6 ᠰᠠᠷ᠎ᠠ ᠵᠢᠨ 4᠎ᠦ ᠡᠳᠦᠷ
ᠡᠬᠢᠯᠡᠬᠦ᠌ ᠴᠠᠭ᠄
2026-06-04 09:55:38
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄

100010101010101010101010101010101010101封面模板0101.jpg


1000101010101010101010101010101010101016.4天气预报模板0101.jpg


1000101010101010101010101010101010101016.3 盟市模板0101.jpg


ᠨᠡᠢ᠌ᠭᠡᠮ

✦ ᠤᠢᠷ᠎ᠠ᠎ᠳᠤ ᠮᠠᠨ ᠎ᠤ ᠤᠯᠤᠰ 《ᠭᠠᠳᠠᠭᠠᠳᠤ ᠎ᠳᠤ  ᠪᠡᠯᠡ ᠣᠷᠣᠭᠤᠯᠬᠤ ᠲᠤᠬᠠᠢ ᠳᠦᠷᠥ᠎ᠶᠢᠨ ᠶᠠᠪᠤᠳᠠᠯ᠎ᠤᠨ ᠬᠤᠷᠢᠶ᠎ᠠ ᠵᠢᠨ ᠲᠣᠭᠲᠠᠭᠠᠯ》᠎ᠢ ᠨᠡᠢᠲᠡᠯᠡᠵᠦ᠂ 《ᠦᠢᠯᠡᠴᠢᠯᠡᠬᠦ᠂ ᠬᠠᠮᠢᠶᠠᠷᠬᠤ᠂ ᠬᠠᠮᠠᠭᠠᠯᠠᠬᠤ》 ᠭᠤᠷᠪᠠ᠎ᠶᠢ ᠨᠢᠭᠡ ᠴᠣᠭᠴᠠᠵᠢᠭᠤᠯᠤᠭᠰᠠᠨ ᠭᠠᠳᠠᠭᠠᠳᠤ᠎ᠳᠤ ᠪᠡᠯᠡ ᠣᠷᠣᠭᠤᠯᠬᠤ ᠳᠦᠷᠢᠮ᠎ᠢ ᠳᠤᠬᠲᠠᠭᠠᠵᠤ᠂ 7 ᠰᠠᠷ᠎ᠠ ᠵᠢᠨ 1᠎ᠤ ᠡᠳᠤᠷ ᠡᠴᠡ ᠡᠬᠢᠯᠡᠵᠤ ᠬᠡᠷᠡᠭᠵᠢᠬᠦᠯᠬᠦ ᠪᠡᠷ ᠪᠤᠢ᠃

✦ 2026 ᠣᠨ᠎ᠤ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ  ᠨᠢᠭᠡᠳᠦᠯᠳᠡᠢ ᠰᠢᠯᠭᠠᠯᠲᠠ᠎ᠳᠤ 1290 ᠲᠦᠮᠡᠨ ᠬᠥᠮᠥᠨ ᠨᠡᠷ᠎ᠡ ᠮᠡᠳᠡᠭᠦᠯᠵᠡᠢ᠃

✦ ᠡᠨᠡ ᠵᠢᠯ᠎ᠦᠨ 6 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ 《ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠢᠨ ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠤᠷᠢ᠎ᠶᠢᠨ ᠳᠦᠷᠢᠮ》᠎ᠢ ᠬᠡᠷᠡᠭᠵᠢᠭᠦᠯᠵᠦ᠂ ᠰᠤᠷᠤᠭ᠍ᠴᠢ᠎ᠶᠢᠨ ᠪᠢᠯᠧᠲ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠳᠤ ᠴᠢᠬᠤᠯᠠ ᠲᠣᠬᠢᠷᠠᠭᠤᠯᠤᠯᠲᠠ ᠬᠢᠪᠡ᠃

