


ᠨᠡᠢᠭᠡᠮ
✦ᠣᠢᠷ᠎ᠠ᠎ᠳᠤ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ
ᠲᠣᠪᠴᠢᠶ᠎ᠠ《ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠮᠡᠷᠭᠡᠵᠢᠯ᠎ᠦᠨ
ᠵᠢᠷᠤᠮᠵᠢᠯ》 ᠵᠡᠷᠭᠡ 10 ᠵᠦᠢᠯ᠎ᠦᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ
ᠠᠵᠢᠯ ᠲᠥᠷᠥᠯ ᠦ᠋ᠨ ᠪᠠᠷᠢᠮᠵᠢᠶ᠎ᠠ᠎ᠶᠢ ᠨᠡᠢᠲᠡᠯᠡᠵᠦ᠂ ᠮᠠᠨ᠎ᠤ ᠤᠯᠤᠰ᠎ᠤᠨ ᠴᠦᠯᠯᠡᠷᠭᠡᠭᠵᠢᠯ ᠢ᠋ ᠵᠠᠰᠠᠬᠤ᠎ᠶᠢᠨ
ᠲᠤᠰᠬᠠᠢᠵᠢᠬᠤ᠂ ᠵᠢᠷᠦᠮᠵᠢᠬᠤ ᠲᠦᠪᠰᠢᠨ᠎ᠦ ᠳᠡᠭᠡᠭᠰᠢᠯᠡᠯᠲᠡ᠎ᠶᠢ ᠠᠬᠢᠭᠤᠯᠵᠤ᠂ ᠴᠦᠯᠯᠡᠷᠭᠡᠭᠵᠢᠯ᠎ᠢ ᠶᠡᠷᠦᠩᠬᠡᠢᠯᠡᠨ
ᠰᠡᠷᠭᠡᠢᠯᠡᠨ ᠵᠠᠰᠠᠬᠤ ᠪᠠ《ᠤᠮᠠᠷᠠᠲᠤ᠎ᠶᠢᠨ ᠭᠤᠷᠪᠠᠨ ᠣᠷᠣᠨ》ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ ᠦ᠋ᠨ ᠪᠦᠲᠦᠭᠡᠨ ᠪᠠᠢᠭᠤᠯᠤᠯᠲᠠ᠎ᠶᠢ
ᠨᠠᠩ ᠰᠠᠢᠲᠤᠷ ᠪᠠᠳᠤᠯᠠᠪᠠ᠃
✦ᠡᠨᠡ ᠵᠢᠯ᠎ᠦᠨ 1 ︱ 5 ᠰᠠᠷ᠎ᠠ᠎ᠳᠤ᠂ ᠥᠪᠥᠷ ᠮᠣᠩᠭᠣᠯ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ᠎ᠳᠤ
49.5 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ ᠣᠨ᠎ᠤ ᠬᠠᠷᠠᠯᠲᠠ᠎ᠶᠢᠨ᠎ᠢᠶᠠᠨ
17%᠎ᠶᠢ ᠪᠡᠶᠡᠯᠡᠭᠦᠯᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠠᠢ ᠦᠨᠳᠦᠰᠦᠨ ᠳ᠋ᠡᠭᠡᠨ ᠲᠡᠩᠴᠡᠪᠡ᠃
✦ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠤᠯᠠᠨ
ᠵᠦᠢᠯ ᠬᠡᠯᠪᠡᠷᠢ᠎ᠶᠢᠨ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ
ᠰᠤᠷᠤᠭ᠍ᠴᠢ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ᠂ ᠴᠡᠷᠢᠭ ᠦ᠋ᠨ ᠠᠯᠪᠠ᠎ᠠᠴᠠ ᠬᠠᠯᠠᠭᠳᠠᠭᠰᠠᠳ ᠵᠡᠷᠭᠡ
