


ᠨᠡᠢᠭᠡᠮ
✦13 ᠤ ᠡᠳᠦᠷ᠎ᠤᠨ ᠲᠥᠷᠥ᠎ᠶᠢᠨ
ᠶᠠᠪᠤᠳᠠᠯ᠎ᠤᠨ ᠬᠣᠷᠢᠶ᠎ᠠ᠎ᠵᠢᠨ ᠰᠣᠨᠢᠨ ᠮᠡᠳᠡᠭᠡᠨ ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ
ᠬᠤᠷᠠᠯ᠎ᠤᠨ ᠮᠡᠳᠡᠭᠡᠵᠢ ᠦᠨᠳᠦᠰᠦᠯᠡᠪᠡᠯ᠂ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》ᠵᠢᠨ ᠡᠬᠢᠯᠡᠯᠲᠡ᠎ᠶᠢᠨ ᠵᠢᠯ ᠳᠦ ᠮᠠᠨ᠎ᠤ ᠤᠯᠤᠰ᠎ᠤᠨ ᠠᠮᠢ ᠠᠬᠤᠢ ᠣᠷᠴᠢᠨ ᠲᠤᠭᠤᠷᠢᠨ ᠤ ᠶᠠᠰᠤ
ᠴᠢᠨᠠᠷ ᠦᠷᠭᠦᠯᠵᠢᠯᠡᠨ ᠰᠠᠢᠵᠢᠷᠠᠵᠤ᠂ ᠭᠣᠣᠯ ᠭᠦᠢᠴᠡᠳᠬᠡᠯ ᠲᠣᠭ᠎ᠠ ᠢᠯᠡᠳᠲᠡ ᠰᠠᠢᠵᠢᠷᠠᠵᠤ ᠪᠠᠢᠨ᠎ᠠ᠃
✦ᠨᠢᠳᠤᠨᠤᠨ᠎ᠤ 4 ᠰᠠᠷ᠎ᠠ᠎ᠡᠴᠡ
ᠡᠬᠢᠯᠡᠨ ᠲᠥᠷᠥ᠎ᠶᠢᠨ ᠶᠠᠪᠤᠳᠠᠯ ᠤᠨ ᠬᠣᠷᠢᠶ᠎ᠠ᠎ᠵᠢᠨ ᠢᠳᠡᠭᠡᠨ᠎ᠦ ᠠᠮᠤᠷ ᠲᠦᠪᠰᠢᠨ᠎ᠦ ᠠᠵᠢᠯ ᠤᠨ ᠠᠯᠪᠠᠨ ᠭᠡᠷ
ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠢᠳᠡᠭᠡᠨ᠎ᠦ ᠨᠡᠮᠡᠯᠲᠡ ᠡᠳ᠋᠎ᠢ ᠳᠤᠷ᠎ᠠ᠎ᠪᠠᠷ᠎ᠢᠶᠠᠨ ᠬᠡᠷᠡᠭᠯᠡᠬᠦ
ᠠᠰᠠᠭᠤᠳᠠᠯ᠎ᠢ ᠶᠡᠷᠦᠩᠬᠡᠢᠯᠡᠨ ᠵᠠᠰᠠᠬᠤ ᠠᠵᠢᠯ᠎ᠢ ᠪᠠᠢᠷᠢᠯᠠᠭᠤᠯᠤᠨ ᠥᠷᠨᠢᠭᠦᠯᠦᠭᠰᠡᠨ᠎ᠡᠴᠡ ᠨᠠᠭᠠᠰᠢ᠂ ᠡᠯ᠎ᠡ
ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠢᠳᠡᠭᠡᠨ᠎ᠦ ᠨᠡᠮᠡᠯᠲᠡ
ᠡᠳ᠋᠎ᠢ ᠬᠡᠮᠵᠢᠶ᠎ᠡ᠎ᠡᠴᠡ ᠬᠡᠲᠦᠷᠡᠭᠦᠯᠦᠨ ᠬᠡᠷᠡᠭᠯᠡᠭᠰᠡᠨ ᠬᠡᠷᠡᠭ᠎ᠢ ᠨᠡᠶ᠋ᠢᠲᠡ 2.3 ᠲᠦᠮᠡ ᠭᠠᠷᠤᠢ
