


ᠨᠡᠢᠭᠡᠮ
✦《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠦᠪᠵᠢᠭᠦᠯᠭᠡ᠎ᠶᠢᠨ
ᠬᠤᠭᠤᠴᠠᠭᠠᠨ᠎ᠳ᠋ᠤ᠌᠂ ᠪᠦᠬᠦ ᠤᠯᠤᠰ᠎ᠤᠨ 98%᠎ᠶᠢᠨ ᠰᠢᠶᠠᠨ᠎ᠤ ᠡᠮᠨᠡᠯᠭᠡ᠎ᠶᠢᠨ ᠬᠣᠷᠢᠶ᠎ᠠ᠎ᠳᠦ ᠨᠢᠳᠦᠨ᠎ᠦ ᠡᠮᠨᠡᠯᠭᠡ ᠶᠢᠨ ᠰᠠᠯᠠᠭ᠎ᠠ ᠲᠣᠬᠢᠷᠠᠭᠤᠯᠵᠤ᠂ ᠡᠭᠦᠨ ᠦ
ᠳᠣᠲᠣᠷ᠎ᠠ 80%᠎ᠠᠴᠠ ᠳᠡᠭᠡᠭᠰᠢᠬᠢ ᠨᠢ ᠦᠨᠳᠦᠰᠦᠨ ᠪᠠᠷᠢᠮᠵᠢᠶᠠᠲᠤ ᠦᠢᠯᠡᠴᠢᠯᠡᠭᠡᠨ᠎ᠦ
ᠴᠢᠳᠠᠪᠤᠷᠢ᠎ᠶᠢ ᠪᠦᠷᠢᠳᠦᠭᠦᠯᠦᠭᠰᠡᠨ ᠪᠠᠢᠨ᠎ᠠ᠃ ᠣᠳᠣᠬᠠᠨ᠎ᠳᠤ ᠪᠥᠬᠥ ᠤᠯᠤᠰ᠎ᠤᠨ ᠨᠢᠳᠦᠨ᠎ᠤ ᠰᠠᠯᠠᠭᠠᠨ᠎ᠤ ᠡᠮᠴᠢ᠎ᠶᠢᠨ
ᠲᠣᠭ᠎ᠠ 71000᠎ᠳᠦ ᠬᠦᠷᠦᠭᠰᠡᠨ ᠪᠠᠢᠨ᠎ᠠ᠃
✦ᠤᠢᠷ᠎ᠠ᠎ᠳᠤ ᠤᠯᠤᠰ ᠤᠨ ᠪᠠᠷᠢᠮᠵᠢᠶ᠎ᠠ᠎ᠶᠢᠨ ᠵᠥᠪᠯᠡᠯ᠎ᠦᠨ ᠬᠢᠨ 《ᠵᠢᠭᠤᠯᠴᠢᠯᠠᠯ ᠤᠨ ᠦᠢᠯᠡᠴᠢᠯᠡᠭᠡᠨ᠎ᠦ ᠭᠠᠵᠠᠷ᠎ᠤᠨ ᠨᠠᠰᠤᠲᠠᠢᠴᠤᠳ᠎ᠤᠨ
ᠵᠢᠭᠤᠯᠴᠢᠯᠠᠯ᠎ᠤᠨ ᠦᠢᠯᠡᠴᠢᠯᠡᠭᠡᠨ᠎ᠦ ᠱᠠᠭᠠᠷᠳᠠᠯᠭ᠎ᠠ》᠂ 《ᠵᠢᠭᠤᠯᠴᠢᠯᠠᠯ᠎ᠤᠨ ᠬᠤᠳᠠᠯᠳᠤᠭᠠᠨ᠎ᠤ ᠲᠠᠯᠠᠪᠤᠷ᠎ᠤᠨ ᠦᠢᠯᠡᠴᠢᠯᠡᠭᠡᠨ᠎ᠦ ᠶᠠᠰᠤ ᠴᠢᠨᠠᠷ᠎ᠤᠨ ᠱᠠᠭᠠᠷᠳᠠᠯᠭ᠎ᠠ》 ᠵᠡᠷᠭᠡ ᠤᠯᠤᠰ᠎ᠤᠨ ᠲᠦᠷᠪᠡᠨ ᠵᠦᠢᠯ᠎ᠦᠨ ᠪᠠᠷᠢᠮᠵᠢᠶ᠎ᠠ᠎ᠶᠢ ᠨᠡᠢᠲᠡᠯᠡᠪᠡ᠃
