6 ᠰᠠᠷ᠎ᠠ ᠵᠢᠨ 8 ᠎ᠤ ᠡᠳᠤᠷ
ᠡᠬᠢᠯᠡᠬᠦ᠌ ᠴᠠᠭ᠄
2026-06-08 10:37:42
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄



ᠨᠡᠢᠭᠡᠮ 

                       

✦ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠲᠦᠷᠦᠭᠦᠬᠡᠨ《ᠠᠷᠠᠳ᠎ᠤᠨ ᠬᠡᠷᠡᠭᠯᠡᠭᠡᠨ ᠎ᠦ ᠥᠨᠳᠥᠷ ᠪᠠᠷᠢᠯᠭ᠎ᠠ᠎ᠶᠢᠨ ᠭᠠᠯ ᠤᠨᠲᠠᠷᠠᠭᠠᠬᠤ ᠠᠮᠤᠷ ᠲᠦᠪᠰᠢᠨ ᠎ᠦ ᠬᠠᠮᠢᠶᠠᠷᠤᠯᠲᠠ᠎ᠶᠢᠨ ᠲᠣᠭᠲᠠᠭᠠᠯ》᠎ᠢ ᠨᠡᠢᠲᠡᠯᠡᠵᠦ᠂ ᠠᠷᠠᠳ ᠎ᠤᠨ ᠬᠡᠷᠡᠭᠯᠡᠭᠡᠨ ᠎ᠦ ᠥᠨᠳᠥᠷ ᠪᠠᠷᠢᠯᠭ᠎ᠠ᠎ᠪᠦᠬᠦᠢ ᠣᠯᠠᠨ ᠨᠡᠶ᠋ᠢᠲᠡ᠎ᠶᠢᠨ ᠲᠣᠭᠣᠷᠢᠭ᠋᠎ᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠤᠭᠰᠤᠭᠠᠬᠤ ᠪᠠ ᠴᠠᠬᠢᠯᠭᠠᠨ ᠴᠡᠨᠡᠭᠯᠡᠬᠦ᠎ᠶᠢ ᠲᠣᠳᠣᠷᠬᠠᠢ ᠵᠠᠷᠯᠢᠭ᠍ᠳᠠᠨ ᠴᠠᠭᠠᠵᠠᠯᠠᠵᠤ᠂ ᠵᠥᠷᠢᠴᠡᠭᠰᠡᠳ᠎ᠢ ᠬᠠᠮᠤᠭ᠎ᠤᠨ ᠥᠨᠳᠥᠷ᠎ᠲᠡᠬᠡᠨ 1 ᠲᠦᠮᠡᠨ ᠲᠥᠭᠥᠷᠢᠭ᠎ᠢᠶᠡᠷ ᠲᠤᠷᠭᠠᠨ᠎ᠠ ᠭᠡᠵᠡᠢ᠃ ᠰᠢᠨ᠎ᠡ ᠲᠣᠭᠲᠠᠭᠠᠯ ᠢ᠋ 8 ᠰᠠᠷ᠎ᠠ  ᠶ᠋ᠢᠨ 1 ᠎ᠦ ᠡᠳᠦᠷ᠎ᠡᠴᠡ ᠡᠬᠢᠯᠡᠨ ᠬᠡᠷᠡᠭᠵᠢᠭᠦᠯᠬᠦ ᠪᠤᠯᠤᠨ᠎ᠠ᠃

