7 ᠰᠠᠷ᠎ᠠ ᠵᠢᠨ 27᠎ᠦ ᠡᠳᠦᠷ
ᠡᠬᠢᠯᠡᠬᠦ᠌ ᠴᠠᠭ᠄
2026-07-27 10:50:42
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_01.png


03盟市模板_01.png


ᠨᠡᠢ᠌ᠭᠡᠮ

✦ ᠲᠥᠷᠥ᠎ᠶᠢᠨ ᠶᠠᠪᠤᠳᠠᠯ᠎ᠤᠨ ᠬᠣᠷᠢᠶ᠎ᠠ ᠣᠢᠷ᠎ᠠ᠎ᠳᠤ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠦᠪᠵᠢᠭᠦᠯᠭᠡ (2026 ︱ 2030 ᠣᠨ)》 ᠶ᠋ᠢ ᠳᠠᠷᠤᠮᠠᠯᠯᠠᠨ ᠲᠠᠷᠬᠠᠭᠠᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ᠎ᠶᠢ ᠨᠢᠭᠡᠳᠦᠯᠲᠡᠢ ᠲᠥᠯᠦᠪᠵᠢᠭᠦᠯᠦᠨ᠂ 2030 ᠣᠨ᠎ᠤ ᠬᠥᠭᠵᠢᠯᠲᠡ᠎ᠶᠢᠨ ᠬᠠᠷᠠᠯᠲᠠ᠎ᠶᠢ ᠲᠣᠳᠣᠷᠬᠠᠢᠯᠠᠵᠠᠢ᠃

✦ ᠳᠤᠮᠳᠠᠳᠤ ᠤᠯᠤᠰ᠎ᠤᠨ ᠲᠣᠭᠯᠠᠯᠲᠠ᠎ᠶᠢᠨ ᠠᠵᠢᠯ ᠲᠥᠷᠥᠯ᠎ᠦᠨ ᠨᠡᠢᠭᠡᠮᠯᠢᠭ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠦᠨ ᠪᠥᠬᠥ ᠤᠯᠤᠰ᠎ᠤᠨ ᠡᠵᠡᠩᠨᠡᠯᠲᠡ᠎ᠶᠢᠨ ᠴᠢᠨᠠᠷᠲᠠᠢ ᠲᠣᠭᠯᠠᠯᠲᠠ (ᠵᠤᠭ᠎ᠠ ᠴᠡᠨᠭᠬᠡᠬᠦᠨ᠎ᠤ ᠲᠠᠯᠠᠪᠤᠷ᠎ᠤᠨ ᠲᠣᠭᠯᠠᠯᠲᠠ ᠪᠠᠭᠲᠠᠬᠤ ᠦᠭᠡᠢ) ᠶ᠋ᠢᠨ ᠪᠢᠯᠧᠲ᠎ᠦᠨ ᠣᠷᠣᠯᠭ᠎ᠠ 304.08 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 9.41% ᠪᠡᠷ ᠨᠡᠮᠡᠭᠳᠡᠵᠦ᠂ ᠦᠵᠡᠭᠴᠢᠳ ᠦ᠋ᠨ ᠲᠣᠭ᠎ᠠ 9881.18 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.28% ᠪᠡᠷ ᠨᠡᠮᠡᠭᠳᠡᠪᠡ᠃

