠳ᠎ᠤᠨ ᠴᠤᠭᠯᠠᠭᠠᠨ᠎ᠤ ᠰᠢᠷᠢᠰ ᠠᠵᠢᠯᠯᠠᠭ᠎ᠠ·2026 《ᠬᠦᠬᠡᠨᠠᠭᠤᠷ
ᠬᠤᠨᠳᠠᠭᠠᠲᠤ》 ᠮᠤᠩᠭᠤᠯ ᠪᠦᠬᠡ᠎ᠵᠢᠨ ᠮᠠᠩᠯᠠᠢ᠂ ᠮᠡᠷᠭᠡᠨ ᠬᠠᠷᠪᠤᠭᠠᠴᠢ ᠰᠢᠯᠭᠠᠷᠠᠭᠤᠯᠬᠤ ᠤᠷᠤᠯᠳᠤᠭᠠᠨ
ᠬᠠᠭᠤᠴᠢᠨ ᠪᠠᠷᠭᠤ ᠬᠤᠰᠢᠭᠤᠨ᠎ᠤ ᠬᠦᠬᠡᠨᠠᠭᠤᠷ ᠦᠵᠡᠮᠵᠢ᠎ᠵᠢᠨ ᠤᠷᠤᠨ᠎ᠳᠦ ᠶᠠᠪᠤᠭᠳᠠᠵᠤ᠂ 1024 ᠬᠦᠴᠦᠲᠦ
ᠪᠦᠭᠡ᠎ᠵᠢᠨ ᠪᠠᠷᠢᠯᠳᠤᠭᠠᠨ᠎ᠳᠦ ᠰᠢᠨ᠎ᠡ ᠪᠠᠷᠭᠤ ᠵᠡᠭᠦᠨ ᠬᠤᠰᠢᠭᠤᠨ᠎ᠤ ᠡᠩᠬᠡᠵᠢᠷᠭᠠᠯ ᠲᠦᠷᠦᠭᠦᠯᠡᠵᠡᠢ᠃
ᠳᠡᠯᠡᠬᠡᠢ
✦ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ 21᠎ᠤ ᠡᠳᠦᠷ᠂ ᠢᠷᠠᠨ᠂ ᠠᠮᠧᠷᠢᠺᠠ
ᠪᠣᠯᠣᠨ ᠺᠠᠲ᠋ᠠᠷ ᠭᠤᠷᠪᠠᠨ ᠤᠯᠤᠰ᠎ᠤᠨ ᠬᠤᠷᠠᠯ ᠰᠸᠢᠰ᠎ᠲᠦ ᠶᠠᠪᠤᠭᠳᠠᠵᠤ᠂ ᠯᠧᠪᠠᠨᠣᠨ᠎ᠤ ᠪᠠᠢᠳᠠᠯ ᠵᠢᠴᠢ ᠥᠯᠥ ᠬᠥᠨᠳᠡᠭᠳᠡᠭᠰᠡᠨ
ᠢᠷᠠᠨ᠎ᠤ ᠡᠳ᠋ ᠬᠥᠷᠥᠩᠭᠡ᠎ᠵᠢᠨ ᠲᠤᠬᠠᠢ ᠵᠥᠪᠯᠡᠵᠡᠢ᠃
✦ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠠᠮᠧᠷᠢᠺᠠ᠎ᠶᠢᠨ ᠯᠤᠰ ᠠᠩᠵᠸᠯᠸᠰ
ᠬᠣᠲᠠ᠎ᠶᠢᠨ ᠨᠢᠭᠡᠨ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠬᠥᠮᠥᠷᠭᠡ᠎ᠶᠢᠨ ᠲᠥᠬᠦᠭᠡᠷᠦᠮᠵᠢ᠎ᠶᠢᠨ ᠭᠠᠯ᠎ᠤᠨ
ᠠᠶᠤᠯ ᠬᠡᠳᠦᠨ ᠡᠳᠦᠷ ᠦᠷᠭᠦᠯᠵᠢᠯᠡᠭᠰᠡᠨ ᠪᠥᠭᠡᠳ ᠶᠡᠬᠡ ᠬᠡᠮᠵᠢᠶᠡᠨ᠎ᠦ ᠰᠡᠳᠦᠯᠲᠡ᠎ᠶᠢᠨ ᠴᠢᠨᠠᠷᠲᠠᠢ ᠣᠲᠣᠭ᠎ᠠ
