7 ᠰᠠᠷ᠎ᠠ ᠵᠢᠨ 25 ᠎ᠤ ᠡᠳᠤᠷ
ᠡᠬᠢᠯᠡᠬᠦ᠌ ᠴᠠᠭ᠄
2026-07-25 12:02:59
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄

ᠨᠡᠢᠭᠡᠮ                        

✦ᠡᠨᠡ ᠵᠢᠯ ᠎ᠦᠨ ᠳᠡᠭᠡᠷ᠎ᠡ ᠬᠠᠭᠠᠰ ᠵᠢᠯ᠎ᠳᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠠᠴᠠ ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠵᠤᠷᠰᠢᠯᠲᠤ ᠬᠢᠨᠠᠨ ᠬᠡᠮᠵᠢᠯᠲᠡ᠎ᠶᠢᠨ ᠠᠵᠢᠯ᠎ᠢ 2 ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠢᠳᠡᠰᠢᠨ ᠨᠣᠭᠣᠭ᠎ᠠ᠂ ᠵᠢᠮᠢᠰ᠂ ᠴᠠᠢ᠂ ᠮᠠᠯ ᠵᠢᠭᠦᠷᠲᠡᠨ᠎ᠦ ᠪᠦᠲᠦᠭᠡᠭᠳᠡᠬᠦᠨ᠂ ᠤᠰᠤᠨ ᠭᠠᠷᠤᠯᠲᠠ᠎ᠶᠢ ᠰᠤᠭᠤᠴᠢᠨ ᠪᠠᠢᠴᠠᠭᠠᠵᠤ᠂ 5 ᠶᠡᠬᠡ ᠲᠦᠷᠦᠯ᠎ᠦᠨ 149 ᠲᠦᠷᠦᠯ ᠎ᠦᠨ 15287 ᠦᠯᠢᠭᠡᠷ ᠡᠳ᠋᠎ᠲᠦ ᠬᠣᠯᠪᠣᠭᠳᠠᠵᠤ᠂ 149 ᠵᠦᠢᠯ ᠎ᠦᠨ ᠪᠣᠯᠵᠣᠯᠲᠤ ᠲᠣᠭ᠎ᠠ᠎ᠶᠢ ᠪᠠᠭᠲᠠᠭᠠᠵᠤ᠂ ᠬᠢᠨᠠᠨ ᠬᠡᠮᠵᠢᠯᠲᠡ᠎ᠳᠦ ᠬᠢᠷᠢ ᠲᠡᠩᠴᠡᠭᠰᠡᠨ ᠨᠤᠷᠮ᠎ᠠ 98.2% ᠲᠦ᠍ ᠬᠦᠷᠴᠡᠢ᠃

✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ᠎ᠶᠢ ᠠᠬᠢᠭᠤᠯᠬᠤ ᠵᠤᠷᠭᠠᠨ᠎ᠤ ᠮᠡᠳᠡᠭᠡ᠎ᠡᠴᠡ ᠦᠵᠡᠪᠡᠯ᠂ 6 ᠰᠠᠷ᠎ᠠ᠎ᠳᠤ᠂ ᠮᠠᠨ ᠎ᠤ ᠤᠯᠤᠰ ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠵᠢᠵᠢᠭᠯᠡᠨ ᠬᠤᠳᠠᠯᠳᠤᠭᠰᠠᠨ ᠨᠣᠷᠮ᠎ᠠ 62.8% ᠳ᠋ᠤ ᠬᠦᠷᠴᠦ᠂ 10 ᠰᠢᠨ᠎ᠡ ᠮᠠᠰᠢᠨ ᠲᠡᠷᠭᠡ ᠬᠤᠳᠠᠯᠳᠤᠬᠤ ᠪᠦᠷᠢ ᠰᠢᠨ᠎ᠡ ᠡᠨᠧᠷᠭᠢ᠎ᠶᠢᠨ ᠮᠠᠰᠢᠨ ᠲᠡᠷᠭᠡ 6 ᠵᠢ ᠡᠵᠡᠯᠡᠬᠦ ᠪᠤᠯᠵᠠᠢ᠃