✦ ᠣᠢᠷ᠎ᠠ᠎ᠶᠢᠨ ᠵᠢᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠳᠤᠤᠷ᠎ᠠ ᠠᠭᠠᠷ ᠤ᠋ᠨ ᠠᠵᠤ ᠠᠬᠤᠢ᠎ᠶᠢᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ 《ᠵᠢᠯᠣᠭᠣᠴᠢ ᠦᠭᠡᠢ ᠨᠢᠰᠬᠡᠯ + ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ》 ᠪᠣᠰᠣᠭ᠎ᠠ ᠴᠣᠭᠴᠠᠲᠤ ᠠᠪᠤᠷᠠᠨ ᠲᠤᠰᠠᠯᠠᠬᠤ ᠰᠢᠰᠲ᠋ᠸᠮ᠎ᠢ ᠪᠦᠬᠦ ᠬᠦᠴᠦᠨ᠎ᠢᠶᠡᠷ᠎ᠢᠶᠡᠨ ᠪᠠᠢᠭᠤᠯᠵᠤ᠂ ᠤᠳᠤᠬᠠᠨ ᠪᠤᠯᠳᠠᠯ᠎ᠠ ᠥᠪᠥᠷ ᠮᠣᠩᠭᠣᠯ᠎ᠤᠨ ᠡᠯ᠎ᠡ ᠱᠠᠲᠤᠨ᠎ᠤ ᠬᠢᠨ ᠡᠯ᠎ᠡ ᠲᠦᠷᠦᠯ᠎ᠦᠨ ᠵᠢᠯᠣᠭᠣᠴᠢ ᠦᠭᠡᠢ ᠨᠢᠰᠬᠡᠯ᠎ᠢ ᠨᠡᠢ᠍ᠢᠳᠡ 185 ᠲᠣᠬᠢᠷᠠᠭᠤᠯᠵᠤ᠂ ᠵᠢᠯᠣᠭᠣᠴᠢ ᠦᠭᠡᠢ ᠨᠢᠰᠬᠡᠯ᠎ᠦᠨ ᠠᠵᠢᠯᠯᠠᠭᠠᠨ᠎ᠤ ᠪᠣᠯᠪᠠᠰᠤᠷᠠᠯ᠎ᠢ 230 ᠭᠠᠷᠤᠢ ᠬᠥᠮᠥᠨ ᠤᠳᠠᠭ᠎ᠠ ᠥᠷᠨᠢᠭᠦᠯᠵᠦ᠂ 4 ᠡᠭᠡᠯᠵᠢ᠎ᠶᠢᠨ ᠰᠣᠷᠢᠯᠲᠠ᠎ᠶᠢ ᠵᠣᠬᠢᠶᠠᠨ ᠪᠠᠢᠭᠤᠯᠤᠨ ᠦᠷᠨᠢᠬᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠲᠠᠢ ᠬᠠᠮᠵᠢᠯᠴᠠᠨ 5 ᠤᠳᠠᠭ᠎ᠠ᠎ᠶᠢᠨ ᠵᠢᠯᠣᠭᠣᠴᠢ ᠦᠭᠡᠢ ᠨᠢᠰᠬᠡᠯ᠎ᠦᠨ ᠰᠣᠷᠢᠯᠲᠠ᠎ᠶᠢ ᠪᠡᠶᠡᠯᠡᠭᠦᠯᠪᠡ᠃

✦ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ ᠠ᠋ᠴᠠ 2026 ᠣᠨ᠎ᠤ ᠲᠤᠰᠬᠠᠢ ᠪᠡᠯᠡ ᠮᠥᠩᠭᠥ ᠡᠴᠡ 536 ᠲᠦᠮᠡᠨ ᠲᠥᠭᠥᠷᠢᠭ ᠪᠠᠭᠤᠯᠭᠠᠵᠤ᠂ ᠨᠥᠬᠥᠴᠡᠯ᠎ᠳᠦ ᠨᠡᠢᠴᠡᠬᠦ ᠦᠨᠳᠦᠰᠦᠨ ᠱᠠᠲᠤᠨ ᠳ᠋ᠤ ᠠᠵᠢᠯ ᠣᠯᠣᠭᠰᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠰᠤᠷᠤᠯᠭ᠎ᠠ᠎ᠶᠢᠨ ᠰᠦᠢᠳᠬᠡᠯ᠎ᠦᠨ ᠨᠥᠬᠥᠪᠦᠷᠢ ᠪᠤᠶᠤ ᠰᠤᠷᠤᠯᠭ᠎ᠠ᠎ᠶᠢ ᠳᠤᠰᠠᠯᠠᠬᠤ ᠵᠢᠭᠡᠯᠡᠯᠭᠡ᠎ᠵᠢ ᠣᠷᠣᠯᠠᠨ ᠲᠥᠯᠥᠬᠦ ᠳ᠋ᠤ ᠬᠡᠷᠡᠭᠯᠡᠪᠡ᠃

