7 ᠰᠠᠷ᠎ᠠ ᠵᠢᠨ 26 ᠎ᠤ ᠡᠳᠤᠷ
ᠡᠬᠢᠯᠡᠬᠦ᠌ ᠴᠠᠭ᠄
2026-07-26 11:57:12
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

10001010101010101010101010101010101010101封面模板0101.jpg





 ᠨᠡᠢᠭᠡᠮ                                  

✦ᠳᠣᠲᠣᠭᠠᠳᠤ ᠎ᠶᠢ ᠬᠠᠮᠠᠭᠠᠯᠠᠬᠤ ᠶᠠᠮᠤᠨ ᠎ᠤ ᠮᠡᠳᠡᠭᠡ ᠵᠢ ᠦᠨᠳᠦᠰᠦᠯᠡᠪᠡᠯ᠂ ᠤᠯᠠᠨ ᠤᠯᠤᠰ᠎ᠤᠨ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠴᠣᠬᠢᠯᠲᠠ ᠥᠭᠬᠦ ᠬᠣᠯᠪᠣᠭ᠎ᠠ ᠡᠨᠡ ᠵᠢᠯ ᠪᠠᠢᠭᠤᠯᠤᠭᠳᠠᠬᠤ ᠪᠡᠷ ᠪᠤᠢ᠃

✦ᠤᠯᠤᠰ᠎ᠦᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠦᠨ

ᠬᠥᠭᠵᠢᠭᠦᠯᠦᠯᠲᠡ ᠪᠠ  ᠥᠭᠡᠷᠡᠴᠢᠯᠡᠯᠲᠡ ᠎ᠶᠢᠨ ᠵᠥᠪᠯᠡᠯ ᠤᠢᠷ᠎ᠠ᠎ᠳᠦ ᠬᠠᠮᠲᠤᠷᠠᠨ 《ᠬᠢᠲᠠᠳ ᠡᠮ ᠡᠮᠨᠡᠯᠭᠡ᠎ᠶᠢ ᠬᠥᠭᠵᠢᠭᠦᠯᠦᠨ ᠮᠠᠨᠳᠤᠭᠤᠯᠬᠤ〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ》 ᠵᠢ ᠳᠠᠷᠤᠮᠠᠯᠯᠠᠨ ᠲᠠᠷᠬᠠᠭᠠᠵᠤ᠂ ᠠᠷᠪᠠᠨ ᠲᠠᠯ᠎ᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃ ᠲᠥᠯᠦᠪᠵᠢᠭᠦᠯᠭᠡ᠎ᠳᠦ᠂ 2030 ᠣᠨ ᠪᠣᠯᠬᠤ᠎ᠳᠤ ᠬᠥᠮᠥᠨ ᠪᠦᠬᠦᠨ ᠬᠢᠲᠠᠳ ᠡᠮ ᠡᠮᠨᠡᠯᠭᠡ᠎ᠶᠢᠨ ᠦᠢᠯᠡᠴᠢᠯᠡᠭᠡ ᠬᠥᠷᠲᠡᠬᠦ᠎ᠶᠢ ᠪᠡᠶᠡᠯᠡᠬᠦᠯᠦᠨ᠎ᠡ ᠭᠡᠵᠡᠢ᠃

✦ᠤᠯᠤᠰ ᠎ᠤᠨ ᠭᠠᠢᠯᠢ ᠎ᠶᠢᠨ ᠶᠠᠪᠤᠳᠠᠯ ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠤᠢᠷ᠎ᠠ᠎ᠳᠤ ᠠᠯᠪᠠᠨ ᠵᠠᠷᠯᠠᠯ ᠨᠡᠢᠲᠡᠯᠡᠵᠦ᠂ ᠥᠪᠡᠷᠲᠡᠭᠡᠨ ᠵᠠᠰᠠᠬᠤ ᠣᠷᠣᠨ᠎ᠦ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠵᠢᠨ 2026 ᠣᠨ᠎ᠤ ᠲᠤᠬᠠᠢᠯᠠᠭᠰᠠᠨ ᠠᠵᠢᠯ᠎ᠤᠨ ᠣᠨ ( 2026 ᠣᠨ᠎ᠤ 7 ᠰᠠᠷ᠎ᠠ ᠡᠴᠡ 2027 ᠣᠨ᠎ᠦ 6 ᠰᠠᠷ᠎ᠠ )᠎ᠤ ᠠᠵᠢᠯᠲᠠᠨ ᠠᠵᠢᠯᠴᠢᠨ᠎ᠤ ᠦᠨᠳᠦᠰᠦᠨ ᠡᠮᠨᠡᠯᠭᠡ ᠵᠢᠨ ᠳᠠᠭᠠᠳᠬᠠᠯ᠎ᠤᠨ ᠰᠦᠢᠳᠬᠡᠯ ᠲᠤᠰᠢᠶᠠᠬᠤ ᠰᠠᠭᠤᠷᠢ ᠲᠣᠭ᠎ᠠ᠎ᠳᠤ 8 ᠰᠠᠷ᠎ᠠ᠎ᠶᠢᠨ 1᠎ᠦ ᠡᠳᠦᠷ᠎ᠡᠴᠡ ᠡᠬᠢᠯᠡᠨ ᠲᠣᠬᠢᠷᠠᠭᠤᠯᠤᠯᠲᠠ ᠬᠢᠨ᠎ᠡ ᠭᠡᠪᠡ᠃