ᠬᠤᠪᠢ ᠪᠠᠢᠴᠠᠭᠠᠨ ᠰᠢᠢᠳᠪᠦᠷᠢᠯᠡᠵᠦ᠂ 1.45 ᠳ᠋ᠦᠩᠰᠢᠭᠤᠷ ᠲᠥᠭᠥᠷᠢᠭ ᠲᠣᠷᠭᠠᠵᠠᠢ᠃
✦ᠬᠣᠶᠠᠳᠤᠭᠠᠷ ᠬᠤᠭᠤᠴᠠᠭᠠᠨ᠎ᠤ ᠳᠡᠯᠡᠬᠡᠢ᠎ᠶᠢᠨ ᠬᠥᠮᠥᠨ ᠳᠦᠷᠰᠦᠲᠦ
ᠮᠠᠰᠢᠨ ᠬᠥᠮᠥᠨ᠎ᠦ ᠲᠠᠮᠢᠷ᠎ᠤᠨ ᠴᠤᠭᠯᠠᠭᠠᠨ 22᠎ᠤᠨ ᠡᠳᠦᠷ ᠤᠯᠤᠰ᠎ᠤᠨ ᠲᠦᠷᠭᠡᠨ ᠲᠡᠰᠢᠯᠲᠡ᠎ᠶᠢᠨ ᠣᠷᠳᠣᠨ᠎ᠳᠦ
ᠡᠬᠢᠯᠡᠬᠦ᠎ᠪᠡᠷ ᠪᠤᠢ᠃ ᠲᠤᠰ ᠬᠤᠭᠤᠴᠠᠭᠠᠨ᠎ᠤ ᠤᠷᠤᠯᠳᠤᠭᠠᠨ ᠨᠢ ᠵᠢᠷᠭᠤᠭᠠᠨ ᠶᠡᠬᠡ ᠲᠢᠪ᠎ᠦᠨ 16 ᠤᠯᠤᠰ᠎ᠤᠨ
666 ᠡᠩᠨᠡᠭᠡ᠂ 2056 ᠮᠠᠰᠢᠨ
ᠬᠥᠮᠥᠨ ᠤᠷᠤᠯᠴᠠᠬᠤ᠎ᠪᠡᠷ ᠪᠠᠢᠵᠤ᠂ ᠡᠩᠨᠡᠭᠡᠨ᠎ᠦ ᠶᠡᠷᠦᠩᠬᠡᠢ ᠬᠡᠮᠵᠢᠶ᠎ᠡ ᠨᠢ ᠠᠳᠠᠯᠢ ᠬᠤᠭᠤᠴᠠᠭᠠᠨ᠎ᠤ ᠬᠢ᠎ᠠᠴᠠ
138%᠎ᠪᠡᠷ ᠨᠡᠮᠡᠭᠳᠡᠵᠦ᠂ ᠮᠠᠰᠢᠨ ᠬᠥᠮᠥᠨ᠎ᠦ ᠲᠣᠭ᠎ᠠ ᠨᠢ ᠳᠥᠷᠪᠡᠨ
ᠳᠠᠬᠢᠨ ᠨᠡᠮᠡᠭᠳᠡᠵᠡᠢ᠃
✦ᠤᠳᠤᠬᠠᠨ᠎ᠳᠦ ᠮᠠᠨ᠎ᠤ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ
ᠲᠣᠭᠣᠷᠢᠭ᠋᠎ᠲᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ( ᠫᠤᠤ ) 8.54 ᠲᠦᠮᠡ᠎ᠶᠢ
ᠪᠠᠢᠭᠤᠯᠪᠠ᠃
✦ᠡᠨᠡ ᠵᠢᠯ ᠪᠣᠯ ᠮᠠᠨ ᠤ ᠤᠯᠤᠰ᠎ᠤᠨ ᠪᠠᠢᠩᠭᠤᠵᠢᠭ᠍ᠰᠠᠨ ᠬᠠᠪᠰᠤᠷᠤᠨ
ᠲᠡᠳᠬᠦᠬᠦ ᠠᠵᠢᠯ᠎ᠢ ᠥᠷᠨᠢᠭᠦᠯᠦᠭᠰᠡᠨ ᠠᠩᠬᠠᠨ᠎ᠤ ᠵᠢᠯ ᠪᠣᠯᠣᠨ᠎ᠠ᠂ ᠣᠳᠣᠬᠠᠨ᠎ᠳᠤ ᠶᠠᠳᠠᠭᠤ᠎ᠠᠴᠠ ᠠᠩᠭᠢᠵᠢᠷᠠᠭᠰᠠᠨ