✦ᠪᠦᠬᠦ ᠤᠯᠤᠰ᠎ᠤᠨ ᠰᠢᠭᠦᠬᠦ ᠬᠣᠷᠢᠶ᠎ᠠ 2025 ᠣᠨ᠎ᠳᠤ ᠣᠷᠴᠢᠨ ᠲᠣᠭᠣᠷᠢᠨ ᠤ ᠡᠬᠢ ᠪᠠᠶᠠᠯᠢᠭ᠋᠎ᠤᠨ ᠨᠢᠭᠡᠳᠦᠭᠡᠷ ᠰᠢᠭᠦᠯᠲᠡ᠎ᠶᠢᠨ ᠬᠡᠷᠡᠭ ᠢ 229000 ᠬᠤᠪᠢ ᠰᠢᠭᠦᠨ ᠳᠠᠭᠤᠰᠬᠠᠵᠤ᠂
ᠤᠯᠤᠰ ᠤᠷᠤᠨ᠎ᠤ ᠠᠰᠢᠭ᠋ ᠲᠤᠰᠠ᠂ ᠨᠡᠢᠭᠡᠮ ᠨᠡᠶ᠋ᠢᠲᠠᠶᠢᠨ
ᠠᠰᠢᠭ᠋ ᠲᠤᠰᠠ ᠪᠠ ᠠᠷᠠᠳ ᠣᠯᠠᠨ᠎ᠤ ᠠᠮᠢ ᠠᠬᠤᠢ ᠣᠷᠴᠢᠨ ᠲᠣᠭᠣᠷᠢᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠰᠠᠨ ᠪᠠᠢᠨ᠎ᠠ᠃
✦ᠡᠨᠡ ᠵᠢᠯ᠎ᠡᠴᠡ ᠨᠠᠭᠠᠰᠢ᠂ ᠮᠠᠨ᠎ᠤ ᠣᠷᠣᠨ《ᠭᠤᠷᠪᠠᠨ ᠤᠮᠠᠷᠠᠲᠤ》᠎ᠶᠢᠨ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ
ᠰᠠᠢᠲᠤᠷ ᠬᠢᠵᠦ᠂ ᠲᠦᠷᠦᠭᠦᠦ 5 ᠰᠠᠷ᠎ᠠ᠎ᠳᠤ ᠨᠢᠭᠡᠨᠲᠡ 1148 ᠲᠦᠮᠡ 4100 ᠮᠦ᠍᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂
ᠡᠳᠦᠷ ᠳᠤᠮᠳᠠᠴᠢ᠎ᠪᠠᠷ 76000 ᠮᠦ᠍᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠵᠢ ᠪᠡᠶᠡᠯᠡᠭᠦᠯᠦᠭᠰᠡᠨ
ᠪᠠᠢᠨ᠎ᠠ᠃
✦ᠤᠷᠴᠢᠮᠬᠠᠨ
ᠬᠥᠬᠡᠬᠣᠲᠠ ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 《ᠬᠥᠬᠡᠬᠣᠲᠠ ᠶᠢᠨ ᠵᠠᠬᠢᠶᠠᠯᠠᠭ᠎ᠠ
