


ᠨᠡᠢᠭᠡᠮ
✦ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠰᠣᠨᠢᠨ
ᠮᠡᠳᠡᠭᠡᠨ᠎ᠦ ᠠᠯᠪᠠᠨ ᠭᠡᠷ᠎ᠤᠨ ᠮᠡᠳᠡᠭᠡᠵᠢ ᠦᠨᠳᠦᠰᠦᠯᠡᠪᠡᠯ᠂ ᠡᠨᠡ ᠵᠢᠯ᠎ᠦᠨ ᠲᠡᠭᠡᠷ᠎ᠡ ᠬᠠᠭᠠᠰ ᠵᠢᠯ᠎ᠳᠦ ᠮᠠᠨ᠎ᠤ
ᠤᠯᠤᠰ᠎ᠤᠨ ᠰᠤᠳᠤᠯᠤᠨ ᠦᠢᠯᠡᠳᠦᠭᠰᠡᠨ ᠮᠠᠰᠢᠨ ᠬᠥᠮᠥᠨ᠎ᠦ ᠪᠣᠷᠤᠯᠠᠭᠤᠯᠭ᠎ᠠ᠎ᠶᠢᠨ
ᠬᠡᠮᠵᠢᠶ᠎ᠡ ᠪᠥᠬᠥ ᠳᠡᠯᠡᠬᠡᠢ᠎ᠶᠢᠨ ᠪᠣᠷᠤᠯᠠᠭᠤᠯᠭ᠎ᠠ᠎ᠶᠢᠨ ᠬᠡᠮᠵᠢᠶ᠎ᠠ᠎ᠵᠢᠨ 70% ᠣᠷᠴᠢᠮ᠎ᠢ ᠡᠵᠡᠯᠡᠵᠦ᠂ ᠬᠥᠮᠥᠨᠲᠥᠷᠰᠥᠲᠦ
ᠮᠠᠰᠢᠨ ᠬᠥᠮᠥᠨ᠎ᠦ ᠦᠢᠯᠡᠳᠬᠦᠨ 400 ᠭᠠᠷᠤᠢ
ᠵᠦᠢᠯ᠎ᠳᠦ ᠬᠦᠷᠴᠦ᠂ ᠪᠥᠬᠥ ᠳᠡᠯᠡᠬᠡᠢ᠎ᠶᠢᠨ ᠬᠠᠭᠠᠰ ᠲᠣᠭ᠎ᠠ᠎ᠶᠢ ᠳᠠᠪᠠᠪᠠ᠃
✦2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ
ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ
ᠬᠤᠷᠠᠯ ᠭᠤᠷᠪᠠᠨ ᠡᠳᠦᠷ᠎ᠤᠨ ᠬᠤᠭᠤᠴᠠᠭ᠎ᠠ ᠲᠠᠢ ᠱᠠᠩᠬᠠᠢ᠎ᠳᠤ
ᠶᠠᠪᠤᠭᠳᠠᠵᠤ᠂ 20᠎ᠤ ᠡᠳᠦᠷ ᠳᠠᠭᠤᠰᠪᠠ᠃
✦ ᠲᠥᠪ᠎ᠦᠨ
ᠢᠨᠲᠧᠷ ᠰᠦᠯᠵᠢᠶᠡᠨ᠎ᠦ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠵᠥᠪᠯᠡᠯ᠎ᠤᠨ ᠠᠯᠪᠠᠨ ᠭᠡᠷ ᠣᠢᠷ᠎ᠠ᠎ᠳᠤ
ᠪᠥᠬᠥ ᠤᠯᠤᠰ᠎ᠤᠨ ᠬᠡᠪᠴᠢᠶᠡᠨ᠎ᠳᠦ 4 ᠰᠠᠷ᠎ᠠ᠎ᠶᠢᠨ ᠬᠤᠭᠤᠴᠠᠭ᠎ᠠ᠎ᠲᠠᠢ ᠶᠠᠪᠤᠭᠳᠠᠬᠤ 《ᠲᠤᠩᠭᠠᠯᠠᠭ·ᠨᠠᠰᠤᠨ᠎ᠳᠤ ᠥᠯᠥ ᠭᠦᠷᠦᠭᠰᠡᠳ᠎ᠦᠨ