ᠭᠣᠣᠯᠳᠠᠯᠭ᠎ᠠ ᠲᠠᠢ ᠬᠦᠮᠦᠰ ᠤ᠋ᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠥᠷᠭᠡᠳᠬᠡᠵᠦ᠂ 4 ᠰᠠᠷ᠎ᠠ᠎ᠶᠢᠨ
ᠰᠡᠭᠦᠯᠴᠢ ᠪᠣᠯᠲᠠᠯ᠎ᠠ ᠬᠣᠲᠠ ᠪᠠᠯᠭᠠᠰᠤᠨ᠎ᠤ 6.71 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ᠃
✦4 ᠰᠠᠷ᠎ᠠ᠎ᠶᠢᠨ ᠰᠡᠭᠦᠯᠴᠢ ᠪᠣᠯᠲᠠᠯ᠎ᠠ ᠥᠪᠥᠷ ᠮᠣᠩᠭᠣᠯ᠎ᠤᠨ
ᠦᠨᠳᠦᠰᠦᠨ ᠡᠮ ᠡᠮᠨᠡᠯᠭᠡ ᠶ᠋ᠢᠨ ᠳᠠᠭᠠᠳᠬᠠᠯ᠂ ᠦᠷᠡᠵᠢᠯ᠎ᠦᠨ ᠳᠠᠭᠠᠳᠬᠠᠯ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ
ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠲᠣᠰ ᠲᠣᠰ 2156.83 ᠲᠦᠮᠡ᠂ 384.67 ᠲᠦᠮᠡ᠂ 306.79 ᠲᠦᠮᠡ
ᠳ᠋ᠦ ᠬᠦᠷᠴᠦ᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠭᠰᠠᠨ ᠨᠣᠷᠮ᠎ᠠ 95%᠎ᠡᠴᠡ ᠳᠡᠭᠡᠭᠰᠢ᠎ᠳᠦ
ᠲᠣᠭᠲᠠᠪᠤᠷᠢᠵᠢᠪᠠ᠃
✦ᠣᠢᠷ᠎ᠠ᠎ᠳᠤ ᠪᠣᠷᠣᠳᠣᠬᠣᠢ ᠳᠡᠭᠡᠳᠦ ᠰᠤᠷᠭᠠᠭᠤᠯᠢ ᠬᠢᠭᠡᠳ
ᠥᠪᠥᠷ ᠮᠣᠩᠭᠣᠯ᠎ᠤᠨ ᠱᠢ ᠾᠧ ᠣᠶᠤᠨᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ
ᠬᠠᠮᠲᠤᠷᠠᠨ ᠥᠷᠨᠢᠭᠦᠯᠦᠭᠰᠡᠨ ᠡᠪᠦᠯ᠎ᠦᠨ ᠬᠠᠷ᠎ᠠ ᠪᠤᠭᠤᠳᠠᠢ᠎ᠶᠢᠨ ᠡᠭᠦᠯᠳᠡᠷ ᠤ᠋ᠨ ᠲᠤᠷᠰᠢᠯᠲᠠ ᠰᠢᠪᠲᠤᠯᠤᠯᠲᠠ᠎ᠶᠢᠨ
ᠴᠢᠨᠠᠷᠲᠠᠢ ᠠᠬᠢᠴᠠ ᠲᠠᠢ ᠪᠣᠯᠵᠤ᠂ ᠬᠠᠳᠤᠵᠤ ᠬᠤᠷᠢᠶᠠᠬᠤ᠎ᠪᠠᠷ ᠪᠡᠯᠡᠳᠬᠡᠵᠦ ᠪᠠᠢᠨ᠎ᠠ᠃ ᠲᠣᠰ ᠲᠥᠷᠥᠯ ᠵᠦᠢᠯ ᠨᠢ
ᠪᠣᠷᠣᠳᠣᠬᠣᠢ ᠣᠷᠣᠨ᠎ᠤ《ᠵᠢᠯ᠎ᠳᠦ ᠨᠢᠭᠡ ᠤᠳᠠᠭ᠎ᠠ ᠪᠣᠯᠪᠠᠰᠤᠷᠠᠬᠤ》 ᠤᠯᠠᠮᠵᠢᠯᠠᠯᠲᠤ ᠲᠠᠷᠢᠮᠠᠯ᠎ᠤᠨ ᠵᠠᠭᠪᠤᠷ ᠢ᠋ ᠠᠮᠵᠢᠯᠲᠠ᠎ᠲᠠᠢ ᠦᠭᠡᠷᠡᠴᠢᠯᠡᠵᠦ᠂ ᠤᠮᠠᠷᠠᠲᠤ
ᠣᠷᠣᠨ᠎ᠤ《ᠵᠢᠯ᠎ᠳᠦ ᠬᠣᠶᠠᠷ ᠤᠳᠠᠭ᠎ᠠ᠂ ᠬᠣᠶᠠᠷ ᠵᠢᠯ᠎ᠳᠦ ᠭᠤᠷᠪᠠᠨ ᠤᠳᠠᠭ᠎ᠠ》ᠪᠤᠯᠪᠠᠰᠤᠷᠠᠬᠤ ᠲᠠᠷᠢᠮᠠᠯ᠎ᠤᠨ ᠰᠢᠨ᠎ᠡ ᠪᠠᠢᠷᠢᠰᠢᠯ ᠢ᠋ ᠬᠠᠢᠨ ᠰᠦᠪᠡᠭᠴᠢᠯᠡᠬᠦ᠎ᠳᠦ ᠪᠠᠲᠤ
ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃
✦ᠬᠢᠨᠠᠨ ᠬᠡᠮᠵᠢᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂
ᠤᠰᠤ ᠢᠯᠴᠢ ᠶ᠋ᠢᠨ ᠳᠠᠪᠠᠭᠤᠯᠢᠭ᠋ ᠨᠥᠬᠥᠴᠡᠯ᠎ᠡᠴᠡ ᠪᠣᠯᠵᠤ᠂ 5 ᠰᠠᠷ᠎ᠠ᠎ᠶᠢᠨ ᠰᠡᠭᠦᠯᠴᠢ᠎ᠪᠡᠷ ᠬᠥᠯᠥᠨ ᠪᠣᠶ᠋ᠢᠷ᠎ᠤᠨ
ᠪᠥᠬᠥ ᠣᠷᠣᠨ ᠪᠦᠰᠡ᠎ᠶᠢᠨ ᠨᠤᠲᠤᠭ ᠪᠡᠯᠴᠢᠭᠡᠷ᠎ᠦᠨ ᠤᠷᠭᠤᠮᠠᠯ ᠤ᠋ᠨ ᠬᠤᠴᠢᠯᠭ᠎ᠠ᠎ᠶᠢᠨ ᠤᠷᠭᠤᠯᠳᠠ᠎ᠶᠢᠨ ᠪᠠᠢᠳᠠᠯ
ᠣᠢᠷ᠎ᠠ᠎ᠶᠢᠨ 8 ᠵᠢᠯ᠎ᠦᠨ ᠳᠤᠷᠰᠢᠬᠢ ᠠᠳᠠᠯᠢ ᠬᠤᠭᠤᠴᠠᠭᠠᠨ᠎ᠤ ᠬᠠᠮᠤᠭ᠎ᠤᠨ ᠰᠢᠯᠢᠳᠡᠭ ᠲᠡᠮᠳᠡᠭᠯᠡᠯ᠎ᠢ ᠡᠭᠦᠳᠴᠦ᠂
ᠬᠥᠯᠥᠨ ᠪᠣᠶ᠋ᠢᠷ᠎ᠤᠨ ᠵᠢᠯ᠎ᠳᠦ ᠨᠢᠭᠡ ᠤᠳᠠᠭ᠎ᠠ ᠳᠤᠬᠢᠶᠠᠬᠤ ᠳᠠᠯ᠎ᠠ ᠨᠤᠲᠤᠭ᠎ᠦᠨ ᠵᠢᠭᠤᠯᠴᠢᠯᠠᠯ᠎ᠤᠨ ᠰᠢᠵᠢᠷ ᠠᠯᠲᠠᠨ
ᠬᠤᠭᠤᠴᠠᠭ᠎ᠠ ᠬᠦᠷᠴᠦ ᠢᠷᠡᠭᠰᠡᠨ ᠢ᠋ ᠬᠠᠷᠠᠭᠤᠯᠵᠤ ᠪᠠᠢᠨ᠎ᠠ᠃
✦3᠎ᠤ ᠡᠳᠦᠷ᠂ ᠲᠦᠩᠯᠢᠶᠣᠣ ᠬᠣᠲᠠ ᠴᠠᠬᠢᠯᠭᠠᠨ ᠬᠥᠳᠡᠯᠭᠡᠭᠦᠷᠲᠦ
ᠳᠤᠭᠤᠢ ᠲᠡᠷᠭᠡ ᠶ᠋ᠢ ᠶᠡᠷᠦᠩᠬᠡᠢᠯᠡᠨ ᠵᠠᠰᠠᠬᠤ ᠪᠠᠢᠷᠢᠯᠠᠭᠤᠯᠤᠯᠲᠠ᠎ᠶᠢᠨ ᠬᠤᠷᠠᠯ ᠬᠤᠷᠠᠯᠳᠤᠭᠤᠯᠵᠤ᠂ ᠲᠠᠪᠤᠨ
ᠵᠦᠢᠯ ᠢ᠋ ᠴᠡᠭᠴᠡᠯᠡᠨ ᠵᠠᠰᠠᠵᠤ᠂ ᠪᠠᠷᠢᠮᠵᠢᠶ᠎ᠠ ᠪᠤᠰᠤ ᠲᠡᠷᠭᠡ᠎ᠶᠢ ᠬᠤᠳᠠᠯᠳᠤᠬᠤ᠂ ᠬᠠᠤᠯᠢ ᠪᠤᠰᠤ᠎ᠪᠠᠷ ᠥᠭᠡᠷᠡᠴᠢᠯᠡᠨ
ᠤᠭᠰᠠᠷᠠᠬᠤ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ᠎ᠠ ᠭᠡᠪᠡ᠃
✦ᠣᠢᠷ᠎ᠠ᠎ᠳᠤ ᠡᠵᠡᠨ᠎ᠡ ᠬᠣᠰᠢᠭᠤᠨ᠎ᠤ ᠲᠡᠮᠡᠭᠡᠲᠦ
ᠨᠤᠲᠤᠭ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠎ᠦᠨ ᠨᠢᠭᠡᠳᠦᠭᠡᠷ ᠬᠤᠭᠤᠴᠠᠭᠠᠨ᠎ᠤ ᠡᠳ᠋ᠰᠢᠭᠦᠯᠦᠨ ᠦᠢᠯᠡᠳᠪᠦᠷᠢᠯᠡᠬᠦ
ᠰᠠᠭᠤᠷᠢᠨ ᠠᠩᠬ᠎ᠠ ᠤᠳᠠᠭ᠎ᠠ ᠲᠡᠮᠡᠭᠡᠨ ᠰᠦᠨ ᠲᠠᠯᠬ᠎ᠠ᠎ᠶᠢ ᠲᠤᠷᠰᠢᠨ ᠦᠢᠯᠡᠳᠪᠦᠷᠢᠯᠡᠬᠦ᠎ᠶᠢ ᠪᠡᠶᠡᠯᠡᠭᠦᠯᠵᠦ᠂