ᠤᠨᠢᠶᠠᠷ ᠭᠠᠷᠴᠤ᠂ ᠯᠤᠰ ᠠᠩᠵᠸᠯᠸᠰ ᠬᠣᠲᠠ᠎ᠶᠢᠨ ᠳᠠᠷᠤᠭ᠎ᠠ 20᠎ᠤ ᠡᠳᠦᠷ ᠲᠣᠰ ᠬᠣᠲᠠ ᠪᠠᠴᠢᠮ ᠪᠠᠢᠳᠠᠯ᠎ᠳᠤ ᠣᠷᠣᠭᠰᠠᠨ᠎ᠢ
ᠵᠠᠷᠯᠠᠪᠠ᠃
✦ᠺᠣᠩᠭᠣ᠋ ᠵᠢᠨ ᠡᠷᠡᠭᠦᠯ ᠬᠠᠮᠠᠭᠠᠯᠠᠯ᠎ᠤᠨ ᠶᠠᠮᠤᠨ᠎ᠤ 20᠎ᠤ ᠡᠳᠦᠷ ᠨᠡᠢᠲᠡᠯᠡᠭᠰᠡᠨ ᠬᠢᠵᠢᠭ᠎ᠦᠨ
ᠪᠠᠢᠳᠠᠯ ᠤᠨ ᠮᠡᠳᠡᠭᠦᠯᠦᠯᠲᠡ᠎ᠵᠢ ᠦᠨᠳᠦᠰᠦᠯᠡᠪᠡᠯ᠂ ᠲᠤᠰ ᠤᠯᠤᠰ᠎ᠤᠨ ᠲᠤᠰ ᠡᠭᠡᠯᠵᠢ᠎ᠶᠢᠨ ᠡᠸᠪᠦ᠋ᠯᠠ ᠬᠢᠵᠢᠭ᠎ᠦᠨ
ᠪᠠᠢᠳᠠᠯ᠎ᠳᠤ ᠣᠨᠣᠰᠢᠯᠠᠭᠳᠠᠭᠰᠠᠨ ᠡᠪᠡᠳᠴᠢᠨ᠎ᠦ ᠵᠢᠱ᠌ᠢᠶ᠎ᠡ ᠨᠡᠢ᠍ᠢᠳᠡ 956 ᠪᠣᠯᠵᠤ ᠨᠡᠮᠡᠭᠳᠡᠨ᠂ ᠡᠭᠦᠨ᠎ᠳᠦ
247 ᠬᠦᠮᠦᠨ ᠡᠨᠳᠡᠵᠡᠢ᠃
ᠦᠢᠯᠡᠴᠢᠯᠡᠭᠡ
✦ᠬᠤᠤᠯᠢᠩᠭᠣᠣᠯ ᠬᠣᠲᠠ᠎ᠶᠢᠨ ᠠᠯᠪᠠᠨ᠎ᠤ ᠬᠡᠦᠬᠡᠳ᠎ᠦᠨ ᠴᠡᠴᠡᠷᠯᠢᠭ ᠪᠠᠭ᠍ᠰᠢ ᠡᠯᠰᠡᠵᠦ
ᠪᠤᠢ᠃
✦ᠤᠯᠤᠰ᠎ᠤᠨ ᠳᠣᠲᠣᠭᠠᠳᠤ᠎ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠰᠢᠨ᠎ᠡ ᠨᠢᠭᠡ
ᠡᠭᠡᠯᠵᠢ᠎ᠶᠢᠨ ᠦᠨ᠎ᠡ᠎ᠶᠢᠨ ᠲᠣᠬᠢᠷᠠᠭᠤᠯᠤᠯᠲᠠ᠎ᠵᠢ 7 ᠰᠠᠷ᠎ᠠ᠎ᠶᠢᠨ 3᠎ᠤ ᠡᠳᠦᠷ᠎ᠦᠨ 24 ᠴᠠᠭ᠎ᠲᠤ ᠬᠢᠬᠦᠪᠤᠯᠤᠨᠠ᠃
ᠲᠠᠨ᠎ᠤ ᠲᠤᠰᠠ᠎ᠳᠤ
✦ᠵᠣᠨ᠎ᠤ ᠤᠯᠠᠷᠢᠯ᠎ᠤᠨ ᠢᠳᠡᠭᠡᠨ ᠤᠮᠳᠠᠭᠠᠨ᠎ᠤ ᠲᠤᠬᠠᠢ ᠲᠤᠰᠬᠠᠢ ᠮᠡᠷᠭᠡᠵᠢᠯᠲᠡᠨ᠎ᠤ ᠰᠠᠨᠠᠭᠤᠯᠬᠤ᠎ᠪᠡᠷ᠂