ᠵᠢᠨ ᠬᠣᠭᠣᠯᠠ ᠬᠦᠷᠭᠡᠭᠴᠢ᠎ᠶᠢᠨ 〈ᠭᠠᠷ ᠤᠨ ᠠᠶ᠎ᠠ᠎ᠪᠠᠷ ᠰᠡᠭᠦᠳᠡᠷᠯᠡᠬᠦ〉᠎ᠶᠢ ᠵᠣᠷᠢᠭ᠍ᠵᠢᠭᠤᠯᠬᠤ ᠠᠷᠭ᠎ᠠ 》 ᠶᠢ ᠨᠡᠢᠲᠡᠯᠡᠪᠡ᠃
✦ᠤᠢᠷ᠎ᠠ᠎ᠳᠤ
ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ
ᠦᠢᠯᠡᠴᠢᠯᠡᠭᠡᠨ᠎ᠤ ᠥᠷᠲᠡᠭᠡ ᠫᠠᠢᠰᠠ ᠰᠡᠬᠦᠪᠡ᠃ ᠡᠨᠡ ᠨᠢ ᠬᠥᠬᠡᠬᠣᠲᠠ᠎ᠶᠢᠨ ᠰᠢᠨ᠎ᠡ ᠬᠤᠲᠠ ᠲᠣᠭᠣᠷᠢᠭ᠋᠎ᠤᠨ ᠴᠡᠷᠢᠭ᠎ᠦᠨ
ᠠᠯᠪᠠ ᠡᠴᠠ ᠬᠠᠯᠠᠭᠳᠠᠭᠰᠠᠳ᠎ᠦᠨ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ ᠶᠡᠬᠡ ᠳᠡᠭᠡᠳᠦ ᠰᠤᠷᠭᠠᠭᠤᠯᠢ
ᠲᠡᠢᠰᠢ ᠥᠷᠭᠡᠵᠢᠭᠰᠡᠨᠢ ᠬᠠᠷᠠᠭᠤᠯᠵᠤ ᠪᠠᠢᠨ᠎ᠠ᠃
✦ᠤᠢᠷ᠎ᠠ ᠳᠤ
ᠥᠪᠥᠷ ᠮᠣᠩᠭᠣᠯ᠎ᠤᠨ ᠲᠠᠷᠢᠶᠠᠯᠠᠩ ᠤᠨ ᠶᠡᠬᠡ ᠰᠤᠷᠭᠠᠭᠤᠯᠢ᠎ᠶᠢᠨ ᠪᠠᠶᠠᠨᠨᠠᠭᠤᠷ᠎ᠤᠨ ᠰᠤᠳᠤᠯᠭᠠᠨ ᠤ ᠬᠦᠷᠢᠶᠡᠯᠡᠩ ᠪᠠᠶᠠᠨᠨᠠᠭᠤᠷᠲᠡᠬᠢ ᠤᠯᠤᠰ᠎ᠤᠨ ᠲᠠᠷᠢᠶᠠᠯᠠᠩ᠎ᠤᠨ
ᠳᠡᠭᠡᠳᠦ ᠰᠢᠨ᠎ᠡ ᠮᠡᠷᠭᠡᠵᠢᠯ ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠣᠭᠣᠷᠢᠭ᠋᠎ᠲᠤ ᠪᠠᠢᠭᠤᠯᠤᠭᠳᠠᠪᠠ᠃
ᠲᠤᠰ ᠰᠤᠳᠤᠯᠭᠠᠨ᠎ᠤ ᠬᠦᠷᠢᠶᠡᠯᠡᠩ᠎ᠤᠨ ᠪᠠᠢᠭᠤᠯᠤᠭᠳᠠᠭᠰᠠᠨ ᠨᠢ ᠪᠣᠷᠣᠳᠣᠬᠣᠢ ᠣᠷᠣᠨ᠎ᠤ ᠣᠳᠣ᠌ ᠦᠶ᠎ᠡ᠎ᠶᠢᠨ ᠲᠠᠷᠢᠶᠠᠯᠠᠩ
ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠳᠦ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
ᠰᠤᠶᠤᠯ
✦ 6 ᠰᠠᠷ᠎ᠠ ᠵᠢᠨ 5᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠎ᠶᠢᠨ ᠡᠳ᠋᠎ᠦᠨ ᠵᠠᠰᠠᠭ ᠠᠵᠤ ᠠᠬᠤᠢ᠎ᠶᠢᠨ
ᠰᠤᠪᠠᠭ CCTV-2 ᠳᠡᠭᠡᠷ᠎ᠡ ᠪᠠᠷᠢᠮᠲᠠᠲᠤ ᠺᠢᠨᠣ᠋ 《ᠤᠯᠠᠭᠠᠨᠰᠤᠬᠠᠢ ᠨᠠᠭᠤᠷ》᠎ᠢ ᠨᠠᠪᠲᠠᠷᠡᠭᠦᠯᠵᠦ᠂ ᠤᠯᠠᠭᠠᠨᠰᠤᠬᠠᠢ ᠨᠠᠭᠤᠷ᠎ᠤᠨ ᠠᠮᠢ ᠠᠬᠤᠢ᠎ᠶᠢᠨ
ᠷᠢᠳᠢ ᠰᠢᠳᠢ᠎ᠶᠢ ᠪᠥᠬᠥ ᠤᠯᠤᠰ᠎ᠲᠤ ᠳᠠᠮᠵᠢᠭᠤᠯᠵᠤ᠂ ᠳᠡᠯᠡᠬᠡᠢ ᠳ᠋ᠠᠬᠢᠨ᠎ᠳᠤ ᠳᠡᠯᠭᠡᠷᠡᠭᠦᠯᠪᠡ᠃
ᠲᠠᠮᠢᠷ
✦2026 ᠣᠨ᠎ᠤ ᠬᠠᠳᠠ ᠠᠪᠠᠷᠢᠬᠤ ᠳᠡᠯᠡᠬᠡᠢ᠎ᠶᠢᠨ ᠬᠤᠨᠳᠠᠭᠠᠲᠤ ᠫᠸᠷᠠᠭᠤ᠋
ᠥᠷᠲᠡᠭᠡᠨ᠎ᠤ ᠤᠷᠤᠯᠳᠤᠭᠠᠨ᠎ᠳᠤ᠂ 23 ᠨᠠᠰᠤᠲᠠᠢ ᠳᠤᠮᠳᠠᠳᠤ ᠤᠯᠤᠰ᠎ᠤᠨ ᠲᠠᠮᠢᠷᠴᠢᠨ ᠵᠠᠩ ᠶᠤᠸᠠᠢ ᠲᠦᠩ ᠠᠩᠬ᠎ᠠ ᠤᠳᠠᠭ᠎ᠠ
ᠡᠮᠡᠭᠲᠡᠢ᠎ᠶᠢᠨ ᠬᠠᠳᠠ ᠠᠪᠠᠷᠢᠬᠤ ᠲᠦᠷᠦᠯ ᠦᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠣᠷᠣᠯᠴᠠᠵᠤ᠂ ᠬᠦᠷᠡᠯ ᠮᠸᠳᠡᠯ ᠬᠦᠷᠳᠠᠵᠠᠢ᠃
