ᠬᠤᠷᠴᠢᠨ ᠵᠡᠭᠦᠨ ᠭᠠᠷᠤᠨ ᠬᠤᠢᠲᠤ ᠬᠤᠱᠢᠭᠤ 700 ᠭᠠᠷᠤᠢ ᠲᠦᠮᠡᠨ ᠲᠤᠨ ᠬᠥᠭᠡ ᠳᠠᠷᠤᠰᠢ ᠬᠤᠷᠢᠶᠠᠪᠠ
2020-10-12 08:45:10
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠠᠴᠠ᠂ ᠬᠤᠷᠴᠢᠨ ᠵᠡᠭᠦᠨ ᠭᠠᠷᠤᠨ ᠬᠤᠢᠲᠤ ᠬᠤᠱᠢᠭᠤ ᠠᠮᠢ ᠠᠬᠤᠶ᠎ᠶ᠋ᠢ ᠲᠡᠷᠢᠭᠦᠨ᠎ᠳᠤ ᠲᠠᠯᠪᠢᠬᠤ ᠪᠣᠬᠢᠷᠲᠤᠯ ᠦᠭᠡᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠤᠠ᠂ 《ᠲᠡᠵᠢᠭᠡᠬᠦ᠌᠎ᠶ᠋ᠢᠨ ᠲᠥᠯᠥᠭᠡ ᠲᠠᠷᠢᠵᠤ᠂ ᠮᠠᠯᠵᠢᠬᠤ᠎ᠶ᠋ᠢᠨ ᠲᠥᠯᠥᠭᠡ ᠲᠠᠷᠢᠬᠤ》 ᠰᠡᠳᠭᠢᠴᠡ᠎ᠪᠠᠷ ᠠᠮᠤ ᠪᠤᠳᠠᠭ᠎ᠠ᠎ᠶ᠋ᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠵᠤ᠂ ᠡᠨᠡ ᠵᠢᠯ 170 ᠲᠦᠮᠡᠨ ᠮᠥ᠍ ᠬᠥᠭᠡ ᠳᠠᠷᠤᠰᠢ ᠲᠡᠷᠢᠵᠦ᠍᠂ ᠤᠳᠤᠬᠠᠨ ᠪᠤᠯᠳᠠᠯ᠎ᠠ 700 ᠭᠠᠷᠤᠢ ᠲᠦᠮᠡᠨ ᠲᠤᠨ ᠬᠦᠭᠡ ᠲᠠᠷᠤᠰᠢ ᠬᠤᠷᠢᠶᠠᠨ᠂ ᠦᠬᠡᠷ ᠮᠠᠯᠵᠢᠬᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠥ᠍᠂ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠬᠦᠯᠵᠥ᠍ ᠪᠠᠢᠨ᠎ᠠ᠃


downLoad-20201012084143.JPG


