


ᠨᠡᠢᠭᠡᠮ
12᠎ᠤᠨ
ᠡᠳᠦᠷ᠂ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ ᠶᠢᠨ CA723 ᠡᠭᠡᠯᠵᠢ᠎ᠶᠢᠨ
ᠨᠢᠰᠦᠯᠲᠡ᠎ᠶᠢᠨ ᠡᠭᠦᠷᠭᠡ᠎ᠶᠢ ᠪᠡᠶᠡᠯᠡᠭᠦᠯᠬᠦ ᠮᠠᠨ᠎ᠦ ᠤᠯᠤᠰ᠎ᠤᠨ ᠦᠢᠯᠡᠳᠪᠦᠷᠢᠯᠡᠭᠰᠡᠨ C919 ᠠᠶᠠᠨᠴᠢᠨ᠎ᠤ
ᠨᠢᠰᠬᠡᠯ ᠪᠡᠭᠡᠵᠢᠩ᠎ᠦᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠠᠴᠠ ᠨᠢᠰᠴᠦ᠂ ᠮᠣᠩᠭᠣᠯ ᠤᠯᠤᠰ᠎ᠤᠨ ᠤᠯᠠᠭᠠᠨᠪᠠᠭᠠᠲᠤᠷ
ᠬᠣᠲᠠ᠎ᠵᠢ ᠵᠣᠷᠢᠪᠠ᠃ ᠡᠨᠡ ᠨᠢ C919 ᠨᠢᠰᠬᠡᠯ᠎ᠦᠨ ᠣᠯᠠᠨ ᠤᠯᠤᠰ᠎ᠤᠨ
ᠠᠭᠠᠷ᠎ᠤᠨ ᠠᠶᠠᠯᠠᠯ᠎ᠤᠨ ᠱᠤᠭᠤᠮ ᠨᠡᠪᠲᠡᠷᠡᠭᠰᠡᠨ᠎ᠢ ᠬᠠᠷᠠᠭᠤᠯᠵᠤ ᠪᠠᠢᠨ᠎ᠠ᠃
✦ᠤᠯᠤᠰ᠎ᠤᠨ ᠭᠠᠮᠰᠢᠭ᠎ᠢ ᠪᠠᠭᠠᠰᠬᠠᠵᠤ ᠭᠠᠮᠰᠢᠭ᠋᠎ᠠᠴᠠ ᠠᠪᠤᠷᠠᠬᠤ ᠵᠥᠪᠯᠡᠯ᠎ᠦᠨ ᠠᠯᠪᠠᠨ ᠭᠡᠷ᠂
ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ 12᠎ᠤᠨ ᠡᠳᠦᠷ ᠤᠯᠤᠰ᠎ᠤᠨ ᠠᠮᠤ ᠪᠤᠳᠠᠭ᠎ᠠ ᠪᠠ
ᠨᠥᠭᠡᠴᠡᠯᠡᠬᠦ ᠲᠣᠪᠴᠢᠶ᠎ᠠ᠎ᠲᠠᠢ ᠬᠠᠮᠲᠤᠷᠠᠨ ᠲᠥᠪ᠎ᠦᠨ ᠭᠠᠮᠰᠢᠭ᠋᠎ᠠᠴᠠ ᠠᠪᠤᠷᠠᠬᠤ ᠡᠳ᠋ ᠪᠣᠳᠠᠰ᠎ᠢ 2 ᠲᠦᠮᠡᠨ
ᠬᠤᠪᠢ ᠲᠣᠬᠢᠷᠠᠭᠤᠯᠵᠤ᠂ ᠾᠧᠪᠧᠢ᠂ ᠾᠧᠨᠠᠨ ᠵᠡᠷᠭᠡ ᠭᠠᠵᠠᠷ᠎ᠤᠨ ᠭᠠᠮᠰᠢᠭ᠍ᠳᠠᠭᠰᠠᠨ ᠣᠯᠠᠨ ᠲᠦᠮᠡᠨ᠎ᠢ ᠲᠥᠪᠬᠢᠨᠡᠭᠦᠯᠵᠦ
ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠬᠦ᠎ᠶᠢ ᠳᠡᠮᠵᠢᠪᠡ᠃
✦12᠎ᠤᠨ ᠡᠳᠦᠷ᠂ ᠮᠠᠨ᠎ᠤ ᠤᠯᠤᠰ᠎ᠤᠨ ᠭᠣᠣᠯᠯᠠᠨ ᠤᠳᠤᠷᠢᠳᠤᠭᠰᠠᠨ ᠠᠮᠢ ᠨᠠᠰᠤᠨ᠎ᠤ ᠰᠢᠨᠵᠢᠯᠡᠬᠦ
ᠤᠬᠠᠭᠠᠨ᠎ᠤ ᠬᠦᠷᠢᠶᠡᠨ᠎ᠳᠡᠬᠢ《Vita》 ᠰᠢᠷᠢᠰ ᠬᠤᠭᠤᠴᠠᠭᠠᠲᠤ ᠰᠡᠳᠬᠦᠯ᠎ᠦᠨ ᠴᠠᠭᠠᠰᠤᠨ ᠬᠡᠪᠯᠡᠯ᠎ᠦᠨ ᠠᠩᠬᠠᠨ᠎ᠤ ᠬᠤᠭᠤᠴᠠᠭᠠᠨ᠎ᠤ
ᠰᠡᠳᠬᠦᠯ ᠨᠡᠢᠲᠡᠯᠡᠭᠳᠡᠪᠡ᠃
✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ
338 ᠵᠦᠢᠯ᠎ᠦᠨ ᠤᠯᠤᠰ᠎ᠤᠨ ᠪᠠᠷᠢᠮᠵᠢᠶ᠎ᠠ᠎ᠶᠢ ᠵᠥᠪᠰᠢᠶᠡᠷᠡᠨ ᠨᠡᠢᠲᠡᠯᠡᠵᠦ᠂ ᠠᠦ᠋ᠲ᠋ᠣ᠋ ᠵᠢᠯᠤᠭᠣᠳᠬᠤ ᠰᠢᠰᠲᠧᠮ᠎ᠦᠨ
ᠠᠮᠤᠷ ᠲᠦᠪᠰᠢᠨ᠂ ᠵᠣᠬᠢᠶᠠᠮᠠᠯ ᠣᠶᠤᠨᠴᠢ ᠡᠮᠴᠢᠯᠡᠭᠡᠨ᠎ᠦ ᠪᠠᠭᠠᠵᠢ ᠬᠡᠷᠡᠭᠰᠡᠯ᠎ᠦᠨ ᠶᠠᠰᠤ ᠴᠢᠨᠠᠷ᠎ᠤᠨ ᠱᠠᠭᠠᠷᠳᠠᠯᠭ᠎ᠠ
ᠵᠡᠷᠭᠡ᠎ᠳᠦ ᠬᠣᠯᠪᠣᠭᠳᠠᠵᠠᠢ᠃
✦12᠎ᠤᠨ ᠡᠳᠦᠷ᠎ᠤᠨ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶ᠎ᠡ᠎ᠶᠢᠨ ᠨᠡᠢᠲᠡᠯᠡᠭᠰᠡᠨ
ᠲᠣᠭ᠎ᠠ ᠪᠠᠷᠢᠮᠲᠠ᠎ᠵᠢ ᠦᠨᠳᠦᠰᠦᠯᠡᠪᠡᠯ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠪᠥᠬᠥ ᠤᠯᠤᠰ᠎ᠲᠤ