ᠬᠥᠮᠥᠨ ᠠᠮᠠ᠎ᠶᠢᠨ ᠬᠥᠯᠥᠰᠦᠨ ᠠᠵᠢᠯ ᠬᠢᠭᠰᠡᠨ ᠬᠡᠪᠴᠢᠶ᠎ᠡ ᠨᠢᠭᠡᠨᠲᠡ 3200 ᠲᠦᠮᠡ᠎ᠶᠢ
ᠳᠠᠪᠠᠪᠠ᠃
✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂
ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠣᠢᠷ᠎ᠠ᠎ᠳᠤ ᠬᠠᠮᠲᠤᠷᠠᠨ《ᠠᠮᠤᠷ ᠲᠦᠪᠰᠢᠨ᠎ᠦ ᠪᠠᠴᠢᠮ ᠪᠠᠢᠳᠠᠯ᠎ᠢ ᠠᠷᠭᠠᠴᠠᠭᠠᠬᠤ
ᠲᠣᠨᠣᠭ ᠲᠥᠬᠦᠭᠡᠷᠦᠮᠵᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ〉》 ᠵᠢ ᠳᠠᠷᠤᠮᠠᠯᠯᠠᠨ
ᠲᠠᠷᠬᠠᠭᠠᠪᠠ᠃
✦ᠤᠢᠷ᠎ᠠ᠎ᠳᠦ 78 ᠳ᠋ᠤᠭᠠᠷ
ᠬᠤᠭᠤᠴᠠᠭᠠᠨ᠎ᠤ ᠭᠧᠷᠮᠠᠨ᠎ᠤ ᠨᠧᠷᠢᠨᠪᠢᠷᠥᠭ ᠤ᠋ᠨ ᠣᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠩ ᠦᠨ ᠳᠤᠮᠳᠠᠳᠤ
ᠤᠯᠤᠰ᠎ᠤᠨ ᠲᠣᠭᠣᠷᠢᠭ᠋᠎ᠤᠨ ᠵᠠᠯᠠᠭᠤᠴᠤᠳ ᠪᠠᠭᠠᠴᠤᠳ ᠤᠨ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ᠎ᠵᠢᠨ
ᠱᠠᠩᠨᠠᠯ ᠤᠯᠤᠭᠰᠠᠨ ᠨᠡᠷᠡᠰ᠎ᠢ ᠨᠡᠢᠲᠡᠯᠡᠵᠦ᠂ ᠣᠷᠳᠣᠰ ᠬᠣᠲᠠ᠎ᠶᠢᠨ ᠲᠤᠷᠰᠢᠯᠲᠠ᠎ᠶᠢᠨ ᠳᠤᠮᠳᠠᠳᠤ ᠰᠤᠷᠭᠠᠭᠤᠯᠢ᠂
ᠣᠷᠳᠣᠰ ᠬᠣᠲᠠ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠰᠤᠷᠤᠭ᠍ᠴᠢ ᠴᠣᠠᠨᠪᠢᠯᠢᠭ᠌᠂ ᠴᠣᠭ᠍ᠰᠦ᠋ᠯᠲᠡ ᠵᠢᠨ