ᠲᠠᠯᠬ᠎ᠠ ᠭᠠᠷᠭᠠᠬᠤ ᠨᠣᠷᠮ᠎ᠠ ᠨᠢ 97.6% ᠬᠦᠷᠴᠦ᠂ ᠡᠯ᠎ᠡ ᠵᠦᠢᠯ᠎ᠦᠨ ᠦᠢᠯᠡᠳᠬᠦᠨ᠎ᠦ ᠰᠢᠯᠭᠠᠨ ᠪᠠᠢᠴᠠᠭᠠᠬᠤ ᠭᠦᠢᠴᠡᠳᠬᠡᠯ
ᠲᠣᠭ᠎ᠠ ᠨᠢ ᠴᠥᠮ ᠤᠯᠤᠰ᠎ᠤᠨ ᠢᠳᠡᠭᠡᠨ᠎ᠦ ᠠᠮᠤᠷ ᠲᠦᠪᠰᠢᠨ ᠵᠢᠴᠢ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠪᠠᠷᠢᠮᠵᠢᠶ᠎ᠠ᠎ᠳᠤ
ᠨᠡᠢᠴᠡᠭᠰᠡᠨ ᠪᠠᠢᠨ᠎ᠠ᠃
ᠠᠵᠦ ᠠᠬᠤᠢ
✦5 ᠤ ᠡᠳᠦᠷ᠂ 3
ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ 2026 ᠪᠡᠭᠡᠵᠢᠩ᠎ᠦᠨ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ
ᠬᠡᠷᠡᠭᠯᠡᠭᠡᠨ᠎ᠦ ᠦᠵᠡᠰᠬᠦᠯᠡᠩ᠎ᠦᠨ ᠴᠤᠭᠯᠠᠭᠠᠨ ᠪᠡᠭᠡᠵᠢᠩᠳ᠋ᠤ ᠡᠬᠢᠯᠡᠵᠦ᠂ ᠥᠪᠥᠷ ᠮᠣᠩᠭᠣᠯ᠎ᠤᠨ ᠦᠵᠡᠭᠦᠯᠭᠡ᠎ᠶᠢᠨ
ᠲᠣᠭᠣᠷᠢᠭ᠋ ᠨᠢ ᠰᠣᠶᠣᠯ ᠵᠢᠭᠤᠯᠴᠢᠯᠠᠯ᠎ᠤᠨ ᠰᠢᠯᠢᠳᠡᠭ ᠡᠬᠢ ᠪᠠᠶᠠᠯᠢᠭ᠋᠂ ᠠᠵᠤ ᠦᠢᠯᠡᠰ᠎ᠦᠨ ᠬᠥᠭᠵᠢᠯᠲᠡ᠎ᠶᠢᠨ
ᠦᠷ᠎ᠡ ᠪᠦᠲᠦᠭᠡᠯ ᠪᠣᠯᠣᠨ ᠰᠢᠨ᠎ᠡ᠎ᠶᠢ ᠡᠭᠦᠳᠬᠦ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠦᠬᠦ ᠲᠠᠯ᠎ᠠ᠎ᠪᠠᠷ
ᠳᠡᠯᠭᠡᠨ ᠦᠵᠡᠭᠦᠯᠪᠡ᠃
ᠰᠤᠶᠤᠯ
✦5᠎ᠤ ᠡᠳᠦᠷ᠂ ᠳᠤᠮᠳᠠᠳᠤ
ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ ᠪᠠ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨᠬᠠᠮᠲᠤᠷᠠᠨ
ᠡᠷᠭᠢᠯᠡᠭᠰᠡᠨ 《ᠡᠷᠭᠢᠴᠡᠭᠦᠯᠦᠯ — ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠎ᠦᠨ 2025 ᠣᠨ᠎ᠤ ᠤᠷᠠᠨ ᠵᠢᠷᠤᠭ᠎ᠤᠨ ᠪᠦᠲᠦᠭᠡᠯ᠎ᠦᠨ
ᠦᠵᠡᠰᠬᠦᠯᠡᠩ》ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠵᠦ᠂ 63 ᠤᠷᠠᠨ ᠵᠢᠷᠤᠭ᠎ᠤᠨ ᠪᠦᠲᠦᠭᠡᠯ᠎ᠢ
ᠳᠡᠯᠭᠡᠨ ᠦᠵᠡᠭᠦᠯᠵᠡᠢ᠃
✦2026 ᠣᠨ᠎ᠤ《ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ》 ᠤ᠋ᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠬᠠᠭᠤᠯᠭ᠎ᠠ