✦ ᠤᠢᠷ᠎ᠠ᠎ᠳᠤ ᠤᠯᠤᠰ᠎ᠤᠨ ᠰᠢᠤᠳᠠᠨ᠎ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠎ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠠᠮᠲᠤᠷᠠᠨ  ᠪᠦᠬᠦ ᠤᠯᠤᠰ᠎ᠤᠨ ᠲᠦᠷᠭᠡᠨ ᠭᠤᠪᠢᠭᠤᠯᠭ᠎ᠠ᠎ᠶᠢᠨ ᠣᠳᠣ᠌ ᠦᠶ᠎ᠡ᠎ᠶᠢᠨ  ᠬᠥᠳᠡᠭᠡ ᠠᠵᠤ ᠠᠬᠤᠢ᠎ᠳᠤ ᠦᠢᠯᠡᠴᠢᠯᠡᠬᠦ ᠲᠥᠰᠥᠯ᠎ᠦᠨ ᠵᠢᠱ᠌ᠢᠶ᠎ᠡ ᠦᠵᠡᠭᠦᠯᠬᠦ ᠨᠡᠷᠡᠰ᠎ᠢ ᠨᠡᠢᠲᠡᠯᠡᠪᠡ᠃ ᠡᠭᠦᠨ᠎ᠳᠦ ᠥᠪᠥᠷ ᠮᠣᠩᠭᠣᠯ᠎ᠤᠨ ᠱᠦᠨ ᠹᠧᠩ ᠲᠦᠷᠭᠡᠨ ᠬᠦᠷᠭᠡᠯᠳᠡ᠎ᠶᠢᠨ ᠬᠢᠵᠠᠭᠠᠷᠲᠤ ᠺᠣᠮᠫᠠᠨᠢ᠎ᠶᠢᠨ ᠰᠢᠯᠢᠩᠬᠣᠲᠠ᠎ᠶᠢᠨ ᠬᠤᠪᠢᠶᠠᠷᠢ ᠺᠣᠮᠫᠠᠨᠢ᠎ᠶᠢᠨ ᠮᠡᠳᠡᠭᠦᠯᠦᠭᠰᠡᠨ ᠲᠦᠷᠭᠡᠨ ᠬᠦᠷᠭᠡᠯᠳᠡ᠎ᠶᠢᠨ ᠦᠢᠯᠡᠴᠢᠯᠡᠭᠡᠨ᠎ᠦ ᠣᠳᠣ᠌ ᠦᠶ᠎ᠡ᠎ᠶᠢᠨ ᠬᠥᠳᠡᠭᠡ ᠠᠵᠤ ᠠᠬᠤᠢ᠎ᠶᠢᠨ ᠳᠦᠰᠦᠯ ᠨᠢ ᠠᠮᠵᠢᠯᠳᠠ ᠲᠠᠢ ᠰᠤᠩᠭᠤᠬᠳᠠᠪᠠ᠃

✦ ᠬᠥᠬᠡᠬᠣᠲᠠ᠎ᠶᠢᠨ ᠨᠢᠰᠬᠡᠯ᠎ᠦᠨ ᠪᠠᠭᠤᠳᠠᠯ 6 ᠰᠠᠷ᠎ᠠ᠎ᠶᠢᠨ 22 ᠎ᠤᠨ ᠡᠳᠦᠷ᠎ᠡᠴᠡ 10 ᠰᠠᠷ᠎ᠠ᠎ᠶᠢᠨ 24᠎ᠦ ᠡᠳᠦᠷ ᠪᠣᠯᠲᠠᠯ᠎ᠠ᠂ ᠬᠥᠬᠡᠬᠣᠲᠠ — ᠴᠠᠩᠱᠠ — ᠵᠢᠶᠧᠶᠠᠩ ᠬᠤᠲᠠ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠲᠣᠬᠢᠷᠠᠭᠤᠯᠤᠨ᠂ ᠡᠳᠦᠷ ᠪᠦᠷᠢ ᠨᠢᠭᠡ ᠡᠭᠡᠯᠵᠢ ᠨᠡᠪᠲᠡᠷᠡᠭᠦᠯᠬᠦ᠎ᠪᠡᠷ ᠪᠤᠢ᠃

✦ ᠦᠪᠡᠷᠲᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠳᠢᠩᠬᠢᠮ ᠡᠴᠡ ᠲᠦᠷᠦᠬᠦᠬᠡᠨ 2025 ᠣᠨ᠎ᠤ ᠬᠤᠰᠢᠭᠤ ᠰᠢᠶᠠᠨ᠎ᠤ ᠬᠡᠪᠴᠢᠶᠡᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠬᠢᠨᠠᠨ ᠬᠡᠮᠵᠢᠵᠦ ᠦᠨᠡᠯᠡᠭᠰᠡᠨ ᠦᠷ᠎ᠡ ᠳ᠋ᠦᠩ᠎ᠢ ᠨᠡᠢᠲᠡᠯᠡᠵᠦ᠂ ᠪᠠᠶᠠᠠᠨᠠᠭᠤᠷ ᠬᠣᠲᠠ 500 ᠲᠦᠮᠡᠨ ᠲᠥᠭᠥᠷᠢᠭ᠎ᠦᠨ ᠲᠤᠰᠬᠠᠢ ᠪᠡᠯᠡ ᠮᠥᠩᠭᠥ᠎ᠶᠢᠨ ᠳᠡᠮᠵᠢᠯᠭᠡ ᠬᠦᠷᠲᠡᠪᠡ᠃