✦ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠮᠠᠨ᠎ᠤ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠲᠣᠭᠲᠠᠮᠠᠯ ᠬᠤᠭᠤᠴᠠᠭᠠᠲᠤ ᠠᠶᠠᠯᠠᠯ᠎ᠤᠨ ᠱᠤᠭᠤᠮ 1000᠎ᠶᠢ ᠳᠠᠪᠠᠵᠠᠢ᠃

✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠤᠢᠷ᠎ᠠ᠎ᠳᠦ ᠰᠢᠨ᠎ᠡ ᠨᠢᠭᠡ ᠪᠦᠯᠦᠭ ᠤᠯᠤᠰ᠎ᠤᠨ ᠳᠡᠰ᠎ᠤᠨ ᠪᠣᠬᠢᠷᠲᠤᠯ ᠦᠭᠡᠢ ᠠᠭᠤᠷᠬᠠᠢ ᠎ᠶᠢᠨ ᠨᠡᠷᠡᠰ᠎ᠢ ᠨᠡᠢᠲᠡᠯᠡᠵᠦ᠂ ᠥᠪᠥᠷ ᠮᠣᠩᠭᠣᠯ᠎ᠤᠨ 28 ᠠᠭᠤᠷᠬᠠᠢ ᠰᠣᠩᠭᠣᠭᠳᠠᠵᠤ᠂ ᠰᠢᠨ᠎ᠡ ᠪᠡᠷ ᠨᠡᠮᠡᠭᠳᠡᠭᠰᠡᠨ ᠬᠡᠮᠵᠢᠶ᠎ᠡ ᠪᠡᠷ ᠪᠦᠬᠦ ᠤᠯᠤᠰ᠎ᠲᠦ ᠬᠤᠶᠠᠳᠤᠭᠠᠷ᠎ᠲᠦ ᠤᠷᠤᠪᠠ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠲᠦᠷᠦᠬᠦᠬᠡᠨ ᠨᠡᠢᠲᠡᠯᠡᠭᠰᠡᠨ ᠣᠶᠤᠨᠳᠤ ᠭᠡᠷᠡᠯᠴᠢ ᠴᠡᠨᠡᠭ᠎ᠦᠨ ᠨᠡᠢᠲᠡᠯᠢᠭ ᠵᠢᠱ᠌ᠢᠶ᠎ᠡ ᠎ᠶᠢᠨ ᠨᠡᠷᠡᠰ᠎ᠦᠨ ᠵᠢᠭ᠍ᠰᠠᠭᠠᠯᠲᠠ᠎ᠳᠤ᠂ ᠬᠣᠩ ᠶᠤᠸᠠᠨ ᠰᠢᠨ᠎ᠡ ᠮᠠᠲᠧᠷᠢᠶᠠᠯ (ᠪᠤᠭᠤᠲᠤ)᠎ᠤᠨ ᠬᠢᠵᠠᠭᠠᠷᠲᠤ ᠺᠣᠮᠫᠠᠨᠢ᠎ᠶᠢᠨ《ᠬᠣᠩ ᠶᠤᠸᠠᠨ ᠰᠢᠨ᠎ᠡ ᠮᠠᠲᠧᠷᠢᠶᠠᠯ᠎ᠤᠨ ᠣᠶᠤᠨᠳᠤ ᠭᠡᠷᠡᠯᠴᠢ ᠴᠡᠨᠡᠭ᠎ᠦᠨ ᠨᠡᠢᠲᠡᠯᠢᠭ ᠵᠢᠱ᠌ᠢᠶ᠎ᠡ》 ᠠᠮᠵᠢᠯᠲᠠ᠎ᠲᠠᠢ ᠰᠣᠩᠭᠣᠭᠳᠠᠵᠤ᠂ ᠮᠠᠨ᠎ᠤ ᠤᠷᠤᠨ᠎ᠤ ᠴᠣᠷ᠎ᠤᠨ ᠭᠠᠭᠴᠠ ᠰᠣᠩᠭᠣᠭᠳᠠᠭᠰᠠᠨ ᠲᠦᠷᠦᠯ ᠵᠤᠢᠯ ᠪᠣᠯᠵᠠᠢ᠃