327.5 ᠲᠦᠮᠡᠨ ᠬᠣᠣᠰ ᠣᠷᠣᠭ ᠳᠠᠩᠰᠠᠯᠠᠭᠤᠯᠵᠤ᠂ 138.3 ᠲᠦᠮᠡᠨ ᠬᠣᠣᠰ ᠣᠷᠣᠭ ᠰᠠᠯᠬᠤ᠎ᠪᠡᠷ ᠳᠠᠩᠰᠠᠯᠠᠭᠤᠯᠵᠠᠢ᠃
✦ᠣᠢᠷ᠎ᠠ᠎ᠳᠦ S27 ᠬᠥᠬᠡᠬᠣᠲᠠ᠎ᠠᠴᠠ ᠣᠷᠳᠣᠰ ᠬᠦᠷᠬᠦ
ᠲᠦᠷᠭᠡᠨ᠎ᠤ ᠵᠠᠰᠠᠮᠠᠯ ᠵᠠᠮ᠎ᠤᠨ ᠬᠥᠬᠡᠬᠣᠲᠠ᠎ᠶᠢᠨ ᠬᠡᠰᠡᠭ᠎ᠦᠨ ᠪᠡᠯᠡᠳᠬᠡᠯ ᠠᠵᠢᠯ ᠴᠢᠬᠤᠯᠠ ᠶᠡᠬᠡ ᠰᠢᠪᠲᠤᠯᠤᠯᠲᠠ᠎ᠲᠠᠢ
ᠪᠣᠯᠵᠤ᠂ ᠲᠥᠰᠥᠯ᠎ᠦᠨ ᠬᠢᠨᠠᠨ ᠵᠥᠪᠰᠢᠶᠡᠷᠡᠬᠦ ᠵᠠᠩᠭᠢᠯᠠᠭ᠎ᠠ᠎ᠶᠢᠨ ᠭᠠᠷᠳᠠᠮ᠎ᠢ ᠪᠦᠬᠦᠨ᠎ᠢ ᠠᠮᠵᠢᠯᠲᠠ᠎ᠲᠠᠢ ᠭᠦᠢᠴᠡᠳᠬᠡᠪᠡ᠃
✦ᠤᠢᠷ᠎ᠠ᠎ᠳᠦ ᠨᠠᠨᠵᠢᠩ᠎ᠤᠨ ᠰᠡᠬᠡᠭᠡᠲᠡᠳ ᠣᠲᠣᠭᠢ ᠬᠠᠯᠠᠮᠵᠢᠯᠠᠵᠤ ᠨᠢᠭᠦᠯᠡᠰᠦᠩᠭᠦᠢ ᠠᠵᠢᠯᠯᠠᠭ᠎ᠠ᠎ᠪᠠᠷ ᠠᠪᠤᠷᠠᠨ ᠲᠤᠰᠠᠯᠠᠬᠤ ᠲᠥᠷᠥᠯ ᠵᠦᠢᠯ᠎ᠦᠨ ᠡᠬᠢᠯᠡᠯᠲᠡ᠎ᠶᠢᠨ
ᠶᠣᠰᠣᠯᠠᠯ ᠣᠲᠤᠭ ᠬᠣᠰᠢᠭᠤᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ᠎ᠳᠤ ᠶᠠᠪᠤᠭᠳᠠᠵᠤ᠂ ᠨᠠᠨᠵᠢᠩ᠎ᠤᠨ ᠰᠡᠬᠡᠭᠡᠲᠡᠨ (ᠤᠤᠯ᠎ᠦᠨ ᠠᠷᠪᠠᠰ ᠨᠢᠭᠡᠳᠦᠯ᠎ᠦᠨ ᠰᠡᠬᠡᠭᠡᠲᠡᠨ) ᠵᠧᠦ ᠰᠢᠩ ᠭᠦᠸᠧ ᠣᠲᠤᠭ ᠬᠣᠰᠢᠭᠤᠨ᠎ᠳᠤ 100 ᠲᠦᠮᠡᠨ ᠲᠥᠭᠥᠷᠢᠭ ᠬᠠᠨᠳᠢᠪᠯᠡᠵᠠᠢ᠃
ᠠᠵᠦ ᠠᠬᠤᠢ
✦ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ᠎ᠤᠨ