✦ 24᠎ᠦ ᠡᠳᠦᠷ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠤᠰᠤᠨ᠎ᠳᠤ ᠵᠢᠪᠬᠦ᠎ᠶᠢ ᠰᠡᠷᠭᠡᠢᠯᠡᠬᠦ ᠵᠢᠴᠢ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠦ ᠠᠵᠢᠯ᠎ᠤᠨ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠵᠤ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠵᠤᠨ᠎ᠤ ᠠᠮᠠᠷᠠᠯᠲᠠ ᠶ᠋ᠢᠨ ᠬᠤᠭᠤᠴᠠᠭᠠᠨ᠎ᠤ ᠰᠤᠷᠤᠭ᠍ᠴᠢᠳ᠎ᠤᠨ ᠤᠰᠤᠨ᠎ᠳᠤ ᠵᠢᠪᠬᠦ᠎ᠶᠢ ᠰᠡᠷᠭᠡᠢᠯᠡᠬᠦ ᠠᠵᠢᠯ᠎ᠢ ᠲᠣᠪᠣᠢᠮ᠎ᠠ ᠰᠠᠢᠲᠤᠷ ᠠᠳᠬᠤᠵᠤ᠂ ᠰᠠᠯᠠᠭ᠎ᠠ ᠮᠥᠴᠢᠷ᠂ ᠰᠤᠷᠭᠠᠭᠤᠯᠢ᠂ ᠭᠡᠷ ᠪᠦᠯᠢ᠂ ᠨᠡᠢᠭᠡᠮ᠎ᠦᠨ 《ᠳᠥᠷᠪᠡ᠎ᠶᠢ ᠨᠢᠭᠡ ᠴᠣᠭᠴᠠᠵᠢᠭᠤᠯᠤᠭᠰᠠᠨ》 ᠰᠡᠷᠭᠡᠢᠯᠡᠨ ᠡᠵᠡᠮᠳᠡᠬᠦ ᠲᠣᠣᠷ᠎ᠢ ᠨᠢᠭ᠍ᠲᠠ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠵᠠᠢ᠃

✦ ᠰᠢᠯᠢ᠎ᠶᠢᠨ ᠭᠣᠣᠯ ᠠᠢᠮᠠᠭ᠎ᠤᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ ᠭᠠᠵᠢᠭᠤ ᠨᠣᠮᠯᠠᠯ᠎ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ 2026 ᠣᠨ᠎ᠤ ᠳᠡᠭᠡᠷ᠎ᠡ ᠬᠠᠭᠠᠰ ᠵᠢᠯ᠎ᠳᠦ᠂ ᠪᠦᠬᠦ ᠠᠢᠮᠠᠭ᠎ᠤᠨ ᠬᠢᠨ ᠭᠠᠵᠢᠭᠤ ᠨᠣᠮᠯᠠᠯ᠎ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ᠎ᠦᠨ ᠤᠬᠠᠭᠤᠯᠭ᠎ᠠ᠎ᠶᠢᠨ ᠠᠵᠢᠯᠯᠠᠭ᠎ᠠ᠎ᠶᠢ ᠨᠡᠢ᠍ᠢᠳᠡ 160 ᠭᠠᠷᠤᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠤᠬᠠᠭᠤᠯᠬᠤ ᠮᠠᠲᠧᠷᠢᠶᠠᠯ᠎ᠢ 2000 ᠭᠠᠷᠤᠢ ᠬᠤᠪᠢ ᠲᠠᠷᠬᠠᠭᠠᠵᠤ᠂ 5 ᠲᠦᠮᠡ ᠭᠠᠷᠤᠢ ᠬᠥᠮᠥᠨ᠎ᠢ ᠬᠠᠮᠤᠷᠴᠠᠢ᠃