ᠦᠵᠡᠭᠦᠯᠭᠡ ᠵᠢᠴᠢ ᠤᠷᠠᠨ ᠰᠠᠢᠬᠠᠨ᠎ᠤ ᠲᠣᠭᠯᠠᠯᠲᠠ᠎ᠶᠢᠨ ᠠᠵᠢᠯᠯᠠᠭ᠎ᠠ 6 ᠰᠠᠷ᠎ᠠ᠎ᠶᠢᠨ 13᠎ᠤ ᠡᠳᠦᠷ ᠰᠢᠯᠤᠭᠤᠨ
ᠬᠥᠬᠡ ᠬᠣᠰᠢᠭᠤᠨ᠎ᠤ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠳᠤ ᠶᠠᠪᠤᠭᠳᠠᠬᠤ ᠪᠡᠷ ᠪᠠᠢᠵᠦ᠂ ᠲᠤᠬᠠᠢ
ᠵᠢᠨ ᠡᠳᠦᠷ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶᠢᠨ ᠦᠵᠡᠮᠵᠢ᠎ᠶᠢᠨ ᠣᠷᠣᠨ ᠡᠭᠦᠳᠡᠨ ᠪᠢᠯᠧᠲ ᠠᠪᠬᠤ
ᠦᠭᠡᠢ᠃
✦5᠎ᠤ ᠡᠳᠦᠷ᠂
2026 ᠤᠨ᠎ᠤ ᠪᠣᠷᠣᠳᠣᠬᠣᠢ ᠳᠡᠭᠡᠳᠦ ᠰᠤᠷᠭᠠᠭᠤᠯᠢ ᠶ᠋ᠢᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠲᠡᠭᠦᠰᠬᠦ
ᠰᠤᠷᠤᠭ᠍ᠴᠢᠳ᠎ᠤᠨ ᠦᠷ᠎ᠡ ᠪᠦᠲᠦᠭᠡᠯ᠎ᠦᠨ ᠦᠵᠡᠰᠭᠦᠯᠡᠨᠭ ᠡᠬᠢᠯᠡᠵᠦ᠂ ᠦᠵᠡᠰᠭᠦᠯᠡᠨᠭ ᠳᠦ ᠣᠷᠣᠯᠴᠠᠭᠰᠠᠨ ᠪᠦᠲᠦᠭᠡᠯ
ᠨᠢ ᠭᠤᠤᠯᠳᠠᠭᠤ ᠤᠷᠠᠳ᠎ᠤᠨ ᠡᠮᠦᠨᠡᠲᠦ ᠬᠣᠰᠢᠭᠤᠨ᠎ᠤ ᠨᠤᠲᠤᠭ᠎ᠤᠨ ᠣᠨᠴᠠᠯᠢᠭ᠋᠎ᠲᠤ ᠰᠠᠭᠤᠷᠢᠯᠠᠵᠤ᠂ ᠭᠠᠵᠠᠷ ᠣᠷᠣᠨ᠎ᠤ
ᠡᠬᠢ ᠪᠠᠶᠠᠯᠢᠭ᠋᠎ᠢ ᠭᠦᠨ ᠠᠭᠤᠳᠠᠯᠵᠤ᠂ ᠤᠯᠠᠭᠠᠨᠰᠤᠬᠠᠢ ᠨᠠᠭᠤᠷ᠎ᠤᠨ ᠪᠠᠢᠭᠠᠯᠢ᠎ᠶᠢᠨ ᠥᠩᠭᠡ ᠦᠵᠡᠮᠵᠢ ᠵᠡᠷᠭᠡ
ᠭᠣᠣᠯ ᠡᠯᠧᠮᠧᠨ᠋ᠲ᠎ᠢ ᠤᠷᠠᠯᠢᠭ᠋᠎ᠤᠨ ᠵᠣᠬᠢᠶᠠᠨ ᠪᠦᠲᠦᠭᠡᠯᠭᠡ᠎ᠳᠦ ᠤᠷᠠᠨ᠎ᠢᠶᠠᠷ ᠠᠭᠤᠰᠬᠠᠪᠠ ᠃ ᠲᠤᠰ ᠦᠵᠡᠰᠭᠦᠯᠡᠨᠭ
6 ᠰᠠᠷ᠎ᠠ ᠶ᠋ᠢᠨ 24᠎ᠦ ᠡᠳᠦᠷ ᠪᠣᠯᠲᠠᠯ᠎ᠠ ᠦᠷᠭᠦᠯᠵᠢᠯᠡᠨ᠎ᠡ᠃
ᠲᠠᠮᠢᠷ
✦5᠎ᠤ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ
ᠮᠡᠳᠡᠭᠳᠡᠯ ᠨᠡᠢᠲᠡᠯᠡᠵᠦ᠂ 2026 ᠣᠨ᠎ᠤ ᠪᠥᠬᠥ ᠣᠷᠣᠨ᠎ᠤ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ
ᠰᠣᠳᠣᠨ ᠲᠠᠮᠢᠷᠴᠢᠨ᠎ᠢ ᠰᠣᠩᠭᠣᠨ ᠬᠥᠮᠥᠵᠢᠭᠦᠯᠬᠦ ᠠᠵᠢᠯ᠎ᠢ ᠡᠬᠢᠯᠡᠭᠦᠯᠵᠦ᠂ ᠪᠥᠬᠥ ᠣᠷᠣᠨ᠎ᠡᠴᠡ ᠬᠥᠯ ᠪᠥᠮᠪᠥᠭᠡ