✦ᠤᠯᠤᠰ ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠣᠲᠣᠬᠠᠨ ᠪᠣᠯᠲᠠᠯ᠎ᠠ ᠮᠠᠨ ᠎ᠤ ᠤᠯᠤᠰ ᠤ᠋ᠨ ᠪᠣᠬᠢᠷᠲᠤᠯ ᠦᠭᠡᠢ ᠪᠦᠲᠦᠭᠡᠭᠳᠡᠬᠦᠨ ᠎ᠦ ᠦᠨᠡᠯᠡᠯᠲᠡ᠎ᠶᠢᠨ ᠪᠠᠷᠢᠮᠵᠢᠶ᠎ᠠ᠎ᠶᠢᠨ ᠰᠢᠰᠲᠧᠮ᠎ᠦᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 《ᠪᠣᠬᠢᠷᠲᠤᠯ ᠦᠭᠡᠢ ᠪᠦᠲᠦᠭᠡᠭᠳᠡᠬᠦᠨ ᠎ᠤ  ᠦᠨᠡᠯᠡᠯᠲᠡ᠎ᠶᠢᠨ ᠶᠡᠷᠦᠩᠬᠡᠢ ᠳᠦᠷᠢᠮ》ᠵᠢᠴᠢ 47 ᠵᠦᠢᠯ ᠎ᠦᠨ ᠪᠣᠳᠠᠲᠠᠢ ᠪᠦᠲᠦᠭᠡᠭᠳᠡᠬᠦᠨ᠎ᠦ ᠪᠠᠷᠢᠮᠵᠢᠶ᠎ᠠ᠎ᠶᠢ ᠨᠡᠢᠲᠡᠯᠡᠵᠦ᠂ ᠭᠡᠷ᠎ᠦᠨ ᠴᠠᠬᠢᠯᠭᠠᠨ ᠬᠡᠷᠡᠭᠰᠡᠯ᠂ ᠡᠯᠧᠺᠲᠷᠣᠨ ᠮᠡᠳᠡᠭᠡ ᠵᠠᠩᠭᠢ᠂ ᠪᠠᠷᠢᠯᠭ᠎ᠠ᠎ᠶᠢᠨ ᠮᠠᠲᠧᠷᠢᠶᠠᠯ᠂ ᠪᠣᠯᠣᠳ ᠲᠡᠮᠦᠷ ᠵᠡᠷᠭᠡ ᠪᠦᠲᠦᠭᠡᠭᠳᠡᠬᠦᠨ᠎ᠦ ᠬᠦᠷᠢᠶ᠎ᠡ᠎ᠶᠢ ᠬᠠᠮᠤᠷᠴᠠᠢ᠃

✦ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠶ᠋ᠢᠨ ᠶᠠᠮᠤᠨ 5 ᠎ᠤ  ᠡᠳᠦᠷ 《ᠣᠷᠣᠨ ᠰᠠᠭᠤᠴᠠ᠎ᠶᠢᠨ ᠨᠡᠶ᠋ᠢᠲᠡ ᠎ᠶᠢᠨ ᠬᠤᠷᠠᠮᠳᠤᠭᠤᠯᠭ᠎ᠠ  ᠶ᠋ᠢᠨ ᠮᠥᠩᠭᠥ᠎ᠶᠢᠨ ᠬᠠᠮᠢᠶᠠᠷᠤᠯᠲᠠ᠎ᠶᠢᠨ ᠳᠦᠷᠢᠮ(ᠵᠠᠰᠠᠪᠤᠷᠢ ᠣᠷᠣᠭᠤᠯᠤᠭᠰᠠᠨ ᠰᠠᠨᠠᠯ ᠬᠤᠷᠢᠶᠠᠬᠤ ᠨᠣᠣᠷᠠᠭ)》᠎ᠤᠨ ᠲᠤᠬᠠᠢ ᠨᠡᠢᠭᠡᠮ ᠨᠡᠶ᠋ᠢᠲᠡ᠎ᠡᠴᠡ ᠢᠯᠡ ᠪᠡᠷ ᠰᠠᠨᠠᠯ ᠬᠤᠷᠢᠶᠠᠵᠤ᠂ ᠬᠠᠮᠢᠶᠠᠷᠤᠯᠲᠠ ᠎ᠶᠢ ᠴᠢᠩᠭᠠᠳᠬᠠᠵᠤ᠂ ᠲᠤᠰᠢᠶᠠᠨ ᠬᠠᠳᠠᠭᠠᠯᠠᠭᠤᠯᠤᠭ᠍ᠴᠢ᠎ᠶᠢᠨ ᠬᠠᠤᠯᠢ ᠶᠣᠰᠣᠨ ᠎ᠤ ᠡᠷᠬᠡ ᠠᠰᠢᠭ᠋᠎ᠢ ᠬᠠᠮᠠᠭᠠᠯᠠᠨ᠂ ᠲᠤᠰᠢᠶᠠᠨ ᠬᠠᠳᠠᠭᠠᠯᠠᠭᠤᠯᠤᠭ᠍ᠴᠢ᠎ᠶᠢᠨ ᠣᠯᠠᠨ ᠡᠰᠢᠲᠦ ᠣᠷᠣᠨ ᠰᠠᠭᠤᠴᠠ᠎ᠶᠢᠨ ᠬᠡᠷᠡᠭᠯᠡᠭᠡᠨ᠎ᠦ ᠬᠡᠷᠡᠭᠴᠡᠭᠡ᠎ᠶᠢ ᠨᠠᠩ ᠰᠠᠢᠨ ᠬᠠᠩᠭᠠᠬᠤ ᠵᠢ ᠵᠤᠷᠢᠪᠠ᠃