ᠨᠡᠢᠲᠡᠯᠡᠭᠰᠡᠨ ᠲᠣᠭ᠎ᠠ ᠪᠠᠷᠢᠮᠲᠠ᠎ᠵᠢ ᠦᠨᠳᠦᠰᠦᠯᠡᠪᠡᠯ᠂ ᠡᠨᠡ ᠵᠢᠯ᠎ᠦᠨ 7 ᠰᠠᠷ᠎ᠠ᠎ᠳᠤ ᠮᠠᠨ᠎ᠤ ᠤᠯᠤᠰ᠎ᠤᠨ ᠮᠠᠰᠢᠨ ᠲᠡᠷᠭᠡᠨ᠎ᠦ ᠭᠠᠳᠠᠭᠠᠳᠤ ᠭᠠᠷᠭᠠᠯᠲᠠ 104.3 ᠲᠦᠮᠡ᠎ᠳᠦ ᠬᠦᠷᠴᠦ᠂ ᠭᠠᠳᠠᠭᠠᠳᠤ ᠭᠠᠷᠭᠠᠯᠲᠠ ᠬᠣᠶᠠᠷ
ᠰᠠᠷ᠎ᠠ ᠳᠠᠷᠠᠭᠠᠯᠠᠨ 100 ᠲᠦᠮᠡ᠎ᠶᠢ
ᠳᠠᠪᠠᠪᠠ᠃ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠰᠢᠨ᠎ᠡ ᠲᠡᠷᠭᠡᠨ᠎ᠦ ᠪᠣᠷᠤᠯᠠᠭᠤᠯᠭ᠎ᠠ᠎ᠶᠢᠨ ᠬᠡᠮᠵᠢᠶ᠎ᠡ
ᠮᠠᠰᠢᠨ ᠲᠡᠷᠭᠡᠨ᠎ᠦ ᠰᠢᠨ᠎ᠡ ᠲᠡᠷᠭᠡᠨ᠎ᠦ ᠶᠡᠷᠦᠩᠬᠡᠢ ᠪᠣᠷᠤᠯᠠᠭᠤᠯᠭ᠎ᠠ᠎ᠶᠢᠨ ᠬᠡᠮᠵᠢᠶ᠎ᠡ᠎ᠶᠢᠨ 60.4% ᠳᠤ ᠬᠦᠷᠴᠦ᠂ ᠡᠵᠡᠯᠡᠬᠦ ᠬᠠᠷᠢᠴᠠᠯ ᠨᠢ ᠠᠩᠬ᠎ᠠ
ᠤᠳᠠᠭ᠎ᠠ 60%᠎ᠶᠢ ᠳᠠᠪᠠᠪᠠ᠃
✦12᠎ᠤᠨ ᠡᠳᠦᠷ᠂ ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠦ᠋ ᠨᠠᠨ ᠵᠢᠵᠢᠭ ᠰᠠᠪᠠ ᠭᠠᠵᠠᠷ᠎ᠤᠨ
ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠲᠥᠷᠥᠯ ᠵᠦᠢᠯ᠎ᠦᠨ ᠬᠥᠷᠥᠰᠥ ᠰᠢᠷᠣᠢ᠎ᠶᠢ
ᠬᠠᠮᠠᠭᠠᠯᠠᠬᠤ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠭᠡᠷ᠎ᠡ ᠲᠣᠭᠲᠠᠵᠤ᠂
ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠨᠢ 1008 ᠲᠦᠮᠡᠨ ᠲᠥᠭᠥᠷᠢᠭ᠎ᠲᠦ ᠬᠦᠷᠴᠦ᠂ ᠡᠨᠡ ᠨᠢ ᠮᠠᠨ᠎ᠤ