ᠶᠢᠨ ᠪᠡᠯᠡᠳᠬᠡᠯ ᠴᠢᠳᠠᠪᠤᠷᠢᠲᠠᠨ᠎ᠢ ᠰᠢᠯᠢᠨ ᠰᠣᠩᠭᠣᠵᠤ᠂ ᠰᠣᠩᠭᠣᠭᠳᠠᠭᠰᠠᠨ ᠲᠠᠮᠢᠷᠴᠢᠨ ᠬᠣᠭᠣᠯᠠ᠂ ᠬᠣᠨᠣᠭ᠂
ᠪᠠᠭ᠍ᠰᠢ᠂ ᠰᠤᠷᠭᠠᠭᠤᠯᠢ ᠳᠡᠪᠰᠢᠬᠦ ᠵᠡᠷᠭᠡ ᠣᠯᠠᠨ ᠵᠦᠢᠯ᠎ᠦᠨ ᠢᠵᠢ ᠪᠦᠷᠢᠳᠦᠭᠰᠡᠨ ᠪᠠᠲᠤᠯᠠᠭ᠎ᠠ᠎ᠶᠢ ᠭᠥᠷᠳᠡᠵᠦ
ᠪᠣᠯᠣᠨ᠎ᠠ᠃
ᠲᠡᠯᠡᠬᠡᠢ
✦ᠲᠥᠪ ᠲᠧᠯᠸᠢᠰ᠎ᠦᠨ
ᠮᠡᠳᠡᠭᠡ ᠵᠢᠦᠨᠳᠦᠰᠦᠯᠡᠪᠡᠯ᠂ ᠲᠤᠬᠠᠢ ᠶ᠋ᠢᠨ ᠭᠠᠵᠠᠷ᠎ᠤᠨ ᠴᠠᠭ ᠵᠢᠡᠷ 5᠎ᠤ ᠡᠳᠦᠷ ᠣᠷᠣᠰ ᠪᠠ ᠦᠺᠷᠠᠢᠨ 185
ᠳᠠᠶ᠋ᠢᠨ᠎ᠦ ᠣᠯᠵᠠᠯᠠᠭᠳᠠᠭᠰᠠᠳ ᠰᠣᠯᠢᠯᠴᠠᠵᠠᠢ᠃ ᠣᠷᠣᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ
ᠢᠯᠡᠷᠬᠡᠢᠯᠡᠬᠦ᠎ᠳᠡᠭᠡᠨ᠂ ᠲᠣᠰ ᠤᠳᠠᠭᠠᠨ᠎ᠤ ᠳᠠᠶ᠋ᠢᠨ᠎ᠦ ᠣᠯᠵᠠᠯᠠᠭᠳᠠᠭᠰᠠᠳ ᠰᠣᠯᠢᠯᠴᠠᠬᠤ ᠠᠵᠢᠯᠯᠠᠭ᠎ᠠ ᠠᠷᠠᠪ᠎ᠤᠨ
ᠬᠣᠯᠪᠣᠭᠠᠲᠤ ᠠᠬᠠᠮᠠᠳ᠎ᠲᠤ ᠤᠯᠤᠰ᠎ᠤᠨ ᠲᠠᠯ᠎ᠠ᠎ᠶᠢᠨ ᠵᠣᠬᠢᠴᠠᠭᠤᠯᠭ᠎ᠠ ᠳᠣᠣᠷ᠎ᠠ ᠶᠠᠪᠤᠭᠳᠠᠭᠰᠠᠨ ᠶᠤᠮ ᠭᠡᠵᠡᠢ᠃
✦ᠰᠢᠨᠬᠤᠸᠠ ᠬᠣᠷᠢᠶ᠎ᠠ
ᠵᠢᠨ ᠮᠡᠳᠡᠭᠡ ᠵᠢ ᠦᠨᠳᠦᠰᠦᠯᠡᠪᠡᠯ᠂ ᠦᠭᠠᠨᠳᠠ᠎ᠶᠢᠨ ᠡᠷᠡᠭᠦᠯ ᠬᠠᠮᠠᠭᠠᠯᠠᠯ᠎ᠤᠨ ᠶᠠᠮᠤᠨ 5᠎ᠤ ᠡᠳᠦᠷ ᠨᠡᠢᠭᠡᠮ᠎ᠦᠨ
ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠳᠤ ᠮᠡᠳᠡᠭᠡ ᠨᠡᠢᠲᠡᠯᠡᠵᠦ ᠬᠡᠯᠡᠬᠦ᠎ᠳᠡᠭᠡᠨ᠂ ᠲᠣᠰ ᠤᠯᠤᠰ᠎ᠲᠤ
ᠡᠸᠪᠤᠯᠠᠶᠢᠨ ᠣᠨᠣᠰᠢᠯᠠᠭᠰᠠᠨ ᠡᠪᠡᠳᠴᠢᠨ᠎ᠦ ᠵᠢᠱ᠌ᠢᠶ᠎ᠡ ᠰᠢᠨ᠎ᠡ᠎ᠪᠡᠷ 3 ᠨᠡᠮᠡᠭᠳᠡᠵᠦ᠂ ᠣᠨᠣᠰᠢᠯᠠᠭᠰᠠᠨ ᠡᠪᠡᠳᠴᠢᠨ᠎ᠦ
ᠵᠢᠱ᠌ᠢᠶ᠎ᠡ ᠨᠡᠶ᠋ᠢᠲᠡ 19 ᠪᠤᠯᠵᠠᠢ ᠭᠡᠪᠡ᠃
ᠦᠢᠯᠡᠴᠢᠯᠡᠭᠡ
✦ᠤᠯᠠᠭᠠᠨᠬᠠᠳᠠ ᠬᠣᠲᠠ᠎ᠶᠢᠨ
ᠬᠤᠩᠱᠠᠨ ᠲᠣᠭᠣᠷᠢᠭ᠋ ᠣᠶ ᠰᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ 18 ᠠᠵᠢᠯᠲᠠᠨ ᠡᠯᠰᠡᠨ᠎ᠡ᠃ ᠨᠠᠷᠢᠨ
ᠠᠭᠤᠯᠭ᠎ᠠ ᠶ᠋ᠢ 《ᠤᠤᠯ ᠵᠤᠬᠢᠶᠠᠯ᠎ᠢ ᠦᠵᠡᠬᠦ》 (阅读原文) ᠦᠰᠦᠭ᠎ᠢ
ᠳᠤᠪᠴᠢᠳᠠᠵᠤ ᠦᠵᠡᠭᠡᠷᠡᠢ!