ᠰᠤᠳᠤᠯᠤᠨ ᠨᠡᠭᠡᠭᠡᠵᠦ᠂ ᠣᠷᠳᠣᠰ ᠬᠣᠲᠠ ᠶᠢᠨ ᠡᠭᠦᠳᠦᠨ ᠪᠦᠲᠦᠭᠡᠯᠲᠡ᠎ᠶᠢᠨ ᠨᠡᠢᠭᠡᠮᠯᠢᠭ᠎ᠦᠨ ᠵᠢᠯᠣᠭᠣᠳᠤᠭᠰᠠᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠰᠢᠨ᠎ᠡ ᠶᠢ ᠡᠭᠦᠳᠦᠭᠰᠡᠨ ᠪᠦᠲᠦᠭᠡᠯ 《ᠲᠠᠯ᠎ᠠ ᠨᠤᠲᠤᠭ ᠤᠨ ᠠᠯᠠᠭᠠᠳᠠᠬᠤ ᠪᠥᠮᠪᠥᠭᠡ
— ᠠᠯᠠᠭᠠᠳᠠᠬᠤ ᠪᠥᠮᠪᠥᠭᠡ᠎ᠶᠢᠨ ᠵᠢᠯᠣᠭᠣᠴᠢ ᠦᠭᠡᠢ ᠨᠢᠰᠬᠡᠯ᠎ᠦᠨ ᠤᠷᠤᠯᠳᠤᠭᠠᠨ》᠎ᠨᠢ ᠪᠦᠬᠦ ᠤᠯᠤᠰ᠎ᠤᠨ ᠨᠢᠭᠡᠳᠦᠭᠡᠷ ᠳᠡᠰ᠎ᠤᠨ
ᠱᠠᠩᠨᠠᠯ᠎ᠢ ᠬᠦᠷᠲᠡᠪᠡ᠃
✦ᠲᠦᠷᠦᠭᠦᠬᠡᠨ
ᠰᠢᠯᠢ᠎ᠵᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠰᠢᠭᠤ᠎ᠡᠴᠡ ᠰᠥᠨᠢᠳ ᠪᠠᠷᠠᠭᠤᠨ ᠬᠣᠰᠢᠭᠤ᠎ᠳᠤ 205 ᠲᠣᠨ ᠬᠥᠬᠡ
ᠡᠪᠡᠰᠦ ᠬᠠᠨᠳᠢᠪᠯᠨᠵᠠᠶ᠃
✦ᠡᠷᠢᠶᠡᠨ ᠬᠣᠲᠠ — ᠵᠠᠮ᠎ᠤᠨ ᠡᠭᠦᠳᠡ ᠬᠦᠷᠬᠦ ᠳᠤᠮᠳᠠᠳᠤ ᠮᠣᠩᠭᠣᠯ ᠤᠨ
ᠬᠢᠯᠢ᠎ᠶᠢᠨ ᠨᠢᠭᠡ ᠡᠳᠦᠷ᠎ᠦᠨ ᠵᠢᠭᠤᠯᠴᠢᠯᠠᠯ᠎ᠤᠨ ᠰᠣᠳᠣᠨ ᠱᠤᠭᠤᠮ ᠢ ᠡᠨᠡ ᠡᠳᠦᠷ ᠨᠡᠪᠲᠡᠷᠡᠭᠦᠯᠬᠦ᠎ᠪᠡᠷ
ᠪᠠᠢᠨ᠎ᠠ᠃
ᠠᠵᠤ ᠠᠬᠤᠢ
✦ᠡᠨᠡ ᠵᠢᠯ ᠦᠨ 7 ᠰᠠᠷ᠎ᠠ᠎ᠶᠢᠨ
ᠰᠡᠭᠦᠯᠴᠢ ᠪᠣᠯᠲᠠᠯ᠎ᠠ᠂ ᠪᠥᠬᠥ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ᠎ᠤ
ᠵᠠᠬ᠎ᠠ ᠳᠡᠯᠭᠡᠭᠦᠷ ᠦᠨ ᠠᠷᠠᠯᠵᠢᠶ᠎ᠠ ᠪᠦᠲᠦᠭᠰᠡᠨ ᠬᠡᠮᠵᠢᠶ᠎ᠡ 9 ᠳ᠋ᠦᠩᠰᠢᠭᠤᠷ
ᠲᠣᠨ᠎ᠢ ᠳᠠᠪᠠᠪᠠ᠃
✦ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠶᠢᠨ
ᠲᠣᠪᠴᠢᠶ᠎ᠠ ᠶᠢᠨ ᠮᠡᠳᠡᠭᠡ᠎ᠶᠢ ᠦᠨᠳᠦᠰᠦᠯᠡᠪᠡᠯ᠂ 1 - 6 ᠰᠠᠷ᠎ᠠ᠎ᠳᠤ
ᠪᠥᠬᠥ ᠣᠷᠣᠨ᠎ᠤ ᠡᠨᠧᠷᠭᠢ᠎ᠶᠢᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ
5.7% ᠪᠠᠷ ᠨᠡᠮᠡᠭᠳᠡᠵᠦ᠂ ᠬᠡᠪᠴᠢᠶᠡᠵᠢᠯ᠎ᠡᠴᠡ
ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ᠎ᠦᠨ ᠬᠤᠷᠳᠤᠴᠠᠳᠤ ᠦᠵᠡᠭᠦᠯᠦᠭᠰᠡᠨ ᠬᠤᠪᠢ ᠨᠡᠮᠡᠷᠢ᠎ᠶᠢᠨ ᠨᠣᠷᠮ᠎ᠠ
ᠨᠢ 50% ᠵᠢ ᠳᠠᠪᠠᠪᠠ᠃
✦2026 ᠣᠨ᠎ᠤ 1 - 7 ᠰᠠᠷ᠎ᠠ᠎ᠳᠤ᠂
ᠦᠬᠠᠢ ᠬᠣᠲᠠ᠎ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ 22 ᠳ᠋ᠦᠩᠰᠢᠭᠤᠷ
6900 ᠲᠦᠮᠡᠨ ᠲᠥᠭᠥᠷᠢᠭ᠎ᠲᠦ ᠬᠦᠷᠴᠦ᠂ ᠳᠡᠭᠡᠷ᠎ᠡ
ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 115.13%᠎ᠪᠠᠷ ᠨᠡᠮᠡᠭᠳᠡᠨ᠂
ᠨᠡᠮᠡᠭᠳᠡᠯ᠎ᠦᠨ ᠬᠤᠷᠳᠤᠴᠠ ᠨᠢ ᠦᠷᠭᠦᠯᠵᠢᠯᠡᠨ ᠪᠥᠬᠥ ᠣᠷᠣᠨ᠎ᠳᠦ ᠲᠦᠷᠦᠭᠦᠯᠡᠵᠡᠢ᠃
ᠰᠤᠶᠤᠯ
✦11᠎ᠦ ᠡᠳᠦᠷ᠂ ᠪᠠᠶᠠᠨᠨᠠᠭᠤᠷ ᠬᠤᠲᠠ᠎ᠵᠢᠨ ᠬᠠᠩᠭᠢᠨ ᠬᠣᠢᠲᠤ ᠬᠣᠰᠢᠭᠤᠨ᠎ᠤ ᠠᠮᠲᠠᠲᠤ ᠢᠳᠡᠭᠡᠨ
ᠳᠠᠭᠤᠤ ᠬᠥᠭᠵᠢᠮ᠎ᠦᠨ ᠨᠠᠢᠷ ᠡᠬᠢᠯᠡᠵᠦ᠂ 8 ᠰᠠᠷ᠎ᠠ᠎ᠶᠢᠨ 20᠎ᠤ ᠡᠳᠦᠷ ᠪᠣᠯᠲᠠᠯ᠎ᠠ ᠦᠷᠭᠦᠯᠵᠢᠯᠡᠨ᠎ᠡ᠃
ᠲᠠᠮᠢᠷ
✦ᠤᠢᠷ᠎ᠠ᠎ᠳᠦ ᠶᠠᠪᠤᠭᠳᠠᠭᠰᠠᠨ
2026 ᠣᠨ᠎ᠤ ᠪᠦᠬᠦ ᠤᠯᠤᠰ᠎ᠤᠨ ᠬᠦᠨᠳᠦ ᠬᠥᠩᠭᠡᠨ