✦6 ᠰᠠᠷ᠎ᠠ ᠵᠢᠨ 6 ᠤ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠴᠢᠴᠢᠭᠦᠷ ᠪᠥᠮᠪᠥᠭᠡ ᠶᠢᠨ
ᠤᠷᠤᠯᠳᠤᠭᠠᠨ ᠤᠷᠠᠳ᠎ᠤᠨ ᠡᠮᠦᠨᠡᠲᠦ ᠬᠣᠰᠢᠭᠤᠨ᠎ᠳᠤ ᠡᠬᠢᠯᠡᠪᠡ᠃ ᠣᠷᠤᠯᠳᠤᠭᠠᠨ᠎ᠳᠤ ᠪᠥᠬᠥ ᠣᠷᠣᠨ᠎ᠤ ᠡᠯ᠎ᠡ ᠠᠢᠮᠠᠭ
ᠬᠣᠲᠠ᠎ᠶᠢᠨ 17 ᠲᠥᠯᠥᠭᠡᠯᠡᠭᠴᠢ ᠵᠢᠨ ᠠᠩᠭᠢ᠎ᠶᠢᠨ 60 ᠭᠠᠷᠤᠢ ᠨᠠᠰᠤᠲᠠᠢᠴᠤᠳ ᠤᠷᠤᠯᠴᠠᠬᠰᠠᠨ ᠪᠠᠢᠨ᠎ᠠ᠃
✦6 ᠰᠠᠷ᠎ᠠ᠎ᠶᠢᠨ 6᠎ᠤ ᠡᠳᠦᠷ᠂ ᠮᠠᠯᠴᠢᠨ ᠡᠷᠳᠡᠨᠢᠪᠢᠯᠢᠭ ᠴᠤᠤᠬᠠᠯ ᠤᠷᠠᠳ᠎ᠤᠨ ᠳᠤᠮᠳᠠᠳᠤ ᠬᠣᠰᠢᠭᠤᠨ᠎ᠤ ᠳᠡᠯ ᠠᠭᠤᠯᠠ
ᠪᠠᠯᠭᠠᠰᠤ ᠵᠢᠨ ᠬᠠᠷᠠᠴᠢᠯᠠᠭᠤ ᠭᠠᠴᠠᠭᠠᠨ᠎ᠤ ᠮᠤᠷᠢᠨ ᠣᠷᠣᠯᠳᠤᠭᠠᠨ᠎ᠤ ᠲᠠᠯᠠᠪᠤᠷ᠎ᠲᠤ ᠢᠬᠡᠷ᠎ᠡ ᠤᠨᠠᠭᠠᠨᠤ ᠮᠢᠯᠢᠶᠠᠯᠭ᠎ᠠ᠎ᠶᠢᠨ
ᠨᠠᠢᠷᠬᠢᠵᠦ᠂ ᠵᠢᠷᠤᠭ᠎ᠠ ᠮᠤᠷᠢᠨ᠎ᠤ 6000 ᠮᠧᠲᠷ᠎ᠦᠨ ᠤᠷᠤᠯᠳᠤᠭᠠᠨ᠂ ᠳᠠᠭ᠎ᠠ᠎ᠶᠢᠨ 3000 ᠮᠧᠲᠷ᠎ᠦᠨ ᠤᠷᠣᠯᠳᠤᠭᠠᠨ᠂ ᠮᠣᠩᠭᠣᠯ
ᠮᠤᠷᠢᠨ᠎ᠤ 6000 ᠮᠧᠲᠷ᠎ᠦᠨ ᠤᠷᠤᠯᠳᠤᠭᠠᠨ ᠲᠣᠬᠢᠷᠠᠭᠤᠯᠤᠨ᠂ ᠬᠤᠯᠠ ᠣᠢᠷ᠎ᠠ᠎ᠠᠴᠠ ᠨᠠᠭᠠᠳᠤᠮᠴᠢᠨ ᠤᠯᠠᠨ ᠴᠤᠬᠯᠠᠷᠠᠨ
ᠬᠠᠮᠳᠤᠪᠡᠷ ᠪᠠᠶᠠᠷᠳᠤ ᠮᠦᠴᠡ ᠪᠡᠨ ᠦᠩᠭᠡᠷᠡᠬᠦᠯᠦᠭᠰᠡᠨ ᠪᠠᠢᠨ᠎ᠠ᠃