✦ ᠤᠢᠷ᠎ᠠ᠎ᠳᠤ G0616 ᠤᠷᠠᠳ᠎ᠤᠨ ᠳᠤᠮᠳᠠᠳᠤ ᠬᠣᠰᠢᠭᠤᠨ᠎ᠤ ᠭᠠᠭᠴᠠᠮᠣᠳᠤ᠎ᠠᠴᠠ ᠬᠠᠯᠢᠭᠤᠲᠤ ᠬᠦᠷᠬᠦ ᠲᠤᠰᠠᠯᠠᠬᠤ ᠵᠠᠮ᠎ᠤᠨ ᠲᠦᠷᠦᠯ ᠵᠤᠢᠯ᠎ᠤᠨ ᠠᠵᠢᠯ ᠡᠷᠴᠢᠮᠲᠡᠢ ᠶᠠᠪᠤᠭᠳᠠᠵᠤ᠂ 9 ᠰᠠᠷ᠎ᠠ᠎ᠶᠢᠨ ᠰᠡᠭᠦᠯᠴᠢ᠎ᠪᠡᠷ ᠪᠦᠬᠦᠨ᠎ᠢ ᠳᠠᠭᠤᠰᠬᠠᠵᠤ᠂ 10 ᠰᠠᠷ᠎ᠠ᠎ᠶᠢᠨ 1᠎ᠦ ᠡᠳᠦᠷ ᠲᠡᠷᠭᠡ ᠨᠡᠪᠲᠡᠷᠡᠭᠦᠯᠬᠦ᠎ᠪᠡᠷ ᠲᠥᠯᠥᠪᠯᠡᠵᠦ ᠪᠣᠶ᠃

✦ ᠣᠲᠤᠭ ᠬᠣᠰᠢᠭᠤ ᠢᠮᠠᠭᠠᠨ᠎ᠤ ᠬᠠᠯᠳᠠᠪᠤᠷᠢᠲᠤ ᠴᠢᠨᠠᠷᠲᠠᠢ ᠴᠡᠭᠡᠵᠢᠨ ᠪᠦᠷᠬᠦᠪᠴᠢ᠎ᠶᠢᠨ ᠠᠭᠤᠰᠬᠢᠨ ᠦᠷᠪᠢᠰᠦᠯ᠎ᠦᠨ ᠬᠢᠵᠢᠭ ᠡᠪᠡᠳᠴᠢᠨ᠎ᠢ  ᠰᠡᠷᠭᠡᠢᠯᠡᠬᠦ᠎ᠶᠢ 2026 ᠣᠨ᠎ᠤ ᠠᠷᠠᠳ᠎ᠲᠤ ᠠᠰᠢᠭ᠋ ᠬᠦᠷᠲᠡᠭᠡᠬᠦ ᠲᠥᠷᠥᠯ ᠵᠦᠢᠯ᠎ᠳᠦ ᠣᠷᠣᠭᠤᠯᠵᠤ᠂ ᠲᠥᠷᠥᠯ ᠵᠦᠢᠯ᠎ᠦᠨ ᠪᠡᠯᠡ ᠮᠥᠩᠭᠥ᠎ᠶᠢ ᠬᠣᠰᠢᠭᠤᠨ ᠤ᠋ ᠡᠳ᠋᠎ᠦᠨ ᠵᠠᠰᠠᠭ᠎ᠠᠴᠠ ᠳᠠᠭᠠᠭᠠᠵᠦ᠂ ᠪᠦᠬᠦ ᠬᠣᠰᠢᠭᠤᠨ᠎ᠤ ᠮᠠᠯᠵᠢᠬᠤ ᠡᠷᠦᠬᠡ᠎ᠳᠦ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠦᠢᠯᠡᠴᠢᠯᠡᠭᠡ ᠬᠠᠩᠭᠠᠵᠤ᠂ ᠮᠠᠯᠴᠢᠳ᠎ᠲᠤ ᠠᠰᠢᠭ᠋ ᠬᠦᠷᠲᠡᠭᠡᠵᠦ ᠪᠠᠢᠨ᠎ᠠ᠃ ᠣᠳᠣᠬᠠᠨ ᠪᠣᠯᠲᠠᠯ᠎ᠠ ᠪᠦᠬᠦ ᠬᠣᠰᠢᠭᠤᠨ᠎ᠤ 6 ᠰᠤᠮᠤ ᠪᠠᠯᠭᠠᠰᠤᠨ᠎ᠤ ᠲᠠᠷᠢᠯᠭ᠎ᠠ᠎ᠶᠢᠨ ᠠᠵᠢᠯ ᠎ᠢ ᠨᠢᠭᠡᠨᠲᠡ ᠪᠥᠬᠥ ᠲᠠᠯ᠎ᠠ᠎ᠪᠠᠷ ᠥᠷᠨᠢᠭᠦᠯᠵᠦ᠂ ᠲᠠᠷᠢᠯᠭ᠎ᠠ ᠬᠢᠬᠦ ᠮᠠᠯ 90 ᠲᠦᠮᠡ ᠡᠴᠡ ᠳᠡᠭᠡᠭᠰᠢ ᠪᠠᠢᠵᠤ᠂ ᠲᠠᠷᠢᠯᠭ᠎ᠠ᠎ᠶᠢᠨ ᠠᠬᠢᠴᠠ 50%᠎ᠳᠤ ᠬᠦᠷᠴᠦ᠂ ᠵᠢᠱ᠌ᠢᠯᠲᠡ᠎ᠪᠡᠷ 6 ᠰᠠᠷ᠎ᠠ᠎ᠶᠢᠨ ᠳᠤᠮᠳᠠᠴᠢ᠎ᠪᠡᠷ ᠪᠦᠬᠦᠨ᠎ᠢ ᠪᠡᠶᠡᠯᠡᠭᠦᠯᠬᠦ ᠪᠡᠷ ᠪᠤᠢ᠃