✦22 ᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠭᠠᠳᠠᠭᠠᠳᠤ ᠪᠡᠯᠡ᠎ᠶᠢᠨ ᠵᠢᠭᠤᠯᠴᠢᠯᠠᠯ ᠎ᠤᠨ ᠺᠤᠮᠫᠠᠨᠢ ᠳᠤᠮᠳᠠᠳᠤ ᠤᠯᠤᠰ(ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠡᠷᠢᠶᠡᠨ ᠬᠣᠲᠠ᠎ᠶᠢᠨ ᠬᠡᠰᠡᠭ᠎ᠲᠤ ᠠᠰᠢᠭ᠍ᠯᠠᠯᠲᠠ᠎ᠳᠤ ᠣᠷᠣᠵᠦ᠂ ᠮᠠᠨ ᠤ᠋ ᠣᠷᠣᠨ᠎ᠳ᠋ᠤ ᠭᠠᠳᠠᠭᠠᠳᠤ ᠪᠡᠯᠡ᠎ᠶᠢᠨ ᠵᠢᠭᠤᠯᠴᠢᠯᠠᠯ᠎ᠤᠨ ᠺᠣᠮᠫᠠᠨᠢ ᠪᠠᠢᠭᠰᠠᠨ ᠦᠭᠡᠢ ᠬᠤᠭᠤᠰᠤᠨ᠎ᠢ ᠨᠦᠬᠦᠪᠦᠷᠢᠯᠡᠭᠰᠡᠨ ᠪᠠᠢᠨ᠎ᠠ᠃

✦22᠎ᠤᠨ ᠡᠳᠦᠷ᠂ 《ᠬᠥᠯᠥᠨ ᠪᠣᠶ᠋ᠢᠷ ᠨᠡᠷᠡᠮᠵᠢᠲᠦ》 ᠨᠢᠰᠬᠡᠯ ᠠᠩᠬᠠᠨ ᠎ᠤ ᠠᠶᠠᠯᠠᠯ᠎ᠢᠶᠠᠨ ᠡᠬᠢᠯᠡᠭᠦᠯᠵᠦ᠂ ᠵᠠᠮ ᠬᠠᠷᠢᠯᠴᠠᠭ᠎ᠠ ᠵᠢᠭᠤᠯᠴᠢᠯᠠᠯ ᠎ᠤᠨ ᠠᠭᠤᠰᠤᠯᠴᠠᠯ ᠢ᠋ ᠭᠦᠨᠵᠡᠭᠡᠢᠷᠡᠭᠦᠯᠵᠦ᠂ 《ᠠᠭᠠᠷ ᠎ᠤᠨ ᠠᠶᠠᠯᠠᠯ + ᠰᠣᠶᠣᠯ ᠵᠢᠭᠤᠯᠴᠢᠯᠠᠯ》 ᠤ᠋ᠨ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠵᠠᠢ᠃ ᠠᠩᠬᠠᠨ᠎ᠤ ᠠᠶᠠᠯᠠᠯ ᠎ᠤᠨ ᠲᠠᠷᠠᠭ᠎ᠠ ᠡᠨᠡᠬᠦ 《ᠬᠥᠯᠥᠨ ᠪᠤᠢ᠍ᠢᠷ ᠨᠡᠷᠡᠮᠵᠢᠲᠦ》 ᠨᠢᠰᠬᠡᠯ ᠨᠢ ᠪᠦᠬᠦ ᠤᠯᠤᠰ᠎ᠤᠨ ᠡᠯ᠎ᠡ ᠭᠠᠵᠠᠷ᠎ᠲᠤ ᠬᠦᠷᠴᠦ᠂ ᠬᠥᠯᠥᠨ ᠪᠤᠢ᠍ᠢᠷ ᠬᠤᠳᠠ᠎ᠶᠢᠨ ᠳᠦᠷᠢ ᠲᠥᠷᠬᠦ᠎ᠶᠢᠨ ᠠᠭᠠᠷ ᠳᠡᠭᠡᠷᠡᠬᠢ ᠤᠬᠠᠭᠤᠯᠭ᠎ᠠ᠎ᠶᠢᠨ ᠠᠶᠠᠯᠠᠯ᠎ᠢᠶᠠᠨ ᠦᠷᠬᠦᠯᠵᠢᠯᠡᠬᠦᠯᠬᠦ ᠪᠣᠯᠣᠨ᠎ᠠ᠃