✦7 ᠎ᠤ᠋ ᠡᠳᠦᠷ᠂ 2026 ᠣᠨ᠎ᠤ ᠡᠩ᠎ᠤᠨ ᠶᠡᠬᠡ ᠳᠡᠭᠡᠳᠦ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠡᠬᠢᠯᠡᠵᠦ᠂ ᠡᠨᠡ ᠵᠢᠯ᠎ᠦᠨ ᠥᠪᠥᠷ ᠮᠣᠩᠭᠣᠯ᠎ᠤᠨ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠰᠤᠷᠤᠭᠴᠢ ᠵᠢᠨ ᠲᠣᠭ᠎ᠠ 20.6 ᠲᠦᠮᠡ᠎ᠳᠦ ᠬᠦᠷᠴᠦ᠂ ᠡᠭᠦᠨ ᠳ᠋ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠶ᠋ᠢᠨ ᠲᠤᠰᠠᠭᠠᠷ ᠰᠣᠷᠣᠭ᠍ᠴᠢ ᠡᠯᠰᠡᠬᠦ ᠪᠠ ᠳᠤᠮᠳᠠ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠳ᠋ᠤ 3 ᠵᠢᠯ ᠰᠤᠷᠤᠯᠴᠠᠭᠰᠠᠨ ᠎ᠤ ᠳᠠᠷᠠᠭ᠎ᠠ ᠳᠡᠬᠡᠳᠤ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠳ᠋ᠤ ᠳᠠᠬᠢᠨ 2 ᠵᠢᠯ ᠰᠤᠷᠤᠯᠴᠠᠬᠤ ᠪᠡᠷ ᠱᠠᠳᠤ ᠰᠢᠯᠵᠢᠬᠦ ᠵᠢᠴᠢ ᠪᠤᠰᠤᠳ ᠲᠤᠰᠠᠭᠠᠷ ᠰᠣᠷᠣᠭ᠍ᠴᠢ ᠡᠯᠰᠡᠬᠦ 5.2 ᠲᠥᠮᠡᠨ ᠰᠤᠷᠤᠬᠴᠢ᠎ᠡᠴᠡ ᠭᠠᠳᠠᠨ᠎ᠠ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠪᠣᠳᠠᠲᠠᠢ ᠣᠷᠣᠯᠴᠠᠬᠤ ᠰᠤᠷᠤᠭᠴᠢ ᠵᠢᠨ ᠲᠣᠭ᠎ᠠ 15.4 ᠲᠦᠮᠡ᠎ᠪᠠᠢᠨ᠎ᠠ᠃

✦6 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠪᠥᠬᠥ ᠤᠯᠤᠰ᠎ᠤᠨ ᠣᠯᠠᠩᠬᠢ ᠭᠠᠵᠠᠷ ᠣᠷᠣᠨ᠎ᠤ ᠬᠢᠨ ᠬᠥᠳᠡᠯᠮᠦᠷᠢᠴᠢᠳ᠎ᠲᠦ ᠠᠭᠠᠭᠢᠮ᠎ᠠ ᠬᠠᠯᠠᠭᠤᠨ᠎ᠤ ᠨᠡᠮᠡᠭᠦᠷᠢ ᠮᠦᠨᠭᠭᠦ ᠣᠯᠭᠣᠬᠤ ᠪᠣᠯᠣᠨ᠎ᠠ᠃ ᠣᠳᠣᠬᠠᠨ ᠳ᠋ᠤ ᠥᠪᠥᠷ ᠮᠣᠩᠭᠣᠯ᠎ᠤᠨ ᠠᠭᠠᠭᠢᠮ᠎ᠠ ᠬᠠᠯᠠᠭᠤᠨ᠎ᠤ ᠨᠡᠮᠡᠭᠦᠷᠢ ᠰᠠᠷ᠎ᠠ᠎ᠳᠤ 180 ᠲᠥᠭᠥᠷᠢᠭ ᠪᠠᠢᠵᠦ᠂ ᠬᠦᠢᠲᠡᠨ ᠎ᠦ ᠨᠡᠮᠡᠭᠦᠷᠢ᠎ᠶᠢ ᠰᠠᠷ᠎ᠠ᠎ᠳᠤ 230 ᠲᠥᠭᠥᠷᠢᠭ ᠣᠯᠭᠣᠬᠤ᠎ᠪᠠᠷ ᠲᠣᠭᠲᠠᠭᠠᠵᠠᠢ᠃