✦ ᠰᠠᠶᠢᠬᠠᠨ ᠥᠩᠭᠡᠷᠡᠭᠰᠡᠨ ᠠᠩᠬᠠᠨ᠎ᠤ ᠬᠠᠪᠤᠷ᠎ᠤᠨ ᠠᠮᠠᠷᠠᠯᠲᠠ ᠳ᠋ᠦ᠂ ᠰᠢᠯᠤᠭᠤᠨ ᠬᠥᠬᠡ ᠬᠣᠰᠢᠭᠤᠨ᠎ᠤ 4 ᠪᠠᠭ᠎ᠠ ᠰᠤᠷᠭᠠᠭᠤᠯᠢ᠎ᠶᠢᠨ 30 ᠰᠢᠯᠢᠳᠡᠭ ᠪᠠᠭᠠᠴᠤᠳ᠎ᠤᠨ  ᠬᠣᠰᠢᠭᠤᠴᠢ ᠠᠩᠭᠢ᠎ᠶᠢᠨ ᠭᠡᠰᠢᠭᠦᠨ ᠰᠢᠯᠢ᠎ᠶᠢᠨ ᠭᠣᠣᠯ ᠠᠢᠮᠠᠭ ᠎ᠤᠨ ᠰᠤᠷᠭᠠᠨ ᠬᠥᠮᠦᠵᠢᠯ᠎ᠤᠨ ᠳᠤᠪᠴᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ᠎ᠪᠠᠷ ᠪᠡᠭᠡᠵᠢᠩ ᠬᠣᠲᠠ ᠎ᠳᠤ ᠬᠦᠷᠴᠦ ᠪᠠᠭᠠᠴᠤᠳ ᠬᠡᠦᠬᠡᠳ᠎ᠦᠨ ᠰᠤᠳᠤᠯᠤᠨ ᠰᠤᠷᠤᠯᠴᠠᠬᠤ ᠦᠢᠯᠡᠳᠦᠯᠭᠡ ᠬᠥᠮᠦᠵᠢᠯ᠎ᠦᠨ ᠠᠵᠢᠯᠯᠠᠭ᠎ᠠ᠎ᠳᠤ ᠤᠷᠤᠯᠴᠠᠪᠠ᠃