ᠤᠷᠤᠨ᠎ᠤ ᠠᠩᠬᠠᠳᠠᠭ᠍ᠴᠢ ᠮᠢᠩᠭ᠎ᠠ ᠭᠠᠷᠤᠢ ᠲᠦᠮᠡᠨ ᠲᠥᠭᠥᠷᠢᠭ᠎ᠦᠨ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ
ᠦᠢᠯᠡᠳᠬᠦᠨ᠎ᠦ ᠥᠷᠲᠡᠭ᠎ᠢ ᠬᠤᠪᠢᠷᠠᠭᠤᠯᠤᠨ ᠠᠷᠠᠯᠵᠢᠶᠠᠯᠠᠭᠰᠠᠨ ᠶᠠᠪᠤᠳᠠᠯ ᠪᠣᠯᠵᠠᠢ᠃
ᠰᠤᠶᠤᠯ
✦13᠎ᠤ ᠡᠳᠦᠷ᠂ 2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ
ᠦᠵᠡᠰᠬᠦᠯᠡᠩ᠎ᠦᠨ ᠲᠥᠪ᠎ᠲᠦ ᠡᠬᠢᠯᠡᠵᠦ᠂ 17᠎ᠤ ᠡᠳᠦᠷ ᠪᠣᠯᠲᠠᠯ᠎ᠠ ᠶᠠᠪᠤᠭᠳᠠᠬᠤ ᠪᠤᠯᠤᠨ᠎ᠠ᠃ ᠲᠤᠰ ᠬᠤᠭᠤᠴᠠᠭᠠᠨ᠎ᠤ ᠨᠣᠮ᠎ᠤᠨ ᠦᠵᠡᠰᠬᠦᠯᠡᠩᠳᠦ
ᠪᠦᠬᠦ ᠤᠯᠤᠰ᠎ᠤᠨ 160 ᠭᠠᠷᠤᠢ ᠬᠤᠳᠠᠯᠳᠤᠭᠠᠴᠢᠨ᠂
300 ᠭᠠᠷᠤᠢ ᠬᠡᠪᠯᠡᠯ᠎ᠦᠨ ᠬᠣᠷᠢᠶ᠎ᠠ
ᠣᠷᠣᠯᠴᠠᠵᠤ᠂ 10 ᠲᠦᠮᠡ ᠭᠠᠷᠤᠢ ᠵᠦᠢᠯ᠎ᠦᠨ
ᠨᠣᠮ ᠪᠣᠯᠣᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠳᠡᠯᠭᠡᠨ ᠦᠵᠡᠭᠦᠯᠬᠦ ᠪᠤᠯᠤᠨ᠎ᠠ᠃
✦11᠎ᠦ ᠡᠳᠦᠷ᠂ 2026 ᠣᠨ᠎ᠤ ᠬᠣᠷᠢᠨ ᠭᠤᠷᠪᠠᠳᠤᠭᠠᠷ ᠬᠤᠭᠤᠴᠠᠭᠠᠨ᠎ᠤ ᠪᠣᠷᠣᠳᠣᠬᠣᠢ ᠰᠣᠶᠣᠯ ᠤᠷᠠᠯᠢᠭ᠋᠎ᠤᠨ ᠨᠠᠢᠷ᠎ᠤᠨ
ᠬᠣᠷᠢᠨ ᠮᠤᠵᠢ ᠬᠣᠲᠠ ᠣᠷᠣᠨ᠎ᠤ ᠤᠳᠬ᠎ᠠ ᠤᠷᠠᠯᠢᠭ᠋᠎ᠤᠨ ᠰᠣᠯᠢᠯᠴᠠᠭᠠᠨ᠎ᠤ ᠦᠵᠡᠭᠦᠯᠭᠡ᠎ᠶᠢᠨ ᠲᠣᠭᠯᠠᠯᠲᠠ
