


ᠨᠡᠢ᠌ᠭᠡᠮ
✦ ᠮᠠᠨ᠎ᠤ ᠤᠯᠤᠰ 6 ᠰᠠᠷ᠎ᠠ᠎ᠶᠢᠨ 1᠎ᠦ ᠡᠳᠦᠷ᠎ᠡᠴᠡ ᠡᠬᠢᠯᠡᠨ ᠦᠶᠡᠷ᠎ᠤᠨ ᠬᠤᠭᠤᠴᠠᠭᠠᠨ᠎ᠳᠤ ᠪᠥᠬᠥ ᠲᠠᠯ᠎ᠠ᠎ᠪᠠᠷ ᠣᠷᠣᠵᠤ᠂
ᠡᠮᠦᠨᠡᠲᠦ ᠣᠷᠣᠨ ᠦᠶᠡᠷᠯᠡᠬᠦ ᠭᠣᠣᠯ ᠬᠤᠭᠤᠴᠠᠭᠠᠨ᠎ᠳᠤ ᠣᠷᠣᠪᠠ᠃
✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠮᠡᠳᠡᠭᠡ ᠵᠢ
ᠦᠨᠳᠦᠰᠦᠯᠡᠪᠡᠯ᠂ 《ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠲᠣᠭᠲᠠᠭᠠᠯ》᠎ᠢ 6 ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠬᠦᠯᠪᠡ᠃
✦ ᠠᠷᠠᠳ᠎ᠤᠨ ᠶᠠᠪᠤᠳᠠᠯ᠎ᠤᠨ ᠶᠠᠮᠤᠨ ᠮᠡᠳᠡᠭᠳᠡᠯ ᠨᠡᠢᠲᠡᠯᠡᠵᠦ᠂ ᠪᠦᠬᠦ ᠤᠯᠤᠰ᠎ᠤᠨ ᠬᠡᠪᠴᠢᠶᠡᠨ᠎ᠳᠦ ᠨᠠᠰᠤᠨ᠎ᠳᠦ
ᠦᠯᠥ ᠬᠦᠷᠦᠭᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠪᠠᠢᠭᠤᠯᠤᠮᠵᠢ᠎ᠶᠢᠨ 《ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ》 ᠲᠤᠰᠬᠠᠢ ᠠᠵᠢᠯᠯᠠᠭ᠎ᠠ᠎ᠶᠢ ᠨᠢᠭᠡ ᠵᠢᠯ᠎ᠦᠨ ᠬᠤᠭᠤᠴᠠᠭ᠎ᠠ᠎ᠲᠠᠢ
ᠥᠷᠨᠢᠭᠦᠯᠬᠦ᠎ᠪᠡᠷ ᠲᠣᠭᠲᠠᠵᠤ᠂ ᠡᠭᠦᠨ᠎ᠡᠴᠡ ᠰᠡᠭᠦᠯᠡᠷ ᠪᠠᠢᠩᠭᠤ ᠥᠷᠨᠢᠭᠦᠯᠬᠦ ᠪᠣᠯᠣᠨ᠎ᠠ ᠭᠡᠪᠡ᠃
✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠯᠪᠠᠨ ᠵᠠᠷᠯᠠᠯ ᠨᠡᠢᠲᠡᠯᠡᠵᠦ᠂ ᠨᠡᠢᠭᠡᠮ