✦ᠣᠢᠷ᠎ᠠ᠎ᠳᠤ ᠲᠦᠩᠯᠢᠶᠣᠣ ᠬᠣᠲᠠ᠎ᠶᠢᠨ ᠣᠷᠣᠨ ᠰᠠᠭᠤᠴᠠ ᠪᠠ ᠬᠣᠲᠠ ᠬᠥᠳᠡᠭᠡ ᠎ᠶᠢᠨ ᠪᠦᠲᠦᠭᠡᠨ ᠪᠠᠢᠭᠤᠯᠤᠯᠲᠠ ᠎ᠶᠢᠨ ᠲᠣᠪᠴᠢᠶ᠎ᠠ ᠬᠣᠲᠠ᠎ᠶᠢᠨ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠵᠢ ᠬᠦᠨᠵᠡᠭᠡᠢᠷᠡᠬᠦᠯᠵᠦ᠂ 286 ᠭᠡᠷ᠎ᠦᠨ ᠭᠠᠳᠠᠨᠠᠬᠢ ᠵᠠᠷ ᠮᠡᠳᠡᠭᠡᠨ᠎ᠦ ᠫᠠᠢᠰᠠ ᠢᠯᠡᠷᠬᠡᠢᠯᠡᠯ᠎ᠦᠨ ᠭᠡᠮ ᠰᠣᠭᠣᠭ᠎ᠢ ᠴᠡᠭᠴᠡᠯᠡᠨ ᠰᠠᠢᠵᠢᠷᠠᠭᠤᠯᠵᠤ᠂ ᠬᠠᠮᠲᠤ᠎ᠪᠠᠷ ᠡᠳ᠋ᠯᠡᠬᠦ ᠳᠤᠭᠤᠢ ᠲᠡᠷᠭᠡ᠎ᠵᠢᠨ ᠵᠤᠭᠰᠤᠭᠠᠯ᠎ᠢ 1.9 ᠲᠦᠮᠡ ᠭᠠᠷᠤᠢ ᠤᠳᠠᠭ᠎ᠠ ᠵᠢᠷᠤᠮᠵᠢᠭᠤᠯᠵᠤ᠂ ᠲᠣᠭᠲᠠᠭᠠᠯ ᠡᠴᠠ ᠵᠥᠷᠢᠴᠡᠭᠰᠡᠨ 2270 ᠭᠠᠷᠤᠢ ᠲᠤᠭᠤᠢ ᠲᠡᠷᠭᠡ᠎ᠶᠢ ᠪᠠᠢᠴᠠᠭᠠᠨ ᠰᠢᠢᠳᠪᠦᠷᠢᠯᠡᠵᠦ᠂ 1485 ᠵᠣᠭᠰᠤᠭᠠᠬᠤ ᠴᠡᠭ᠎ᠢ ᠪᠠᠢᠷᠢᠯᠠᠭᠤᠯᠪᠠ᠃

✦ᠡᠨᠡ ᠵᠢᠯ ᠎ᠡᠴᠡ ᠨᠠᠭᠠᠰᠢ᠂ ᠣᠷᠳᠣᠰ ᠬᠣᠲᠠ᠎ᠶᠢᠨ 12345 ᠵᠠᠰᠠᠭ ᠤ᠋ᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠨᠢ ᠪᠥᠬᠥ ᠠᠷᠭ᠎ᠠ ᠵᠠᠮ᠎ᠢᠶᠠᠷ ᠣᠯᠠᠨ ᠲᠦᠮᠡᠨ ᠪᠠ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶᠢ 52.16 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠬᠠᠨᠤᠮᠵᠢ ᠵᠢᠨ ᠨᠣᠷᠮ᠎ᠠ 98.16% ᠳ᠋ᠤ ᠬᠦᠷᠴᠠᠢ᠃

✦ᠪᠠᠶᠠᠨᠨᠠᠭᠤᠷ ᠬᠣᠲᠠ᠎ᠶᠢᠨ 2026 ᠣᠨ᠎ᠤ ᠠᠮᠢ ᠠᠬᠤᠢ ᠵᠢᠨ ᠵᠠᠰᠠᠯᠲᠠ ᠶ᠋ᠢᠨ ᠡᠭᠦᠷᠭᠡ 800 ᠲᠦᠮᠡᠨ ᠮᠦ᠍᠎ᠡᠴᠡ ᠳᠡᠭᠡᠭᠰᠢ ᠪᠠᠢᠵᠤ᠂ ᠣᠲᠣᠬᠠᠨ ᠪᠣᠯᠲᠠᠯ᠎ᠠ ᠨᠢᠭᠡᠨᠲᠡ 433.05 ᠲᠦᠮᠡᠨ ᠮᠦ᠍᠎ᠶᠢᠨ ᠠᠮᠢ ᠠᠬᠤᠢ᠎ᠶᠢᠨ ᠵᠠᠰᠠᠯᠲᠠ᠎ᠶᠢ ᠪᠡᠶᠡᠯᠡᠭᠦᠯᠵᠦ᠂ ᠤᠨ ᠤ᠋ ᠡᠭᠦᠷᠭᠡ ᠵᠢᠨ ᠵᠢᠡᠨ 55%᠎ᠶᠢ ᠪᠡᠶᠡᠯᠡᠭᠦᠯᠪᠡ᠃