✦ ᠤᠢᠷ᠎ᠠ ᠵᠢᠨ ᠡᠳᠤᠷ ᠣᠲᠣᠭ ᠬᠣᠰᠢᠭᠤᠨ᠎ᠤ ᠬᠣᠶᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶ᠎ᠠ ᠪᠣᠯᠣᠨ ᠦᠬᠠᠢ ᠬᠣᠲᠠ᠎ᠶᠢᠨ ᠬᠢᠲᠠᠳ ᠮᠣᠩᠭᠣᠯ ᠡᠮᠨᠡᠯᠭᠡ᠎ᠶᠢᠨ ᠬᠣᠷᠢᠶ᠎ᠠ ᠡᠮᠴᠢᠯᠡᠭᠡᠨ᠎ᠦ ᠬᠣᠯᠪᠣᠭᠠᠲᠤ ᠴᠣᠭᠴᠠ᠎ᠶᠢᠨ ᠬᠠᠮᠲᠤᠷᠠᠯᠴᠠᠭᠠᠨ᠎ᠤ ᠭᠡᠷ᠎ᠡ ᠳᠤᠬᠳᠠᠬᠤ ᠵᠢᠨ ᠬᠠᠮᠳᠤ ᠬᠠᠮᠲᠤᠷᠠᠭᠰᠠᠨ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠬᠣᠶᠠᠷ ᠭᠠᠵᠠᠷ᠎ᠤᠨ ᠬᠢᠲᠠᠳ ᠮᠣᠩᠭᠣᠯ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ ᠴᠣ ᠰᠢᠨ᠎ᠡ ᠬᠠᠮᠲᠤᠷᠠᠯᠴᠠᠭᠠᠨ᠎ᠤ ᠪᠠᠢᠷᠢᠰᠢᠯ᠎ᠢ ᠡᠬᠢᠯᠡᠭᠦᠯᠪᠡ᠃

✦ ᠬᠡᠰᠢᠭᠲᠡᠨ ᠬᠣᠰᠢᠭᠤᠨ᠎ᠤ ᠪᠢᠷᠠᠭᠤ ᠪᠠᠯᠭᠠᠰᠤ 《ᠨᠠᠮ᠎ᠤᠨ ᠡᠭᠦᠷ᠂ ᠺᠣᠮᠫᠠᠨᠢ᠂ ᠲᠠᠷᠢᠶᠠᠴᠢᠨ ᠡᠷᠦᠬᠡ》 ᠬᠠᠮᠲᠤᠷᠠᠭᠰᠠᠨ ᠰᠢᠨ᠎ᠡ ᠡᠵᠡᠩᠨᠡᠯᠲᠡ᠎ᠶᠢᠨ ᠠᠷᠭ᠎ᠠ ᠵᠠᠮ᠎ᠢ ᠬᠠᠢᠨ ᠰᠦᠪᠡᠭᠴᠢᠯᠡᠵᠦ᠂ ᠮᠥᠭᠥ ᠲᠠᠷᠢᠵᠤ ᠲᠣᠰᠬᠣᠨ᠎ᠤ ᠠᠷᠠᠳ᠎ᠤᠨ ᠣᠷᠣᠯᠭ᠎ᠠ᠎ᠶᠢ ᠨᠡᠮᠡᠭᠳᠡᠭᠦᠯᠦᠨ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠳᠠᠢᠴᠢᠯᠠᠬᠤ ᠭᠣᠣᠯᠯᠠᠭ᠍ᠴᠢ ᠠᠵᠤ ᠦᠢᠯᠡᠰ ᠪᠣᠯᠭᠠᠨ ᠬᠥᠭᠵᠢᠭᠦᠯᠵᠦ ᠪᠣᠶ᠃


ᠲᠠᠮᠢᠷ 

✦ 2026 ᠣᠨ᠎ᠤ ᠰᠢᠯᠢᠩᠬᠣᠲᠠ᠎ᠶᠢᠨ ᠵᠣᠨ᠎ᠤ ᠤᠯᠠᠷᠢᠯ᠎ᠤᠨ ᠮᠣᠩᠭᠣᠯ ᠮᠣᠷᠢᠨ᠎ᠤ ᠬᠡᠲᠦ ᠳᠡᠰ᠎ᠤᠨ ᠬᠣᠯᠪᠣᠭᠠᠲᠤ ᠤᠷᠤᠯᠳᠤᠭᠠᠨ 6 ᠰᠠᠷ᠎ᠠ ᠵᠢᠨ 13 — 14᠎ᠤ ᠡᠳᠦᠷ  ᠰᠢᠯᠢᠩᠬᠣᠲᠠ᠎ᠶᠢᠨ ᠴᠤᠬᠠᠠᠭᠤᠯᠠ ᠰᠤᠮᠤᠨ᠎ᠳᠤ ᠶᠠᠪᠤᠭᠳᠠᠬᠤ᠎ᠪᠠᠷ ᠪᠠᠢᠨ᠎ᠠ᠃

