7 ᠰᠠᠷ᠎ᠠ ᠵᠢᠨ 24᠎ᠦ ᠡᠳᠦᠷ
ᠡᠬᠢᠯᠡᠬᠦ᠌ ᠴᠠᠭ᠄
2026-07-24 10:16:34
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


10001010101010101010101010101010101010101封面模板0101.jpg


100010101010101010101010101010101010101天气预报模板0101.jpg


100010101010101010101010101010101010101盟市模板0101.jpg


ᠨᠡᠢᠭᠡᠮ

✦ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠣᠢᠷ᠎ᠠ᠎ᠳᠤ 《ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ 〈ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ〉》᠎ᠶᠢ ᠳᠠᠷᠤᠮᠠᠯᠯᠠᠨ ᠲᠠᠷᠬᠠᠭᠠᠪᠠ᠃ ᠡᠨᠡ ᠪᠣᠯ ᠠᠩᠬᠠᠳᠠᠭ᠍ᠴᠢ 《ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ》 ᠵᠢᠡᠷ ᠭᠣᠣᠯ ᠰᠡᠳᠦᠪ ᠪᠣᠯᠭᠠᠭᠰᠠᠨ ᠤᠯᠤᠰ᠎ᠤᠨ ᠲᠠᠰ᠎ᠤᠨ ᠲᠤᠰᠬᠠᠢ ᠲᠥᠯᠦᠪᠵᠢᠭᠦᠯᠭᠡ ᠪᠣᠯᠣᠨ᠎ᠠ᠃

✦ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ 《ᠣᠶ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠵᠤ ᠠᠰᠢᠭ᠍ᠯᠠᠬᠤ 〈ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ〉》᠎ᠶᠢ ᠳᠠᠷᠤᠮᠠᠯᠯᠠᠨ ᠲᠠᠷᠬᠠᠭᠠᠪᠠ᠃

✦2026 ᠣᠨ᠎ᠤ ᠳᠡᠯᠡᠬᠡᠢ᠎ᠶᠢᠨ ᠰᠦ᠎ᠶᠢᠨ ᠦᠢᠯᠡᠰ᠎ᠦᠨ ᠶᠡᠬᠡ ᠬᠤᠷᠠᠯ 7 ᠰᠠᠷ᠎ᠠ᠎ᠶᠢᠨ 31᠎ᠦ ᠡᠳᠦᠷ᠎ᠡᠴᠡ 8 ᠰᠠᠷ᠎ᠠ᠎ᠶᠢᠨ 2᠎ᠤᠨ ᠡᠳᠦᠷ ᠪᠣᠯᠲᠠᠯ᠎ᠠ ᠬᠥᠬᠡᠬᠣᠲᠠ᠎ᠳᠤ ᠶᠠᠪᠤᠬᠳᠠᠬᠤ ᠪᠡᠷ ᠪᠤᠢ᠃

✦ᠤᠢᠷ᠎ᠠ᠎ᠳᠤ ᠭᠤᠴᠢᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠰᠢᠯᠢᠳᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠣᠮ ᠪᠢᠴᠢᠭ᠎ᠦᠨ ᠰᠢᠯᠭᠠᠷᠠᠭᠤᠯᠤᠯᠲᠠ᠎ᠶᠢᠨ ᠦᠷ᠎ᠡ ᠳ᠋ᠦᠩ᠎ᠢ ᠨᠡᠢᠲᠡᠯᠡᠪᠡ᠃ ᠡᠭᠦᠨ᠎ᠳᠤ 《ᠠᠷᠤ ᠬᠣᠷᠴᠢᠨ᠎ᠤ ᠡᠮᠲᠦ ᠤᠷᠭᠤᠮᠠᠯ᠎ᠤᠨ ᠵᠢᠷᠤᠭᠲᠤ ᠲᠣᠯᠢ》 ᠰᠢᠯᠢᠳᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠣᠮ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠪᠡ᠃

✦7 ᠰᠠᠷ᠎ᠠ ᠵᠢᠨ 21᠎ᠦ ᠡᠳᠦᠷ᠂ 2026 ᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠮᠠᠰᠢᠨ᠎ᠢ ᠳᠡᠯᠭᠡᠷᠡᠭᠦᠯᠬᠦ ᠠᠵᠢᠯᠯᠠᠭ᠎ᠠ ᠪᠠᠶᠠᠠᠨᠠᠭᠤᠷ ᠬᠤᠲᠠ᠎ᠳᠤ ᠶᠠᠪᠤᠭᠳᠠᠵᠤ᠂ 80 ᠭᠠᠷᠤᠢ ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ ᠬᠡᠯᠬᠢᠶ᠎ᠡ᠎ᠶᠢᠨ ᠣᠶᠤᠨᠲᠤ ᠲᠠᠷᠢᠶᠠᠯᠠᠩ᠎ᠤᠨ ᠮᠠᠰᠢᠨ᠎ᠤ ᠲᠣᠨᠣᠭ ᠲᠥᠬᠦᠭᠡᠷᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠪᠡ᠃