✦ᠥᠪᠥᠷ ᠮᠣᠩᠭᠣᠯ᠎ᠤᠨ ᠴᠠᠭ ᠠᠭᠤᠷ᠎ᠤᠨ ᠬᠤᠷᠢᠶ᠎ᠠ᠎ᠶᠢᠨ ᠵᠢᠱ᠌ᠢᠯᠲᠡ᠎ᠪᠡᠷ᠂ 6
ᠰᠠᠷ᠎ᠠ᠎ᠶᠢᠨ 6᠎ᠡᠴᠡ 9᠎ᠦ ᠡᠳᠦᠷ ᠪᠣᠯᠲᠠᠯ᠎ᠠ᠂ ᠥᠪᠥᠷ ᠮᠣᠩᠭᠣᠯ᠎ᠤᠨ ᠶᠡᠬᠡᠩᠬᠢ ᠭᠠᠵᠠᠷ᠎ᠤᠨ ᠬᠠᠮᠤᠭ᠎ᠤᠨ ᠥᠨᠳᠥᠷ
ᠠᠭᠠᠷ᠎ᠤᠨ ᠳᠤᠯᠠᠭᠠᠨ 25 ᠭᠷᠡᠳᠦ᠋ᠰ ᠡᠴᠡ ᠳᠣᠷᠣᠭ᠍ᠰᠢ ᠰᠡᠷᠢᠭᠦᠨ ᠳᠠᠭᠠᠯᠠᠮᠵᠢᠲᠠᠢ ᠪᠠᠢᠵᠤ᠂ ᠶᠡᠬᠡ ᠳᠡᠭᠡᠳᠦ
ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ ᠤ᠋ᠨ ᠨᠢᠭᠡᠳᠦᠯᠳᠡᠢ ᠰᠢᠯᠭᠠᠯᠲᠠ ᠳ᠋ᠤ ᠤᠷᠤᠯᠴᠠᠬᠤ ᠰᠤᠷᠤᠭ᠍ᠴᠢᠳᠲᠦ᠍
ᠠᠰᠢᠭ᠍ᠲᠠᠢ ᠨᠦᠭᠦᠴᠡᠯ ᠪᠤᠯᠵᠠᠢ᠃ ᠡᠭᠦᠨ᠎ᠦ ᠬᠠᠮᠲᠤ᠂ ᠪᠠᠷᠠᠭᠤᠨ ᠪᠡᠶ᠎ᠠ ᠵᠢᠨ ᠬᠤᠢᠳᠤ ᠬᠡᠰᠡᠭ ᠪᠠ ᠵᠡᠭᠦᠨ
ᠬᠡᠰᠡᠭ ᠵᠢᠴᠢ ᠳᠤᠮᠳᠠ ᠪᠠ ᠵᠡᠭᠦᠨ ᠪᠡᠶ᠎ᠠ ᠵᠢᠨ ᠶᠡᠬᠡᠩᠬᠢ ᠭᠠᠵᠠᠷ ᠣᠷᠣᠨ᠎ᠳᠤ ᠪᠠᠭ᠎ᠠ ᠪᠣᠷᠣᠭᠠᠨ ᠪᠤᠶᠤ ᠠᠶᠤᠩᠭᠠᠲᠤ
ᠪᠣᠷᠣᠭᠠᠨ ᠣᠷᠣᠨ᠎ᠠ᠃ ᠰᠢᠯᠢ᠎ᠶᠢᠨ ᠭᠣᠣᠯ ᠤᠨ ᠳᠤᠮᠳᠠ ᠪᠡᠶ᠎ᠠ᠂ ᠤᠯᠠᠭᠠᠨᠬᠠᠳᠠ ᠶᠢᠨ ᠪᠠᠷᠠᠭᠤᠨ ᠪᠡᠶ᠎ᠠ
ᠵᠢᠨ ᠪᠠᠷᠠᠭᠤᠨ ᠬᠡᠰᠡᠭ᠂ ᠲᠦᠩᠯᠢᠶᠣᠣ᠎ᠶᠢᠨ ᠵᠡᠭᠦᠨ ᠪᠡᠶ᠎ᠠ ᠵᠢᠨ ᠵᠡᠭᠦᠨ ᠬᠡᠰᠡᠭ᠂ ᠬᠢᠩᠭᠠᠨ ᠤ᠋ ᠳᠤᠮᠳᠠ ᠪᠡᠶ᠎ᠠ