✦ᠡᠨᠡ ᠵᠢᠯ᠎ᠦᠨ ᠬᠠᠪᠤᠷ ᠠ᠋ᠴᠠ ᠨᠠᠭᠠᠰᠢ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠎ᠦᠨ ᠲᠢᠩᠬᠢᠮ ᠎ᠡᠴᠡ ᠡᠯ᠎ᠡ ᠶᠡᠬᠡ ᠳᠡᠭᠡᠳᠦ ᠰᠤᠷᠭᠠᠭᠤᠯᠢ ᠎ᠶᠢ ᠵᠢᠯᠣᠭᠣᠳᠤᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠡᠯᠰᠡᠬᠦ ᠠᠵᠢᠯᠯᠠᠭ᠎ᠠ᠎ᠶᠢ 800 ᠰᠢᠬᠠᠮ ᠤᠳᠠᠭ᠎ᠠ ᠥᠷᠨᠢᠭᠦᠯᠵᠦ᠂ 6300 ᠭᠠᠷᠤᠢ ᠬᠥᠮᠥᠨ ᠬᠡᠷᠡᠭᠯᠡᠬᠦ ᠨᠢᠭᠡᠴᠢ᠎ᠤᠷᠤᠯᠴᠠᠨ᠂ ᠵᠠᠬ᠎ᠠ ᠳᠡᠯᠭᠡᠭᠦᠷᠴᠢᠯᠡᠭᠰᠡᠨ ᠠᠵᠢᠯ᠎ᠤᠨ ᠪᠠᠢᠷᠢ᠎ᠶᠢ ᠨᠡᠶ᠋ᠢᠲᠡ 17 ᠲᠦᠮᠡ ᠬᠠᠨᠭᠭᠠᠵᠠᠢ᠃

✦ᠪᠠᠶᠠᠨᠨᠠᠭᠤᠷ ᠬᠤᠳᠠ ᠥᠨᠳᠥᠷ ᠬᠡᠪ ᠪᠣᠯᠪᠠᠰᠤᠷᠠᠯ᠎ᠪᠦᠬᠦᠢ ᠮᠠᠯᠴᠢᠨ ᠲᠠᠷᠢᠶᠠᠴᠢᠨ ᠎ᠢ ᠬᠥᠮᠥᠵᠢᠭᠦᠯᠬᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠪᠦᠬᠦ ᠬᠤᠳᠠ᠎ᠳᠤ 37 ᠲᠠᠷᠢᠶᠠᠨ ᠭᠠᠵᠠᠷ ᠲᠡᠬᠢ ᠰᠤᠷᠭᠠᠭᠤᠯᠢ᠂ 48 ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ 40 ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ᠎ᠶᠢᠨ ᠰᠠᠭᠤᠷᠢᠨ ᠪᠠᠢᠭᠤᠯᠵᠤ᠂ ᠵᠢᠯ ᠪᠦᠷᠢ 20.5 ᠲᠦᠮᠡᠨ ᠬᠥᠮᠥᠨ ᠤᠳᠠᠭ᠎ᠠ᠎ᠠᠴᠠ ᠳᠡᠭᠡᠭᠰᠢ ᠮᠠᠯᠴᠢᠨ ᠲᠠᠷᠢᠶᠠᠴᠢᠨ᠎ᠢ ᠨᠡᠢᠳᠡᠮ ᠪᠣᠯᠪᠠᠰᠤᠷᠠᠭᠤᠯᠵᠤ ᠪᠤᠢ᠃

✦ᠦᠢᠷ᠎ᠡ ᠎ᠳᠤ ᠠᠯᠠᠱᠠ ᠠᠢᠮᠠᠭ 14000 ᠲᠠᠬᠢᠶᠠᠨ ᠴᠤᠷᠪᠠᠭ᠎ᠠ ᠎ᠶᠢ ᠠᠯᠠᠱᠠ ᠪᠠᠷᠠᠭᠤᠨ ᠬᠣᠰᠢᠭᠤᠨ᠎ᠤ ᠨᠤᠲᠤᠭ ᠪᠡᠯᠴᠢᠭᠡᠷ ᠎ᠦᠨ ᠬᠣᠷᠣᠬᠠᠢ᠎ᠶᠢᠨ ᠭᠠᠮᠰᠢᠭ᠋ ᠶᠡᠬᠡ ᠡᠭᠦᠰᠬᠦ ᠭᠣᠣᠯᠳᠠᠯᠭ᠎ᠠ᠎ᠲᠠᠢ ᠭᠠᠵᠠᠷ ᠲᠸ᠋ ᠲᠠᠯᠪᠢᠵᠤ᠂ ᠲᠠᠬᠢᠶᠠᠨ ᠴᠤᠷᠪᠠᠭ᠎ᠠ᠎ᠪᠠᠷ ᠴᠠᠷᠴᠠᠬᠠᠢ  ᠤᠰᠠᠳᠬᠠᠬᠤ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ᠎ᠶᠢ ᠪᠠᠲᠤᠯᠠᠪᠠ᠃ ᠵᠢᠱ᠌ᠢᠯᠲᠡ᠎ᠪᠠᠷ ᠲᠤᠰ ᠤᠳᠠᠭ᠎ᠠ ᠲᠠᠯᠪᠢᠭ᠍ᠰᠠᠨ ᠲᠠᠬᠢᠶᠠᠨ ᠴᠤᠷᠪᠠᠭ᠎ᠠ ᠨᠢ 14 ᠲᠦᠮᠡᠨ ᠮᠦ᠍ ᠨᠤᠲᠤᠭ ᠪᠡᠯᠴᠢᠭᠡᠷ᠎ᠢ ᠬᠣᠷᠣᠬᠠᠢ᠎ᠶᠢᠨ ᠬᠥᠨᠥᠭᠡᠯ᠎ᠡᠴᠡ ᠬᠠᠮᠠᠭᠠᠯᠠᠬᠤ ᠪᠣᠯᠣᠨ᠎ᠠ᠃