✦ᠵᠡᠭᠦᠨ ᠦᠵᠦᠮᠦᠴᠢᠨ ᠬᠣᠰᠢᠭᠤᠨ᠎ᠤ ᠴᠠᠶ᠋ᠢᠳᠠᠮ᠎ᠤᠨ ᠪᠠᠶᠠᠨ ᠣᠪᠣᠭᠠᠨ ᠤ ᠲᠠᠬᠢᠯᠭ᠎ᠠ᠎ᠶᠢᠨ ᠨᠠᠢᠷ 7 ᠰᠠᠷ᠎ᠠ᠎ᠶᠢᠨ 16 ᠤ ᠡᠳᠦᠷ ᠶᠠᠪᠤᠬᠳᠠᠬᠤ ᠪᠡᠷ
ᠪᠠᠢᠵᠤ᠂ 256 ᠪᠥᠬᠡ᠎ᠶᠢᠨ ᠪᠠᠷᠢᠯᠳᠤᠭᠠᠨ ᠲᠠᠢ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠷᠠᠨ 《ᠬᠤᠷᠮᠤᠽ ᠬᠣᠭᠣᠯᠠᠢ᠎ᠶᠢᠨ ᠣᠷᠴᠢᠨ
ᠠᠬᠤᠢ᠎ᠶᠢᠨ ᠦᠢᠯᠡᠴᠢᠯᠡᠭᠡᠨ᠎ᠦ ᠰᠦᠢᠳᠬᠡᠯ ᠬᠤᠷᠢᠶᠠᠬᠤ ᠳᠦᠷᠢᠮ》᠎ᠢ ᠲᠣᠭᠲᠠᠭᠠᠬᠤ
ᠠᠵᠢᠯ᠎ᠢ ᠨᠢᠭᠡᠨᠲᠡ ᠡᠬᠢᠯᠡᠭᠦᠯᠵᠦ᠂ ᠬᠣᠯᠪᠣᠭᠳᠠᠯ ᠪᠦᠬᠦᠢ ᠠᠩᠬ᠎ᠠ ᠠᠯᠬᠤᠮ᠎ᠤᠨ ᠲᠥᠰᠥᠯ᠎ᠢ ᠣᠢᠷ᠎ᠠ᠎ᠳᠤ ᠨᠢᠭᠡᠨᠲᠡ
ᠳᠠᠭᠤᠰᠬᠠᠵᠠᠢ᠂ ᠭᠡᠪᠡᠴᠦ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠪᠣᠳᠠᠲᠠᠢ ᠲᠠᠲᠠᠪᠤᠷᠢᠯᠠᠬᠤ ᠲᠣᠭᠲᠠᠴᠠ᠎ᠶᠢ
ᠬᠠᠷᠠᠬᠠᠨ ᠡᠴᠦᠰ᠎ᠦᠨ ᠲᠣᠭᠲᠠᠭᠠᠯ ᠭᠠᠷᠭᠠᠳᠤᠢ ᠪᠠᠢᠨ᠎ᠠ ᠭᠡᠪᠡ᠃
ᠦᠢᠯᠡᠴᠢᠡᠯᠡᠭᠡ
✦ᠪᠤᠭᠤᠳᠤ ᠬᠤᠳᠠ ᠵᠢᠨ ᠴᠢᠩᠱᠠᠨ ᠲᠤᠭᠤᠷᠢᠭ᠎ᠤᠨ ᠪᠦᠷᠢᠨ ᠵᠠᠭᠤᠴᠢᠯᠠᠭᠤᠷ᠎ᠤᠨ ᠲᠦᠪ ᠠᠵᠢᠯᠳᠠᠨ ᠡᠯᠰᠡᠵᠤ
ᠪᠤᠢ᠃
ᠲᠠᠨ ᠤ ᠲᠤᠰᠡ ᠳ᠋ᠤ
✦ᠪᠤᠳᠠᠭ᠎ᠠ ᠤᠬᠢᠶᠠᠭᠰᠠᠨ ᠤᠰᠤ᠎ᠪᠠᠷ
ᠢᠳᠡᠰᠢᠨ ᠨᠤᠭᠤᠭᠠᠨ᠎ᠤ ᠲᠠᠷᠢᠶᠠᠨ
ᠡᠮ ᠦᠨ ᠦᠯᠡᠳᠡᠭᠳᠡᠯ᠎ᠢ ᠠᠷᠢᠯᠭᠠᠬᠤ ᠨᠢ ᠵᠤᠬᠢᠰᠲᠠᠢᠤᠤ?