✦7 ᠰᠠᠷ᠎ᠠ ᠎ᠶᠢᠨ 21᠎ᠦ ᠡᠳᠦᠷ᠂ ᠬᠣᠢ ᠨᠧᠩ ᠪᠦᠯᠦᠭᠯᠡᠯ᠎ᠦᠨ 600 ᠲᠦᠮᠡᠨ ᠲᠣᠨ ᠨᠡᠭᠦᠷᠡᠰᠦᠨ ᠴᠢᠯᠠᠭᠤᠨ ᠨᠤᠨᠳᠠᠭ ᠨᠡᠭᠦᠷᠡᠰᠦᠨ᠎ᠦ ᠦᠨᠡᠰᠦ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠵᠤ ᠴᠠᠬᠢᠯᠭᠠᠨ ᠭᠠᠷᠭᠠᠬᠤ ᠳᠠᠮᠵᠢᠭᠤᠯᠬᠤ ᠬᠡᠷᠡᠭᠯᠡᠬᠦ ᠬᠠᠳᠠᠭᠠᠯᠠᠬᠤ᠎ᠶᠢ ᠨᠢᠭᠡ ᠴᠣᠭᠴᠠᠵᠢᠭᠤᠯᠬᠤ ᠲᠥᠷᠥᠯ ᠵᠦᠢᠯ ᠬᠠᠩᠭᠢᠨ ᠬᠣᠰᠢᠭᠤᠨ᠎ᠤ ᠠᠵᠤ ᠠᠬᠤᠢ᠎ᠶᠢᠨ ᠨᠡᠭᠡᠭᠡᠯᠲᠡ᠎ᠶᠢᠨ ᠣᠷᠣᠨ᠎ᠳᠤ ᠡᠬᠢᠯᠡᠪᠡ᠃ ᠳᠤᠰ ᠲᠥᠷᠥᠯ ᠵᠦᠢᠯ᠎ᠳᠦ ᠨᠡᠢ᠍ᠢᠲᠡ 696 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠪᠠᠢᠭᠤᠯᠵᠤ ᠳᠠᠭᠤᠰᠤᠭᠰᠠᠨ᠎ᠤ ᠳᠠᠷᠠᠭ᠎ᠠ ᠵᠢᠯ ᠪᠦᠷᠢ 600 ᠲᠦᠮᠡᠨ ᠲᠣᠨ ᠨᠡᠭᠦᠷᠡᠰᠦᠨ ᠴᠢᠯᠠᠭᠤ ᠵᠢᠴᠢ ᠨᠡᠭᠦᠷᠡᠰᠦᠨ᠎ᠦ ᠦᠨᠡᠰᠦ᠎ᠶᠢ ᠰᠢᠩᠭᠡᠬᠡᠨ ᠠᠪᠴᠤ᠂ ᠵᠢᠯ᠎ᠳᠦ 200 ᠲᠦᠮᠡᠨ ᠲᠣᠨ ᠬᠥᠩᠭᠡᠨᠴᠠᠭᠠᠨ᠎ᠤ ᠴᠠᠬᠢᠭᠤᠷ᠂ ᠴᠠᠬᠢᠭᠤᠷ ᠬᠥᠩᠭᠡᠨᠴᠠᠭᠠᠨ ᠲᠢᠲ᠋ᠠᠨ᠎ᠤ ᠳᠡᠭᠡᠳᠤ ᠳᠡᠰ᠎ᠤᠨ ᠬᠠᠢᠯᠤᠰᠢ ᠵᠢ ᠤᠢᠯᠡᠳᠪᠤᠷᠢᠯᠡᠬᠦ ᠪᠤᠯᠤᠨ᠎ᠠ᠃