ᠠᠵᠤ ᠠᠬᠤᠢ

✦ ᠣᠢᠷ᠎ᠠ᠎ᠶᠢᠨ ᠵᠢᠯ᠎ᠡᠴᠡ ᠪᠠᠶᠠᠨᠨᠠᠭᠤᠷ ᠬᠤᠳᠠ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠶᠤᠨᠲᠤ ᠬᠦᠯᠡᠮᠵᠢ᠎ᠶᠢ ᠬᠥᠭᠵᠢᠭᠦᠯᠵᠦ᠂ ᠵᠢᠮᠢᠰ᠂ ᠢᠳᠡᠰᠢᠨ ᠨᠣᠭᠣᠭ᠎ᠠ ᠵᠡᠷᠭᠡ ᠤᠯᠠᠨ ᠵᠤᠷᠪᠤᠰ ᠣᠨᠴᠠᠯᠢᠭ᠍ᠲᠤ ᠠᠵᠤ ᠦᠢᠯᠡᠰ᠎ᠦᠨ ᠪᠦᠰᠡ᠎ᠶᠢ ᠲᠥᠯᠥᠪᠵᠢᠭᠦᠯᠦᠨ ᠪᠠᠢᠭᠤᠯᠵᠤ᠂ ᠣᠳᠣᠬᠠᠨ᠎ᠳᠤ ᠪᠥᠬᠥ ᠬᠣᠲᠠ᠎ᠶᠢᠨ ᠳᠦᠬᠦᠭᠡᠷᠦᠮᠵᠢᠲᠦ ᠲᠠᠷᠢᠶᠠᠯᠠᠩ᠎ᠤᠨ ᠲᠠᠯᠠᠪᠠᠶ ᠨᠡᠶ᠋ᠢᠲᠡ 32.71 ᠲᠦᠮᠡᠨ ᠮᠦ᠍᠎ᠳᠦ ᠬᠦᠷᠴᠦ᠂ ᠳᠦᠬᠦᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ᠋᠎ᠢ 224 ᠪᠠᠢᠭᠤᠯᠵᠤ᠂ ᠵᠢᠯ᠎ᠦᠨ ᠦᠢᠯᠡᠳᠬᠦᠨ᠎ᠦ ᠶᠡᠷᠦᠩᠬᠡᠢ ᠥᠷᠲᠡᠭ ᠨᠢ ᠨᠢᠭᠡᠨᠲᠡ 26 ᠳ᠋ᠦᠩᠰᠢᠭᠤᠷ ᠲᠥᠭᠥᠷᠢᠭ᠎ᠢ ᠳᠠᠪᠠᠭᠰᠠᠨ ᠪᠠᠢᠨ᠎ᠠ᠃

✦ ᠣᠢᠷ᠎ᠠ᠎ᠳᠤ ᠵᠠᠭᠤ ᠭᠠᠷᠤᠢ ᠭᠠᠵᠠᠷ ᠤᠷᠤᠰᠤᠭᠰᠠᠨ ᠪᠠᠷᠠᠭᠤᠨ ᠯᠢᠶᠣᠤᠾᠧ ᠭᠣᠣᠯ᠎ᠤᠨ ᠤᠰᠤ ᠲᠠᠷᠭᠤᠨ ᠤᠰᠤᠨ ᠠᠰᠢᠭ᠍ᠯᠠᠯᠲᠠ᠎ᠶᠢᠨ ᠲᠥᠪ᠎ᠲᠦ ᠤᠷᠤᠭᠰᠢᠲᠠᠢ ᠪᠠᠷ ᠬᠦᠷᠴᠦ᠂ 28 ᠵᠢᠯ ᠤᠷᠤᠰᠬᠠᠯ ᠲᠠᠰᠤᠷᠠᠭᠰᠠᠨ ᠳᠠᠮᠵᠢᠭᠤᠯᠬᠤ ᠱᠤᠭᠤᠮ᠎ᠢ ᠪᠦᠬᠦ ᠱᠤᠭᠤᠮ᠎ᠢᠶᠠᠷ ᠨᠠᠪᠲᠠᠷᠡᠭᠦᠯᠵᠦ᠂ ᠬᠠᠲᠠᠭᠠᠳ 3 ᠵᠢᠯ ᠪᠤᠯᠤᠭᠰᠠᠨ ᠲᠠᠷᠭᠤᠨ ᠤᠰᠤᠨ ᠴᠥᠭᠥᠷᠥᠮ᠎ᠳᠦ ᠤᠰᠤ ᠬᠠᠨᠭᠭᠠᠭᠰᠠᠨ ᠪᠠᠢᠨ᠎ᠠ᠃