ᠡᠭᠡᠯᠢᠯᠡᠭᠡ᠎ᠶᠢᠨ ᠴᠢᠳᠠᠪᠤᠷᠢ ᠠᠨᠠᠢ ᠬᠥᠮᠥᠰ᠂ ᠵᠢᠱ᠌ᠢᠶᠡᠯᠡᠪᠡᠯ ᠨᠢᠯᠬ᠎ᠠ ᠬᠡᠦᠬᠡᠳ᠂ ᠨᠠᠰᠤᠲᠠᠢᠴᠤᠳ᠂ ᠵᠢᠷᠮᠦᠰᠦᠨ
ᠡᠮᠡᠭᠲᠡᠢ ᠵᠢᠴᠢ ᠤᠳᠠᠭᠠᠨ ᠴᠢᠨᠠᠷᠲᠠᠢ ᠡᠪᠡᠳᠴᠢᠨ᠂ ᠥᠮᠡᠨ᠎ᠳᠦ ᠨᠡᠷᠪᠡᠭᠳᠡᠭᠰᠡᠨ ᠪᠤᠶᠤ ᠡᠭᠡᠯᠢᠯᠡᠭᠡ᠎ᠶᠢᠨ ᠬᠢᠵᠠᠭᠠᠷᠯᠠᠬᠤ
ᠡᠮ ᠬᠡᠷᠡᠭᠯᠡᠵᠦ ᠪᠠᠢᠭ᠎ᠠ ᠬᠥᠮᠥᠰ ᠠᠯᠢ ᠴᠢᠳᠠᠬᠤ᠎ᠪᠠᠷ ᠦᠯᠡᠳᠡᠭᠰᠡᠨ ᠪᠤᠳᠠᠭ᠎ᠠ ᠨᠣᠭᠣᠭ᠎ᠠ ᠢᠳᠡᠬᠦ᠎ᠡᠴᠡ ᠵᠠᠢᠯᠠᠰᠬᠢᠪᠡᠯ
ᠵᠤᠬᠢᠨ᠎ᠠ᠃ ᠬᠡᠷᠪᠡ ᠦᠯᠡᠳᠡᠭᠰᠡᠨ ᠬᠣᠭᠣᠯᠠ ᠢᠳᠡᠭᠰᠡᠨᠦ ᠳᠠᠷᠠᠭ᠎ᠠ ᠳᠤᠷ᠎ᠠ ᠪᠣᠯᠭᠢᠬᠤ᠂ ᠪᠥᠭᠡᠯᠵᠢᠬᠦ ᠵᠢᠴᠢ
ᠰᠠᠭᠤᠯᠭᠠᠬᠤ ᠵᠡᠷᠭᠡ ᠡᠪᠡᠳᠴᠢᠨ᠎ᠦ ᠢᠯᠡᠷᠡᠯ ᠲᠠᠢ ᠪᠤᠯ ᠳᠠᠷᠤᠢ ᠲᠦᠷᠭᠡᠨ ᠡᠮᠨᠡᠭᠦᠯᠬᠦ ᠬᠡᠷᠡᠭᠲᠡᠢ᠃
ᠵᠠᠯᠭᠠᠭᠠᠳ 《ᠶᠢᠰᠦᠨ
ᠬᠦᠰᠡᠯ᠎ᠤᠨ ᠠᠶᠠᠯᠭᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠᠬᠢᠨ ᠠᠭᠤᠯᠵᠠᠳᠠᠯ᠎ᠠ ᠪᠡᠨ ᠲᠦᠷ ᠪᠠᠶᠠᠷᠳᠠᠢ!
(ᠢᠷᠡᠯᠳᠡ᠄ ᠰᠢᠨᠬᠤᠧᠠ
ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ
ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂
ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)