✦6 ᠎ᠤ ᠡᠳᠦᠷ᠂ ᠬᠥᠯᠥᠨ ᠪᠣᠶ᠋ᠢᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠴᠠᠭᠳᠠᠭᠤᠯ ᠨᠣᠬᠠᠢ᠎ᠶᠢᠨ ᠪᠤᠳᠠᠳᠤ ᠰᠤᠷᠢᠯᠳᠠ ᠵᠢᠨ ᠤᠷᠤᠯᠳᠤᠭᠠᠨ ᠡᠬᠢᠯᠡᠵᠦ᠂ 44 ᠴᠠᠭᠳᠠᠭᠤᠯ ᠨᠣᠬᠠᠢ ᠡᠭᠡᠯᠵᠢᠯᠡᠨ ᠲᠠᠯᠠᠪᠠᠶ᠎ᠳᠤ ᠭᠠᠷᠴᠤ᠂《ᠪᠣᠳᠠᠲᠤ ᠪᠠᠢᠯᠳᠤᠭᠠᠨ᠎ᠤ ᠦᠵᠡᠯᠴᠡᠭᠡᠨ》 ᠳ᠋ᠤ ᠤᠷᠤᠯᠴᠠᠪᠠ᠃

 

ᠠᠵᠤ ᠠᠬᠤᠢ  

✦ᠡᠨᠡ ᠵᠢᠯ ᠎ᠦᠨ ᠲᠦᠷᠦᠭᠦᠸ᠋ 5 ᠰᠠᠷ᠎ᠠ᠎ᠳᠤ᠂ ᠥᠪᠥᠷ ᠮᠣᠩᠭᠣᠯ ᠎ᠤᠨ ᠬᠡᠷᠡᠭᠯᠡᠭᠡᠨ ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠭ᠍ᠰᠠᠨ ᠬᠡᠮᠵᠢᠶ᠎ᠠ ᠨᠡᠶ᠋ᠢᠲᠡ 145 ᠲᠦᠮᠡ ᠎ᠡᠴᠡ ᠳᠠᠪᠠᠵᠤ᠂ ᠪᠥᠬᠥ ᠬᠡᠯᠬᠢᠶ᠎ᠡ᠎ᠵᠢᠨ ᠵᠠᠬ᠎ᠠ ᠳᠡᠯᠭᠡᠭᠦᠷ᠎ᠦᠨ ᠬᠡᠷᠡᠭᠯᠡᠭᠡ᠎ᠶᠢ ᠳᠠᠶ᠋ᠢᠴᠢᠯᠠᠨ 162 ᠳ᠋ᠦᠩᠰᠢᠭᠤᠷ ᠲᠥᠭᠥᠷᠢᠭ᠎ᠢ ᠳᠠᠪᠠᠭᠤᠯᠵᠤ᠂ ᠰᠠᠭᠤᠭᠠᠯᠢ ᠠᠷᠠᠳ᠎ᠤᠨ ᠰᠢᠨ᠎ᠡ᠎ᠶᠢ ᠰᠣᠯᠢᠬᠤ ᠬᠦᠰᠡᠯ ᠡᠷᠡᠮᠡᠯᠵᠡᠯ ᠦᠷᠭᠦᠯᠵᠢᠯᠡᠨ ᠳᠡᠭᠡᠭᠰᠢᠯᠡᠵᠦ᠂ ᠠᠷᠠᠯᠵᠢᠶ᠎ᠠ ᠬᠤᠳᠠᠯᠳᠤᠭᠠᠨ ᠎ᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠲᠣᠭᠲᠠᠭᠤᠨ᠎ᠢᠶᠠᠷ ᠳᠡᠭᠡᠭᠰᠢᠯᠡᠪᠡ ᠃