ᠨᠡᠢᠲᠡ᠎ᠡᠴᠡ ᠨᠠᠰᠤᠵᠢᠯ᠎ᠤᠨ ᠠᠰᠠᠷᠠᠮᠵᠢ᠎ᠶᠢᠨ ᠬᠦᠷᠢᠶᠡᠨ᠎ᠳᠡᠬᠢ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠡ
ᠵᠢ ᠥᠳᠥᠭᠡᠨ ᠳᠠᠭᠠᠭᠤᠯᠬᠤ ᠵᠡᠷᠭᠡ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢᠨ ᠰᠦᠪᠡᠭᠴᠢ᠎ᠶᠢ ᠤᠷᠳᠣ᠌
ᠬᠤᠭᠤᠴᠠᠭ᠎ᠠ᠎ᠪᠠᠷ ᠢᠯᠡ᠎ᠪᠡᠷ ᠵᠠᠷᠯᠠᠨ ᠴᠤᠭᠯᠠᠭᠤᠯᠵᠤ᠂ ᠡᠯ᠎ᠡ ᠲᠥᠷᠥᠯ᠎ᠦᠨ 《ᠨᠠᠰᠤᠲᠠᠳ᠎ᠢ ᠮᠡᠬᠡᠯᠡᠬᠦ》 ᠠᠰᠠᠭᠤᠳᠠᠯ᠎ᠳᠤ ᠴᠢᠩᠭ᠎ᠠ ᠴᠣᠬᠢᠯᠲᠠ ᠥᠭᠴᠦ᠂ ᠨᠠᠰᠤᠲᠠᠢᠴᠤᠳ᠎ᠤᠨ
ᠬᠠᠤᠯᠢ ᠶᠣᠰᠣᠨᠦ ᠡᠷᠬᠡ ᠠᠰᠢᠭ᠋᠎ᠢ ᠪᠦᠬᠥ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠬᠤ
ᠪᠠᠷ ᠪᠣᠢ᠃
✦ 2025 ᠣᠨ᠎ᠤ ᠵᠢᠯ᠎ᠦᠨ ᠡᠴᠦᠰ ᠪᠣᠯᠲᠠᠯ᠎ᠠ᠂
ᠲᠦᠩᠯᠢᠶᠣᠣ ᠬᠤᠲᠠ᠎ᠶᠢᠨ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠶᠡᠷᠦᠩᠬᠡᠢ ᠲᠠᠯᠠᠪᠠᠢ 1225.7 ᠲᠦᠮᠡᠨ
ᠮᠦ᠍᠎ᠳᠦ ᠬᠦᠷᠴᠦ᠂ ᠲᠠᠷᠢᠶᠠᠯᠠᠩ᠎ᠳᠤ ᠬᠣᠯᠪᠣᠭᠳᠠᠬᠤ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠬᠥᠭᠵᠢᠭᠡᠳ
4500 ᠪᠣᠯᠵᠤ᠂ ᠬᠣᠶᠠᠷ ᠵᠦᠢᠯ᠎ᠦᠨ ᠬᠡᠪᠴᠢᠶᠡᠵᠢᠭᠰᠡᠨ ᠵᠢᠭᠠᠯᠲᠠ