ᠲᠤᠰ ᠬᠤᠱᠢᠭᠤᠨ᠎ᠤ ᠲᠦᠮᠡᠨ ᠮᠦ᠍ ᠬᠥᠭᠡ ᠳᠠᠷᠤᠰᠢ᠎ᠶ᠋ᠢᠨ ᠡᠷᠳᠡᠨᠢ ᠱᠢᠰᠢ ᠲᠠᠷᠢᠬᠤ ᠰᠠᠭᠤᠷᠢᠨ ᠱᠠᠭᠠᠵᠠᠩᠲᠠᠢ ᠮᠠᠯᠵᠢᠯ᠎ᠤᠨ ᠲᠠᠯᠠᠪᠠᠢ᠎ᠶ᠋ᠢᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠮᠢ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ᠎ᠲᠤ ᠪᠤᠢ᠃ ᠣᠢᠷ᠎ᠠ᠎ᠳᠤ ᠪᠦᠬᠦ᠌ ᠤᠯᠤᠰ᠎ᠤᠨ ᠡᠯ᠎ᠡ ᠭᠠᠵᠠᠷ᠎ᠤᠨ ᠲᠠᠷᠢᠶᠠᠯᠠᠩ᠎ᠤᠨ ᠬᠠᠮᠢᠶ᠎ᠠ᠎ᠲᠠᠢ 150 ᠭᠠᠷᠤᠢ ᠠᠵᠢᠯᠲᠠᠨ ᠠᠳᠡ ᠢᠷᠡᠵᠦ᠍ ᠲᠣᠭᠤᠷᠢᠨ ᠦᠵᠡᠵᠡᠢ᠃ ᠲᠤᠰ ᠰᠠᠭᠤᠷᠢᠨ ᠥᠨᠳᠥᠷ ᠥᠷ᠎ᠡ ᠪᠦᠲᠦᠮᠵᠢᠲᠥ᠍ ᠤᠰᠤ ᠠᠷᠪᠢᠯᠠᠬᠤ᠂ ᠮᠡᠷᠭᠡᠵᠢᠯ᠎ᠤᠨ ᠳᠡᠯᠭᠡᠷᠡᠭᠦᠯᠥᠯᠲᠠ ᠪᠠ ᠲᠠᠷᠢᠮᠠᠯ᠎ᠤᠨ ᠲᠥᠷᠥᠯ ᠵᠦᠶᠯ᠎ᠢ ᠨᠢᠭᠡ ᠴᠣᠭ᠍ᠴᠠᠵᠢᠭᠤᠯᠤᠨ ᠳᠡᠯᠭᠡᠨ ᠦᠵᠡᠭᠦᠯᠵᠦ᠍᠂ 《ᠠᠮᠤ ᠪᠤᠳᠠᠭ᠎ᠠ᠎ᠶ᠋ᠢᠨ ᠲᠡᠷᠢᠮᠠᠯ᠎ᠤᠨ ᠲᠡᠯᠠᠪᠠᠢ᠎ᠶ᠋ᠢ ᠲᠣᠭ᠍ᠲᠠᠪᠤᠷᠢᠵᠢᠭᠤᠯᠵᠤ᠂ ᠡᠵᠡᠩᠨᠡᠯᠲᠠ᠎ᠪᠠᠨ ᠱᠢᠯᠢᠳᠡᠭ᠌ᠵᠢᠭᠦᠯᠦᠨ ᠡᠪᠡᠰᠥ᠍ ᠪᠣᠷᠳᠤᠭ᠎ᠠ᠎ᠶ᠋ᠢᠨ ᠲᠡᠷᠢᠮᠠᠯ᠎ᠤᠨ ᠲᠡᠯᠠᠪᠠᠢ᠎ᠶ᠋ᠢ ᠥᠷᠭᠡᠳᠭᠡᠬᠦ᠌》 ᠰᠡᠳᠭᠢᠮᠵᠢ᠎ᠪᠠᠷ ᠲᠠᠷᠢᠮᠠᠯ᠎ᠤᠨ ᠪᠦᠲᠦᠴᠡ᠎ᠳᠡᠭᠡᠨ ᠲᠣᠬᠢᠷᠠᠭᠤᠯᠥᠯᠲᠠ ᠬᠢᠵᠤ᠂ 《ᠡᠪᠡᠰᠦ ᠪᠤᠷᠳᠤᠭ᠎ᠠ᠎ᠶ᠋ᠢ ᠲᠠᠷᠢᠶᠠᠨ᠎ᠳᠤ ᠣᠷᠣᠭᠤᠯᠵᠤ᠂ ᠡᠪᠡᠰᠦ ᠪᠤᠷᠳᠤᠭ᠎ᠠ᠎ᠶ᠋ᠢ ᠠᠮᠤ ᠪᠤᠳᠠᠭ᠎ᠠ ᠮᠠᠳᠤ ᠲᠠᠷᠢᠬᠤ》 ᠵᠢᠱ᠌ᠢᠶ᠎ᠡ ᠦᠵᠡᠭᠦᠯᠬᠦ᠌ ᠰᠠᠭᠤᠷᠢᠨ᠎ᠢ ᠠᠬᠢᠭᠤᠯᠥᠨ᠂ ᠵᠢᠯ᠎ᠳᠤ ᠬᠥᠭᠡ ᠳᠠᠷᠤᠰᠢ᠎ᠶ᠋ᠢᠨ ᠡᠷᠳᠡᠨᠢ ᠱᠢᠰᠢ᠎ᠶ᠋ᠢ 1 ᠲᠦᠮᠡᠨ ᠮᠦ᠍᠎ᠠᠴᠠ ᠳᠡᠭᠡᠭ᠌ᠰᠢ ᠲᠠᠷᠢᠵᠤ ᠪᠠᠢᠨ᠎ᠠ᠃