✦ 6 ᠰᠠᠷ᠎ᠠ᠎ᠶᠢᠨ 1᠎ᠤ ᠡᠳᠦᠷ᠂ ᠠᠷᠤ ᠬᠣᠷᠴᠢᠨ ᠬᠣᠰᠢᠭᠤᠨ᠎ᠤ ᠪᠠᠶᠠᠠᠬᠤᠸᠠ ᠪᠠᠯᠭᠠᠰᠤ᠎ᠶᠢᠨ ᠵᠡᠭᠦᠨ ᠰᠢᠪᠠᠷᠲᠠᠢ ᠭᠠᠴᠠᠭ᠎ᠠ᠎ᠶᠢᠨ 2026 ᠣᠨ᠎ᠤ ᠤᠯᠠᠭᠠᠨ ᠮᠣᠷᠢᠨ ᠵᠢᠯ᠎ᠦᠨ ᠵᠡᠭᠦᠨ ᠰᠢᠪᠠᠷᠲᠠᠢ ᠣᠪᠣᠭᠠᠨ ᠲᠡᠬᠢᠯᠭ᠎ᠠ᠎ᠶᠢᠨ ᠨᠠᠢᠷ ᠲᠡᠭᠦᠰ ᠠᠮᠵᠢᠯᠲᠠ ᠲᠠᠢ ᠶᠠᠪᠤᠭᠳᠠᠪᠠ᠃ 128 ᠬᠦᠴᠦᠲᠦ ᠪᠦᠬᠡ ᠵᠢᠨ ᠪᠠᠷᠢᠯᠳᠤᠭᠠᠨ᠎ᠳᠤ ᠳᠤᠰ ᠭᠠᠴᠠᠭᠠᠨ᠎ᠤ ᠨᠠᠴᠢᠨ ᠲᠦᠷᠦᠬᠦᠯᠡᠵᠤ᠂ ᠠᠳᠠᠨ ᠲᠡᠮᠡᠭᠡ ᠪᠡᠷ ᠱᠠᠩᠨᠠᠬᠳᠠᠪᠠ᠃

✦ ᠪᠠᠷᠠᠭᠤᠨ ᠦᠵᠦᠮᠦᠴᠢᠨ ᠬᠣᠰᠢᠭᠤᠨ᠎ᠤ ᠬᠣᠭᠤᠯᠠᠲᠤ᠎ᠶᠢᠨ ᠭᠣᠣᠯ ᠪᠠᠯᠭᠠᠰᠤᠨ᠎ᠤ ᠭᠤᠷᠪᠠᠳᠤᠭᠠᠷ ᠬᠤᠭᠤᠴᠠᠭᠠᠨ᠎ᠤ ᠲᠠᠪᠤᠨ ᠬᠥᠮᠥᠨ᠎ᠤ ᠳᠦᠷᠢᠮᠲᠦ ᠬᠥᠯ ᠪᠥᠮᠪᠥᠭᠡ᠎ᠶᠢᠨ ᠣᠷᠣᠯᠳᠤᠭᠠᠨ ᠲᠦᠷᠦᠬᠦᠬᠡᠨ ᠢᠳᠡ ᠬᠥᠭ᠎ᠲᠠᠢ ᠶᠠᠪᠤᠭᠳᠠᠵᠤ᠂ 14 ᠪᠥᠮᠪᠥᠭᠡᠨ ᠠᠩᠭᠢ᠎ᠶᠢᠨ 140 ᠭᠠᠷᠤᠢ ᠲᠠᠮᠢᠷᠴᠢᠨ ᠣᠷᠣᠯᠴᠠᠵᠠᠢ᠃