ᠪᠠᠶᠠᠨᠨᠠᠭᠤᠷ ᠬᠤᠲᠠ᠎ᠵᠢᠨ ᠯᠢᠨᠾᠧ ᠲᠣᠭᠣᠷᠢᠭ᠋᠎ᠲᠤ ᠶᠠᠪᠤᠭᠳᠠᠪᠠ᠃
ᠲᠠᠮᠢᠷ
✦ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠡᠪᠦᠯ᠎ᠦᠨ ᠤᠯᠠᠷᠢᠯ᠎ᠤᠨ
ᠪᠡᠶ᠎ᠡ᠎ᠶᠢᠨ ᠲᠠᠮᠢᠷ᠎ᠤᠨ ᠬᠠᠮᠢᠶᠠᠷᠤᠯᠲᠠ᠎ᠶᠢᠨ ᠲᠥᠪ᠎ᠡᠴᠡ ᠢᠯᠡ᠎ᠪᠡᠷ ᠰᠣᠩᠭᠣᠨ ᠤᠷᠢᠬᠤ᠎ᠪᠠᠷ ᠳᠠᠮᠵᠢᠭᠠᠳ᠂ ᠡᠪᠦᠯ᠎ᠦᠨ
ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠮᠠᠩᠯᠠᠢ ᠦ᠋ ᠳᠡ ᠵᠢᠩ᠎ᠢ ᠳᠤᠮᠳᠠᠳᠤ ᠤᠯᠤᠰ᠎ᠤᠨ ᠣᠢᠷ᠎ᠠ
ᠵᠠᠮ᠎ᠤᠨ ᠲᠦᠷᠭᠡᠨ ᠲᠡᠰᠢᠯᠲᠡ᠎ᠶᠢᠨ ᠠᠩᠭᠢ᠎ᠶᠢᠨ ᠭᠣᠣᠯ ᠳᠠᠰᠬᠠᠯᠵᠢᠭᠤᠯᠤᠭ᠍ᠴᠢᠪᠤᠯᠭᠠᠬᠤᠪᠡᠷ ᠲᠤᠭᠲᠠᠵᠠᠢ᠃
ᠲᠡᠯᠡᠬᠡᠢ
✦ᠠᠮᠧᠷᠢᠺᠠ᠎ᠶᠢᠨ ᠲᠠᠯ᠎ᠠ᠎ᠶᠢᠨ ᠬᠢᠨ᠎ᠦ ᠮᠡᠳᠡᠭᠡ᠎ᠶᠢ ᠦᠨᠳᠦᠰᠦᠯᠡᠪᠡᠯ᠂ ᠠᠮᠧᠷᠢᠺᠠ᠎ᠶᠢᠨ ᠵᠠᠰᠠᠭ᠎ᠤᠨ
ᠣᠷᠳᠣᠨ ᠬᠣᠯᠪᠣᠭᠠᠨ᠎ᠤ ᠵᠠᠰᠠᠭ᠎ᠤᠨ ᠣᠷᠳᠣᠨ᠎ᠤ ᠲᠥᠬᠦᠭᠡᠷᠦᠮᠵᠢ ᠳᠡᠭᠡᠷ᠎ᠡ ᠣᠬᠣᠷ ᠸᠢᠳᠢᠤ᠋ ᠨᠡᠢᠭᠡᠮ᠎ᠦᠨ ᠬᠠᠷᠢᠯᠴᠠᠭᠠᠨ᠎ᠤ
ᠲᠠᠪᠴᠠᠩ TikTok ᠬᠡᠷᠡᠭᠯᠡᠬᠦ᠎ᠶᠢ
ᠴᠠᠭᠠᠵᠠᠯᠠᠬᠤ ᠨᠢᠭᠡᠨ ᠵᠠᠷᠯᠢᠭ᠋᠎ᠢ ᠬᠦᠴᠦᠨ ᠦᠭᠡᠢ ᠪᠣᠯᠭᠠᠵᠠᠢ᠂ ᠡᠭᠦᠨ᠎ᠦ ᠰᠢᠯᠲᠠᠭᠠᠨ ᠨᠢ ᠠᠮᠧᠷᠢᠺᠠ᠎ᠳᠡᠬᠢ
ᠲᠤᠬᠠᠢᠯᠠᠭᠰᠠᠨ ᠠᠵᠢᠯ᠎ᠢ ᠲᠠᠬᠢᠨ ᠵᠣᠬᠢᠶᠠᠨ ᠪᠠᠢᠭᠤᠯᠤᠭᠰᠠᠨ᠎ᠤ ᠲᠠᠷᠠᠭ᠎ᠠ TikTok