ᠰᠦᠯᠵᠢᠶᠡᠨ᠎ᠦ ᠬᠠᠮᠠᠭᠠᠯᠠᠯᠲᠠ》 ᠵᠢᠨ ᠲᠤᠰᠬᠠᠢ ᠠᠵᠢᠯᠯᠠᠭ᠎ᠠ᠎ᠶᠢ ᠡᠬᠢᠯᠡᠨ ᠪᠠᠢᠷᠢᠯᠠᠭᠤᠯᠪᠠ᠃
✦ᠬᠤᠳᠠᠯᠳᠤᠭᠠᠨ᠎ᠤ
ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠤᠢᠷ᠎ᠠ᠎ᠳᠦ ᠪᠢᠴᠢᠭ ᠮᠠᠲᠧᠷᠢᠶᠠᠯ ᠪᠠᠭᠤᠯᠭᠠᠵᠤ᠂
19 ᠵᠤᠷᠪᠤᠰ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ
ᠳᠤᠷᠠᠳᠴᠤ᠂ ᠣᠳᠣᠬᠠᠨ᠎ᠤ ᠠᠳᠠᠯ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠳᠦ ᠲᠤᠯᠭᠠᠷᠠᠵᠤ ᠪᠠᠢᠭ᠎ᠠ
ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠳᠠᠯ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ
ᠬᠥᠭᠵᠢᠯᠲᠡ᠎ᠶᠢ ᠠᠬᠢᠭᠤᠯᠬᠤ᠎ᠪᠡᠷ ᠪᠤᠢ᠃
✦ᠤᠯᠤᠰ᠎ᠤᠨ
ᠲᠣᠭ᠎ᠠ ᠪᠦᠷᠢᠳᠬᠡᠯ᠎ᠦᠨ ᠲᠣᠪᠴᠢᠶ᠎ᠠ ᠲᠦᠷᠦᠭᠦᠬᠡᠨ 31 ᠮᠤᠵᠢ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ᠎ᠤᠨ
ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠪᠠᠢᠳᠠᠯ᠎ᠢ ᠨᠡᠢᠲᠡᠯᠡᠵᠤ᠂ ᠨᠡᠶ᠋ᠢᠲᠡ 13 ᠮᠤᠵᠢ ᠣᠷᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ
ᠡᠵᠡᠮᠳᠡᠵᠦ ᠪᠣᠯᠬᠤ ᠣᠷᠣᠯᠭ᠎ᠠ 2 ᠲᠦᠮᠡᠨ ᠲᠥᠭᠥᠷᠢᠭ᠎ᠢ ᠳᠠᠪᠠᠵᠤ᠂ ᠡᠭᠦᠨ᠎ᠳᠦ ᠦᠪᠦᠷ ᠮᠤᠩᠭᠤᠯ
ᠪᠠᠭᠲᠠᠵᠠᠢ᠃
✦2026 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠤ
ᠪᠥᠬᠥ ᠣᠷᠣᠨ᠎ᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ
ᠰᠢᠯᠭᠠᠯᠲᠠ᠎ᠶᠢᠨ ᠡᠯ᠎ᠡ ᠬᠢᠴᠢᠶᠡᠯ ᠲᠥᠷᠥᠯ (ᠲᠡᠦᠬᠡ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭᠠᠨ)᠎ᠤᠨ ᠰᠢᠯᠭᠠᠯᠲᠠ ᠦᠵᠡᠬᠦ ᠪᠠ ᠬᠢᠷᠢ ᠪᠦᠲᠦᠮᠵᠢ᠎ᠶᠢ ᠬᠢᠨᠠᠨ
ᠰᠢᠯᠭᠠᠬᠤ ᠠᠵᠢᠯ ᠨᠢᠭᠡᠨᠲᠡ ᠳᠠᠭᠤᠰᠴᠤ᠂ ᠬᠢᠷᠢ ᠪᠦᠲᠦᠮᠵᠢ᠎ᠶᠢ 21᠎ᠤ ᠡᠳᠦᠷ ᠨᠡᠢᠲᠡᠯᠡᠪᠡ᠃
✦ᠥᠪᠥᠷ ᠮᠣᠩᠭᠣᠯ᠎ᠤᠨ
ᠬᠢᠯᠢ᠎ᠶᠢᠨ ᠭᠠᠳᠠᠨᠠᠬᠢ ᠵᠢᠭᠤᠯᠴᠢᠯᠠᠭᠰᠠᠳ ᠪᠠᠷᠠᠭ᠎ᠠ ᠬᠤᠳᠠᠯᠳᠤᠨ ᠠᠪᠤᠭᠠᠳ ᠬᠢᠯᠢ᠎ᠡᠴᠡ ᠭᠠᠷᠬᠤ᠎ᠳᠦ ᠭᠠᠢᠯᠢ
ᠪᠤᠴᠠᠭᠠᠬᠤ ᠳᠡᠯᠭᠡᠭᠦᠷ ᠨᠢ ᠲᠤᠷᠰᠢᠯᠲᠠ᠎ᠶᠢᠨ ᠡᠬᠢᠨ᠎ᠦ ᠦᠶ᠎ᠡ᠎ᠶᠢᠨ 7 ᠪᠠᠢᠭᠰᠠᠨ ᠠ᠋ᠴᠠ᠎ᠪᠠᠨ ᠣᠲᠣᠬᠠᠨ᠎ᠳᠦ 17 ᠪᠣᠯᠵᠤ ᠨᠡᠮᠡᠭᠳᠡᠵᠡᠢ᠃
✦20᠎ᠤ ᠡᠳᠦᠷ᠂ ᠬᠥᠬᠡᠬᠣᠲᠠ᠎ᠶᠢᠨ ᠨᠢᠰᠬᠡᠯ᠎ᠦᠨ ᠪᠠᠭᠤᠳᠠᠯ᠎ᠤᠨ
ᠬᠢᠨ ᠵᠤᠨᠦ ᠠᠮᠠᠷᠠᠯᠲᠠ᠎ᠶᠢᠨ ᠵᠥᠭᠡᠭᠡᠪᠦᠷᠢ ᠵᠢᠨ ᠰᠢᠨ᠎ᠡ ᠮᠡᠳᠡᠭᠲᠡᠯ ᠨᠡᠢᠲᠡᠯᠡᠵᠤ᠂ ᠡᠭᠦᠨ᠎ᠳᠦ ᠳᠣᠷᠣᠨᠠᠳᠠᠬᠢᠨᠦ
ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠬᠢᠨ ᠬᠥᠬᠡᠬᠣᠲᠠ᠎ᠠᠴᠠ ᠺᠦᠨᠮᠢᠩ᠂ ᠱᠠᠩᠬᠠᠢ᠎ᠶᠢᠨ ᠬᠣᠩ ᠴᠢᠶᠣᠤ ᠨᠢᠰᠬᠡᠯ᠎ᠤᠨ
ᠪᠠᠭᠤᠳᠠᠯ᠂ ᠶᠠᠨᠲ᠋ᠠᠢ᠂ ᠨᠠᠨᠴᠠᠩ᠂ ᠾᠧᠪᠧᠢ᠂ ᠰᠢ ᠠᠨ᠎ᠳᠤ ᠬᠦᠷᠬᠦ 6 ᠵᠤᠷᠪᠤᠰ ᠠᠶᠠᠯᠠᠯ᠎ᠤᠨ ᠱᠤᠭᠤᠮ᠎ᠢ ᠰᠢᠨ᠎ᠡ᠎ᠪᠠᠷ ᠨᠡᠮᠡᠵᠦ᠂ 7 ᠰᠠᠷ᠎ᠠ ᠵᠢᠨ 20᠎ᠤ ᠡᠳᠦᠷ᠎ᠡᠴᠡ 8 ᠰᠠᠷ᠎ᠠ ᠵᠢᠨ 3᠎ᠤ ᠡᠳᠦᠷ ᠪᠣᠯᠲᠠᠯ᠎ᠠ ᠡᠳᠦᠷ ᠪᠦᠷᠢ ᠨᠢᠭᠡ ᠡᠭᠡᠯᠵᠢ ᠵᠢᠨ ᠨᠢᠰᠬᠡᠯ
ᠲᠣᠬᠢᠷᠠᠭᠤᠯᠪᠠ᠃
✦ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠪᠠᠢᠭᠠᠯᠢ ᠵᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂
ᠡᠨᠡ ᠵᠢᠯ᠎ᠤᠨ 7 ᠰᠠᠷ᠎ᠠ ᠶᠢᠨ ᠳᠤᠮᠳᠠᠴᠢ᠎ᠠᠴᠠ ᠡᠬᠢᠯᠡᠨ ᠪᠥᠬᠥ ᠣᠷᠣᠨ᠎ᠤ ᠠᠭᠤᠷᠬᠠᠢ
ᠵᠢᠨ ᠦᠢᠯᠡᠰ᠎ᠦᠨ ᠡᠷᠬᠡ᠎ᠶᠢ ᠦᠯᠦ ᠬᠥᠳᠡᠯᠬᠦ ᠬᠥᠷᠥᠩᠭᠡ᠎ᠶᠢᠨ ᠨᠢᠭᠡᠳᠦᠯᠲᠡᠢ ᠳᠠᠩᠰᠠᠯᠠᠯᠲᠠ᠎ᠳᠦ ᠣᠷᠣᠭᠤᠯᠵᠠᠢ᠃
✦ᠤᠢᠷ᠎ᠠ᠎ᠳᠦ
ᠥᠪᠡᠷᠲᠡᠭᠡᠨ ᠵᠠᠰᠠᠬᠤ ᠣᠷᠣᠨ᠂ ᠬᠤᠲᠠ᠂ ᠬᠣᠰᠢᠭᠤ ᠭᠤᠷᠪᠠᠨ ᠱᠠᠲᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ
ᠳᠡᠯᠭᠡᠷᠡᠭᠦᠯᠬᠦ ᠲᠥᠪ᠎ᠦᠨ ᠠᠵᠢᠯᠲᠠᠳ ᠬᠠᠮᠲᠤ ᠪᠠᠷ ᠬᠥᠳᠡᠯᠦᠯᠴᠡᠵᠦ᠂ ᠤᠨᠠᠭ᠎ᠠ᠎ᠶᠢ ᠰᠦᠡᠴᠡ ᠨᠢ ᠡᠷᠲᠡ ᠰᠠᠯᠭᠠᠬᠤ
ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠡᠷᠦᠬᠡ ᠪᠤᠯᠬᠤ ᠦᠦᠰᠢᠨ ᠬᠣᠰᠢᠭᠤᠨ᠎ᠤ ᠤᠯᠠᠭᠠᠨᠲᠣᠯᠤᠭᠠᠢ ᠪᠠᠯᠭᠠᠰᠤ᠎ᠶᠢᠨ
ᠪᠠᠶᠠᠨᠭᠣᠣᠯ ᠭᠠᠴᠠᠭᠠᠨ᠎ᠤ ᠮᠠᠯᠴᠢᠨ ᠰᠣᠶᠣᠯᠮᠠᠨᠳᠤᠬᠤᠶᠢᠨ ᠬᠢᠨ᠎ᠳᠦ ᠤᠨᠠᠭ᠎ᠠ᠎ᠶᠢᠨ ᠪᠡᠶ᠎ᠡ ᠪᠢᠯᠳᠠᠷᠢ ᠬᠡᠮᠵᠢᠨ
ᠨᠠᠷᠢᠨ ᠳᠠᠩᠰᠠ ᠪᠠᠢᠭᠤᠯᠵᠠᠢ᠃ ᠲᠤᠰ ᠲᠤᠷᠰᠢᠯᠲᠠ᠎ᠶᠢᠨ ᠲᠥᠷᠥᠯ ᠵᠦᠢᠯ ᠪᠣᠯ ᠤᠯᠤᠰ᠎ᠤᠨ ᠭᠣᠣᠯᠳᠠᠯᠭ᠎ᠠ᠎ᠲᠠᠢ
ᠲᠥᠷᠥᠯ ᠵᠦᠢᠯ ᠪᠠᠢᠵᠤ᠂ ᠲᠤᠰ ᠤᠳᠠᠭᠠᠨ᠎ᠤ ᠲᠤᠬᠠᠢ᠎ᠶᠢᠨ ᠲᠠᠯᠠᠪᠤᠷ᠎ᠤᠨ ᠬᠡᠮᠵᠢᠨ ᠲᠣᠭᠲᠠᠭᠠᠯᠲᠠ ᠪᠣᠯ ᠲᠥᠷᠥᠯ
ᠵᠦᠢᠯ᠎ᠦᠨ ᠪᠦᠬᠦ ᠵᠢᠯ᠎ᠦᠨ ᠳᠥᠷᠪᠡ ᠤᠳᠠᠭᠠᠨ᠎ᠤ ᠰᠢᠰᠲᠧᠮ᠎ᠲᠤ ᠴᠢᠨᠠᠷᠲᠠᠢ ᠲᠤᠷᠰᠢᠯᠲᠠ᠎ᠶᠢᠨ ᠳᠤᠮᠳᠠᠬᠢ ᠠᠩᠬ᠎ᠠ ᠤᠳᠠᠭᠠᠨ᠎ᠤ ᠬᠡᠮᠵᠢᠨ ᠲᠣᠭᠲᠠᠭᠠᠯᠲᠠ ᠪᠣᠯᠣᠨ᠎ᠠ ᠃
ᠠᠵᠤ ᠠᠬᠤᠢ
✦ᠡᠨᠡ ᠵᠢᠯ᠎ᠦᠨ
ᠲᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ 38 ᠵᠦᠢᠯ᠎ᠦᠨ ᠰᠢᠨ᠎ᠡ ᠡᠭᠦᠳᠦᠯᠲᠡ᠎ᠶᠢᠨ ᠡᠮ᠎ᠢ ᠵᠠᠬ᠎ᠠ ᠳᠡᠯᠭᠡᠭᠦᠷ᠎ᠲᠦ
ᠭᠠᠷᠭᠠᠬᠤ᠎ᠵᠢ ᠵᠥᠪᠰᠢᠶᠡᠷᠡᠵᠤ᠂ ᠡᠭᠦᠨ᠎ᠳᠦ ᠤᠯᠤᠰ᠎ᠲᠠᠭᠠᠨ ᠦᠢᠯᠡᠳᠪᠦᠷᠢᠯᠡᠭᠰᠡᠨ 31 ᠵᠦᠢᠯ᠎ᠦᠨ ᠰᠢᠨ᠎ᠡ ᠡᠭᠦᠳᠦᠯᠲᠡ᠎ᠶᠢᠨ ᠡᠮ