✦ᠳᠡᠭᠡᠷ᠎ᠡ ᠬᠠᠭᠠᠰ ᠵᠢᠯ᠎ᠳᠤ᠂ ᠲᠦᠩᠯᠢᠶᠤᠤ ᠬᠤᠳᠠ ᠤᠯᠠᠨ ᠲᠦᠮᠡᠨ᠎ᠤ ᠬᠦᠴᠢᠷᠳᠡᠯᠳᠠᠢ ᠠᠰᠠᠭᠤᠳᠠᠯ᠎ᠳᠤ ᠠᠩᠬᠠᠷᠤᠯ ᠵᠢᠡᠨ ᠲᠦᠪᠯᠡᠷᠡᠬᠦᠯᠵᠤ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠠᠷᠠᠳ᠎ᠲᠤ ᠠᠰᠢᠭ᠋ ᠬᠦᠷᠲᠡᠭᠡᠬᠦ ᠠᠮᠠᠯᠠᠯᠲᠠ᠎ᠪᠠᠨ ᠨᠠᠢᠳᠠᠪᠤᠷᠢᠵᠢᠭᠤᠯᠵᠠᠢ᠃ 220 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠳᠦ ᠠᠵᠢᠯᠴᠢᠳ᠎ᠢ 1.74 ᠲᠦᠮᠡᠨ ᠬᠥᠮᠥᠨ ᠤᠳᠠᠭ᠎ᠠ ᠬᠡᠷᠡᠭᠯᠡᠨ᠂《ᠠᠵᠢᠯ ᠣᠯᠭᠣᠯᠲᠠ᠎ᠪᠠᠷ ᠲᠡᠳᠬᠦᠮᠵᠢ᠎ᠶᠢ ᠣᠷᠣᠯᠠᠭᠤᠯᠬᠤ》ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 4.48 ᠳ᠋ᠦᠩᠰᠢᠭᠤᠷ ᠲᠥᠭᠥᠷᠢᠭ᠎ᠲᠦ ᠬᠦᠷᠴᠦ᠂ 3.22 ᠳ᠋ᠦᠩᠰᠢᠭᠤᠷ ᠲᠥᠭᠥᠷᠢᠭ᠎ᠦᠨ ᠬᠥᠯᠥᠰᠦ ᠣᠯᠭᠣᠮᠵᠢ ᠣᠯᠭᠣᠪᠠ᠃

✦7 ᠰᠠᠷ᠎ᠠ᠎ᠶᠢᠨ 24᠎ᠦ ᠡᠳᠦᠷ᠂ ᠥᠪᠥᠷ ᠮᠣᠩᠭᠣᠯ᠎ᠤᠨ ᠮᠦᠽᠧᠢ᠎ᠶᠢᠨ ᠬᠢᠨ ᠮᠦᠽᠧᠢ᠎ᠶᠢᠨ ᠲᠠᠢᠯᠪᠤᠷᠢᠯᠠᠬᠤ ᠦᠢᠯᠡᠴᠢᠯᠡᠭᠡᠨ᠎ᠦ ᠡᠮᠬᠢ ᠵᠢᠷᠤᠮ᠎ᠢ ᠵᠢᠷᠤᠮᠵᠢᠭᠤᠯᠬᠤ ᠲᠤᠬᠠᠢ ᠠᠯᠪᠠᠨ ᠵᠠᠷᠯᠠᠯ ᠨᠡᠢᠲᠡᠯᠡᠵᠦ᠂ ᠥᠪᠥᠷ ᠮᠣᠩᠭᠣᠯ᠎ᠤᠨ ᠮᠦᠽᠧᠢ᠎ᠶᠢᠨ ᠠᠯᠪᠠᠨ᠎ᠤ ᠲᠠᠯ᠎ᠠ᠎ᠶᠢᠨ ᠲᠠᠢᠯᠪᠤᠷᠢᠯᠠᠬᠤ ᠬᠢᠷᠢ ᠭᠡᠮ᠎ᠢ ᠣᠯᠣᠭᠰᠠᠨ ᠦᠭᠡᠢ ᠶᠠᠮᠠᠷᠪᠠ ᠪᠠᠢᠭᠤᠯᠤᠮᠵᠢ ᠪᠠ ᠬᠤᠪᠢ ᠬᠥᠮᠥᠨ ᠦᠵᠡᠭᠦᠯᠭᠡ᠎ᠶᠢᠨ ᠲᠢᠩᠬᠢᠮ᠎ᠳᠦ ᠲᠠᠢᠯᠪᠤᠷᠢᠯᠠᠬᠤ ᠠᠵᠢᠯᠯᠠᠭ᠎ᠠ ᠬᠢᠵᠦ ᠪᠣᠯᠬᠤ ᠦᠭᠡᠢ ᠭᠡᠪᠡ᠃