ᠲᠣᠭ᠎ᠠ ᠴᠥᠮ ᠪᠦᠬᠦ ᠣᠷᠣᠨ᠎ᠳᠤ
ᠲᠦᠷᠦᠭᠦᠯᠡᠪᠡ᠃
✦ ᠬᠥᠪᠡᠭᠡᠲᠦ
ᠰᠢᠷ᠎ᠠ ᠬᠣᠰᠢᠭᠤᠨ᠎ᠤ ᠨᠣᠮ᠎ᠤᠨ ᠰᠠᠩ᠎ᠤᠨ 24 ᠴᠠᠭ᠎ᠤᠨ
ᠣᠶᠤᠨᠳᠤ ᠨᠣᠮ᠎ᠤᠨ ᠰᠠᠩ ᠨᠢ 2024 ᠣᠨ᠎ᠤ
4 ᠰᠠᠷ᠎ᠠ᠎ᠳᠤ
ᠪᠠᠢᠭᠤᠯᠤᠭᠳᠠᠭᠰᠠᠨ᠎ᠠᠴᠠ ᠨᠠᠭᠠᠰᠢ᠂ ᠬᠣᠶᠠᠷ ᠵᠢᠯ᠎ᠦᠨ ᠬᠤᠭᠤᠴᠠᠭᠠᠨ᠎ᠳᠦ ᠭᠤᠷᠪᠠᠨ ᠲᠦᠮᠡᠨ ᠬᠥᠮᠥᠨ ᠤᠳᠠᠭ᠎ᠠ᠎ᠶᠢᠨ
ᠤᠩᠰᠢᠭ᠍ᠴᠢ ᠶᠢ ᠬᠦᠯᠢᠶᠡᠨ ᠠᠪᠴᠤ᠂ ᠪᠦᠬᠦ ᠠᠷᠠᠳ᠎ᠢᠶᠠᠷ᠎ᠢᠶᠠᠨ ᠨᠣᠮ ᠤᠩᠰᠢᠬᠤ ᠰᠠᠢᠨ ᠰᠠᠢᠬᠠᠨ ᠰᠣᠶᠣᠯ᠎ᠤᠨ
ᠠᠭᠤᠷ ᠠᠮᠢᠰᠬᠤᠯ᠎ᠢ ᠪᠦᠷᠢᠯᠳᠦᠭᠦᠯᠵᠦ᠂ 《ᠳ᠋ᠣᠺᠲ᠋ᠣᠷ᠎ᠤᠨ
ᠥᠯᠥᠭᠡᠢ》 ᠭᠡᠬᠦ ᠨᠤᠲᠤᠭ ᠤᠰᠤᠨ᠎ᠤ ᠪᠠᠨ ᠰᠠᠢᠬᠠᠨ ᠠᠯᠳᠠᠷ᠎ᠢ ᠤᠯᠠᠮ ᠥᠨᠳᠥᠷ
ᠡᠷᠭᠦᠵᠦ ᠶᠠᠪᠤᠨ᠎ᠠ᠃
✦ ᠤᠢᠷ᠎ᠠ᠎ᠶᠢᠨ
ᠡᠳᠦᠷ ᠬᠠᠩᠭᠢᠨ ᠬᠣᠰᠢᠭᠤᠨ᠎ᠤ ᠵᠢᠷᠭᠠᠯᠠᠩᠲᠤ ᠪᠠᠯᠭᠠᠰᠤᠨ᠎ᠤ ᠬᠤᠸᠠᠩ ᠵᠢᠶᠧ ᠬᠤᠤ᠎ᠶᠢᠨ 35 ᠺᠢᠯᠤᠸᠤᠯᠲ᠎ᠤᠨ ᠬᠦᠴᠦᠳᠡᠯ ᠥᠭᠡᠷᠡᠴᠢᠯᠡᠬᠦ ᠲᠦᠷᠦᠯ ᠵᠤᠢᠯ
ᠠᠰᠢᠭ᠍ᠯᠠᠯᠲᠠ᠎ᠳᠤ ᠣᠷᠣᠪᠠ᠃ ᠡᠨᠡ ᠪᠣᠯ 2023 ᠣᠨ᠎ᠠᠴᠠ
ᠨᠠᠭᠠᠰᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ
ᠣᠷᠳᠣᠰ᠎ᠲᠠᠬᠢ ᠴᠠᠬᠢᠯᠭᠠᠨ ᠬᠠᠩᠭᠠᠬᠤ ᠺᠣᠮᠫᠠᠨᠢ᠎ᠶᠢᠨ ᠵᠢᠷᠭᠠᠯᠠᠩᠲᠤ
ᠪᠠᠯᠭᠠᠰᠤ᠎ᠶᠢ ᠬᠠᠪᠰᠤᠷᠤᠨ ᠲᠡᠳᠬᠦᠬᠦ ᠪᠠᠰᠠ ᠨᠢᠭᠡᠨ ᠴᠢᠬᠤᠯᠠ ᠶᠡᠬᠡ ᠠᠷᠠᠳ᠎ᠲᠤ ᠠᠰᠢᠭ᠋ ᠬᠦᠷᠲᠡᠭᠡᠬᠦ ᠴᠠᠬᠢᠯᠭᠠᠨ