✦ ᠡᠵᠡᠨ ᠬᠤᠷᠤᠭ᠎ᠠ ᠬᠤᠰᠢᠭᠤ 2026 ᠤᠨ᠎ᠤ ᠡᠵᠡᠨ ᠬᠤᠷᠤᠭ᠎ᠠ ᠬᠤᠰᠢᠭᠤᠨ᠎ᠤ ᠲᠢᠶᠠᠨ ᠵᠢᠶᠤᠤ ᠡᠭᠦᠳᠡᠨ ᠪᠦᠮᠪᠦᠭᠡ ᠵᠢᠨ ᠨᠡᠢᠭᠡᠮᠯᠢᠭ᠎ᠤᠨ 《ᠭᠡᠰᠢᠭᠦᠨ ᠬᠤᠨᠳᠠᠭᠠᠲᠤ》 ᠡᠭᠦᠳᠡᠨ ᠪᠥᠮᠪᠥᠭᠡ᠎ᠶᠢᠨ ᠤᠷᠤᠯᠳᠤᠭᠠᠨ᠎ᠢ ᠤᠷᠴᠢᠮᠬᠠᠨ ᠠᠮᠵᠢᠯᠲᠠ᠎ᠲᠠᠢ ᠡᠷᠬᠢᠯᠡᠵᠦ᠂ 200 ᠭᠠᠷᠤᠢ ᠡᠭᠦᠳᠡᠨ ᠪᠥᠮᠪᠥᠭᠡ᠎ᠶᠢᠨ ᠪᠠᠬᠠᠳᠠᠨ ᠤᠷᠤᠯᠳᠤᠭᠠᠨ᠎ᠳᠤ ᠣᠷᠣᠯᠴᠠᠵᠠᠢ᠃

✦ ᠤᠷᠴᠢᠮᠬᠠᠨ ᠤᠷᠠᠳ᠎ᠤᠨ ᠬᠣᠢᠲᠤ ᠬᠣᠰᠢᠭᠤᠨ᠎ᠤ ᠪᠠᠶᠠᠨᠴᠢᠨᠳᠠᠮᠤᠨᠢ ᠰᠤᠮᠤᠨ᠎ᠤ ᠪᠠᠶᠠᠨᠬᠤᠰᠢᠭᠤ ᠭᠠᠴᠠᠭᠠᠨ᠎ᠤ ᠮᠠᠯᠴᠢᠨ ᠡᠷᠳᠡᠨᠢ᠎ᠶᠢᠨ ᠬᠢᠨ ᠬᠤᠯᠠ ᠤᠢᠷ᠎ᠠ᠎ᠶᠢᠨ ᠳᠥᠴᠢᠭᠡᠳ ᠮᠣᠷᠢᠲᠠᠨ᠎ᠢ ᠵᠣᠬᠢᠶᠠᠨ ᠪᠠᠢᠭᠤᠯᠵᠤ᠂ ᠬᠡᠢᠮᠣᠷᠢ᠎ᠪᠠᠨ ᠰᠡᠷᠭᠦᠭᠡᠵᠦ ᠮᠣᠷᠢᠲᠠᠨ ᠣᠯᠠᠨ᠎ᠢᠶᠠᠨ ᠪᠠᠶᠠᠰᠬᠠᠬᠰᠠᠨ ᠤᠴᠢᠷᠲᠠᠢ ᠰᠠᠢᠬᠠᠨ ᠮᠣᠷᠢᠲᠠᠢ ᠠᠶᠠᠯᠠᠯ᠎ᠤᠨ ᠠᠵᠢᠯᠯᠠᠭ᠎ᠠ ᠥᠷᠨᠢᠭᠦᠯᠵᠡᠢ᠃

 

