ᠡᠭᠦᠯᠡᠨ ᠬᠦᠯᠦᠭ •2020 ᠥᠪᠥᠷ ᠮᠣᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ》 ᠎ᠤ ᠰᠦᠯᠵᠢᠶᠡᠨ ᠲᠡᠭᠡᠷᠡᠬᠢ ᠤᠨᠤᠭ᠎ᠠ ᠦᠭ᠌ᠭᠦᠯᠳᠡ ᠡᠬᠢᠯᠡᠯ᠎ᠡ
2020-10-20 10:35:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠳᠡᠰ᠎ᠠᠴᠠ ᠭᠤᠤᠯᠯᠠᠨ ᠡᠷᠬᠢᠯᠡᠵᠦ᠍᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠶᠤᠯ ᠵᠢᠭᠤᠯᠴᠢᠯᠠᠯ᠎ᠤᠨ ᠲᠢᠩᠬᠢᠮ᠎ᠠᠴᠠ ᠬᠠᠮᠵᠢᠨ ᠡᠷᠬᠢᠯᠡᠭ᠌ᠰᠡᠨ᠂ ᠦᠪᠦᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ᠂ ᠦᠪᠦᠷ ᠮᠤᠩᠭᠤᠯ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ᠂ ᠦᠪᠦᠷ ᠮᠤᠩᠭᠤᠯ᠎ᠤᠨ ᠤᠷᠠᠯᠢᠭ᠎ᠤᠨ ᠲᠡᠭᠡᠳᠦ ᠰᠤᠷᠭᠠᠭᠤᠯᠢ᠂ ᠦᠪᠦᠷ ᠮᠤᠩᠭᠤᠯ᠎ᠤᠨ ᠲᠠᠭᠤᠤ ᠬᠦᠭ᠌ᠵᠢᠮᠴᠢᠳ᠎ᠤᠨ ᠨᠡᠢᠭᠡᠮᠯᠢᠭ᠂ ᠠᠴᠠ ᠳᠠᠭᠠᠭᠠᠴᠢᠯᠠᠨ ᠡᠷᠬᠢᠯᠡᠭ᠌ᠰᠡᠨ 《ᠡᠭᠦᠯᠡᠨ ᠬᠦᠯᠦᠭ •2020 ᠥᠪᠥᠷ ᠮᠣᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ》 10 ᠰᠠᠷ᠎ᠠ᠎ᠶ᠋ᠢᠨ 20 ᠎ᠤ ᠡᠳᠦᠷ᠎ᠠᠴᠠ ᠡᠬᠢᠯᠡᠨ ᠰᠦᠯᠵᠢᠶᠡᠨ ᠲᠡᠭᠡᠷ᠎ᠡ ᠤᠨᠤᠭ᠎ᠠ ᠦᠭ᠌ᠴᠦ ᠡᠬᠢᠯᠡᠵᠡᠢ᠃