ᠰᠣᠶᠣᠯ

✦ 24᠎ᠦ ᠡᠳᠦᠷ᠂ 34 ᠳ᠋ᠤᠭᠡᠷ ᠬᠤᠭᠤᠴᠠᠭᠠᠨ᠎ᠤ ᠪᠦᠬᠦ ᠤᠯᠤᠰ᠎ᠤᠨ ᠨᠣᠮ ᠪᠢᠴᠢᠭ ᠦ᠋ᠨ ᠠᠷᠠᠯᠵᠢᠶᠠᠨ ᠤ᠋ ᠦᠵᠡᠰᠬᠦᠯᠡᠩ ᠬᠠᠩᠵᠧᠦ᠎ᠳᠦ ᠡᠬᠢᠯᠡᠵᠦ᠂ ᠲᠣᠰ ᠬᠤᠭᠤᠴᠠᠭᠠᠨ᠎ᠤ ᠦᠵᠡᠰᠬᠦᠯᠡᠩ᠎ᠳᠤ 20 ᠭᠠᠷᠤᠢ ᠲᠦᠮᠡᠨ ᠵᠦᠢᠯ᠎ᠦᠨ ᠨᠣᠮ ᠪᠢᠴᠢᠭ᠎ᠢ ᠳᠡᠯᠭᠡᠨ ᠪᠣᠷᠣᠯᠠᠭᠤᠯᠵᠤ᠂ ᠡᠯ᠎ᠠ ᠬᠤᠷᠠᠯ᠎ᠤᠨ ᠲᠠᠯᠠᠪᠠᠶ᠎ᠳᠤ ᠤᠩᠰᠢᠯᠭ᠎ᠠ  ᠶ᠋ᠢ ᠳᠡᠯᠭᠡᠷᠡᠭᠦᠯᠬᠦ ᠠᠵᠢᠯᠯᠠᠭ᠎ᠠ ᠶ᠋ᠢ ᠮᠢᠩᠭ᠎ᠠ ᠭᠠᠷᠤᠢ ᠤᠳᠠᠭ᠎ᠠ ᠡᠷᠭᠢᠯᠡᠵᠦ᠂ ᠪᠦᠬᠦ ᠠᠷᠠᠳ᠎ᠤᠨ ᠤᠩᠰᠢᠯᠭ᠎ᠠ ᠶ᠋ᠢᠨ ᠬᠠᠯᠠᠭᠤᠨ ᠥᠷᠨᠢᠯ ᠢ᠋ ᠲᠠᠰᠤᠷᠠᠯᠲᠠ ᠦᠭᠡᠢ ᠨᠡᠮᠡᠭᠳᠡᠭᠦᠯᠬᠦ᠎ᠪᠤᠯᠤᠨ᠎ᠠ᠃

✦ ᠣᠢᠷ᠎ᠠ᠎ᠶᠢᠨ ᠵᠢᠯ᠎ᠡᠴᠡ ᠲᠦᠩᠯᠢᠶᠣᠣ ᠬᠤᠳᠠ᠎ᠶᠢᠨ ᠳᠣᠲᠣᠭᠠᠳᠤ᠎ᠶᠢ ᠬᠠᠮᠠᠭᠠᠯᠠᠬᠤ ᠤᠯᠠᠭᠠᠨᠮᠥ᠋ᠴᠢᠷ ᠥᠷᠨᠢᠩᠭᠦᠢ ᠬᠥᠭᠵᠢᠵᠦ᠂ ᠳᠣᠲᠣᠭᠠᠳᠤ᠎ᠶᠢ ᠬᠠᠮᠠᠭᠠᠯᠠᠬᠤ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠴᠢᠬᠤᠯᠠ ᠬᠦᠴᠦᠨ ᠪᠣᠯᠵᠠᠢ᠃ ᠣᠲᠣᠬᠠᠨ ᠪᠣᠯᠲᠠᠯ᠎ᠠ ᠪᠥᠬᠥ ᠬᠣᠲᠠ᠎ᠳᠤ ᠨᠢᠭᠡᠨᠲᠡ ᠳᠣᠲᠣᠭᠠᠳᠤ᠎ᠶᠢ ᠬᠠᠮᠠᠭᠠᠯᠠᠬᠤ ᠤᠯᠠᠭᠠᠨᠮᠥ᠋ᠴᠢᠷ᠎ᠦᠨ 10 ᠰᠠᠯᠪᠤᠷᠢ ᠪᠠᠭ᠎ᠠ ᠠᠩᠭᠢ ᠪᠠᠢᠭᠤᠯᠵᠤ᠂ 400 ᠭᠠᠷᠤᠢ ᠭᠡᠰᠢᠭᠦᠨ᠎ᠲᠠᠢ ᠪᠠᠢᠵᠤ᠂ ᠨᠡᠶ᠋ᠢᠲᠡ 120 ᠲᠠᠯᠠᠪᠠᠢ ᠲᠣᠭᠯᠠᠯᠲᠠ ᠭᠠᠷᠭᠠᠵᠠᠢ᠃