✦24 ᠤ᠋ ᠡᠳᠦᠷ ᠡᠴᠡ ᠡᠬᠢᠯᠡᠨ᠂ ᠳᠠᠷᠬᠠᠨ ᠮᠣᠣᠮᠢᠨᠭᠭᠠᠨ ᠬᠣᠯᠪᠣᠭᠠᠲᠤ ᠬᠣᠰᠢᠭᠤᠨ ᠤ᠋ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ ᠵᠢᠨ  ᠶᠡᠬᠡ ᠠᠩᠭᠢ ᠬᠠᠷᠢᠶ᠎ᠠ ᠣᠷᠣᠨ᠎ᠤ ᠪᠡᠨ ᠪᠥᠬᠥ ᠬᠡᠪᠴᠢᠶᠡᠨ᠎ᠳᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢᠨ ᠵᠠᠮ ᠬᠠᠷᠢᠯᠴᠠᠭᠠᠨ᠎ᠤ ᠬᠠᠤᠯᠢ ᠡᠴᠡ ᠵᠥᠷᠢᠴᠡᠭᠰᠡᠨ ᠠᠵᠢᠯᠯᠠᠭ᠎ᠠ᠎ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃

 

ᠠᠵᠤ ᠠᠬᠤᠢ  

✦23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠲᠣᠭ᠎ᠠ ᠪᠦᠷᠢᠳᠬᠡᠯ᠎ᠦᠨ ᠲᠣᠪᠴᠢᠶ᠎ᠠ ᠪᠣᠯᠣᠨ ᠤᠯᠤᠰ ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠥᠪᠥᠷ ᠮᠣᠩᠭᠣᠯ᠎ᠳᠠᠬᠢ ᠪᠠᠢᠴᠠᠭᠠᠯᠲᠠ᠎ᠶᠢᠨ ᠶᠡᠷᠦᠩᠬᠡᠢ ᠠᠩᠭᠢ᠎ᠶᠢᠨ ᠬᠠᠮᠲᠤᠷᠠᠨ ᠨᠡᠢᠲᠡᠯᠡᠭᠰᠡᠨ ᠠᠵᠤ ᠠᠬᠤᠢ᠎ᠶᠢᠨ ᠠᠵᠢᠯᠯᠠᠭᠠᠨ᠎ᠤ ᠲᠣᠭ᠎ᠠ ᠪᠦᠷᠢᠳᠬᠡᠯ᠎ᠳᠤ ᠢᠯᠡᠷᠡᠭᠦᠯᠦᠭᠰᠡᠨ᠎ᠢᠶᠡᠷ᠄ ᠡᠨᠡ ᠵᠢᠯ ᠎ᠦᠨ ᠲᠦᠷᠦᠭᠦᠸ᠋ ᠬᠠᠭᠠᠰ ᠵᠢᠯ᠎ᠳᠦ᠂ ᠥᠪᠥᠷ ᠮᠣᠩᠭᠣᠯ ᠎ᠤᠨ ᠭᠠᠵᠠᠷ ᠤᠷᠤᠨ᠎ᠤ ᠦᠢᠯᠡᠳᠪᠦᠷᠢᠯᠡᠯ ᠦ᠋ᠨ ᠶᠡᠷᠦᠨᠭᠬᠡᠢ ᠥᠷᠲᠡᠭ 12810 ᠳ᠋ᠦᠩᠰᠢᠭᠤᠷ ᠲᠥᠭᠥᠷᠢᠭ ᠲᠦ᠍ ᠬᠦᠷᠴᠦ᠂ ᠥᠯᠥ ᠬᠤᠪᠢᠰᠬᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 4.5% ᠪᠡᠷ ᠨᠡᠮᠡᠭᠳᠡᠪᠡ᠃

✦ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠎ᠤ ᠬᠠᠮᠤᠭ᠎ᠤᠨ ᠰᠢᠨ᠎ᠡ ᠬᠢᠨᠠᠨ ᠬᠡᠮᠵᠢᠭᠰᠡᠨ ᠲᠣᠭ᠎ᠠ ᠪᠠᠷᠢᠮᠲᠠ ᠠ᠋ᠴᠠ ᠦᠵᠡᠪᠡᠯ᠂ ᠲᠠᠬᠢᠶᠠᠨ ᠥᠨᠳᠡᠭᠡᠨ ᠤ᠋ ᠦᠨ᠎ᠡ ᠮᠡᠳᠡᠭᠳᠡᠬᠦᠢᠴᠡ ᠥᠰᠴᠦ᠂ 2026 ᠣᠨ᠎ᠤ 29 ᠳ᠋ᠤᠭᠡᠷ ᠭᠠᠷᠠᠭ (7 ᠰᠠᠷ᠎ᠠ᠎ᠶᠢᠨ 13᠎ᠤ ᠡᠳᠦᠷ᠎ᠡᠴᠡ 19᠎ᠦ ᠡᠳᠦᠷ ᠪᠣᠯᠲᠠᠯ᠎ᠠ) ᠲᠦ᠍ ᠲᠠᠬᠢᠶᠠᠨ ᠥᠨᠳᠡᠭᠡᠨ ᠎ᠦ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ ᠎ᠦᠨ ᠭᠠᠷᠠᠭ ᠤ᠋ᠨ ᠳᠤᠮᠳᠠᠴᠢ ᠦᠨ᠎ᠡ ᠺᠢᠯᠣᠭ᠌ᠷᠠᠮ ᠪᠦᠷᠢ᠎ᠳᠡᠭᠡᠨ 9.93 ᠲᠥᠭᠥᠷᠢᠭ ᠬᠦᠷᠴᠦ᠂ ᠳᠡᠭᠡᠷ᠎ᠠ ᠰᠠᠷ᠎ᠠ᠎ᠶᠢᠨ ᠠᠳᠠᠯᠢ ᠬᠤᠭᠤᠴᠠᠭᠠᠨ᠎ᠤ ᠬᠢ᠎ᠡᠴᠡ 4.1% ᠪᠡᠷ ᠥᠰᠴᠦ᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 42.3% ᠪᠡᠷ ᠥᠰᠴᠡᠢ᠃