ᠪᠠ ᠬᠣᠢᠲᠤ ᠪᠡᠶ᠎ᠠ᠂ ᠬᠥᠯᠥᠨ ᠪᠣᠶ᠋ᠢᠷ ᠤ᠋ᠨ ᠡᠮᠦᠨ᠎ᠡ ᠪᠡᠶ᠎ᠠ ᠪᠠ ᠵᠡᠭᠦᠨ ᠪᠡᠶ᠎ᠠ ᠪᠡᠷ ᠳᠤᠮᠳᠠ ᠵᠡᠷᠭᠡ᠎ᠶᠢᠨ
ᠪᠣᠷᠣᠭᠠᠨ ᠣᠷᠣᠨ᠎ᠠ᠃ ᠡᠳᠡᠭᠡᠷ ᠭᠠᠵᠠᠷ ᠤᠷᠤᠨ ᠤ᠋ ᠰᠢᠯᠭᠠᠭᠤᠯᠤᠭᠴᠢᠳ ᠴᠠᠭ ᠠᠭᠤᠷ ᠤ᠋ᠨ ᠨᠦᠭᠦᠴᠡᠯ ᠪᠠᠢᠳᠠᠯ
ᠢ᠋ ᠰᠠᠢᠲᠤᠷ ᠠᠨᠭᠬᠠᠷᠤᠭᠠᠷᠠᠢ᠃
ᠲᠠᠨ᠎ᠤ ᠲᠤᠰᠠ᠎ᠳᠤ
✦ᠨᠢᠳᠦ᠎ᠪᠡᠨ
ᠰᠠᠢᠲᠤᠷ ᠬᠠᠮᠠᠭᠠᠯᠠᠶ᠎ᠠ ᠭᠡᠪᠡᠯ ᠳᠥᠴᠢᠨ ᠮᠢᠨᠦ᠋ᠲ ᠬᠡᠷᠡᠭᠯᠡᠭᠰᠡᠨ ᠤ᠋ ᠳᠠᠷᠠᠭ᠎ᠠ ᠭᠤᠷᠪᠠᠨ ᠮᠢᠨᠦ᠋ᠲ ᠠᠯᠤᠰ᠎ᠢ
ᠪᠠᠷᠠᠯᠠᠪᠠᠯ ᠰᠠᠢᠨ ᠪᠠᠢᠳᠠᠭ᠃ ᠡᠳᠦᠷ ᠲᠤᠳᠤᠮᠳ᠋ᠤ ᠬᠥᠬᠡ ᠵᠢᠮᠢᠰᠭᠡᠨ᠎ᠡ ᠵᠡᠷᠭᠡ ᠵᠢ ᠢᠯᠡᠭᠦᠦ ᠢᠳᠡᠵᠦ ᠰᠢᠮ᠎ᠡ
ᠲᠡᠵᠢᠭᠡᠯ ᠨᠥᠬᠥᠪᠦᠷᠢᠯᠡᠨ᠎ᠡ᠃ ᠬᠠᠷᠠᠩᠭᠤᠢ᠎ᠳᠤ ᠨᠣᠮ ᠪᠤᠶᠤ ᠭᠠᠷ ᠤᠲᠠᠰᠤ ᠦᠵᠡᠬᠦ ᠦᠭᠡᠢ ᠪᠠᠢᠬᠤ
ᠬᠡᠷᠡᠭᠳᠡᠢ᠃ ᠡᠳᠦᠷ ᠪᠦᠷᠢ ᠬᠣᠶᠠᠷ ᠨᠢᠳᠦᠳ᠋ᠡᠭᠡᠨ ᠬᠠᠯᠠᠭᠤᠨ ᠵᠢᠩ ᠲᠠᠯᠪᠢᠪᠠᠯ ᠶᠠᠳᠠᠷᠠᠭ᠎ᠠ ᠳᠠᠢᠯᠬᠤ ᠵᠢᠨ
ᠬᠠᠮᠳᠤ ᠨᠢᠳᠦᠨ᠎ᠦ ᠬᠤᠷᠤᠰᠴᠤ ᠴᠢᠨᠦᠷᠡᠬᠦ᠎ᠶᠢ ᠨᠠᠮᠳᠠᠭᠤᠯᠤᠨ᠎ᠠ᠃
ᠵᠠᠯᠭᠠᠭᠠᠳ 《ᠦᠭᠡᠳᠡ ᠪᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)