✦ 25᠎ᠤ ᠡᠳᠦᠷ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ 36 ᠳ᠋ᠤᠭᠠᠷ ᠬᠤᠭᠤᠴᠠᠭᠠᠨ᠎ᠤ ᠨᠠᠭᠠᠳᠤᠮ ᠵᠢᠴᠢ ᠵᠤᠨ᠎ᠤ ᠠᠮᠠᠷᠠᠯᠲᠠ ᠶ᠋ᠢᠨ ᠰᠣᠶᠣᠯ ᠵᠢᠭᠤᠯᠴᠢᠯᠠᠯ ᠤ᠋ᠨ ᠤᠯᠠᠷᠢᠯ ᠬᠥᠰᠢᠭᠡ᠎ᠪᠡᠨ ᠰᠡᠬᠦᠪᠡ᠃

✦ 25᠎ᠤ ᠡᠳᠦᠷ᠂ ᠣᠷᠳᠣᠰ᠎ᠤᠨ ᠵᠠᠯᠠᠭᠤᠴᠤᠳ ᠪᠠᠭᠠᠴᠤᠳ᠎ᠤᠨ ᠬᠢᠲᠠᠳ ᠡᠮ ᠡᠮᠨᠡᠯᠭᠡ᠎ᠶᠢᠨ ᠰᠣᠶᠣᠯ᠎ᠢ ᠣᠢᠯᠠᠭᠠᠬᠤ ᠠᠵᠢᠯᠯᠠᠭ᠎ᠠ ᠵᠢᠴᠢ ᠨᠡᠢᠰᠯᠡᠯ᠎ᠦᠨ ᠰᠤᠷᠤᠭ᠍ᠴᠢᠳ᠎ᠤᠨ ᠰᠣᠯᠢᠯᠴᠠᠭᠠᠨ᠎ᠤ ᠴᠤᠭᠯᠠᠭᠠᠨ ᠣᠷᠳᠣᠰ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠲᠦ ᠶᠠᠪᠤᠭᠳᠠᠪᠠ᠃

 

ᠲᠠᠮᠢᠷ

✦ ᠳᠡᠭᠡᠷ᠎ᠡ ᠭᠠᠷᠠᠭ ᠪᠣᠯᠲᠠᠯ᠎ᠠ᠂ 2026 ᠣᠨ᠎ᠤ ᠦᠪᠦᠷ ᠮᠣᠩᠭᠣᠯ᠎ᠤᠨ ᠬᠦᠯ ᠪᠦᠮᠪᠦᠭᠡ ᠵᠢᠨ ᠬᠡᠲᠦ ᠳᠡᠰ᠎ᠤᠨ ᠬᠣᠯᠪᠣᠭᠠᠲᠤ ᠤᠷᠤᠯᠳᠤᠭᠠᠨ᠎ᠤ ᠪᠠᠢᠩᠭᠤ᠎ᠶᠢᠨ ᠤᠷᠤᠯᠳᠤᠭᠠᠨ᠎ᠢ ᠦᠵᠡᠭᠰᠡᠨ ᠬᠥᠮᠥᠨ᠎ᠦ ᠲᠣᠭ᠎ᠠ 104.89 ᠲᠦᠮᠡᠨ ᠬᠥᠮᠥᠨ ᠤᠳᠠᠭ᠎ᠠ᠎ᠳᠤ ᠬᠦᠷᠴᠦ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠶᠢ ᠦᠵᠡᠭᠰᠡᠨ ᠬᠥᠮᠥᠨ᠎ᠦ ᠪᠥᠬᠥ ᠲᠣᠭ᠎ᠠ 1.1 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ 4.38 ᠳ᠋ᠦᠩᠰᠢᠭᠤᠷ ᠲᠥᠭᠥᠷᠢᠭ ᠤ᠋ᠨ ᠬᠡᠷᠡᠭᠯᠡᠭᠡ᠎ᠶᠢ ᠳᠠᠢᠴᠢᠯᠠᠵᠠᠢ᠃