 

ᠰᠤᠶᠤᠯ 

✦22᠎ᠤᠨ ᠡᠳᠦᠷ᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ  ᠠ᠋ᠴᠠ ᠭᠣᠣᠯᠯᠠᠨ ᠡᠷᠭᠢᠯᠡᠭᠰᠡᠨ《ᠪᠥᠬᠥ ᠤᠯᠤᠰ᠎ᠤᠨ ᠢᠳᠡᠷ ᠵᠠᠯᠠᠭᠤ ᠨᠠᠰᠤᠨ᠎᠎ᠤ ᠰᠢᠨ᠎ᠡ  ᠶ᠋ᠢ ᠡᠭᠦᠳᠬᠦ ᠤᠷᠠᠯᠢᠭ᠋᠎ᠤᠨ ᠦᠵᠡᠰᠬᠦᠯᠡᠨᠭ》 ᠤ᠋ᠨ ᠡᠬᠢᠯᠡᠯᠲᠡ ᠶ᠋ᠢᠨ ᠶᠣᠰᠣᠯᠠᠯ ᠪᠡᠭᠡᠵᠢᠩ᠎ᠳᠦ ᠶᠠᠪᠤᠭᠳᠠᠵᠦ᠂ ᠨᠡᠶ᠋ᠢᠲᠡ 150 ᠭᠠᠷᠤᠢ ᠪᠦᠲᠦᠭᠡᠯ ᠢ᠋ ᠳᠡᠯᠭᠡᠨ ᠦᠵᠡᠭᠦᠯᠵᠡᠢ᠃

✦ᠥᠪᠥᠷ ᠮᠣᠩᠭᠣᠯ᠎ᠤᠨ ᠮᠦᠽᠧᠢ 7 ᠰᠠᠷ᠎ᠠ ᠶ᠋ᠢᠨ 10᠎ᠤ ᠡᠳᠦᠷ ᠡᠴᠡ ᠡᠬᠢᠯᠡᠨ ᠵᠣᠨ ᠎ᠤ ᠠᠮᠠᠷᠠᠯᠲᠠ ᠶ᠋ᠢᠨ ᠬᠤᠭᠤᠴᠠᠭᠠᠨ ᠳ᠋ᠤ ᠨᠡᠬᠡᠬᠡᠯᠳᠡ ᠪᠡᠨ ᠤᠷᠲᠤᠳᠬᠠᠬᠰᠠᠨ ᠡᠴᠡ ᠨᠠᠭᠠᠰᠢ᠂ ᠦᠵᠡᠭᠴᠢᠳ ᠢ᠋ ᠨᠡᠶ᠋ᠢᠲᠡ 212161 ᠬᠥᠮᠥᠨ ᠤᠳᠠᠭ᠎ᠠ ᠬᠦᠯᠢᠶᠡᠨ ᠠᠪᠴᠤ᠂ ᠡᠳᠦᠷ ᠳᠤᠮᠳᠠᠴᠢ ᠶ᠋ᠢᠨ ᠲᠣᠭᠣᠷᠢᠨ ᠦᠵᠡᠭᠰᠡᠳ 2.4 ᠲᠦᠮᠡᠨ ᠬᠥᠮᠥᠨ ᠤᠳᠠᠭ᠎ᠠ᠎ᠳᠤ ᠬᠦᠷᠴᠡᠢ᠃