✦ᠰᠢᠯᠢ᠎ᠶᠢᠨ ᠭᠣᠣᠯ ᠠᠢᠮᠠᠭ 2026 ᠣᠨ᠎ᠤ ᠬᠡᠷᠡᠭᠯᠡᠭᠡᠨ᠎ᠦ ᠨᠥᠬᠥᠪᠦᠷᠢ ᠶ᠋ᠢᠨ ᠠᠵᠢᠯᠯᠠᠭ᠎ᠠ᠎ᠶᠢ ᠪᠥᠬᠥ ᠲᠠᠯ᠎ᠠ᠎ᠪᠠᠷ ᠡᠬᠢᠯᠡᠭᠦᠯᠵᠦ᠂ ᠣᠲᠣᠬᠠᠨ ᠪᠣᠯᠲᠠᠯ᠎ᠠ ᠰᠢᠯᠢᠨᠭᠬᠤᠳᠠ᠂ ᠡᠷᠢᠶᠡᠨ ᠬᠣᠲᠠ᠂ ᠪᠠᠷᠠᠭᠤᠨ ᠦᠵᠦᠮᠦᠴᠢᠨ ᠬᠣᠰᠢᠭᠤ᠂ ᠰᠥᠨᠢᠳ ᠪᠠᠷᠠᠭᠤᠨ ᠬᠣᠰᠢᠭᠤ᠂ ᠰᠥᠨᠢᠳ ᠵᠡᠭᠦᠨ ᠬᠣᠰᠢᠭᠤ᠂ ᠵᠡᠭᠦᠨ ᠦᠵᠦᠮᠦᠴᠢᠨ ᠬᠣᠰᠢᠭᠤ᠂ ᠠᠪᠠᠭ᠎ᠠ ᠬᠣᠰᠢᠭᠤ ᠨᠢᠭᠡᠨᠲᠡ ᠬᠡᠷᠡᠭᠯᠡᠭᠡᠨ᠎ᠦ ᠨᠥᠬᠥᠪᠦᠷᠢ᠎ᠶᠢᠨ ᠠᠵᠢᠯᠯᠠᠭ᠎ᠠ ᠎ᠶᠢ ᠡᠬᠢᠯᠡᠭᠦᠯᠵᠦ᠂ ᠨᠡᠶ᠋ᠢᠲᠡ 20 ᠲᠦᠮᠡᠨ ᠬᠠᠭᠤᠳᠠᠰᠤ ᠬᠡᠷᠡᠭᠯᠡᠭᠡᠨ᠎ᠦ ᠲᠡᠮᠳᠡᠭᠲᠦ ᠲᠠᠷᠬᠠᠭᠠᠵᠤ᠂ 477 ᠲᠦᠮᠡᠨ ᠲᠥᠭᠥᠷᠢᠭ᠎ᠢ ᠬᠠᠷᠭᠤᠭᠤᠯᠤᠨ ᠳᠠᠩᠰᠠᠨ᠎ᠠᠴᠠ ᠭᠠᠷᠭᠠᠵᠤ᠂ 2735 ᠲᠦᠮᠡᠨ ᠲᠥᠭᠥᠷᠢᠭ᠎ᠦᠨ ᠬᠡᠷᠡᠭᠯᠡᠭᠡ᠎ᠶᠢ ᠰᠢᠭᠤᠳ ᠳᠠᠶ᠋ᠢᠴᠢᠯᠠᠪᠠ᠃