ᠳᠡᠯᠡᠬᠡᠢ

✦ 6 ᠰᠠᠷ᠎ᠠ᠎ᠶᠢᠨ 1᠎ᠦ ᠡᠳᠦᠷ᠎ᠠᠴᠠ ᠡᠬᠢᠯᠡᠨ᠂ ᠮᠠᠯᠠᠶ᠋ᠢᠰᠢᠶ᠎ᠠ ᠤᠯᠤᠰ ᠰᠦᠯᠵᠢᠶᠡᠨ᠎ᠦ ᠠᠮᠤᠷ ᠲᠦᠪᠰᠢᠨ᠎ᠦ ᠰᠢᠨ᠎ᠡ ᠲᠣᠭᠲᠠᠭᠠᠯ᠎ᠢ ᠬᠡᠷᠡᠭᠵᠢᠭᠦᠯᠵᠦ᠂ ᠡᠯ᠎ᠡ ᠰᠦᠯᠵᠢᠶᠡᠨ ᠲᠠᠪᠴᠠᠩ᠎ᠤᠨ ᠬᠡᠷᠡᠭᠯᠡᠭᠴᠢ᠎ᠶᠢᠨ ᠨᠠᠰᠤ ᠵᠢᠯ᠎ᠢ ᠰᠢᠯᠭᠠᠨ ᠪᠠᠲᠤᠯᠠᠬᠤ ᠲᠣᠭᠲᠠᠴᠠ᠎ᠶᠢ ᠪᠠᠢᠭᠤᠯᠵᠤ᠂ 16 ᠨᠠᠰᠤᠨ᠎ᠠᠴᠠ ᠳᠣᠷᠣᠭ᠍ᠰᠢᠬᠢ ᠨᠠᠰᠤᠨ᠎ᠳᠤ ᠦᠯᠦ ᠬᠦᠷᠦᠭᠰᠡᠳ᠎ᠦᠨ ᠳᠠᠩᠰᠠᠨ ᠨᠣᠮᠧᠷ ᠳᠠᠩᠰᠠᠯᠠᠭᠤᠯᠬᠤ᠎ᠶᠢ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠵᠠᠢ᠃


ᠦᠢ᠍ᠯᠡᠴᠢᠯᠡᠭᠡ

✦ ᠦᠪᠤᠷ ᠮᠤᠩᠭᠤᠯ᠎ᠤᠨ ᠶᠡᠬᠡ ᠰᠤᠷᠭᠠᠭᠤᠯᠢ ᠰᠤᠳᠤᠯᠭᠠᠨ᠎ᠤ ᠳᠤᠰᠠᠯᠠᠬᠤ ᠠᠵᠢᠯᠳᠠᠨ ᠡᠯᠰᠡᠵᠤ ᠪᠤᠢ᠃ 

✦ 2025 ᠣᠨ᠎ᠦ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢ ᠬᠤᠷᠢᠶᠠᠩᠭᠤᠢᠯᠠᠨ ᠳ᠋ᠦᠩᠨᠡᠨ ᠪᠣᠳᠣᠬᠤ ᠠᠵᠢᠯ 2026 ᠣᠨ ᠎ᠤ 6 ᠰᠠᠷ᠎ᠠ ᠵᠢᠨ30᠎ᠤ ᠡᠳᠦᠷ ᠳᠠᠭᠤᠰᠦᠨ᠎ᠠ᠃

 

ᠲᠠᠨ᠎ᠤ ᠲᠤᠰᠠ᠎ᠳᠤ

✦ ᠵᠤᠨ᠎ᠤ ᠤᠯᠠᠷᠢᠯ᠎ᠳᠤ ᠬᠠᠯᠠᠭᠤᠨ ᠴᠢᠨᠠᠷᠳᠠᠢ ᠵᠢᠮᠢᠰ᠎ᠢ ᠨᠢᠭᠡᠯᠡ ᠳᠡᠭᠡᠷ᠎ᠡ ᠠᠷᠪᠢᠨ ᠢᠳᠡᠬᠦ ᠵᠢ ᠬᠢᠴᠢᠶᠡᠪᠡᠯ ᠵᠤᠬᠢᠨ᠎ᠠ᠃ ᠬᠠᠯᠠᠭᠤᠨ ᠴᠢᠨᠠᠷᠳᠠᠢ ᠵᠢᠮᠢᠰ ᠢᠳᠡᠭᠰᠡᠨ᠎ᠤ ᠳᠠᠷᠠᠭ᠎ᠠ ᠨᠤᠭᠤᠭᠠᠨ ᠪᠤᠷᠴᠠᠭ᠎ᠤᠨ ᠰᠢᠭᠦᠰᠦ ᠪᠤᠶᠤ ᠪᠠᠭ᠎ᠠ ᠬᠡᠮᠵᠢᠶᠡᠨ᠎ᠤ ᠳᠠᠪᠤᠰᠤ ᠳᠠᠢ ᠤᠰᠤ ᠤᠤᠭᠤᠬᠤ ᠨᠢ ᠬᠠᠯᠠᠭᠤᠨ᠎ᠢ ᠪᠠᠭᠤᠷᠠᠭᠤᠯᠤᠨ᠎ᠠ᠃

ᠵᠠᠯᠭᠠᠭᠠᠳ 《ᠠᠯᠢᠶᠠᠬᠠᠨ ᠪᠠᠭ᠎ᠠ ᠵᠢᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号