✦2026 ᠣᠨ᠎ᠳᠤ᠂ ᠺᠠᠢᠯᠤ ᠰᠢᠶᠠᠨ ᠵᠦᠩ ᠵᠢᠶᠣᠣ ᠶᠢᠦ G19 ᠬᠡᠭᠡᠷ᠎ᠡ᠎ᠶᠢᠨ ᠯᠠᠵᠤᠤ ᠲᠠᠷᠢᠬᠤ ᠲᠥᠷᠥᠯ ᠵᠦᠢᠯ᠎ᠢ ᠣᠷᠣᠭᠤᠯᠤᠨ ᠠᠪᠴᠢᠷᠠᠪᠠ᠃ ᠣᠳᠣᠬᠠᠨ᠎ᠳᠤ ᠰᠢᠶᠣᠣ ᠵᠢᠶᠧ ᠵᠢᠢ ᠪᠠᠯᠭᠠᠰᠤ᠎ᠶᠢᠨ ᠲᠤᠷᠰᠢᠯᠲᠠ᠎ᠶᠢᠨ ᠰᠠᠭᠤᠷᠢᠨ ᠲᠤᠰ ᠡᠭᠦᠯᠳᠡᠷ᠎ᠦᠨ ᠯᠠᠵᠤᠤ᠎ᠶᠢ ᠳᠠᠷᠢᠭ᠍ᠰᠠᠨ ᠲᠠᠯᠠᠪᠠᠢ ᠨᠢ 3000 ᠮᠦ᠍᠎ᠳᠤ ᠬᠦᠷᠴᠦ᠂ ᠠᠵᠤ ᠠᠬᠤᠢᠯᠠᠯ᠎ᠠᠴᠠ ᠴᠢᠨᠠᠷ ᠰᠠᠢᠲᠠᠢ ᠯᠠᠵᠤᠤ᠎ᠶᠢᠨ ᠴᠢᠬᠢ᠂ ᠪᠦᠬᠦ ᠶᠠᠪᠤᠴᠠ᠎ᠶᠢᠨ ᠮᠡᠷᠭᠡᠵᠢᠯ᠎ᠦᠨ ᠵᠢᠯᠣᠭᠣᠳᠤᠯᠭ᠎ᠠ᠂ ᠲᠤᠰᠬᠠᠢᠵᠢᠭ᠍ᠰᠠᠨ ᠮᠠᠰᠢᠨ ᠵᠢᠡᠷ ᠲᠠᠷᠢᠬᠤ ᠦᠢᠯᠡᠴᠢᠯᠡᠭᠡ ᠵᠢ ᠨᠢᠭᠡᠳᠦᠯᠲᠡᠢ ᠬᠠᠩᠭᠠᠵᠤ᠂ ᠬᠠᠮᠤᠭ ᠳᠣᠣᠷ᠎ᠠ ᠦᠨ᠎ᠡ᠎ᠶᠢ ᠪᠠᠲᠤᠯᠠᠨ ᠨᠢᠭᠡᠳᠦᠯᠲᠡᠢ ᠬᠤᠳᠠᠯᠳᠤᠨ ᠠᠪᠬᠤ᠎ᠶᠢ ᠬᠡᠷᠡᠭᠵᠢᠭᠦᠯᠵᠦ᠂ ᠲᠠᠷᠢᠶᠠᠴᠢᠨ ᠡᠷᠦᠬᠡ᠎ᠶᠢᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠳᠦ ᠰᠢᠨ᠎ᠡ ᠠᠷᠭ᠎ᠠ ᠵᠠᠮ ᠨᠡᠭᠡᠭᠡᠵᠦ ᠥᠭᠴᠡᠢ᠃

✦7 ᠰᠠᠷ᠎ᠠ ᠵᠢᠨ 21᠎ᠦ ᠡᠳᠦᠷ᠂ ᠤᠷᠠᠳ᠎ᠤᠨ ᠡᠮᠦᠨᠡᠲᠦ ᠬᠣᠰᠢᠭᠤᠨ᠎ᠤ ᠵᠠᠮ ᠲᠡᠭᠡᠭᠡᠪᠦᠷᠢ᠎ᠶᠢᠨ ᠲᠣᠪᠴᠢᠶ᠎ᠠ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠵᠢᠯᠣᠭᠣᠴᠢ᠎ᠶᠢᠨ ᠰᠤᠷᠭᠠᠭᠤᠯᠢ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠦ ᠪᠠᠴᠢᠮ ᠪᠠᠢᠳᠠᠯ᠎ᠢ ᠠᠷᠭᠠᠴᠠᠭᠠᠬᠤ ᠶᠡᠷᠦᠩᠬᠡᠢᠯᠡᠭᠰᠡᠨ ᠰᠣᠷᠢᠯᠲᠠ᠎ᠶᠢ ᠥᠷᠨᠢᠭᠦᠯᠵᠦ᠂ ᠪᠥᠬᠥ ᠬᠣᠰᠢᠭᠤᠨ᠎ᠤ 30 ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠤ ᠠᠬᠤᠢᠯᠠᠯ ᠲᠤᠬᠠᠢ᠎ᠶᠢᠨ ᠲᠠᠯᠠᠪᠤᠷ᠎ᠲᠤ  ᠬᠦᠷᠴᠦ ᠲᠣᠭᠣᠷᠢᠨ ᠰᠤᠷᠤᠯᠴᠠᠪᠠ᠃