✦ᠲᠦᠩᠯᠢᠶᠣᠣ ᠬᠤᠲᠠ ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ ᠎ᠶᠢᠨ ᠲᠣᠭᠣᠷᠢᠭ᠋ ᠎ᠤᠨ ᠰᠢᠭᠤᠳ ᠬᠠᠷᠢᠶ᠎ᠠ ᠠᠯᠪᠠᠨ᠎ᠠᠴᠠ ᠡᠷᠬᠢᠯᠡᠭᠰᠡᠨ ᠬᠡᠦᠬᠡᠳ᠎ᠦᠨ ᠴᠡᠴᠡᠷᠯᠢᠭ — ᠲᠠᠪᠤᠳᠤᠭᠠᠷ ᠬᠡᠦᠬᠡᠳ᠎ᠦᠨ ᠴᠡᠴᠡᠷᠯᠢᠭ ᠨᠢ ᠡᠭᠦᠳᠡ᠎ᠪᠡᠨ ᠨᠡᠭᠡᠭᠡᠬᠦ᠎ᠪᠡᠷ ᠪᠣᠶ᠃ ᠲᠤᠰ ᠴᠡᠴᠡᠷᠯᠢᠭ᠎ᠦᠨ ᠶᠡᠷᠦᠩᠬᠡᠢ ᠪᠡᠯᠡ ᠣᠷᠣᠭᠤᠯᠤᠯᠲᠠ ᠨᠢ 3000 ᠭᠠᠷᠤᠢ ᠲᠦᠮᠡᠨ ᠲᠥᠭᠥᠷᠢᠭ᠎ᠲᠦ ᠬᠦᠷᠴᠦ᠂ 18 ᠵᠢᠭᠠᠨ ᠰᠤᠷᠭᠠᠬᠤ ᠠᠩᠭᠢ ᠲᠣᠬᠢᠷᠠᠭᠤᠯᠤᠨ᠂ ᠬᠡᠦᠬᠡᠳ ᠰᠠᠭᠠᠲᠠᠭᠤᠯᠬᠤ ᠪᠠᠢᠭᠤᠯᠤᠮᠵᠢ ᠪᠠ ᠬᠡᠦᠬᠡᠳ᠎ᠦᠨ ᠴᠡᠴᠡᠷᠯᠢᠭ ᠎ᠢ ᠨᠢᠭᠡ ᠴᠣᠭᠴᠠᠵᠢᠭᠤᠯᠤᠭᠰᠠᠨ ᠴᠡᠴᠡᠷᠯᠢᠭ ᠡᠷᠬᠢᠯᠡᠬᠦ ᠵᠠᠭᠪᠤᠷ᠎ᠢ ᠬᠡᠷᠡᠭᠵᠢᠭᠦᠯᠬᠦ ᠪᠡᠷ ᠪᠤᠢ᠃