ᠪᠤᠳᠠᠭ᠎ᠠ ᠤᠬᠢᠶᠠᠭᠰᠠᠨ ᠤᠰᠤ ᠪᠠᠷ
ᠢᠳᠡᠰᠢᠨ ᠨᠤᠭᠤᠭᠠᠨ᠎ᠤ ᠲᠠᠷᠢᠶᠠᠨ ᠡᠮ᠎ᠦᠨ ᠦᠯᠡᠳᠡᠭᠳᠡᠯ᠎ᠢ ᠲᠡᠢᠮᠦ ᠰᠠᠢᠨ ᠠᠷᠢᠯᠭᠠᠵᠤ ᠲᠡᠢᠯᠬᠦ ᠦᠭᠡᠢ ᠪᠠᠢᠳᠠᠭ᠃
ᠪᠤᠳᠠᠭ᠎ᠠ ᠤᠬᠢᠶᠠᠭᠰᠠᠨ ᠤᠰᠤ ᠨᠢ ᠬᠡᠳᠦᠢᠪᠡᠷ
ᠰᠤᠯᠠ ᠱᠦᠯᠲᠦᠯᠢᠭ ᠴᠢᠨᠠᠷᠲᠠᠢ ᠪᠠᠢᠵᠤ᠂ ᠣᠨᠣᠯ᠎ᠤᠨ
ᠲᠠᠯ᠎ᠠ᠎ᠪᠠᠷ ᠠᠪᠴᠤ ᠬᠡᠯᠡᠪᠡᠯ ᠲᠠᠷᠢᠶᠠᠨ ᠡᠮ᠎ᠢ ᠵᠠᠳᠠᠷᠠᠭᠤᠯᠳᠠᠭ ᠪᠣᠯᠪᠠᠴᠤ ᠱᠦᠯᠲᠦᠯᠢᠭ
ᠴᠢᠨᠠᠷ ᠨᠢ ᠨᠡᠯᠢᠶᠡᠳ ᠪᠠᠭᠤᠷᠠᠢ ᠪᠣᠯᠬᠣᠷ ᠲᠠᠷᠢᠶᠠᠨ ᠡᠮ᠎ᠢ ᠵᠠᠳᠠᠷᠠᠭᠤᠯᠬᠤ ᠦᠢᠯᠡᠳᠦᠯ ᠨᠢ ᠬᠢᠵᠠᠭᠠᠷ᠎ᠲᠠᠢ ᠪᠠᠢᠳᠠᠭ᠃ ᠡᠭᠦᠨ᠎ᠡᠴᠡ ᠭᠠᠳᠠᠨ᠎ᠠ ᠪᠤᠳᠠᠭ᠎ᠠ ᠤᠬᠢᠶᠠᠭᠰᠠᠨ ᠤᠰᠤᠨ᠎ᠳᠤ ᠪᠠᠰᠠ ᠬᠣᠭ ᠲᠣᠭᠣᠰᠣ᠌᠂
ᠬᠤᠷᠤᠬᠠᠢ ᠪᠠᠢᠵᠤ ᠮᠡᠳᠡᠬᠦ ᠤᠴᠢᠷ᠎ᠠᠴᠠ ᠬᠣᠶᠠᠳᠠᠭᠢ
ᠪᠣᠬᠢᠷᠲᠤᠯ ᠡᠭᠦᠰᠬᠡᠵᠦ ᠮᠡᠳᠡᠨ᠎ᠡ᠃
ᠵᠠᠯᠭᠠᠭᠠᠳ 《ᠳᠠᠭᠤᠯᠠᠨ ᠵᠢᠷᠭᠠᠶ᠎ᠠ》 ᠬᠡᠬᠦ
ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ
ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)