ᠠᠵᠤ ᠠᠬᠤᠢ

✦2026 ᠣᠨ᠎ᠤ ᠳᠡᠭᠡᠷ᠎ᠡ ᠬᠠᠭᠠᠰ ᠵᠢᠯ᠎ᠳᠦ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠤᠯᠢᠬᠤ ᠲᠦᠷᠦ ᠵᠢᠨ ᠪᠤᠳᠤᠯᠭ᠎ᠠ ᠨᠢ ᠬᠠᠮᠢᠶ᠎ᠠ ᠪᠦᠬᠦᠢ ᠲᠠᠸᠠᠷ᠎ᠤᠨ ᠪᠣᠷᠤᠯᠠᠭᠤᠯᠭ᠎ᠠ᠎ᠶᠢ ᠨᠡᠶ᠋ᠢᠲᠡ 1.1 ᠲᠦᠮᠡᠨ ᠳ᠋ᠦᠩᠰᠢᠭᠤᠷ ᠲᠥᠭᠥᠷᠢᠭ ᠳᠠᠶ᠋ᠢᠴᠢᠯᠠᠵᠤ᠂ 1.5 ᠳ᠋ᠦᠩᠰᠢᠭᠤᠷ ᠬᠥᠮᠥᠨ ᠤᠳᠠᠭ᠎ᠠ ᠠᠰᠢᠭ᠋ ᠭᠥᠷᠳᠡᠪᠡ᠃

✦ᠬᠦᠷᠢᠶ᠎ᠡ ᠬᠣᠰᠢᠭᠤᠨ᠎ᠤ ᠮᠥᠩᠭᠥᠨ ᠲᠣᠬᠣᠢ᠎ᠳᠤ ᠪᠠᠢᠷᠢᠯᠠᠵᠤ ᠪᠠᠢᠭ᠎ᠠ ᠵᠢᠢ ᠰᠢᠩ ᠣᠳᠣ᠌ ᠦᠶ᠎ᠡ᠎ᠶᠢᠨ ᠲᠥᠬᠥᠭᠡᠷᠦᠮᠵᠢᠲᠦ ᠲᠠᠷᠢᠶᠠᠯᠠᠩ᠎ᠤᠨ ᠲᠥᠷᠥᠯ ᠵᠦᠢᠯ᠎ᠦᠨ ᠣᠷᠣᠨ᠎ᠤ ᠡᠵᠡᠯᠡᠬᠦ ᠲᠠᠯᠠᠪᠠᠢ ᠨᠢ 77.7 ᠮᠦ᠍᠎ᠳᠦ ᠬᠦᠷᠴᠦ᠂ ᠳᠤᠯᠠᠭᠠᠨ ᠬᠦᠯᠡᠮᠵᠢ᠎ᠶᠢᠨ ᠲᠠᠷᠢᠮᠠᠯ᠎ᠤᠨ ᠲᠠᠯᠠᠪᠠᠢ ᠨᠢ 50 ᠮᠦ᠍᠎ᠳᠦ ᠬᠦᠷᠦᠨ᠂ 《ᠤᠶᠤᠨᠳᠤ ᠲᠠᠷᠢᠶᠠᠯᠠᠩ + ᠡᠯᠡᠰᠦ᠎ᠶᠢ ᠰᠡᠷᠭᠡᠢᠯᠡᠵᠦ ᠡᠯᠡᠰᠦᠷᠬᠡᠭᠵᠢᠯ᠎ᠢ ᠵᠠᠰᠠᠬᠤ + ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ》 ᠰᠢᠨ᠎ᠡ ᠵᠠᠭᠪᠤᠷ᠎ᠢ ᠡᠭᠦᠳᠴᠦ ᠪᠣᠶ᠃ ᠡᠨᠡ ᠵᠢᠯ᠎ᠡᠴᠡ ᠨᠠᠭᠠᠰᠢ᠂ ᠲᠤᠰ ᠲᠥᠷᠥᠯ ᠵᠦᠢᠯ᠎ᠦᠨ ᠣᠷᠣᠨ᠎ᠤ ᠬᠢᠨ ᠨᠡᠢ᠍ᠢᠲᠡ 180 ᠭᠠᠷᠤᠢ ᠲᠣᠨ ᠲᠥᠪᠡᠳ ᠬᠠᠰᠢ ᠪᠣᠷᠣᠯᠠᠭᠤᠯᠵᠤ᠂ ᠪᠣᠷᠤᠯᠠᠭᠤᠯᠭ᠎ᠠ᠎ᠶᠢᠨ ᠬᠡᠮᠵᠢᠶ᠎ᠡ ᠨᠢ ᠪᠠᠷᠤᠭ 410 ᠲᠦᠮᠡᠨ ᠲᠥᠭᠥᠷᠢᠭ᠎ᠲᠦ ᠬᠦᠷᠴᠡᠢ᠃