ᠪᠣᠶ᠃ ᠰᠢᠨ᠎ᠡ ᠡᠭᠦᠳᠦᠯᠲᠠ ᠵᠢᠨ ᠡᠮ᠎ᠦᠨ ᠭᠠᠳᠠᠭᠠᠳᠤ᠎ᠳᠠᠬᠢ ᠮᠡᠷᠭᠡᠵᠢᠯ᠎ᠦᠨ ᠡᠷᠬᠡ ᠣᠯᠭᠣᠯᠲᠠ ᠳᠠᠬᠢᠨᠲᠠ ᠰᠢᠨ᠎ᠡ
ᠲᠡᠮᠳᠡᠭᠯᠡᠯ᠎ᠢ ᠡᠭᠦᠳᠴᠦ᠂ ᠠᠷᠠᠯᠵᠢᠶᠠᠨ᠎ᠤ ᠶᠡᠷᠦᠩᠬᠡᠢ ᠬᠡᠮᠵᠢᠶ᠎ᠡ 1000 ᠳ᠋ᠦᠩᠰᠢᠭᠤᠷ ᠳ᠋ᠣᠯᠯᠠᠷ᠎ᠢ ᠳᠠᠪᠠᠪᠠ᠃
✦ᠡᠨᠡ ᠵᠢᠯ᠎ᠦᠨ
ᠲᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ
ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.4%᠎ᠪᠠᠷ ᠨᠡᠮᠡᠭᠳᠡᠪᠡ᠃
✦2026 ᠣᠨ᠎ᠤ ᠳᠡᠭᠡᠷ᠎ᠡ ᠬᠠᠭᠠᠰ ᠵᠢᠯ᠎ᠳᠦ᠂ ᠮᠠᠨᠵᠤᠤᠷ ᠪᠣᠭᠣᠮᠲᠠ᠎ᠪᠠᠷ
ᠣᠷᠣᠵᠤ ᠭᠠᠷᠤᠭᠰᠠᠨ TIR ᠲᠡᠭᠡᠭᠡᠪᠦᠷᠢ᠎ᠶᠢᠨ ᠲᠡᠷᠭᠡ ᠬᠥᠰᠬᠡ᠎ᠶᠢ ᠨᠡᠶ᠋ᠢᠲᠡ 2171 ᠤᠳᠠᠭ᠎ᠠ
ᠰᠢᠯᠭᠠᠨ ᠪᠠᠢᠴᠠᠭᠠᠵᠤ᠂ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 3.12 ᠲᠦᠮᠡᠨ
ᠲᠣᠨ᠂ ᠠᠷᠠᠯᠵᠢᠶᠠᠨ᠎ᠤ ᠥᠷᠲᠡᠭ 41.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ
ᠬᠢ᠎ᠡᠴᠡ ᠲᠣᠰ ᠲᠣᠰ 2.13 ᠳᠠᠬᠢᠨ᠂
2.32 ᠳᠠᠬᠢᠨ ᠪᠠ 3.57 ᠳᠠᠬᠢᠨ ᠨᠡᠮᠡᠭᠳᠡᠵᠦ᠂ ᠵᠠᠮ ᠨᠡᠪᠲᠡᠷᠡᠯᠭᠡ᠎ᠶᠢᠨ
ᠬᠡᠮᠵᠢᠶ᠎ᠡ ᠪᠥᠬᠥ ᠤᠯᠤᠰ᠎ᠲᠦ ᠲᠦᠷᠦᠭᠦᠯᠡᠵᠡᠢ᠃
ᠰᠤᠶᠤᠯ
✦ᠤᠢᠷ᠎ᠠ᠎ᠳᠦ