ᠪᠡᠶ᠎ᠡ᠎ᠵᠢᠨ ᠲᠠᠮᠢᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠮᠡᠭᠲᠡᠢ᠎ᠶᠢᠨ 100 ᠮᠧᠲᠷ᠎ᠦᠨ ᠰᠢᠢᠳᠪᠦᠷᠢᠲᠦ ᠤᠷᠤᠯᠳᠤᠭᠠᠨ᠎ᠳᠤ᠂ 17 ᠨᠠᠰᠤᠲᠠᠢ ᠪᠢᠴᠢᠬᠠᠨ ᠲᠠᠮᠢᠷᠴᠢᠨ ᠴᠧᠨ ᠢᠦᠢ ᠵᠢᠶᠧ 11 ᠰᠧᠺᠦ᠋ᠨ᠋ᠳ᠋ 08 ᠵᠢᠨ ᠬᠢᠷᠢ ᠪᠦᠲᠦᠮᠵᠢ᠎ᠪᠡᠷ ᠮᠠᠩᠯᠠᠢᠯᠠᠭᠰᠠᠨ
ᠪᠥᠭᠡᠳ ᠲᠤᠰ ᠤᠷᠤᠯᠳᠤᠭᠠᠨ ᠤ ᠲᠥᠷᠥᠯ᠎ᠦᠨ ᠠᠽᠢᠶ᠎ᠠ ᠲᠢᠪ᠎ᠦᠨ U20 ᠵᠢᠨ ᠲᠡᠮᠳᠡᠭᠯᠡᠯ ᠢ ᠰᠢᠨᠡᠳᠬᠡᠪᠡ᠃
✦ᠲᠦᠷᠦᠭᠦᠬᠡᠨ ᠶᠠᠪᠤᠭᠳᠠᠭᠰᠠᠨ ᠥᠪᠥᠷ ᠮᠣᠩᠭᠣᠯ᠎ᠤᠨ ᠠᠷᠪᠠᠨ ᠵᠢᠷᠭᠤᠳᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠡᠮᠡᠭᠲᠡᠢ᠎ᠶᠢᠨ 100 ᠮᠧᠲᠷ᠎ᠦᠨ ᠬᠥᠬᠡ ᠳᠤᠭᠤᠢᠯᠠᠩ᠎ᠤᠨ ᠲᠡᠮᠡᠴᠡᠭᠡᠨ᠎ᠳᠦ
ᠰᠢᠯᠢ᠎ᠶᠢᠨ ᠭᠣᠣᠯ ᠠᠢᠮᠠᠭ᠎ᠤᠨ ᠲᠠᠮᠢᠷᠴᠢᠨ ᠹᠦ ᠵᠢᠶᠠ ᠨᠢ 11 ᠰᠧᠺᠦ᠋ᠨ᠋ᠳ᠋ 53 ᠵᠢᠨ ᠬᠢᠷᠢ ᠪᠦᠲᠦᠮᠵᠢ᠎ᠪᠡᠷ ᠠᠯᠲᠠᠨ
ᠮᠧᠳᠠᠯ ᠭᠠᠷᠳᠠᠵᠠᠢ᠃
ᠲᠡᠯᠡᠬᠡᠢ
✦ᠭᠧᠷᠮᠠᠨ᠎ᠤ
ᠨᠢᠭᠡᠨ ᠰᠤᠳᠤᠯᠭᠠᠨ᠎ᠤ ᠭᠠᠵᠠᠷ᠎ᠤᠨ ᠨᠡᠢᠲᠡᠯᠡᠭᠰᠡᠨ ᠬᠠᠮᠤᠭ ᠤᠨ ᠰᠢᠨ᠎ᠡ ᠮᠡᠳᠡᠭᠦᠯᠦᠯᠲᠡ᠎ᠵᠢ ᠦᠨᠳᠦᠰᠦᠯᠡᠪᠡᠯ᠂
ᠡᠨᠡ ᠵᠢᠯ ᠦᠨ 4 ᠰᠠᠷ᠎ᠠ᠎ᠶᠢᠨ
6᠎ᠤ ᠡᠳᠦᠷ᠎ᠡᠴᠡ 8 ᠰᠠᠷ᠎ᠠ᠎ᠶᠢᠨ
2 ᠤᠨ ᠡᠳᠦᠷ ᠪᠣᠯᠲᠠᠯ᠎ᠠ᠂ ᠭᠧᠷᠮᠠᠨ᠎ᠤ 1.25 ᠲᠦᠮᠡᠨ
ᠬᠥᠮᠥᠨ ᠥᠨᠳᠥᠷ ᠬᠠᠯᠠᠭᠤᠨ᠎ᠤ ᠴᠠᠭ ᠠᠭᠤᠷ᠎ᠡᠴᠡ ᠪᠣᠯᠵᠤ ᠡᠨᠳᠡᠪᠡ᠃