ᠰᠤᠶᠤᠯ

✦ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠠᠵᠢᠯᠲᠠᠨ ᠠᠵᠢᠯᠴᠢᠨ᠎ᠦ ᠤᠯᠠᠭᠠᠨᠮᠦ᠋ᠴᠢᠷ᠎ᠤᠨ《ᠬᠢᠯᠢ ᠬᠢᠵᠠᠭᠠᠷ᠎ᠢ ᠳᠤᠯᠠᠭᠠᠴᠠᠭᠤᠯᠬᠤ ᠠᠶᠠᠯᠠᠯ》᠎ᠦᠨ ᠲᠣᠬᠣᠨᠢᠭᠤᠯᠭ᠎ᠠ᠎ᠶᠢᠨ ᠲᠣᠭᠯᠠᠯᠲᠠ ᠤᠷᠴᠢᠮᠬᠠᠨ ᠰᠥᠨᠢᠳ ᠪᠠᠷᠠᠭᠤᠨ ᠬᠣᠰᠢᠭᠤᠨ᠎ᠳᠤ ᠶᠠᠪᠤᠬᠳᠠᠪᠠ᠃

✦7 ᠰᠠᠷ᠎ᠠ ᠵᠢᠨ 21᠎ᠦ ᠡᠳᠦᠷ᠂ 《ᠠᠵᠠ ᠬᠡᠢᠮᠣᠷᠢᠲᠤ ᠠᠪᠠᠭ᠎ᠠ ᠬᠣᠰᠢᠭᠤ》 ᠪᠠᠭᠠᠴᠤᠳ ᠬᠡᠦᠬᠡᠳ᠎ᠦᠨ ᠳᠠᠭᠤᠤ᠎ᠶᠢᠨ ᠤᠷᠤᠯᠳᠤᠭᠠᠨ ᠠᠪᠠᠭ᠎ᠠ ᠬᠣᠰᠢᠭᠤᠨ᠎ᠤ ᠤᠯᠠᠭᠠᠠᠮᠦ᠋ᠴᠢᠷ᠎ᠦᠨ ᠲᠣᠭᠯᠠᠯᠲᠠ᠎ᠶᠢᠨ ᠲᠢᠩᠬᠢᠮ᠎ᠳᠦ ᠬᠥᠷ ᠬᠥᠭᠵᠢᠶᠡᠨ᠎ᠲᠠᠢ ᠶᠠᠪᠤᠬᠳᠠᠪᠠ᠃


ᠲᠠᠮᠢᠷ

✦7 ᠰᠠᠷ᠎ᠠ᠎ᠶᠢᠨ 22᠎ᠤᠨ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠪᠥᠬᠡ ᠵᠢᠨ ᠮᠠᠩᠯᠠᠢ ᠰᠢᠯᠭᠠᠷᠠᠭᠤᠯᠬᠤ ᠤᠷᠣᠯᠳᠤᠭᠠᠨ ᠪᠠᠭᠠᠷᠢᠨ ᠪᠠᠷᠠᠭᠤᠨ ᠬᠣᠰᠢᠭᠤᠨ᠎ᠤ ᠳ᠋ᠠᠪᠠᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠳᠦ ᠭᠤᠷᠪᠠᠨ ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠤ᠂ ᠠᠮᠵᠢᠯᠲᠠ ᠲᠡᠭᠦᠰ ᠥᠨᠳᠥᠷᠯᠡᠯ᠎ᠡ᠃


ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠡᠨᠡ ᠵᠢᠯ᠎ᠦᠨ  ᠳᠡᠭᠡᠷ᠎ᠡ ᠬᠠᠭᠠᠰ ᠵᠢᠯ᠎ᠦᠨ ᠠᠷᠠᠯᠵᠢᠶᠠᠨ᠎ᠤ ᠰᠥᠭᠡᠷᠭᠦ ᠵᠥᠷᠢᠶ᠎ᠡ 1 ᠲᠦᠮᠡᠨ ᠳ᠋ᠦᠩᠰᠢᠭᠤᠷ ᠶᠠᠫᠤᠨ ᠶᠸᠨ᠎ᠢ ᠳᠠᠪᠠᠵᠠᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ ᠵᠢᠨ ᠫᠠᠷᠢᠰ ᠲᠡᠬᠢ ᠯᠦᠸᠸᠷ ᠣᠷᠳᠣᠨ᠎ᠤ ᠡᠪᠳᠡᠭᠳᠡᠭᠰᠡᠨ ᠦᠵᠡᠭᠦᠯᠭᠡ᠎ᠶᠢᠨ ᠲᠢᠩᠬᠢᠮ ᠳᠠᠬᠢᠨ ᠨᠡᠭᠡᠭᠡᠭᠳᠡᠭᠰᠡᠨ ᠪᠤᠯᠪᠠᠴᠤ ᠰᠤᠪᠤᠳ ᠡᠷᠳᠡᠨᠢ ᠵᠢ ᠳᠡᠯᠭᠡᠨ ᠦᠵᠡᠬᠦᠯᠬᠦ ᠪᠡᠨ ᠪᠤᠯᠢᠬᠰᠠᠨ ᠪᠠᠢᠨ᠎ᠠ᠃


ᠦᠢᠯᠡᠴᠢᠯᠡᠭᠡ

✦ᠦᠪᠤᠷ ᠮᠤᠩᠭᠤᠯ᠎ᠤᠨ ᠤᠷᠠᠯᠢᠭ᠎ᠤᠨ ᠳᠡᠭᠡᠳᠤ ᠰᠤᠷᠭᠠᠭᠤᠯᠢ ᠰᠤᠳᠤᠯᠭᠠᠨ᠎ᠤ ᠳᠤᠰᠠᠯᠠᠬᠴᠢ ᠡᠯᠰᠡᠵᠤ ᠪᠤᠢ᠃


ᠲᠠᠨ᠎ᠤ ᠲᠤᠰᠠ᠎ᠳᠤ

✦ᠡᠳᠦᠷ ᠪᠣᠯᠭᠠᠨ ᠵᠣᠬᠢᠬᠤ ᠬᠡᠮᠵᠢᠶᠡᠨ᠎ᠦ ᠵᠢᠮᠢᠰ ᠢᠳᠡᠵᠦ᠂ ᠵᠢᠮᠢᠰ᠎ᠢᠶᠡᠷ ᠬᠣᠭᠣᠯᠠ᠎ᠶᠢ ᠣᠷᠣᠯᠠᠭᠤᠯᠵᠤ ᠪᠣᠯᠬᠤ ᠦᠭᠡᠢ᠃ ᠢᠯᠠᠩᠭᠤᠶ᠎ᠠ ᠵᠢᠭᠠᠰᠤᠨ᠎ᠤ ᠲᠥᠷᠥᠯ᠂ ᠥᠨᠳᠡᠭᠡᠨ᠎ᠦ ᠲᠥᠷᠥᠯ᠎ᠢ ᠪᠠᠭ᠎ᠠ ᠢᠳᠡᠳᠡᠭ ᠪᠤᠶᠤ ᠰᠢᠩᠭᠡᠭᠡᠬᠦ ᠴᠢᠳᠠᠪᠤᠷᠢ ᠠᠨᠠᠢ ᠬᠥᠮᠥᠰ ᠵᠢᠮᠢᠰ ᠳᠡᠩᠳᠡᠭᠦᠦ ᠠᠷᠪᠢᠨ ᠢᠳᠡᠬᠦ ᠨᠢ ᠲᠣᠬᠢᠷᠠᠮᠵᠢ ᠦᠭᠡᠢ ᠶᠤᠮ᠃

ᠵᠠᠯᠭᠠᠭᠠᠳ 《ᠴᠡᠴᠡᠭᠬᠡᠨ ᠦᠷ᠎ᠡ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号