ᠭᠤᠷᠪᠠᠳᠤᠭᠠᠷ ᠬᠤᠭᠤᠴᠠᠭᠠᠨ᠎ᠤ 《ᠪᠢ ᠪᠣᠷᠣᠳᠣᠬᠣᠢ᠎ᠳᠤ ᠪᠤᠭᠤᠳᠠᠢ ᠵᠢᠨ ᠲᠠᠷᠢᠶ᠎ᠠ᠎ᠲᠠᠢ》 ᠭᠡᠬᠦ ᠪᠤᠭᠤᠳᠠᠢ ᠬᠤᠷᠢᠶᠠᠬᠤ ᠤᠯᠠᠷᠢᠯ᠎ᠤᠨ
ᠠᠷᠠᠳ᠎ᠤᠨ ᠵᠠᠩ ᠦᠢᠯᠡ᠎ᠶᠢᠨ ᠠᠵᠢᠯᠯᠠᠭ᠎ᠠ ᠵᠢᠴᠢ ᠪᠣᠷᠣᠳᠣᠬᠣᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨᠦ ᠬᠤᠶᠠᠲᠤᠭᠠᠷ ᠬᠤᠭᠤᠴᠠᠭᠠᠨ᠎ᠤ ᠪᠣᠷᠣᠳᠣᠬᠣᠢ᠎ᠶᠢᠨ
ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷᠠᠯᠢᠭ᠋᠎ᠤᠨ ᠭᠠᠷᠠᠭ᠎ᠤᠨ ᠠᠵᠢᠯᠯᠠᠭ᠎ᠠ ᠪᠠᠶᠠᠨᠨᠠᠭᠤᠷ ᠬᠤᠲᠠ᠎ᠵᠢᠨ
ᠱᠤᠸᠠᠩ ᠾᠧ ᠪᠠᠯᠭᠠᠰᠤᠨ᠎ᠳᠤ ᠶᠠᠪᠤᠭᠳᠠᠪᠠ᠃
ᠳᠡᠯᠡᠬᠡᠢ
✦ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠣᠷᠣᠰ᠎ᠤᠨ ᠶᠡᠷᠦᠩᠬᠡᠢᠯᠡᠭᠴᠢ ᠫᠦᠲ᠋ᠢᠨ
ᠶᠡᠷᠦᠩᠬᠡᠢᠯᠡᠭᠴᠢ᠎ᠶᠢᠨ ᠵᠠᠷᠯᠢᠭ᠋᠎ᠲᠤ ᠭᠠᠷᠤᠨ ᠥᠰᠥᠭ ᠵᠢᠷᠤᠵᠤ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠳᠤᠮᠳᠠᠳᠤ
ᠤᠯᠤᠰ᠎ᠤᠨ ᠠᠷᠠᠳ ᠢᠷᠭᠡᠨ᠎ᠦ ᠬᠢᠯᠢ᠎ᠪᠡᠷ ᠣᠷᠣᠵᠤ ᠭᠠᠷᠬᠤ ᠸᠢᠰᠠ᠎ᠡᠴᠡ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠵᠢ
2027 ᠣᠨ᠎ᠤ 12 ᠰᠠᠷ᠎ᠠ᠎ᠶᠢᠨ
31᠎ᠦ ᠡᠳᠦᠷ ᠪᠣᠯᠲᠠᠯ᠎ᠠ ᠤᠷᠲᠤᠳᠬᠠᠬᠤ᠎ᠪᠡᠷ ᠪᠤᠯᠪᠠ᠃