ᠱᠠᠭᠠᠵᠠᠩᠲᠠᠢ ᠮᠠᠯᠵᠢᠯ᠎ᠤᠨ ᠲᠠᠯᠠᠪᠠᠢ᠎ᠶ᠋ᠢᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠮᠢ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ ᠣᠯᠠᠨ ᠵᠢᠯ ᠳᠠᠷᠠᠭᠠᠯᠠᠨ ᠠᠮᠤ ᠪᠤᠳᠠᠭ᠎ᠠ᠎ᠶ᠋ᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ᠌ ᠠᠵᠢᠯ᠎ᠢ ᠠᠬᠢᠭᠤᠯᠵᠤ᠂ ᠡᠷᠳᠡᠨᠢ ᠱᠢᠰᠢ᠎ᠶ᠋ᠢᠨ ᠲᠠᠷᠢᠮᠠᠯ᠎ᠤᠨ ᠪᠦᠲᠦᠴᠡ᠎ᠳᠤ ᠳᠤᠬᠢᠷᠠᠭᠤᠯᠤᠯᠲᠠ ᠬᠢᠵᠤ᠂ ᠬᠥᠭᠡ ᠳᠠᠷᠤᠰᠢ ᠵᠡᠷᠭᠡ ᠱᠢᠯᠢᠳᠡᠭ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠢ᠎ᠶ᠋ᠢ ᠥᠷᠭᠡᠳᠭᠡᠨ᠂ ᠬᠠᠳᠠᠭᠠᠯᠠᠮᠵᠢ᠎ᠶ᠋ᠢ ᠨᠡᠮᠡᠭ᠌ᠳᠡᠭᠦᠯᠵᠦ᠍᠂ ᠲᠠᠷᠢᠬᠤ᠂ ᠬᠤᠷᠢᠶᠠᠬᠤ᠂ ᠬᠠᠳᠠᠭᠠᠯᠠᠬᠤ᠂ ᠬᠡᠷᠡᠭ᠌ᠯᠡᠬᠦ᠌ ᠶᠡᠷᠦᠩᠬᠡᠶ ᠴᠢᠳᠠᠪᠤᠷᠢ ᠪᠣᠯᠤᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠡᠢ᠃ ᠤᠳᠤ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠬᠥᠭᠡ ᠳᠠᠷᠤᠰᠢ᠎ᠶ᠋ᠢᠨ ᠳᠠᠷᠢᠮᠠᠯ᠎ᠤᠨ ᠲᠥᠷᠥᠯ ᠵᠦᠢᠯ᠎ᠢ ᠲᠤᠰᠭᠠᠶ ᠬᠡᠷᠡᠭ᠌ᠯᠡᠬᠦ᠂ ᠦᠢᠯᠡᠳᠪᠦᠷᠢᠯᠡᠯ᠎ᠢ ᠬᠡᠪᠴᠢᠶᠡᠵᠢᠭᠦᠯᠬᠦ᠂ ᠠᠵᠢᠯᠯᠠᠬᠤ ᠶᠠᠪᠤᠴᠠ᠎ᠶ᠋ᠢ ᠣᠳᠣᠬᠢᠴᠢᠯᠠᠬᠤ᠂ ᠪᠣᠷᠣᠯᠠᠭᠤᠯᠭ᠎ᠠ᠎ᠶ᠋ᠢ ᠲᠠᠸᠠᠷᠴᠢᠯᠠᠬᠤ ᠵᠠᠮ᠎ᠢᠶᠠᠷ ᠵᠠᠮᠨᠠᠵᠤ᠂ ᠲᠠᠷᠢᠶᠠᠯᠠᠩ᠎ᠤᠨ ᠦᠷ᠎ᠡ ᠠᠱᠢᠭ᠎ᠢ ᠶᠡᠭᠡ᠎ᠪᠠᠷ ᠲᠡᠭᠡᠭ᠌ᠰᠢᠯᠡᠬᠦᠯᠵᠡᠢ᠃