ᠨᠢᠭᠡᠨᠲᠡ ᠤᠯᠤᠰ᠎ᠤᠨ ᠠᠮᠤᠷ ᠲᠦᠪᠰᠢᠨ᠎ᠳᠦ ᠰᠦᠷᠳᠡᠭᠦᠯᠦᠯ ᠪᠣᠯᠬᠤ᠎ᠪᠠᠨ
ᠪᠣᠯᠢᠵᠠᠢ᠃
✦ᠲᠤᠬᠠᠢ᠎ᠶᠢᠨ ᠭᠠᠵᠠᠷ᠎ᠤᠨ ᠴᠠᠭ᠎ᠢᠶᠠᠷ 11᠎ᠦ ᠡᠳᠦᠷ᠂ ᠳᠡᠯᠡᠬᠡᠢ᠎ᠶᠢᠨ ᠴᠠᠭ ᠠᠭᠤᠷ᠎ᠤᠨ ᠵᠣᠬᠢᠶᠠᠨ
ᠪᠠᠢᠭᠤᠯᠤᠯᠲᠠ᠎ᠶᠢᠨ ᠥᠭᠦᠯᠡᠭᠴᠢ ᠢᠯᠡᠷᠬᠡᠢᠯᠡᠬᠦ᠎ᠳᠡᠭᠡᠨ᠂ ᠡᠨᠡ ᠵᠢᠯ᠎ᠦᠨ 7 ᠰᠠᠷ᠎ᠠ᠎ᠶᠢᠨ ᠪᠥᠬᠥ ᠪᠥᠮᠪᠥᠷᠴᠡᠭ᠎ᠦᠨ
ᠠᠭᠠᠷ᠎ᠤᠨ ᠳᠤᠯᠠᠭᠠᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠣᠶᠠᠳᠤᠭᠠᠷ ᠥᠨᠳᠥᠷ ᠳᠤᠯᠠᠭᠠᠨ᠎ᠤ
ᠬᠡᠮᠵᠢᠭᠳᠡᠯ᠎ᠳᠦ ᠬᠦᠷᠴᠡᠢ ᠬᠡᠪᠡ᠃
✦ᠲᠤᠬᠠᠢ᠎ᠶᠢᠨ ᠭᠠᠵᠠᠷ᠎ᠤᠨ ᠴᠠᠭ᠎ᠢᠶᠠᠷ 12᠎ᠤᠨ ᠡᠳᠦᠷ᠎ᠤᠨ ᠺᠣᠯᠣᠮᠪᠢᠶ᠎ᠠ᠎ᠶᠢᠨ ᠮᠡᠳᠡᠭᠡ᠎ᠶᠢ
ᠦᠨᠳᠦᠰᠦᠯᠡᠪᠡᠯ᠂ ᠺᠣᠯᠣᠮᠪᠢᠶ᠎ᠠ᠎ᠶᠢᠨ ᠵᠠᠰᠠᠭ᠎ᠤᠨ ᠣᠷᠳᠣᠨ ᠭᠠᠵᠠᠷ ᠬᠥᠳᠡᠯᠦᠯᠲᠡ᠎ᠳᠦ ᠡᠨᠳᠡᠭᠰᠡᠳ᠎ᠢ ᠪᠦᠬᠦ ᠤᠯᠤᠰ᠎ᠢᠶᠠᠷ᠎ᠢᠶᠠᠨ
ᠭᠤᠷᠪᠠᠨ ᠡᠳᠦᠷ ᠭᠠᠰᠢᠭᠤᠳᠠᠬᠤ᠎ᠪᠡᠷ ᠪᠤᠯᠪᠠ᠃
ᠦᠢᠯᠡᠴᠢᠯᠡᠭᠡ
✦ᠬᠥᠪᠡᠭᠡᠲᠦ ᠰᠢᠷ᠎ᠠ ᠬᠣᠰᠢᠭᠤᠨ᠎ᠤ ᠬᠣᠲᠠ᠎ᠶᠢᠨ ᠬᠠᠮᠢᠶᠠᠷᠤᠯᠲᠠ᠎ᠶᠢᠨ ᠶᠡᠷᠦᠩᠬᠡᠢᠯᠡᠭᠰᠡᠨ
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠳᠠᠳᠤᠯᠭ᠎ᠠ᠎ᠶᠢᠨ ᠠᠵᠢᠯᠲᠠᠨ ᠡᠯᠰᠡᠵᠤ ᠪᠤᠢ᠃ ᠨᠠᠷᠢᠨ