✦ᠦᠢᠷ᠎ᠡ᠎ᠳᠦ ᠦᠤᠱᠢᠨ ᠬᠤᠰᠢᠭᠤᠨ ᠤ᠋ ᠰᠢᠷᠠᠠᠤᠰᠤᠨ ᠪᠠᠯᠭᠠᠰᠤᠨ᠎ᠤ ᠰᠢᠨ᠎ᠡ ᠴᠠᠭ ᠦᠶ᠎ᠡ᠎ᠶᠢᠨ ᠪᠣᠯᠪᠠᠰᠤᠨ᠎ᠢ ᠦᠢᠯᠡᠳᠦᠯᠭᠡᠵᠢᠭᠦᠯᠬᠦ ᠭᠠᠵᠠᠷ᠎ᠤ᠋ᠨ ᠬᠢᠨ ᠬᠠᠮᠢᠶ᠎ᠠ ᠪᠦᠬᠦᠢ ᠭᠡᠷ᠎ᠦᠨ ᠠᠬᠠᠮᠠᠳ ᠪᠤᠯᠤᠨ ᠰᠤᠷᠤᠭ᠍ᠴᠢᠳ᠎ᠢ ᠵᠣᠬᠢᠶᠠᠨ ᠪᠠᠢᠭᠤᠯᠵᠤ 《ᠨᠣᠮ᠎ᠤᠨ ᠪᠤᠶᠠᠨ ᠎ᠢᠶᠠᠷ ᠰᠡᠳᠬᠢᠯ᠎ᠢᠶᠡᠨ ᠤᠮᠳᠠᠯᠠᠬᠤ》 ᠨᠣᠮ ᠤᠩᠰᠢᠭ᠍ᠰᠠᠨ ᠲᠥᠷᠥᠭᠳᠡᠯ᠎ᠢᠶᠡᠨ ᠬᠤᠪᠢᠶᠠᠯᠴᠠᠬᠤ ᠠᠵᠢᠯᠯᠠᠭ᠎ᠠ ᠥᠷᠨᠢᠭᠦᠯᠵᠦ᠂ ᠰᠤᠷᠤᠭ᠍ᠴᠢᠳ᠎ᠤᠨ ᠠᠮᠠᠷᠠᠯᠲᠠ᠎ᠶᠢᠨ ᠬᠤᠭᠤᠴᠠᠭᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠨᠣᠮ ᠤᠩᠰᠢᠬᠤ ᠳᠤᠷ᠎ᠠ ᠪᠠᠬ᠎ᠠ᠎ᠶᠢ ᠳᠠᠢᠴᠢᠯᠠᠭᠰᠠᠨ ᠪᠠᠢᠨ᠎ᠠ᠃


 ᠲᠡᠯᠡᠬᠡᠢ 

✦ᠲᠤᠬᠠᠢ᠎ᠶᠢᠨ ᠭᠠᠵᠠᠷ᠎ᠤᠨ ᠴᠠᠭ᠎ᠢᠶᠠᠷ 23᠎ᠤ ᠡᠳᠦᠷ᠂ ᠡᠸᠦ᠋ᠷᠦᠫᠡ ᠲᠢᠪ᠎ᠤᠨ ᠤᠯᠤᠰ ᠤ᠋ᠳ ᠤ᠋ᠨ ᠬᠣᠯᠪᠣᠭ᠎ᠠ᠎ᠶᠢᠨ ᠭᠠᠳᠠᠭᠠᠳᠤ ᠬᠠᠷᠢᠯᠴᠠᠭ᠎ᠠ ᠪᠠ ᠠᠮᠤᠷ ᠲᠦᠪᠰᠢᠨ᠎ᠦ ᠲᠥᠷᠥ᠎ᠶᠢᠨ ᠪᠣᠳᠣᠯᠭ᠎ᠠ᠎ᠶᠢᠨ ᠳᠡᠭᠡᠳᠦ ᠵᠡᠷᠭᠡ᠎ᠶᠢᠨ ᠲᠥᠯᠥᠭᠡᠯᠡᠭᠴᠢ ᠺᠠᠯᠠᠰ ᠢᠯᠡᠷᠬᠡᠢᠯᠡᠬᠦ᠎ᠳᠡᠭᠡᠨ᠂ ᠣᠷᠣᠰ᠎ᠲᠦ᠍ ᠬᠠᠨᠳᠤᠭᠤᠯᠤᠭᠰᠠᠨ 21 ᠳ᠋ᠤᠭᠡᠷ ᠡᠭᠡᠯᠵᠢ᠎ᠶᠢᠨ ᠵᠠᠯᠬᠠᠭᠠᠯ᠎ᠤᠨ ᠲᠥᠰᠥᠯ᠎ᠳᠦ ᠨᠢᠭᠡᠨᠲᠡ ᠰᠠᠨᠠᠯ ᠨᠢᠭᠡᠳᠪᠡ᠂ ᠡᠨᠡ ᠪᠣᠯ ᠳᠥᠷᠪᠡᠨ ᠵᠢᠯ᠎ᠦᠨ ᠲᠤᠷᠰᠢᠬᠢ ᠬᠡᠪᠴᠢᠶ᠎ᠡ᠎ᠪᠡᠷ ᠬᠠᠮᠤᠭ᠎ᠤᠨ ᠶᠡᠬᠡ ᠨᠢᠭᠡ ᠡᠭᠡᠯᠵᠢ ᠶ᠋ᠢᠨ ᠵᠠᠯᠬᠠᠭᠠᠯ᠎ᠮᠦᠨ ᠭᠡᠵᠡᠢ᠃