ᠲᠠᠷᠢᠶᠠᠯᠠᠩ᠎ᠤᠨ ᠦᠷ᠎ᠡ ᠠᠱᠢᠭ ᠳᠡᠭᠡᠭ᠌ᠰᠢᠯᠡᠬᠦ᠌᠎ᠶ᠋ᠢ ᠳᠠᠭᠠᠯᠳᠤᠨ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠤ ᠡᠵᠡᠩᠨᠡᠯᠲᠡ᠎ᠶ᠋ᠢᠨ ᠦᠵᠡᠯᠲᠡ ᠲᠠᠨᠢᠯᠲᠠ᠎ᠳᠤ ᠬᠤᠪᠢᠷᠠᠯᠲᠠ ᠭᠠᠷᠴᠤ᠌᠂ ᠤᠯᠠᠮᠵᠢᠯᠠᠯᠲᠤ ᠮᠠᠯᠵᠢᠯ᠎ᠤᠨ ᠡᠵᠡᠩᠨᠡᠯᠲᠡ᠎ᠠᠴᠠ ᠬᠠᠱᠢᠶᠠᠯᠠᠨ ᠲᠡᠵᠢᠭᠡᠵᠦ᠍ ᠥᠨᠳᠥᠷ ᠥᠷ᠎ᠡ ᠪᠦᠲᠦᠮᠵᠢᠲᠡᠶ ᠮᠠᠯᠵᠢᠬᠤ᠂ ᠲᠠᠷᠢᠮᠠᠯ᠎ᠤᠨ ᠡᠰᠢ ᠰᠦᠷᠡᠯ᠎ᠢᠶᠠᠷ ᠮᠠᠯ ᠲᠡᠵᠢᠭᠡᠵᠤ ᠪᠠᠢᠬ᠍ᠰᠠᠨ᠎ᠠᠴᠠ ᠬᠥᠭᠡ ᠳᠠᠷᠤᠰᠢ ᠳᠠᠷᠢᠵᠤ ᠬᠥᠭᠡ ᠳᠠᠷᠤᠰᠢ᠎ᠪᠠᠷ ᠮᠠᠯ ᠲᠡᠵᠢᠭᠡᠬᠦ᠂ ᠮᠠᠯ ᠠᠵᠤ ᠠᠬᠤᠶ ᠲᠡᠷᠢᠶᠠᠯᠠᠩ᠎ᠤᠨ ᠲᠤᠭ᠎ᠠ ᠬᠡᠮᠵᠢᠶ᠎ᠡ᠎ᠶ᠋ᠢ ᠴᠢᠬᠤᠯᠠᠴᠢᠯᠠᠵᠤ ᠪᠠᠢᠬ᠍ᠰᠠᠨ᠎ᠠᠴᠠ ᠶᠠᠰᠤ ᠴᠢᠨᠠᠷ᠎ᠢ ᠴᠢᠬᠤᠯᠠᠴᠢᠯᠠᠬᠤ ᠪᠤᠯᠵᠠᠢ᠃ ᠡᠢᠨ ᠬᠦ᠌ ᠠᠮᠤ ᠪᠤᠳᠠᠭᠠᠨ᠎ᠤ ᠲᠠᠷᠢᠮᠠᠯ᠎ᠢ ᠲᠡᠵᠢᠭᠡᠯ ᠪᠣᠷᠳᠤᠭ᠎ᠠ᠎ᠶ᠋ᠢᠨ ᠳᠠᠷᠢᠮᠠᠯ ᠪᠣᠯᠭᠠᠨ ᠥᠭᠡᠷᠡᠴᠢᠯᠡᠬᠦ᠌ ᠠᠵᠢᠯ ᠱᠠᠭᠠᠵᠠᠩᠲᠠᠢ ᠮᠠᠯᠵᠢᠯ᠎ᠤᠨ ᠲᠠᠯᠠᠪᠠᠢ᠎ᠶ᠋ᠢᠨ ᠮᠠᠯ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠥᠴᠥᠲᠠᠢ ᠠᠬᠢᠭᠤᠯᠪᠠ᠃

2016 ᠣᠨ᠎ᠳᠤ᠂ ᠲᠤᠰ ᠬᠤᠱᠢᠭᠤᠠ᠎ᠤ ᠬᠥᠭᠡ ᠳᠠᠷᠤᠰᠢ᠎ᠶ᠋ᠢᠨ ᠳᠠᠷᠢᠮᠠᠯ᠎ᠤᠨ ᠲᠠᠯᠠᠪᠠᠢ 120 ᠲᠦᠮᠡᠨ ᠮᠦ᠍ ᠪᠠᠢᠭ᠍ᠰᠠᠨ᠎ᠠᠴᠠ ᠤᠳᠤ 170 ᠲᠦᠮᠡᠨ ᠮᠦ᠍ ᠪᠣᠯᠵᠦ᠍᠂ 9300 ᠲᠦᠮᠡᠨ ᠲᠥᠭᠦᠷᠢᠭ᠎ᠤᠨ ᠲᠥᠷᠥᠯ ᠵᠦᠢᠯ᠎ᠤᠨ ᠨᠥᠬᠦᠪᠥᠷᠢ ᠲᠠᠷᠬᠠᠭᠠᠨ᠂ 8 ᠰᠤᠮᠤ ᠪᠠᠯᠭᠠᠰᠤ᠎ᠶ᠋ᠢᠨ 