✦ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠤᠢᠷ᠎ᠠ᠎ᠳᠦ ᠪᠥᠮᠪᠥᠭᠡᠨ
ᠬᠤᠷᠤᠬᠠᠢ᠍ᠢᠲᠠᠨ ᠠᠷᠭᠧᠨ᠋ᠲ᠋ᠢᠨ᠎ᠤ ᠨᠡᠢᠰᠯᠡᠯ᠎ᠳᠦ ᠦᠢᠮᠡᠭᠡᠨ ᠭᠠᠷᠭᠠᠵᠤ᠂ ᠠᠳᠠᠭ᠎ᠲᠠᠭᠠᠨ 15 ᠬᠥᠮᠥᠨ
ᠪᠠᠷᠢᠪᠴᠢᠯᠠᠭᠳᠠᠵᠠᠢ᠃
ᠦᠢᠯᠡᠴᠢᠯᠡᠭᠡ
✦ᠬᠥᠬᠡᠬᠣᠲᠠ᠎ᠶᠢᠨ ᠲᠦᠮᠡᠳ ᠰᠤᠷᠭᠠᠭᠤᠯᠢ ᠪᠠᠭ᠍ᠰᠢ ᠡᠯᠰᠡᠵᠤ ᠪᠤᠢ᠃
ᠲᠠᠨ᠎ᠤ ᠲᠤᠰᠠ᠎ᠳᠤ
✦ᠵᠤᠨ᠎ᠤ ᠤᠯᠠᠷᠢᠯ᠎ᠳᠦ ᠬᠥᠯᠥᠰᠦ
ᠠᠷᠪᠢᠨ ᠭᠠᠷᠴᠤ᠂ ᠬᠤᠪᠴᠠᠰᠤ ᠠᠮᠠᠷᠬᠠᠨ ᠨᠣᠷᠤᠳᠠᠭᠡᠴᠡ ᠪᠡᠶ᠎ᠡ᠎ᠵᠢᠨ ᠳᠤᠯᠠᠭᠠᠨ ᠲᠤᠷᠤᠭᠰᠢᠯᠠᠬᠤ ᠪᠤᠶᠤ ᠠᠭᠠᠷ
ᠲᠣᠬᠢᠷᠠᠭᠤᠯᠤᠭ᠍ᠴᠢ ᠲᠠᠢ ᠭᠡᠷ᠎ᠲᠦ ᠣᠷᠣᠭᠰᠠᠨ᠎ᠤ ᠳᠠᠷᠠᠭ᠎ᠠ ᠳᠠᠭᠠᠷᠠᠬᠤ ᠪᠠᠢᠳᠠᠯ ᠭᠠᠷᠳᠠᠭ᠃ ᠨᠣᠢᠲᠠᠨ ᠬᠤᠪᠴᠠᠰᠤ᠎ᠵᠢ
ᠤᠳᠠᠭᠠᠨ ᠡᠮᠦᠰᠪᠡᠯ ᠬᠦᠢᠲᠡᠨ ᠬᠡᠢ ᠦᠰᠦᠨ᠎ᠦ ᠰᠦᠪᠡ᠎ᠪᠡᠷ ᠪᠡᠶᠡᠳᠦ ᠣᠷᠣᠨ᠎ᠠ᠃ ᠡᠢᠮᠦ᠎ᠡᠴᠡ ᠬᠥᠯᠥᠰᠦ
ᠭᠠᠷᠴᠤ ᠬᠤᠪᠴᠠᠰᠤ ᠨᠣᠷᠣᠭᠰᠠᠨᠤ ᠳᠠᠷᠠᠭ᠎ᠠ ᠴᠠᠭ ᠲᠤᠬᠠᠢ ᠳ᠋ᠤᠨᠢ ᠬᠤᠪᠴᠠᠰᠤ᠎ᠪᠡᠨ ᠰᠣᠯᠢᠵᠤ ᠤᠬᠢᠶᠠᠨ᠂ ᠪᠤᠯᠬᠤ᠎ᠵᠢᠨ
ᠲᠤᠳᠤᠷ᠎ᠠ ᠠᠯᠢ ᠲᠦᠷᠭᠡᠨ᠎ᠢᠶᠡᠷ ᠪᠡᠶ᠎ᠡ᠎ᠪᠡᠨ ᠵᠦᠯᠭᠦᠵᠦ ᠬᠠᠳᠠᠭᠠᠪᠠᠯ ᠵᠤᠬᠢᠨ᠎ᠠ᠃
ᠵᠠᠯᠭᠠᠭᠠᠳ《ᠤᠮᠤᠭᠰᠢᠨ ᠳᠠᠭᠤᠯᠠᠬᠤ
ᠨᠤᠲᠤᠭ》ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)