 ᠠᠵᠦ ᠠᠬᠤᠢ 

✦ᠳᠡᠭᠡᠷ᠎ᠡ ᠬᠠᠭᠠᠰ ᠵᠢᠯ᠎ᠳᠦ᠂ ᠪᠠᠶᠠᠨᠨᠠᠭᠤᠷ ᠬᠤᠲᠠ᠎ᠶᠢᠨ ᠲᠠᠷᠢᠶᠠᠯᠠᠩ᠎ᠤᠨ ᠢᠳᠡᠭᠡᠨ᠎ᠦ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ 46.2 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 28.9% ᠪᠡᠷ ᠨᠡᠮᠡᠭᠳᠡᠵᠦ᠂ ᠪᠦᠬᠦ ᠣᠷᠣᠨ᠎ᠤ ᠲᠠᠷᠢᠶᠠᠯᠠᠩ᠎ᠤᠨ ᠢᠳᠡᠭᠡᠨ᠎ᠦ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ᠎ᠶᠢᠨ ᠶᠡᠷᠦᠩᠬᠡᠢ ᠥᠷᠲᠡᠭ᠎ᠦᠨ 62.6% ᠎ᠶᠢ ᠡᠵᠡᠯᠡᠵᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃

✦7 ᠰᠠᠷ᠎ᠠ᠎ᠶᠢᠨ 21᠎ᠦ ᠡᠳᠦᠷ ᠪᠣᠯᠲᠠᠯ᠎ᠠ᠂ ᠭᠠᠭᠴᠠᠮᠣᠳᠤ ᠬᠢᠯᠢ᠎ᠶᠢᠨ ᠪᠣᠭᠣᠮᠲᠠ᠎ᠶᠢᠨ ᠬᠢᠨ ᠨᠡᠶ᠋ᠢᠲᠡ 3011.72 ᠲᠦᠮᠡᠨ ᠲᠣᠨ ᠪᠠᠷᠠᠭ᠎ᠠ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ᠎ᠶᠢ  ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 52.04%᠎ᠪᠠᠷ ᠨᠡᠮᠡᠭᠳᠡᠨ᠂ ᠨᠢᠳᠤᠨᠤᠨ᠎ᠤ ᠬᠢ᠎ᠡᠴᠡ 70 ᠡᠳᠦᠷ ᠤᠷᠢᠳᠴᠢᠯᠠᠨ 3000 ᠲᠦᠮᠡᠨ ᠲᠣᠨ᠎ᠢ ᠪᠡᠶᠡᠯᠡᠭᠦᠯᠵᠦ᠂ ᠬᠢᠯᠢ᠎ᠶᠢᠨ ᠪᠣᠭᠣᠮᠲᠠ᠎ᠶᠢᠨ ᠠᠳᠠᠯᠢ ᠬᠤᠭᠤᠴᠠᠭᠠᠨ᠎ᠤ ᠪᠣᠭᠣᠮᠲᠠ᠎ᠪᠠᠷ ᠥᠩᠭᠡᠷᠡᠭᠰᠡᠨ ᠪᠠᠷᠠᠭᠠᠨ᠎ᠤ ᠬᠡᠮᠵᠢᠶ᠎ᠡ᠎ᠶᠢᠨ ᠲᠡᠦᠬᠡᠨ ᠰᠢᠨ᠎ᠡ ᠲᠡᠮᠳᠡᠭᠯᠡᠯ᠎ᠢ ᠡᠭᠦᠳᠪᠡ᠃

 ᠰᠤᠶᠤᠯ 

✦7 ᠰᠠᠷ᠎ᠠ ᠎ᠶᠢᠨ 24᠎ᠤ ᠡᠳᠦᠷ᠂ ᠰᠢᠯᠢ ᠎ᠶᠢᠨ ᠭᠣᠣᠯ ᠠᠢᠮᠠᠭ ᠎ᠤᠨ ᠠᠩᠬᠠᠨ᠎ᠤ《ᠭᠠᠨᠵᠤᠤᠷ》᠂《ᠳ᠋ᠠᠨᠵᠤᠤᠷ》᠎ᠢ ᠬᠠᠳᠠᠭᠠᠯᠠᠭᠰᠠᠨ 《ᠡᠷᠲᠡᠨ᠎ᠦ ᠰᠤᠷᠪᠤᠯᠵᠢ ᠪᠢᠴᠢᠭ ᠬᠣᠷᠢᠶᠠᠨ ᠬᠠᠳᠠᠭᠠᠯᠠᠬᠤ ᠥᠷᠥᠭᠡ》 ᠬᠥᠪᠡᠭᠡᠲᠦ ᠰᠢᠷ᠎ᠠ ᠬᠣᠰᠢᠭᠤᠨ᠎ᠳᠤ ᠪᠠᠢᠭᠤᠯᠤᠭᠳᠠᠪᠠ᠃