1 ᠲᠥᠮᠡ 6960 ᠮᠠᠯᠵᠢᠬᠤ ᠲᠠᠷᠢᠶᠠᠯᠠᠬᠤ ᠡᠷᠦᠬᠡ ᠪᠠ 139 ᠬᠡᠪᠴᠢᠶᠡᠵᠢᠭ᠌ᠰᠡᠨ ᠲᠡᠵᠢᠭᠡᠪᠤᠷᠢ᠎ᠶ᠋ᠢᠨ ᠲᠠᠯᠠᠪᠠᠢ ᠠᠱᠢᠭ ᠬᠦᠷᠳᠡᠵᠥ᠍᠂ ᠨᠥᠬᠦᠪᠥᠷᠢ ᠮᠥᠩᠭᠦ᠎ᠪᠠᠷ 196 ᠲᠦᠮᠡᠨ ᠲᠣᠨ ᠬᠥᠭᠡ ᠳᠠᠷᠤᠰᠢ ᠵᠤᠭᠤᠷᠢᠯᠠᠨ᠂ ᠵᠢᠯ ᠪᠦᠷᠢ 100 ᠳ᠋ᠦᠩᠱᠢᠭᠤᠷ ᠵᠢᠩ᠎ᠠᠴᠠ ᠳᠡᠭᠡᠭ᠌ᠰᠢ ᠲᠡᠵᠢᠭᠡᠯ ᠡᠪᠡᠰᠦ ᠪᠣᠷᠳᠤᠭ᠎ᠠ ᠬᠤᠷᠢᠶᠠᠵᠤ ᠬᠠᠳᠠᠭᠠᠯᠠᠬᠤ ᠪᠤᠯᠪᠠ᠃

ᠡᠨᠡ ᠵᠢᠯ᠂ ᠲᠤᠰ ᠬᠤᠱᠢᠭᠤᠨ᠎ᠤ ᠮᠢᠬᠠᠠ᠎ᠤ ᠦᠬᠡᠷ᠎ᠤᠨ ᠬᠠᠱᠢᠶᠠᠯᠠᠯᠳᠠ᠎ᠶ᠋ᠢᠨ ᠲᠤᠭ᠎ᠠ 82 ᠲᠦᠮᠡ᠎ᠳᠤ ᠬᠦᠷᠴᠤ᠌᠂ ᠮᠠᠯᠴᠢᠨ ᠲᠠᠷᠢᠶᠠᠴᠢᠳ 《ᠢᠯᠡᠭᠦᠤ ᠬᠥᠭᠡ ᠳᠠᠷᠤᠰᠢ ᠳᠠᠷᠢᠵᠤ᠂ ᠢᠯᠡᠭᠦᠤ ᠰᠠᠢᠨ ᠡᠭᠦᠯᠳᠡᠷ᠎ᠤᠨ ᠥᠭᠡᠷ ᠮᠠᠯᠵᠢᠬᠤ》 ᠡᠵᠡᠩᠨᠡᠯᠳᠠ᠎ᠶ᠋ᠢᠨ ᠦᠵᠡᠯ ᠤᠬᠠᠮᠰᠠᠷ᠎ᠲᠠᠢ ᠪᠤᠯᠵᠥ᠍᠂ ᠦᠬᠡᠷ ᠮᠠᠯᠵᠢᠬᠤ ᠦᠢᠯᠡᠰ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠥᠨ᠂ ᠠᠵᠤ ᠦᠢᠯᠡᠰ᠎ᠤᠨ ᠬᠡᠯᠬᠢᠶᠠᠵᠢᠯ᠎ᠤᠨ ᠬᠥᠭ᠌ᠵᠢᠯᠲᠡ᠎ᠶ᠋ᠢ ᠥᠨᠡᠨ ᠬᠦ᠌ ᠪᠠᠳᠤᠯᠠᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠯ᠎ᠢ ᠠᠬᠢᠭᠤᠯᠥᠨ᠂ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢᠨ ᠦᠷᠭᠦᠯᠵᠢᠯᠡᠨ ᠨᠡᠮᠡᠭ᠌ᠳᠡᠭᠦ᠎ᠶ᠋ᠢ ᠠᠬᠢᠭᠤᠯᠬᠤ᠎ᠳᠤ ᠪᠠᠲᠤᠯᠠᠭ᠎ᠠ ᠬᠠᠩᠭᠠᠵᠥ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号