✦ᠭᠠᠳᠠᠭᠠᠳᠤ᠎ᠶᠢᠨ ᠵᠠᠭᠤᠴᠢᠯᠠᠭᠤᠷ᠎ᠤᠨ ᠮᠡᠳᠡᠭᠡ᠎ᠶᠢ ᠦᠨᠳᠦᠰᠦᠯᠡᠪᠡᠯ᠂ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠶᠠᠭ ᠵᠡᠭᠦᠨ ᠲᠡᠯᠡᠶ᠎ᠶᠢᠨ ᠡᠷᠭᠢ᠎ᠶᠢᠨ ᠰᠢᠨ᠎ᠡ ᠭᠠᠷᠠᠮ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠬᠤᠷᠮᠤᠽ ᠬᠣᠭᠣᠯᠠᠢ᠎ᠳᠤ ᠲᠦᠰᠢᠭᠯᠡᠬᠦ᠎ᠶᠢ ᠪᠠᠭᠤᠷᠠᠭᠤᠯᠵᠤ᠂ ᠲᠣᠰ ᠤᠯᠤᠰ ᠤ᠋ᠨ ᠵᠢᠡᠨ ᠴᠢᠩᠭᠡᠯᠢᠭ ᠣᠷᠣᠭᠤᠯᠵᠤ ᠭᠠᠷᠭᠠᠬᠤ ᠴᠢᠳᠠᠪᠤᠷᠢ ᠪᠠ ᠲᠡᠯᠡᠶ ᠳᠡᠭᠡᠷᠡᠬᠢ ᠠᠷᠠᠯᠵᠢᠶᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ ᠪᠠᠢᠨ᠎ᠠ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠤᠮᠳᠠᠳᠤ ᠳᠣᠷᠣᠨᠠᠲᠤ ᠶ᠋ᠢᠨ ᠪᠠᠢᠳᠠᠯ ᠪᠠᠴᠢᠮ ᠪᠣᠯᠤᠭᠰᠠᠨ᠎ᠠᠴᠠ ᠠᠮᠧᠷᠢᠺᠠ᠎ᠶᠢᠨ ᠲᠦᠷᠦ᠎ᠶᠢᠨ ᠶᠠᠪᠤᠳᠠᠯ᠎ᠤᠨ ᠬᠣᠷᠢᠶ᠎ᠠ 22᠎ᠤᠨ ᠡᠳᠦᠷ ᠳᠠᠬᠢᠨᠲᠠ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠤᠯᠤᠮᠵᠢ ᠨᠡᠢᠲᠡᠯᠡᠵᠦ᠂ ᠳᠤᠮᠳᠠᠳᠤ ᠳᠣᠷᠣᠨᠠᠲᠤ ᠣᠷᠣᠨ᠎ᠳᠤ ᠪᠠᠢᠭ᠎ᠠ ᠠᠮᠧᠷᠢᠺᠠ᠎ᠶᠢᠨ ᠠᠷᠠᠳ ᠢᠷᠭᠡᠳ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠠᠢ ᠪᠠᠢᠬᠤ᠎ᠶᠢ ᠰᠠᠨᠠᠭᠤᠯᠪᠠ᠃ ᠡᠨᠡ ᠪᠣᠯ ᠠᠮᠧᠷᠢᠺᠠ᠎ᠶᠢᠨ ᠳᠦᠷᠦ᠎ᠶᠢᠨ ᠶᠠᠪᠤᠳᠠᠯ᠎ᠤᠨ ᠬᠣᠷᠢᠶ᠎ᠠ ᠥᠩᠭᠡᠷᠡᠭᠰᠡᠨ ᠲᠠᠪᠤᠨ ᠡᠳᠦᠷ᠎ᠦᠨ ᠳᠣᠲᠣᠷ᠎ᠠ ᠭᠤᠷᠪᠠᠳᠠᠭᠢ ᠤᠳᠠᠭ᠎ᠠ ᠠᠮᠧᠷᠢᠺᠠ᠎ᠶᠢᠨ ᠠᠷᠠᠳ ᠢᠷᠭᠡᠳ᠎ᠲᠦ ᠪᠦᠬᠦ ᠪᠥᠮᠪᠥᠷᠴᠡᠭ ᠦ᠋ᠨ ᠠᠮᠤᠷ ᠲᠦᠪᠰᠢᠨ ᠤ᠋ ᠰᠠᠨᠠᠭᠤᠯᠤᠮᠵᠢ ᠨᠡᠢᠲᠡᠯᠡᠵᠦ ᠪᠠᠢᠭ᠎ᠠ ᠶᠠᠪᠤᠳᠠᠯ ᠪᠣᠯᠣᠨ᠎ᠠ᠃