ᠬᠦᠴᠦᠨ᠎ᠦ ᠢᠨᠵᠧᠨᠧᠷᠢᠩ ᠪᠣᠯᠣᠨ᠎ᠠ᠃ ᠣᠢᠯᠠᠭᠠᠭᠰᠠᠨ᠎ᠢᠶᠠᠷ ᠲᠤᠰ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ
ᠨᠢ 3899 ᠲᠦᠮᠡᠨ
ᠲᠥᠭᠥᠷᠢᠭ ᠪᠠᠢᠵᠤ᠂ ᠡᠷᠭᠢᠨ ᠲᠣᠭᠣᠷᠢᠨ᠎ᠤ 820 ᠭᠠᠷᠤᠢ
ᠮᠠᠯᠴᠢᠨ ᠲᠠᠷᠢᠶᠠᠴᠢᠨ᠎ᠳᠤ ᠴᠠᠬᠢᠯᠭᠠᠨ ᠬᠠᠩᠭᠠᠬᠤ ᠪᠣᠯᠣᠨ᠎ᠠ᠃
✦ ᠣᠢᠷ᠎ᠠ᠎ᠳᠦ
ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ 22 ᠲᠦᠮᠡᠨ ᠮᠦ᠍ ᠣᠰᠤᠨ ᠲᠤᠲᠤᠷᠭ᠎ᠠ ᠨᠢ ᠴᠢᠬᠢ ᠰᠠᠭᠤᠯᠭᠠᠬᠤ ᠣᠷᠭᠢᠯ ᠬᠤᠭᠤᠴᠠᠭᠠᠨ᠎ᠳᠠᠭᠠᠨ
ᠣᠷᠣᠪᠠ᠃
✦ 6 ᠰᠠᠷ᠎ᠠ᠎ᠶᠢᠨ 1᠎ᠦ ᠡᠳᠦᠷ᠂
ᠣᠲᠣᠭ᠎ᠤᠨ ᠡᠮᠦᠨᠡᠲᠦ ᠬᠣᠰᠢᠭᠤᠨ᠎ᠤ 2026 ᠣᠨ᠎ᠤ
《ᠠᠶᠤᠯᠭᠦᠢ ᠦᠢᠯᠡᠳᠪᠦᠷᠢᠯᠡᠯ᠎ᠦᠨ ᠰᠠᠷ᠎ᠠ》᠎ᠶᠢᠨ ᠠᠵᠢᠯᠯᠠᠭ᠎ᠠ᠎ᠶᠢ ᠡᠬᠢᠯᠡᠭᠦᠯᠬᠦ ᠵᠢᠴᠢ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠲᠠᠷᠬᠠᠭᠠᠬᠤ
ᠶᠣᠰᠣᠯᠠᠯ ᠶᠠᠪᠤᠭᠳᠠᠪᠠ᠃
✦ ᠦᠦᠰᠢᠨ ᠬᠣᠰᠢᠭᠤᠨ᠎ᠤ
ᠦᠦᠰᠢᠨᠵᠤᠤ ᠪᠠᠯᠭᠠᠰᠤᠨ᠎ᠤ ᠪᠠᠶᠠᠨᠲᠣᠯᠤᠭᠠᠢ ᠭᠠᠴᠠᠭᠠᠨ᠎ᠤ ᠰᠠᠢᠨ ᠲᠤᠷᠠᠴᠤᠳ᠎ᠤᠨ ᠪᠦᠯᠬᠦᠮ᠎ᠦᠨ ᠬᠢᠨ
ᠤᠷᠴᠢᠮᠬᠠᠨ ᠭᠠᠴᠠᠭᠠᠨ᠎ᠤ᠎ᠪᠠᠨ ᠬᠥᠳᠡᠯᠮᠦᠷᠢ ᠬᠦᠴᠦ ᠳᠤᠲᠠᠭᠳᠠᠵᠤ ᠪᠠᠢᠭ᠎ᠠ ᠮᠠᠯᠴᠢᠨ ᠠᠢᠯ᠎ᠤᠨ ᠵᠠᠭᠤ ᠭᠠᠷᠤᠢ