✦ 25᠎ᠤ ᠡᠳᠦᠷ᠂ 2026 ᠣᠨ᠎ᠤ ᠪᠥᠬᠥ ᠤᠯᠤᠰ᠎ᠤᠨ ᠬᠠᠲᠠᠭᠤ ᠭᠠᠵᠠᠷ ᠤ᠋ᠨ ᠳᠡᠭᠡᠰᠦ ᠲᠠᠲᠠᠬᠤ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠬᠢᠯᠡᠯᠲᠡ᠎ᠶᠢᠨ ᠶᠣᠰᠣᠯᠠᠯ ᠵᠡᠭᠦᠨᠭᠠᠷ ᠬᠣᠰᠢᠭᠤᠨ ᠳ᠋ᠤ ᠶᠠᠪᠤᠭᠳᠠᠵᠦ᠂ ᠤᠷᠤᠯᠳᠤᠭᠠᠨ ᠳ᠋ᠤ ᠪᠦᠬᠦ ᠤᠯᠤᠰ᠎ᠤᠨ 10 ᠮᠤᠵᠢ ᠬᠣᠲᠠ ᠥᠪᠡᠷᠲᠡᠭᠡᠨ ᠵᠠᠰᠠᠬᠤ ᠣᠷᠣᠨ᠎ᠤ 19 ᠲᠥᠯᠥᠭᠡᠯᠡᠭᠴᠢ᠎ᠵᠢᠨ ᠠᠩᠭᠢ᠂ 313 ᠲᠠᠮᠢᠷᠴᠢᠨ ᠤᠷᠤᠯᠴᠠᠵᠠᠢ᠃

 

ᠳᠡᠯᠡᠬᠡᠢ

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠡᠷᠡᠭᠦᠦ᠎ᠶᠢᠨ ᠬᠡᠷᠡᠭ᠎ᠦᠨ ᠰᠢᠭᠦᠬᠦ ᠬᠣᠷᠢᠶ᠎ᠠ ᠵᠢᠨ ᠪᠠᠢᠴᠠᠭᠠᠭ᠍ᠴᠢ ᠲᠤᠰᠢᠶᠠᠯᠲᠠᠨ ᠺᠠᠯᠢᠮ·ᠬᠠᠨ 24᠎ᠦ ᠡᠳᠦᠷ 《ᠬᠦᠨᠳᠦ ᠨᠣᠴᠢᠲᠠᠢ ᠵᠣᠬᠢᠰ ᠦᠭᠡᠢ ᠦᠶ᠋ᠯᠡ ᠠᠵᠢᠯᠯᠠᠭ᠎ᠠ》 ᠵᠢᠴᠢ 《ᠬᠦᠨᠳᠦ ᠨᠣᠴᠢᠲᠠᠢ ᠬᠠᠷᠢᠭᠤᠴᠠᠯᠭ᠎ᠠ᠎ᠪᠠᠨ ᠠᠯᠳᠠᠭᠰᠠᠨ》 ᠵᠠᠭᠠᠯᠳᠤᠯᠭ᠎ᠠ᠎ᠪᠠᠷ ᠲᠤᠰᠢᠶᠠᠯ᠎ᠠᠴᠠ᠎ᠪᠠᠨ ᠤᠭᠴᠠᠷᠠᠭᠳᠠᠪᠠ᠃

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠡᠯᠡᠬᠡᠢ᠎ᠶᠢᠨ ᠪᠠᠩᠬᠢ ᠶ᠋ᠢᠨ ᠨᠡᠢᠲᠡᠯᠡᠭᠰᠡᠨ ᠠᠩᠬ᠎ᠠ ᠠᠯᠬᠤᠮ᠎ᠤᠨ ᠮᠡᠳᠡᠭᠦᠯᠦᠯᠲᠡ ᠡᠴᠡ ᠦᠵᠡᠪᠡᠯ᠂ 6 ᠰᠠᠷ᠎ᠠ᠎ᠶᠢᠨ 24᠎ᠦ ᠡᠳᠦᠷ ᠸᠧᠨᠧᠽᠦ᠋ᠧᠯᠠ᠎ᠳᠤ ᠡᠭᠦᠰᠦᠭᠰᠡᠨ ᠬᠣᠶᠠᠷ ᠤᠳᠠᠭ᠎ᠠ᠎ᠶᠢᠨ ᠭᠠᠵᠠᠷ ᠬᠥᠳᠡᠯᠦᠯᠲᠡ᠎ᠡᠴᠡ ᠪᠣᠯᠤᠭᠰᠠᠨ ᠰᠢᠭᠤᠳ ᠪᠣᠳᠠᠲᠤ ᠪᠣᠳᠠᠰ᠎ᠤᠨ ᠬᠣᠬᠢᠷᠠᠯ ᠵᠢᠱ᠌ᠢᠯᠲᠡ ᠪᠡᠷ 196 ᠳ᠋ᠦᠩᠰᠢᠭᠤᠷ ᠳ᠋ᠣᠯᠯᠠᠷ᠎ᠲᠤ ᠬᠦᠷᠴᠦ᠂ ᠲᠠᠬᠢᠨ ᠪᠦᠲᠦᠭᠡᠨ ᠪᠠᠶ᠋ᠢᠭᠤᠯᠬᠤ ᠥᠪᠡᠷ᠎ᠦᠨ ᠦᠷᠳᠡᠭ ᠨᠢ ᠡᠨᠡ ᠲᠣᠭᠠᠨ᠎ᠤ ᠬᠣᠶᠠᠷ ᠲᠠᠬᠢᠨ᠂ ᠴᠢᠨᠠᠭᠰᠢᠯᠠᠪᠠᠯ ᠨᠡᠩ ᠤᠯᠠᠨ ᠪᠠᠢᠵᠤ ᠮᠡᠳᠡᠨ᠎ᠠ ᠭᠡᠵᠡᠢ᠃