ᠦᠢᠯᠡᠴᠢᠯᠡᠭᠡ  


✦ᠠᠯᠠᠱᠠ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 190 ᠴᠠᠭᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ ᠡᠯᠰᠡᠵᠦ ᠪᠤᠢ᠃ 

 

 

ᠲᠠᠨ ᠎ᠤ ᠲᠤᠰᠡ ᠳ᠋ᠤ 

✦ᠬᠥᠮᠥᠨ ᠎ᠦ ᠪᠡᠶ᠎ᠡ ᠎ᠳᠦ ᠲᠣᠭᠲᠠᠭᠰᠠᠨ ᠡᠳᠦᠷ ᠰᠥᠨᠢ᠎ᠶᠢᠨ ᠬᠡᠮᠨᠡᠯ᠎ᠲᠠᠢ ᠪᠠᠢᠳᠠᠭ᠃ ᠥᠷᠯᠥᠭᠡ ᠡᠷᠲᠡ ᠬᠥᠮᠥᠨ᠎ᠦ ᠪᠡᠶ᠎ᠡ᠎ᠶᠢᠨ ᠢᠨᠰᠦᠯᠢᠨ ᠤ᠋ ᠰᠣᠷᠭᠣᠭ ᠴᠢᠨᠠᠷ ᠬᠠᠮᠤᠭ ᠰᠠᠢᠨ ᠪᠠᠢᠵᠦ᠂ ᠵᠢᠮ᠎ᠡ ᠶᠣᠰᠣ᠌᠎ᠲᠠᠢ᠎ᠪᠠᠷ ᠥᠷᠯᠥᠭᠡ᠎ᠶᠢᠨ ᠬᠣᠭᠣᠯᠠ ᠢᠳᠡᠪᠡᠯ ᠪᠦᠬᠦ ᠡᠳᠦᠷ ᠎ᠦᠨ ᠴᠢᠰᠤᠨ ᠰᠢᠬᠢᠷ᠎ᠢ ᠵᠣᠬᠢᠴᠠᠭᠤᠯᠬᠤ ᠲᠣᠭᠲᠠᠴᠠ ᠎ᠶᠢ ᠪᠦᠲᠦᠮᠵᠢᠲᠡᠶ ᠢᠳᠡᠪᠬᠢᠵᠢᠭᠦᠯᠦᠨ᠎ᠡ᠃ ᠬᠡᠷᠪᠡ ᠤᠷᠲᠤ ᠬᠤᠭᠤᠴᠠᠭ᠎ᠠ᠎ᠪᠠᠷ ᠥᠷᠯᠥᠭᠡ ᠶ᠋ᠢᠨ ᠬᠣᠭᠣᠯᠠ ᠢᠳᠡᠬᠦ ᠦᠭᠡᠢ ᠪᠤᠶᠤ ᠬᠡᠳᠦ ᠣᠷᠣᠢ ᠢᠳᠡᠪᠡᠯ ᠢᠨᠰᠦᠯᠢᠨ  ᠤ᠋ ᠲᠣᠬᠢᠷᠠᠭᠤᠯᠬᠤ ᠴᠢᠳᠠᠪᠤᠷᠢ᠎ᠶᠢ ᠰᠢᠭᠤᠳ ᠪᠠᠭᠤᠷᠠᠭᠤᠯᠵᠤ᠂ ᠴᠢᠰᠤᠨ ᠰᠢᠬᠢᠷ ᠎ᠦᠨ ᠲᠣᠬᠢᠷᠠᠭᠤᠯᠤᠯᠲᠠ᠎ᠶᠢ ᠰᠠᠮᠠᠭᠤᠷᠠᠭᠤᠯᠤᠨ᠎ᠠ᠃

 

 

ᠵᠠᠯᠭᠠᠭᠠᠳ 《ᠰᠡᠳᠬᠢᠯ᠎ᠤᠨ ᠲᠦᠰᠢᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ! ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号