ᠬᠣᠨᠢ᠎ᠶᠢ ᠬᠠᠢᠴᠢᠯᠠᠵᠤ᠂ ᠬᠥᠷᠰᠢ ᠰᠠᠭᠠᠬᠠᠯᠲᠠᠶᠢᠨᠢᠶᠠᠨ ᠰᠡᠳᠬᠢᠯ᠎ᠢ ᠳᠤᠯᠠᠭᠠᠴᠠᠭᠤᠯᠤᠭᠰᠠᠨ ᠪᠠᠢᠨ᠎ᠠ᠃
✦ 6 ᠰᠠᠷ᠎ᠠ ᠵᠢᠨ 1᠎ᠤ
ᠡᠳᠤᠷ᠂ 《ᠳᠤᠮᠳᠠᠳᠤ
ᠤᠯᠤᠰ᠎ᠤᠨ ᠬᠦᠢᠳᠡᠨ᠎ᠤ ᠳᠤᠢᠯ》 ᠬᠡᠮᠡᠭᠳᠡᠭᠰᠡᠨ
ᠬᠦᠯᠦᠨ ᠪᠤᠢᠷ ᠬᠤᠳᠠ ᠵᠢᠨ ᠭᠡᠭᠡᠨ ᠭᠤᠤᠯ ᠬᠤᠳᠠ᠎ᠳᠤ ᠴᠠᠰᠤ ᠤᠷᠤᠵᠤ ᠤᠯᠠᠨ᠎ᠤ ᠠᠩᠬᠠᠷᠤᠯ᠎ᠳᠤ ᠬᠦᠷᠴᠠᠢ᠃
ᠰᠣᠶᠣᠯ
✦ 《ᠠᠷᠢᠭᠤᠨ ᠲᠠᠭ᠍ᠰᠢᠨ ᠠᠷᠤ ᠬᠣᠷᠴᠢᠨ·ᠨᠡᠭᠦᠳᠡᠯ ᠮᠠᠯᠵᠢᠯ᠎ᠤᠨ ᠪᠠᠬᠠᠷᠬᠠᠯ》 ᠠᠷᠤ ᠬᠣᠷᠴᠢᠨ ᠬᠣᠰᠢᠭᠤᠨ᠎ᠤ ᠳᠥᠷᠪᠡᠳᠦᠭᠡᠷ ᠬᠤᠭᠤᠴᠠᠭᠠᠨ᠎ᠤ ᠨᠡᠭᠦᠳᠡᠯ ᠮᠠᠯᠵᠢᠯ᠎ᠦᠨ ᠰᠣᠶᠣᠯ
ᠵᠢᠴᠢ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠲᠠᠷᠢᠶᠠᠯᠠᠩ ᠬᠤᠳᠠᠯᠳᠤᠭ᠎ᠠ᠎ᠶᠢ ᠠᠭᠤᠰᠤᠯᠴᠠᠭᠤᠯᠬᠤ ᠰᠢᠷᠢᠰ
ᠠᠵᠢᠯᠯᠠᠭ᠎ᠠ ᠵᠢ 6 ᠰᠠᠷ᠎ᠠ ᠵᠢᠨ 15᠎ᠤ ᠡᠳᠤᠷ ᠡᠷᠬᠢᠯᠡᠨ ᠶᠠᠪᠤᠭᠳᠠᠭᠤᠯᠬᠤ᠎ᠪᠠᠷ ᠪᠣᠯᠪᠠ᠃
ᠲᠠᠮᠢᠷ
✦ 2026 ᠣᠨ᠎ᠦ ᠪᠦᠬᠦ ᠤᠯᠤᠰ᠎ᠤᠨ ᠠᠵᠢᠯ᠎ᠤᠨ ᠴᠢᠯᠦᠭᠡᠨ᠎ᠦ ᠦᠳᠥᠨ ᠪᠥᠮᠪᠥᠭᠡ᠎ᠶᠢᠨ
ᠤᠷᠤᠯᠳᠤᠭᠠᠨ᠎ᠤ ᠣᠷᠣᠨ ᠪᠦᠰᠡ᠎ᠶᠢᠨ ᠣᠷᠤᠯᠳᠤᠭᠠᠨ ᠲᠦᠷᠦᠬᠦᠬᠡᠨ ᠣᠷᠳᠣᠰ ᠬᠣᠲᠠ᠎ᠳᠤ ᠶᠠᠪᠤᠭᠳᠠᠵᠤ᠂ ᠪᠦᠬᠦ ᠤᠯᠤᠰ᠎ᠤᠨ
ᠡᠯ᠎ᠡ ᠮᠤᠵᠢ ᠣᠷᠣᠨ ᠰᠢᠭᠤᠳ ᠬᠠᠷᠢᠶ᠎ᠠ ᠬᠤᠲᠠ᠎ᠶᠢᠨ 800 ᠨᠡᠷᠡᠰ ᠠᠵᠢᠯ᠎ᠤᠨ ᠴᠢᠯᠦᠭᠡᠨ᠎ᠦ ᠦᠳᠥᠨ ᠪᠥᠮᠪᠥᠭᠡ᠎ᠶᠢᠨ ᠲᠠᠮᠢᠷᠴᠢᠨ