✦7 ᠰᠠᠷ᠎ᠠ᠎ᠶᠢᠨ 24᠎ᠦ ᠡᠳᠦᠷ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 2026 ᠣᠨ᠎ᠤ ᠪᠠᠷᠠᠭᠤᠨ ᠣᠷᠣᠨ᠎ᠤ ᠠᠷᠠᠳ᠎ᠤᠨ ᠳᠠᠭᠤᠤ᠎ᠶᠢᠨ ᠴᠤᠭᠯᠠᠭᠠᠨ ᠤᠷᠠᠳ᠎ᠤᠨ ᠡᠮᠦᠨᠡᠲᠦ ᠬᠣᠰᠢᠭᠤᠨ᠎ᠳᠤ ᠡᠬᠢᠯᠡᠵᠦ᠂ ᠰᠢᠷᠢᠰ ᠠᠵᠢᠯᠯᠠᠭ᠎ᠠ ᠨᠢ 7 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠨ᠎ᠠ᠃

 ᠲᠠᠮᠢᠷ

✦ᠤᠢᠷ᠎ᠠ᠎ᠳᠤ ᠦᠦᠰᠢᠨ ᠬᠣᠰᠢᠭᠤᠨ᠎ᠳᠤ ᠪᠣᠯᠤᠭᠰᠠᠨ 2026 《ᠲᠠᠯ᠎ᠠ ᠨᠤᠲᠤᠭ᠎ᠤᠨ ᠵᠢᠷᠤᠭ᠎ᠠ ᠮᠣᠷᠢᠨ》᠎ᠤ ᠬᠣᠯᠪᠣᠭᠠᠲᠤ ᠤᠷᠤᠯᠳᠤᠭᠠᠨ᠎ᠳᠤ ᠣᠲᠤᠭ᠎ᠤᠨ ᠡᠮᠦᠨᠡᠲᠦ ᠬᠣᠰᠢᠭᠤᠨ᠎ᠤ ᠪᠣᠷᠤᠪᠠᠯᠭᠠᠰᠤ ᠵᠢᠨ ᠬᠥᠬᠡᠲᠣᠯᠣᠭᠠᠢ ᠭᠠᠴᠠᠭᠠᠨ᠎ᠤ ᠤᠶᠠᠭᠠᠴᠢ ᠰᠡᠴᠡᠨᠪᠢᠯᠢᠭ᠎ᠦᠨ ᠬᠡᠭᠡᠷ ᠮᠣᠷᠢ 400 ᠮᠧᠲᠷ᠎ᠦᠨ ᠵᠢᠷᠤᠭ᠎ᠠ ᠮᠣᠷᠢᠨ᠎ᠤ ᠤᠷᠤᠯᠳᠤᠭᠠᠨ᠎ᠳᠤ ᠲᠦᠷᠦᠭᠦᠯᠡᠵᠡᠢ᠃

 ᠲᠡᠯᠡᠬᠡᠢ  

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠡᠨᠧᠷᠭᠢ᠎ᠶᠢᠨ ᠵᠠᠬᠢᠷᠭ᠎ᠠ᠎ᠶᠢᠨ ᠮᠡᠳᠡᠭᠡᠯᠡᠭᠰᠡᠨ᠎ᠢᠶᠡᠷ᠂ ᠡᠨᠡ ᠵᠢᠯ ᠪᠠ ᠢᠷᠡᠬᠦ ᠵᠢᠯ᠎ᠳᠦ ᠪᠦᠬᠦ ᠳᠡᠯᠡᠬᠡᠢ᠎ᠶᠢᠨ ᠴᠠᠬᠢᠯᠭᠠᠨ ᠬᠦᠴᠦᠨ᠎ᠦ ᠬᠡᠷᠡᠭᠴᠡᠭᠡ ᠮᠥᠨ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ ᠳᠠᠢ᠃

 ᠦᠢᠯᠡᠴᠢᠯᠡᠭᠡ 

✦ᠤᠷᠳᠤᠰ᠎ᠤᠨ ᠠᠮᠢ ᠠᠬᠤᠢ ᠤᠷᠴᠢᠨ ᠲᠤᠭᠤᠷᠢᠨ᠎ᠤ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文)ᠦᠰᠦᠭ ᠎ᠢ  ᠳᠤᠪᠴᠢᠳᠠᠵᠤ ᠦᠵᠡᠭᠡᠷᠡᠢ!