IMG_3071.PNG


ᠲᠤᠰ ᠤᠷᠤᠯᠳᠤᠭᠠᠨ᠎ᠳᠤ ᠨᠡᠢᠳᠡ 568 ᠬᠦᠮᠦᠨ ᠨᠡᠷ᠎ᠡ ᠮᠡᠳᠡᠭᠦᠯᠵᠦ᠍ ᠤᠷᠤᠯᠴᠠᠵᠠᠢ᠃ ᠤᠷᠤᠯᠳᠤᠭᠠᠨ᠎ᠤ ᠵᠤᠬᠢᠶᠠᠨ ᠪᠠᠢᠭᠤᠯᠬᠤ ᠺᠤᠮᠢᠰ᠎ᠤᠨ ᠲᠤᠰᠭᠠᠢ ᠮᠡᠷᠭᠡᠵᠢᠯᠳᠡᠨ᠎ᠤ ᠲᠤᠭᠤᠢ᠍ᠢᠯᠠᠩ᠎ᠤᠨ ᠨᠠᠷᠢᠨ ᠨᠢᠮᠪᠠᠢ ᠬᠢᠨᠠᠨ ᠱᠢᠯᠭᠠᠷᠠᠭᠤᠯᠤᠯᠳᠠ᠎ᠪᠠᠷ ᠲᠠᠮᠵᠢᠨ 158 ᠲᠠᠭᠤᠴᠢᠨ ᠡᠴᠦᠰ᠎ᠤᠨ ᠱᠢᠢᠳᠪᠦᠷᠢᠳᠦ ᠤᠷᠤᠯᠳᠤᠭᠠᠨ᠎ᠳᠤ ᠦᠯᠡᠳᠡᠵᠡᠢ᠃ ᠡᠭᠦᠨ᠎ᠳᠤ ᠤᠷᠳᠤ᠎ᠶ᠋ᠢᠨ ᠲᠠᠭᠤᠤ᠎ᠶ᠋ᠢᠨ ᠲᠤᠭᠤᠢ᠍ᠢᠯᠠᠩ᠎ᠳᠤ 68 ᠬᠦᠮᠦᠨ᠂ ᠪᠤᠭᠤᠨᠢ ᠲᠠᠭᠤᠤ᠎ᠶ᠋ᠢᠨ ᠲᠤᠭᠤᠢ᠍ᠢᠯᠠᠩ᠎ᠳᠤ 25 ᠬᠦᠮᠦᠨ᠂ ᠬᠢᠳᠠᠳ ᠦᠨᠳᠦᠰᠦᠳᠡᠨ᠎ᠤ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ᠎ᠳᠤ 22 ᠬᠦᠮᠦᠨ᠂ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠲᠤᠭᠤᠢ᠍ᠢᠯᠠᠩ᠎ᠳᠤ 11 ᠬᠦᠮᠦᠨ᠂ ᠦᠬᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ (ᠬᠤᠪᠢ ᠬᠦᠮᠦᠨ) ᠎ᠠᠴᠠ 6 ᠬᠦᠮᠦᠨ᠂ ᠦᠬᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ (ᠬᠠᠮᠳᠤ ᠨᠡᠢᠳᠡ) ᠎ᠠᠴᠠ 11 ᠬᠦᠮᠦᠨ᠂ ᠤᠯᠠᠮᠵᠢᠯᠠᠯᠳᠤ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ᠎ᠠᠴᠠ 15 ᠬᠦᠮᠦᠨ ᠲᠤᠳᠤᠷᠠᠵᠠᠢ᠃

ᠦᠪᠡᠷ᠎ᠤᠨ ᠬᠠᠮᠤᠭ᠎ᠤᠨ ᠲᠤᠭᠤᠳᠠᠭ ᠠᠷᠠᠳ᠎ᠤᠨ ᠲᠠᠭᠤᠴᠢᠨ᠎ᠳᠠᠭᠠᠨ ᠤᠨᠤᠭ᠎ᠠ ᠦᠭ᠌ᠭᠦ ᠪᠤᠯᠪᠠᠤ᠃

ᠤᠨᠤᠭ᠎ᠠ ᠦᠭ᠌ᠭᠦ ᠴᠠᠭ᠄ 10 ᠰᠠᠷ᠎ᠠ᠎ᠶ᠋ᠢᠨ 20 ᠎ᠤ ᠡᠳᠦᠷ᠎ᠤᠨ 12 ᠴᠠᠭ -- 10 ᠰᠠᠷ᠎ᠠ᠎ᠶ᠋ᠢᠨ 27 ᠎ᠤ ᠡᠳᠦᠷ᠎ᠤᠨ 24 ᠴᠠᠭ