ᠰᠤᠶᠤᠯ  


✦6᠎ᠤ ᠡᠳᠦᠷ᠂ ᠳᠣᠯᠣᠳᠤᠭᠠᠷ ᠬᠤᠭᠤᠴᠠᠭᠠᠨ᠎ᠤ《ᠴᠠᠭᠠᠨ ᠱᠣᠩᠬᠣᠷ》 ᠬᠤᠨᠳᠠᠭᠠᠲᠤ ᠤᠯᠠᠮᠵᠢᠯᠠᠯᠲᠤ  ᠬᠠᠷᠪᠤᠭ᠎ᠠ ᠎ᠶᠢᠨ ᠤᠷᠤᠯᠳᠤᠭᠠᠨ ᠬᠥᠪᠡᠭᠡᠲᠦ ᠰᠢᠷ᠎ᠠ ᠬᠣᠰᠢᠭᠤ᠎ᠳᠤ ᠡᠬᠢᠯᠡᠵᠦ᠂ ᠲᠠᠪᠤᠨ ᠲᠥᠷᠥᠯ ᠎ᠦᠨ ᠤᠷᠤᠯᠳᠤᠭᠠᠨ᠎ᠳᠤ ᠪᠦᠬᠦ ᠣᠷᠣᠨ ᠤ᠋ ᠡᠯ᠎ᠡ ᠠᠢᠮᠠᠭ ᠬᠣᠲᠠ ᠬᠣᠰᠢᠭᠤ ᠰᠢᠶᠠᠨ᠎ᠤ ᠬᠠᠷᠪᠤᠭᠠᠴᠢᠳ ᠪᠣᠯᠣᠨ ᠪᠡᠭᠡᠵᠢᠩ ᠬᠣᠲᠠ᠂ ᠮᠣᠩᠭᠣᠯ ᠤᠯᠤᠰ ᠎ᠤᠨ ᠬᠠᠷᠪᠤᠭᠠᠴᠢᠳ 600 ᠭᠠᠷᠤᠢ ᠬᠥᠮᠥᠨ ᠣᠷᠣᠯᠴᠠᠭᠰᠠᠨ ᠪᠠᠢᠨ᠎ᠠ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠫᠠᠺᠢᠰᠲ᠋ᠠᠨ᠎ᠤ ᠳᠣᠲᠣᠭᠠᠳᠤ ᠶᠠᠪᠤᠳᠠᠯ᠎ᠤᠨ ᠶᠠᠮᠤᠨ᠎ᠤ ᠰᠠᠢᠳ ᠨᠠᠺᠦᠸᠢ 6 ᠎ᠤ ᠡᠳᠦᠷ ᠢᠷᠠᠨ ᠳ᠋ᠤ ᠬᠦᠷᠴᠦ᠂ ᠵᠢᠱ᠌ᠢᠯᠲᠡ᠎ᠪᠡᠷ ᠢᠷᠡᠨ ᠎ᠤ ᠠᠯᠪᠠᠨ ᠲᠤᠰᠢᠶᠠᠯᠲᠠᠳ᠎ᠲᠠᠢ ᠬᠡᠯᠡᠯᠴᠡᠭᠡ ᠬᠢᠬᠦ ᠪᠣᠯᠣᠨ᠎ᠠ᠃ ᠣᠢᠯᠠᠭᠠᠭᠰᠠᠨ᠎ᠢᠶᠠᠷ᠂ ᠨᠠᠺᠸᠸᠢ ᠶ᠋ᠢᠨ ᠡᠨᠡ ᠤᠳᠠᠭᠠᠨ᠎ᠤ ᠠᠶ᠋ᠢᠯᠴᠢᠯᠠᠯᠲᠠ ᠨᠢ ᠢᠷᠡᠨ ᠪᠣᠯᠣᠨ ᠠᠮᠧᠷᠢᠺᠠ ᠶ᠋ᠢᠨ ᠬᠣᠭᠣᠷᠣᠨᠳᠣᠬᠢ ᠪᠠᠴᠢᠮ ᠪᠠᠢᠳᠠᠯ ᠎ᠢ ᠨᠠᠮᠳᠠᠭᠤᠯᠬᠤ  ᠶ᠋ᠢᠨ ᠲᠥᠯᠥᠭᠡ ᠶᠤᠮ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠡᠯᠡᠬᠡᠢ ᠎ᠶᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ ᠎ᠶᠢᠨ ᠣᠢᠷ᠎ᠠ᠎ᠳᠤ ᠨᠡᠢᠲᠡᠯᠡᠭᠰᠡᠨ ᠮᠡᠳᠡᠭᠦᠯᠦᠯᠲᠡ ᠎ᠡᠴᠡ ᠦᠵᠡᠪᠡᠯ᠂ ᠢᠷᠡᠭᠡᠳᠦᠢ᠎ᠶᠢᠨ 5 ᠵᠢᠯ᠎ᠳᠦ ᠪᠥᠬᠥ ᠳᠡᠯᠡᠬᠡᠢ ᠶ᠋ᠢᠨ ᠳᠤᠮᠳᠠᠴᠢ ᠠᠭᠠᠷ᠎ᠤᠨ ᠳᠤᠯᠠᠭᠠᠨ ᠲᠡᠮᠳᠡᠭᠯᠡᠯ ᠰᠢᠨᠡᠳᠬᠡᠬᠦ ᠥᠨᠳᠥᠷ ᠬᠠᠯᠠᠭᠤᠨ᠎ᠤ ᠲᠦᠪᠰᠢᠨ ᠎ᠳᠦ ᠦᠷᠭᠦᠯᠵᠢᠯᠡᠨ ᠪᠠᠢᠬᠤ ᠪᠤᠶᠤ ᠣᠶ᠋ᠢᠷᠠᠳᠴᠤ᠂ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠬᠠᠯᠠᠭᠤᠨ ᠵᠢᠯ ᠢᠯᠡᠷᠡᠬᠦ ᠳᠤᠬᠢᠶᠠᠯᠳᠤᠮᠵᠢ 86% ᠳ᠋ᠤ ᠬᠦᠷᠬᠦ ᠪᠣᠯᠣᠨ᠎ᠠ᠃