ᠣᠷᠣᠯᠴᠠᠵᠠᠢ᠃
✦ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ
ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠵᠤ᠂ ᠰᠣᠶᠣᠯ ᠵᠢᠭᠤᠯᠴᠢᠯᠠᠯ᠎ᠢ ᠴᠡᠴᠡᠭᠯᠡᠭᠦᠯᠦᠨ
ᠬᠦᠭᠵᠢᠬᠦᠯᠬᠦ ᠵᠢ ᠠᠬᠢᠭᠤᠯᠬᠤ᠎ᠶᠢᠨ ᠲᠥᠯᠥᠭᠡ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂
ᠪᠠᠬᠠᠷᠤᠮ᠎ᠠ ᠰᠠᠢᠬᠠᠨ ᠰᠦᠮᠡᠲᠦ᠎ᠳᠦ ᠴᠤᠭᠯᠠᠷᠠᠶ᠎ᠠ》 ᠬᠡᠮᠡᠬᠦ ᠠᠩᠬᠠᠳᠠᠭ᠍ᠴᠢ
ᠬᠤᠭᠤᠴᠠᠭᠠᠨ᠎ᠤ 《ᠪᠥᠬᠡ ᠪᠡᠯᠭᠦᠳᠡᠢ》 ᠣᠷᠳᠣᠰ ᠪᠥᠬᠡ᠎ᠶᠢᠨ 256 ᠰᠣᠳᠣᠨ ᠪᠥᠬᠡᠴᠦᠳ᠎ᠤᠨ ᠪᠠᠷᠢᠯᠳᠤᠭᠠᠨ᠎ᠢ 6 ᠰᠠᠷ᠎ᠠ᠎ᠶᠢᠨ 14 — 15᠎ᠤ ᠡᠳᠦᠷ ᠪᠣᠯᠲᠠᠯ᠎ᠠ ᠣᠳᠤᠭ ᠬᠣᠰᠢᠭᠤᠨ᠎ᠤ
ᠰᠦᠮᠡᠲᠦ ᠰᠤᠮᠤᠨ᠎ᠤ ᠡᠷᠢᠶᠡᠨᠲᠣᠯᠣᠭᠠᠶ ᠭᠠᠴᠠᠭᠠᠨ᠎ᠳᠤ ᠶᠠᠪᠤᠭᠳᠠᠭᠤᠯᠬᠤ᠎ᠪᠠᠷ ᠪᠤᠢ᠃
ᠳᠡᠯᠡᠬᠡᠢ
✦ ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠷᠠᠨ᠎ᠤ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠢᠰᠷᠧᠯ᠎ᠦᠨ ᠯᠧᠪᠠᠨᠣᠨ᠎ᠳᠠᠬᠢ
ᠴᠡᠷᠢᠭ᠎ᠦᠨ ᠶᠠᠪᠤᠳᠠᠯ᠎ᠤᠨ ᠦᠷᠭᠦᠯᠵᠢᠯᠡᠭᠰᠡᠨ ᠠᠵᠢᠯᠯᠠᠭ᠎ᠠ᠎ᠶᠢ ᠦᠨᠳᠦᠰᠦᠯᠡᠨ᠂ ᠢᠷᠠᠨ᠎ᠤ ᠬᠡᠯᠡᠯᠴᠡᠭᠡᠷ᠎ᠦᠨ ᠪᠦᠯᠬᠦᠮ