ᠤᠨᠤᠭ᠎ᠠ ᠦᠭ᠌ᠭᠦ ᠠᠷᠭ᠎ᠠ᠄ ᠲᠠᠷᠠᠭᠠᠬᠢ ᠮᠡᠷᠭᠡᠨ ᠴᠤᠬᠤᠷ᠎ᠢ ᠱᠢᠷᠪᠢᠨ 《ᠬᠦᠯᠦᠭ App》 ᠎ᠶ᠋ᠢ ᠪᠠᠭᠤᠯᠭᠠᠵᠦ᠍ ᠠᠪᠤᠭᠠᠳ 《ᠮᠢᠨᠤ》 ᠎ᠶ᠋ᠢ ᠲᠤᠪᠴᠢᠳᠠᠨ ᠭᠠᠷ ᠤᠳᠠᠰᠤᠨ᠎ᠤ᠎ᠪᠠᠨ ᠨᠤᠮᠧᠷ᠎ᠢᠶᠠᠨ ᠲᠡᠮᠳᠡᠭ᠌ᠯᠡᠭᠦᠯᠵᠦ᠍ App ᠎ᠶ᠋ᠢ ᠨᠡᠭᠡᠭᠡᠨ᠎ᠡ; ᠲᠠᠬᠢᠭᠠᠳ ᠲᠡᠷᠢᠭᠦᠨ ᠬᠠᠭᠤᠳᠠᠰᠤ᠎ᠶ᠋ᠢᠨ ᠪᠠᠷᠠᠭᠤᠨ ᠲᠠᠯ᠎ᠠ᠎ᠶ᠋ᠢᠨ ᠲᠡᠭᠡᠷ᠎ᠡ ᠦᠨᠴᠦᠭ᠎ᠲᠠᠬᠢ 《+》 ᠲᠡᠮᠳᠡᠭ᠎ᠢ ᠲᠤᠪᠴᠢᠳᠠᠨ 《ᠪᠢ ᠊ᠯᠧᠲ ᠦᠭ᠌ᠬᠦ》 ᠴᠢᠳᠠᠮᠵᠢ᠎ᠶ᠋ᠢ ᠨᠡᠭᠡᠭᠡᠵᠦ᠍ ᠤᠨᠤᠭ᠎ᠠ ᠦᠭ᠌ᠭᠦᠨ᠎ᠡ᠃


IMG_3074.PNG


ᠤᠨᠤᠭ᠎ᠠ ᠦᠭ᠌ᠭᠦ ᠲᠦᠷᠢᠮ᠄ ᠤᠷᠳᠤ᠎ᠶ᠋ᠢᠨ ᠲᠠᠭᠤᠤ᠎ᠶ᠋ᠢᠨ ᠲᠤᠭᠤᠢ᠍ᠢᠯᠠᠩ᠂ ᠪᠤᠭᠤᠨᠢ ᠲᠠᠭᠤᠤ᠎ᠶ᠋ᠢᠨ ᠲᠤᠭᠤᠢ᠍ᠢᠯᠠᠩ᠂ ᠬᠢᠳᠠᠳ ᠦᠨᠳᠦᠰᠦᠳᠡᠨ᠎ᠤ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ ᠂ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠲᠤᠭᠤᠢ᠍ᠢᠯᠠᠩ ᠂ ᠦᠬᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ (ᠬᠤᠪᠢ ᠬᠦᠮᠦᠨ)᠂ ᠦᠬᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ (ᠬᠠᠮᠳᠤ ᠨᠡᠢᠳᠡ)᠂ ᠤᠯᠠᠮᠵᠢᠯᠠᠯᠳᠤ ᠠᠷᠠᠳ᠎ᠤᠨ ᠲᠠᠭᠤᠤ᠎ᠶ᠋ᠢᠨ ᠲᠤᠭᠤᠢ᠍ᠢᠯᠠᠩ (ᠬᠠᠮᠳᠤ ᠨᠡᠢᠳᠡ) ᠎ᠳᠤ ᠤᠨᠤᠭ᠎ᠠ ᠦᠭ᠌ᠴᠦ᠂ ᠬᠦᠮᠦᠨ ᠪᠦᠷᠢ ᠡᠳᠦᠷ ᠪᠦᠷᠢ ᠲᠠᠭᠤᠴᠢᠨ ᠪᠦᠷᠢ᠎ᠳᠤ ᠬᠠᠮᠤᠭ ᠤᠯᠠᠨ᠎ᠳᠠᠭᠠᠨ 2 ᠤᠳᠠᠭ᠎ᠠ ᠤᠨᠤᠭ᠎ᠠ ᠦᠭ᠌ᠴᠦ ᠪᠤᠯᠤᠨ᠎ᠠ᠃


IMG_3075(20201020-091938).JPG

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号