 

ᠦᠢᠯᠡᠴᠢᠯᠡᠭᠡ 

✦ᠣᠲᠣᠭ ᠬᠣᠰᠢᠭᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠮᠡᠷᠭᠡᠵᠢᠯ᠎ᠦᠨ ᠠᠵᠢᠯᠲᠠᠨ ᠡᠯᠰᠡᠵᠦ ᠪᠤᠢ᠃ 

 

ᠲᠠᠨ ᠎ᠤ ᠲᠤᠰᠡ ᠳ᠋ᠤ 

 

 ✦ᠡᠳᠦᠷ ᠲᠤᠲᠤᠮ᠎ᠳᠠᠭᠠᠨ ᠪᠠᠭ᠎ᠠ ᠬᠡᠮᠵᠢᠶ᠎ᠡ᠎ᠪᠡᠷ ᠣᠯᠠᠨ ᠤᠳᠠᠭ᠎ᠠ ᠪᠦᠯᠢᠶᠡᠨ ᠤᠰᠤ ᠤᠤᠭᠤᠵᠤ ᠪᠠᠢᠬᠤ ᠬᠡᠷᠡᠭᠳᠡᠢ᠂ ᠬᠠᠷᠢᠨ ᠤᠮᠳᠠᠭᠠᠰᠤᠭᠰᠠᠨ᠎ᠤ ᠳᠠᠷᠠᠭ᠎ᠠ ᠰᠠᠶᠢ ᠤᠰᠤ ᠤᠤᠭᠤᠬᠤ ᠪᠡᠨ ᠰᠠᠨᠠᠵᠤ ᠤᠯᠬᠤ ᠨᠢ ᠵᠤᠬᠢᠮᠵᠢ ᠦᠭᠡᠢ ᠪᠠᠢᠳᠠᠭ᠃ ᠥᠷᠯᠥᠭᠡ ᠪᠤᠰᠤᠮᠠᠭᠴᠠ ᠪᠦᠯᠢᠶᠡᠨ ᠤᠰᠤ ᠤᠤᠭᠤᠬᠤ ᠨᠢ ᠬᠤᠳᠤᠭᠤᠳᠤ ᠭᠡᠳᠡᠰᠦᠨ ᠳ᠋ᠤ ᠳᠤᠰᠠᠳᠠᠢ᠃ ᠦᠳᠡ ᠵᠢᠨ ᠬᠤᠢᠨ᠎ᠠ ᠴᠠᠭ ᠲᠤᠬᠠᠢ ᠳ᠋ᠤᠨᠢ ᠤᠰᠤ ᠨᠥᠬᠥᠪᠦᠷᠢᠯᠡᠵᠦ᠂ ᠪᠣᠳᠠᠰ᠎ᠤᠨ ᠰᠣᠯᠢᠯᠴᠠᠭ᠎ᠠ᠎ᠶᠢ ᠬᠠᠮᠠᠭᠠᠯᠠᠨ᠎ᠠ᠃  ᠤᠨᠲᠠᠬᠤ ᠡᠴᠠ ᠪᠠᠨ ᠡᠮᠦᠨ᠎ᠡ ᠤᠤᠭᠤᠬᠤ ᠤᠰᠤᠨ᠎ᠤ ᠬᠡᠮᠵᠢᠶ᠎ᠡ᠎ᠶᠢ ᠪᠠᠭᠠᠰᠬᠠᠪᠠᠯ ᠵᠤᠬᠢᠨ᠎ᠠ᠃ ᠡᠭᠦᠨ ᠡᠴᠡ ᠭᠠᠳᠠᠨ᠎ᠠ ᠤᠮᠳᠠᠭᠠᠨ᠎ᠢᠶᠠᠷ ᠤᠰᠤ᠎ᠶᠢ ᠣᠷᠣᠯᠠᠭᠤᠯᠵᠤ ᠪᠤᠯᠬᠤ ᠦᠭᠡᠢ ᠪᠠᠢᠳᠠᠭ᠃

 

ᠵᠠᠯᠭᠠᠭᠠᠳ《ᠴᠠᠭᠠᠨ ᠨᠠᠭᠤᠷ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号