 ᠲᠠᠨ᠎ᠤ ᠲᠤᠰᠠ᠎ᠳᠤ  

✦ᠳᠠᠪᠤᠰᠤ ᠪᠤᠯᠤᠨ ᠰᠢᠬᠢᠷ᠎ᠢ ᠤᠷᠳᠤ ᠬᠤᠭᠤᠴᠠᠭ᠎ᠠ ᠪᠡᠷ ᠬᠡᠮᠵᠢᠶ᠎ᠡ ᠡᠴᠡ ᠨᠢ ᠭᠡᠳᠤᠷᠡᠲᠡᠯ᠎ᠡ ᠢᠳᠡᠬᠦ ᠨᠢ ᠪᠦᠷ ᠴᠢᠰᠤᠨ ᠳᠠᠷᠤᠯᠳᠠ ᠵᠢ ᠦᠨᠳᠦᠷᠵᠢᠬᠦᠯᠳᠡᠭ᠃ ᠤᠴᠢᠷ ᠨᠢ ᠢᠳᠡᠰᠢᠨ ᠳᠠᠪᠤᠰᠤᠨ᠎ᠤ ᠭᠤᠤᠯ ᠪᠦᠷᠢᠯᠳᠦᠬᠦᠨ ᠨᠢ ᠨᠠᠲᠷᠢ ᠪᠠᠢᠵᠤ᠂ ᠬᠦᠮᠦᠨ᠎ᠤ ᠪᠡᠶ᠎ᠡ᠎ᠳᠤ ᠰᠢᠩᠭᠡᠬᠦ ᠬᠡᠮᠵᠢᠶ᠎ᠡ ᠨᠢ ᠭᠡᠲᠦᠷᠡᠪᠡᠯ ᠴᠢᠰᠤᠨ ᠳᠠᠷᠤᠯᠳᠠ ᠵᠢ ᠦᠨᠳᠦᠷᠵᠢᠬᠦᠯᠬᠦ ᠡᠯ᠎ᠡ ᠵᠤᠢᠯ᠎ᠤᠨ ᠪᠤᠳᠠᠰ᠎ᠤᠨ ᠰᠡᠷᠭᠡᠭ ᠴᠢᠨᠠᠷ᠎ᠢ ᠨᠡᠮᠡᠭᠳᠡᠬᠦᠯᠦᠨ᠂ ᠵᠢᠷᠤᠬᠡᠨ᠎ᠤ ᠳᠠᠷᠤᠭᠠᠰᠤ ᠵᠢ ᠬᠦᠨᠳᠤᠷᠡᠬᠦᠯᠵᠤ᠂ ᠴᠢᠰᠤᠨ ᠳᠠᠷᠤᠯᠳᠠ ᠵᠢ ᠦᠨᠳᠤᠷᠵᠢᠬᠦᠯᠳᠡᠭ᠃ ᠬᠦᠮᠦᠰ ᠡᠳᠤᠷ ᠪᠦᠷᠢ ᠵᠢᠷᠭᠤᠭᠠᠨ ᠭᠷᠠᠮ ᠡᠴᠡ ᠳᠤᠷᠤᠬᠰᠢ ᠳᠠᠪᠤᠰᠤ ᠬᠡᠷᠡᠭᠰᠡᠵᠤ᠂ ᠳᠠᠪᠤᠰᠤᠯᠠᠬᠰᠠᠨ ᠨᠤᠭᠤᠭ᠎ᠠ᠂ ᠳᠠᠪᠤᠰᠤᠯᠠᠬᠰᠠᠨ ᠦᠨᠳᠡᠭᠡ ᠵᠡᠷᠭᠡ ᠳᠠᠪᠤᠰᠤ ᠶᠡᠬᠡ ᠠᠭᠤᠯᠤᠬᠳᠠᠬᠰᠠᠨ ᠢᠳᠡᠭᠡᠨ᠎ᠢ ᠪᠠᠭ᠎ᠠ ᠢᠳᠡᠪᠡᠯ ᠵᠤᠬᠢᠨ᠎ᠠ᠃

ᠵᠠᠯᠭᠠᠭᠠᠳ 《ᠨᠠᠯᠠᠭᠠᠷ ᠨᠠᠢᠷ᠎ᠤᠨ ᠠᠶᠠᠯᠭᠤ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕


(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号