ᠵᠠᠭᠤᠴᠢ᠎ᠶᠢᠨ ᠬᠥᠮᠥᠰ ᠪᠣᠯᠣᠨ ᠠᠮᠧᠷᠢᠺᠠ᠎ᠶᠢᠨ ᠶᠠᠷᠢᠯᠴᠠᠭ᠎ᠠ᠎ᠶᠢ ᠲᠦᠷ ᠵᠣᠭᠰᠤᠭᠠᠬᠤ᠎ᠶᠢᠨ ᠬᠠᠮᠲᠤ ᠬᠤᠷᠮᠤᠽ
ᠬᠣᠭᠣᠯᠠᠢ᠎ᠶᠢ ᠲᠤᠢᠯᠪᠤᠷᠢᠲᠠᠢ ᠪᠢᠲᠡᠭᠦᠮᠵᠢᠯᠡᠬᠦ᠎ᠪᠡᠷ ᠲᠥᠯᠥᠪᠯᠡᠵᠦ ᠪᠠᠢᠨ᠎ᠠ᠃
ᠦᠢ᠍ᠯᠡᠴᠢᠯᠡᠭᠡ
✦ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ
ᠤᠬᠠᠭᠠᠨ᠎ᠤ ᠬᠦᠷᠢᠶᠡᠯᠡᠩ ᠴᠢᠳᠠᠪᠤᠷᠢᠳᠠᠨ ᠤᠷᠢᠨ ᠡᠯᠰᠡᠵᠤ ᠪᠤᠢ᠃
ᠲᠠᠨ᠎ᠤ ᠲᠤᠰᠠ᠎ᠳᠤ
✦ ᠢᠳᠡᠭᠡᠨ᠎ᠦ ᠳᠠᠪᠤᠰᠤ᠎ᠶᠢᠨ
ᠣᠨᠴᠠᠭᠠᠶ ᠦᠢᠯᠡᠳᠦᠯᠦᠳ᠄
1. ᠲᠠᠬᠢᠶᠠᠨ
ᠥᠨᠳᠡᠭᠡ ᠴᠢᠨᠠᠬᠤ ᠦᠶᠡᠰ᠎ᠲᠦ ᠪᠠᠭ᠎ᠠ ᠳᠠᠪᠤᠰᠤ ᠬᠢᠪᠡᠯ ᠥᠨᠳᠡᠭᠡᠨ ᠬᠠᠯᠢᠰᠤ ᠨᠢ ᠬᠠᠭᠠᠷᠠᠬᠤ ᠦᠭᠡᠢ ᠪᠠᠢᠳᠠᠭ᠃
2. ᠲᠣᠰᠣᠨ᠎ᠳᠤ
ᠪᠤᠴᠠᠯᠭᠠᠭᠰᠠᠨ ᠢᠳᠡᠭᠡᠨ ᠢ ᠬᠢᠬᠦ ᠦᠶᠡᠰ ᠲᠣᠭᠣᠭᠠᠨ᠎ᠳᠠᠭᠠᠨ ᠪᠠᠭ᠎ᠠ
ᠳᠠᠪᠤᠰᠤ ᠬᠢᠪᠡᠯ ᠲᠣᠰᠣ᠌ ᠦᠰᠦᠷᠬᠦ᠎ᠶᠢ ᠰᠡᠷᠭᠡᠢᠯᠡᠵᠦ ᠲᠠᠢᠯᠤᠨ᠎ᠠ᠃
3.
ᠬᠠᠨᠢᠶᠠᠯᠭᠠᠵᠤ ᠬᠤᠭᠤᠯᠠᠢ ᠡᠪ ᠦᠭᠡᠢ ᠪᠣᠯᠬᠤ ᠦᠶᠡᠰ᠎ᠲᠦ ᠳᠠᠪᠤᠰᠤ᠎ᠲᠠᠢ ᠪᠦᠯᠢᠶᠡᠨ ᠤᠰᠤ᠎ᠪᠠᠷ
ᠠᠮᠠ᠎ᠪᠠᠨ ᠵᠠᠢᠯᠵᠤ᠂ ᠪᠠᠢᠳᠠᠯ᠎ᠢ ᠬᠦᠩᠭᠡᠷᠡᠬᠦᠯᠵᠤ ᠪᠤᠯᠤᠨ᠎ᠠ᠃
ᠵᠠᠯᠭᠠᠭᠠᠳ 《ᠮᠤᠩᠭᠤᠯᠵᠢᠨ ᠭᠤᠸ᠎ᠠ》 ᠬᠡᠬᠦ
ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)