ᠠᠭᠤᠯᠭ᠎ᠠ᠎ᠶᠢ《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠵᠢᠮ᠎ᠡ ᠬᠠᠤᠯᠢ᠎ᠲᠠᠢ ᠬᠥᠳᠡᠯᠭᠡᠭᠡᠨ᠎ᠡᠴᠡ ᠪᠣᠯᠤᠭᠰᠠᠨ ᠬᠤᠪᠢᠷᠠᠯᠲᠠ ᠨᠢ ᠪᠥᠬᠥ ᠪᠡᠶ᠎ᠡ᠎ᠶᠢᠨ
ᠴᠢᠨᠠᠷᠲᠠᠢ ᠪᠠᠢᠳᠠᠭ᠃ ᠵᠢᠷᠦᠬᠡ ᠠᠭᠤᠰᠬᠢᠨ᠎ᠤ ᠴᠢᠳᠠᠮᠵᠢ᠎ᠶᠢ ᠳᠡᠭᠡᠭᠰᠢᠯᠡᠭᠦᠯᠵᠦ᠂ ᠴᠢᠰᠤᠨ ᠳᠠᠷᠤᠯᠲᠠ ᠥᠨᠳᠥᠷ
ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ᠎ᠦ ᠲᠦᠭᠰᠢᠭᠦᠷᠢ᠎ᠶᠢ ᠪᠠᠭᠤᠷᠠᠭᠤᠯᠬᠤ᠎ᠳᠦ
ᠰᠠᠢᠨ ᠪᠠᠢᠵᠤ᠂ ᠵᠣᠬᠢᠰᠲᠠᠢ ᠭᠦᠶᠦᠵᠦ ᠦᠰᠦᠷᠬᠦ ᠵᠡᠷᠭᠡ ᠬᠥᠳᠡᠯᠭᠡᠭᠡᠨ᠎ᠡᠴᠡ ᠪᠣᠯᠤᠭᠰᠠᠨ ᠦᠶ᠎ᠡ᠎ᠶᠢᠨ ᠰᠡᠳᠦᠯᠲᠡ
ᠨᠢ ᠶᠠᠰᠤᠨ᠎ᠤ ᠡᠳ᠋ ᠰᠡᠢᠷᠡᠭᠵᠢᠬᠦᠶᠢ ᠤᠳᠠᠭᠠᠰᠢᠷᠠᠭᠤᠯᠬᠤᠳᠦᠴᠤ ᠠᠰᠢᠭᠲᠠᠢ ᠪᠠᠢᠳᠠᠭ᠃
ᠵᠠᠯᠭᠠᠭᠠᠳ 《ᠭᠠᠩᠭᠠᠩ
ᠨᠠᠭᠤᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠᠬᠢᠨ ᠠᠭᠤᠯᠵᠠᠳᠠᠯ᠎ᠠ ᠪᠡᠨ ᠲᠦᠷ ᠪᠠᠶᠠᠷᠳᠠᠢ!
(ᠢᠷᠡᠯᠳᠡ᠄ ᠰᠢᠨᠬᠤᠧᠠ
ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ
ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂
ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)