ᠦᠢᠯᠡᠴᠢᠯᠡᠭᠡ
✦ᠬᠥᠯᠥᠨ ᠪᠣᠶ᠋ᠢᠷ ᠬᠣᠲᠠ᠎ᠶᠢᠨ ᠬᠤᠲᠠ᠎ᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ
ᠬᠠᠷᠢᠶ᠎ᠠ ᠠᠵᠢᠯ ᠦᠢᠯᠡᠰ᠎ᠦᠨ ᠨᠢᠭᠡᠴᠢ ᠠᠵᠢᠯᠲᠠᠨ ᠡᠯᠰᠡᠬᠦ᠎ᠪᠡᠷ ᠪᠤᠢ᠃
ᠲᠠᠨ ᠤ ᠲᠤᠰᠡ ᠳ᠋ᠤ
✦ᠰᠢᠬᠢᠷᠯᠢᠭ᠂ ᠲᠣᠰᠣᠯᠢᠭ᠂ ᠳᠠᠪᠤᠰᠤᠯᠢᠭ
ᠢᠳᠡᠭᠡᠨ ᠢᠳᠡᠬᠦ ᠬᠡᠮᠵᠢᠶ᠎ᠡ᠎ᠪᠡᠨ ᠬᠢᠵᠠᠭᠠᠷᠯᠠᠵᠤ᠂ ᠬᠡᠲᠦᠷᠡᠲᠡᠯ᠎ᠡ ᠪᠣᠯᠪᠠᠰᠤᠷᠠᠭᠤᠯᠤᠭᠰᠠᠨ ᠢᠳᠡᠭᠡᠨ ᠪᠣᠯᠣᠨ
ᠤᠯᠠᠭᠠᠨ ᠮᠢᠬ᠎ᠠ᠎ᠶᠢ ᠪᠠᠭ᠎ᠠ ᠢᠳᠡᠵᠦ᠂ ᠲᠠᠮᠠᠬᠢ ᠪᠠ ᠠᠷᠢᠬᠢ ᠡᠳ᠋ᠯᠡᠬᠦ᠎ᠪᠡᠨ ᠪᠠᠭᠠᠰᠬᠠᠪᠠᠯ ᠵᠤᠬᠢᠨ᠎ᠠ᠃ ᠠᠮᠤ
ᠪᠤᠳᠠᠭ᠎ᠠ᠂ ᠨᠣᠭᠣᠭ᠎ᠠ ᠵᠢᠮᠢᠰ᠂ ᠪᠤᠷᠴᠠᠭ᠎ᠤᠨ ᠵᠦᠢᠯ ᠵᠡᠷᠭᠡ ᠤᠷᠭᠤᠮᠠᠯ᠎ᠤᠨ ᠴᠢᠨᠠᠷᠲᠠᠢ ᠢᠳᠡᠭᠡᠨ᠎ᠢ ᠢᠯᠡᠭᠦᠦ
ᠢᠳᠡᠪᠡᠯ ᠦᠷᠪᠢᠰᠦᠯ᠎ᠦᠨ ᠲᠦᠪᠰᠢᠨ᠎ᠢ ᠪᠠᠭᠤᠷᠠᠭᠤᠯᠬᠤ᠎ᠳᠦ ᠠᠰᠢᠭ᠍ᠲᠠᠢ ᠪᠠᠢᠳᠠᠭ᠃ ᠤᠳᠠᠭᠠᠨ ᠴᠢᠨᠠᠷᠲᠠᠢ ᠦᠷᠪᠢᠰᠦᠯ
ᠨᠢ ᠥᠮᠡᠨᠦ ᠲᠦᠭᠰᠢᠭᠦᠷᠢ᠎ᠶᠢ ᠨᠡᠮᠡᠭᠳᠡᠭᠦᠯᠵᠦ ᠮᠡᠳᠡᠨ᠎ᠡ᠃
ᠵᠠᠯᠭᠠᠭᠠᠳ 《ᠡᠯᠢᠭᠡ ᠵᠢᠷᠦᠬᠡᠨ᠎ᠡᠴᠡ
ᠤᠶᠠᠭᠠᠲᠠᠢ ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ
ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ ᠤᠨ ᠰᠤᠨᠢᠨ ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)