ᠦᠢ᠍ᠯᠡᠴᠢᠯᠡᠭᠡ

✦ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ 31 ᠠᠵᠢᠯᠳᠠᠨ ᠡᠯᠰᠡᠨ᠎ᠠ᠃


ᠲᠠᠨ᠎ᠤ ᠲᠤᠰᠠ᠎ᠳᠤ

✦ ᠵᠤᠨ᠎ᠤ ᠤᠯᠠᠷᠢᠯ᠎ᠳᠤ ᠰᠢᠮᠠᠭᠤᠯ ᠬᠣᠷᠣᠬᠠᠢ ᠤᠯᠠᠨ ᠪᠠᠢᠵᠦ᠂ ᠣᠷᠣᠢ ᠪᠣᠯᠬᠤ᠎ᠳᠤ ᠡᠪᠡᠰᠦᠨ ᠪᠤᠲᠠ ᠮᠣᠳᠣᠨ᠎ᠤ ᠰᠡᠭᠦᠳᠡᠷ᠎ᠲᠦ ᠢᠯᠡᠭᠦᠦ ᠪᠥᠭᠡᠮᠨᠡᠷᠡᠳᠡᠭ᠃ ᠤᠷᠤᠢ ᠭᠠᠳᠠᠭᠤᠷ ᠶᠠᠪᠤᠬᠤ ᠳ᠋ᠠᠭᠠᠨ ᠴᠢᠳᠠᠬᠤ᠎ᠶᠢᠨ ᠬᠢᠷᠢ᠎ᠪᠡᠷ ᠭᠦᠢᠬᠡᠨ ᠥᠩᠭᠡᠲᠡᠢ ᠤᠷᠲᠤ ᠬᠠᠨᠴᠤᠢ᠎ᠲᠠᠢ ᠬᠤᠪᠴᠠᠰᠤ ᠡᠮᠦᠰᠴᠦ᠂ ᠭᠠᠳᠠᠨ᠎ᠠ ᠭᠠᠷᠬᠤ ᠴᠠᠭ᠎ᠢ ᠪᠠᠭᠠᠰᠬᠠᠪᠠᠯ ᠵᠤᠬᠢᠨ᠎ᠠ᠃ ᠭᠡᠷ ᠣᠷᠴᠢᠨ ᠲᠣᠭᠣᠷᠢᠨ ᠵᠢᠡᠨ ᠴᠡᠪᠡᠷ ᠰᠡᠷᠢᠭᠦᠨ ᠪᠠᠢᠯᠭᠠᠵᠤ᠂ ᠴᠢᠬᠢᠭ ᠨᠤᠢᠳᠠᠨ᠎ᠢ ᠴᠠᠭ ᠲᠤᠬᠠᠢ ᠳ᠋ᠤᠨᠢ ᠠᠷᠢᠯᠭᠠᠵᠤ᠂ ᠰᠢᠮᠠᠭᠤᠯ᠎ᠤᠨ ᠦᠷᠡᠵᠢᠬᠦ᠎ᠶᠢ ᠡᠬᠢ ᠡᠭᠦᠰᠦᠯ᠎ᠡᠴᠡ ᠨᠢ ᠬᠣᠷᠢᠭ᠍ᠯᠠᠪᠠᠯ ᠰᠠᠢᠨ ᠪᠠᠢᠳᠠᠭ᠃

ᠵᠠᠯᠭᠠᠭᠠᠳ 《ᠬᠦᠭᠰᠢᠨ ᠬᠤᠤᠬᠤᠡᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂ ᠪᠠᠶᠠᠷᠳᠠᠢ!

 (ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号