ᠯᠢ ᠺᠧ ᠴᠢᠶᠠᠩ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠧ ᠵᠶ᠋ᠢ ᠬᠠᠨ ᠵᠧᠩ ᠸᠠᠩ ᠴᠢ ᠱᠠᠨ ᠦᠵᠡᠰᠭᠦᠯᠡᠩ᠎ᠢ ᠲᠣᠭᠤᠷᠢᠨ ᠦᠵᠡᠪᠡ
ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠣᠶ᠎ᠶ᠋ᠢᠨ ᠲᠠᠱᠢᠷᠠᠮ᠎ᠳᠤ᠂ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ 19 ᠤ ᠡᠳᠦᠷ ᠳᠤᠮᠳᠠᠳᠤ ᠤᠯᠤᠰ᠎ᠤᠨ ᠠᠷᠠᠳ᠎ᠤᠨ ᠬᠤᠪᠢᠰᠭᠠᠯᠲᠤ ᠴᠡᠷᠢᠭ᠎ᠤᠨ ᠶᠠᠪᠤᠳᠠᠯ᠎ᠤᠨ ᠮᠦᠽᠧᠶ᠎ᠳᠤ ᠬᠦᠷᠴᠦ᠍᠂ 《ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠵᠦ᠍ ᠡᠩᠬᠡ ᠲᠠᠢᠪᠤᠩ ᠱᠢᠳᠤᠷᠭᠤ ᠶᠣᠰᠣ᠎ᠶ᠋ᠢ ᠬᠠᠮᠠᠭᠠᠯᠠᠨᠠᠮ — ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠭᠤᠣᠯ ᠰᠡᠳᠦᠪᠲᠦ ᠦᠵᠡᠰᠭᠦᠯᠡᠩ》 ᠢ ᠲᠣᠭᠤᠷᠢᠨ ᠦᠵᠡᠪᠡ᠃ ᠲᠡᠷᠡ᠂ 70 ᠵᠢᠯ᠎ᠤᠨ ᠡᠮᠦᠨ᠎ᠡ᠂ ᠡᠩᠬᠡ ᠲᠠᠢᠪᠤᠩ᠎ᠢ ᠬᠠᠮᠠᠭᠠᠯᠠᠵᠤ ᠲᠦᠷᠢᠮᠡᠬᠡᠢᠯᠡᠯ᠎ᠢ ᠡᠰᠡᠷᠭᠦᠴᠡᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠂ ᠤᠯᠤᠰ ᠭᠡᠷ᠎ᠢᠶᠠᠨ ᠬᠠᠮᠠᠭᠠᠯᠠᠬᠤ ᠲᠡᠤᠬᠡᠲᠦ ᠴᠢᠨᠠᠷᠲᠠᠶ ᠱᠢᠢᠳᠪᠦᠷᠢᠲᠦ ᠪᠣᠳᠣᠯᠭ᠎ᠠ ᠭᠠᠷᠭᠠᠵᠤ᠂ ᠡᠷᠡᠯᠬᠡᠭ ᠪᠠᠭᠠᠳᠤᠷᠯᠢᠭ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠱᠢᠳᠤᠷᠭᠤ ᠶᠣᠰᠣᠨ᠎ᠤ ᠲᠤᠭ᠎ᠢ ᠥᠨᠳᠥᠷ ᠮᠠᠨᠳᠤᠭᠤᠯᠤᠨ᠂ ᠰᠣᠯᠣᠩᠭᠤᠰ᠎ᠤᠨ ᠠᠷᠠᠳ ᠲᠦᠮᠡᠨ ᠪᠠ ᠴᠡᠷᠢᠭ ᠠᠩᠭᠢ᠎ᠲᠠᠢ ᠬᠠᠮᠲᠤ᠎ᠪᠠᠷ ᠦᠬᠦᠵᠦ᠍ ᠰᠡᠬᠡᠬᠦ᠌᠎ᠶ᠋ᠢ ᠬᠠᠢᠬᠤᠷᠤᠯ ᠦᠭᠡᠢ᠎ᠪᠠᠷ ᠴᠢᠰᠤᠳᠤ ᠪᠠᠢᠯᠳᠤᠭᠠᠨ ᠬᠢᠵᠦ᠍᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠠᠭᠤᠤ ᠶᠡᠭᠡ ᠢᠯᠠᠯᠲᠠ᠎ᠶ᠋ᠢ ᠣᠯᠵᠤ᠂ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠮᠦᠨ ᠲᠥᠷᠥᠯᠬᠢᠲᠡᠨ᠎ᠤ ᠳᠠᠪᠱᠢᠯᠲᠤ ᠦᠶᠯᠡᠰ᠎ᠲᠤ ᠯᠤᠲᠤ ᠶᠡᠭᠡ ᠬᠤᠪᠢ ᠨᠡᠮᠡᠷᠢ ᠦᠵᠡᠭᠦᠯᠵᠠᠢ᠃ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠢᠯᠠᠯᠲᠠ ᠪᠣᠯ ᠱᠢᠳᠤᠷᠭᠤ ᠶᠣᠰᠣᠨ᠎ᠤ ᠢᠯᠠᠯᠲᠠ᠂ ᠡᠩᠬᠡ ᠲᠠᠢᠪᠤᠩ᠎ᠤᠨ ᠢᠯᠠᠯᠲᠠ᠂ ᠠᠷᠠᠳ ᠲᠦᠮᠡᠨ᠎ᠤ ᠢᠯᠠᠯᠲᠠ ᠮᠥᠨ᠃ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠲᠠᠪᠳᠠᠵᠦ᠍ ᠪᠦᠷᠢᠯᠳᠦᠬᠦᠯᠦᠭ᠌ᠰᠡᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠪᠤᠯ ᠡᠷᠬᠢᠮ ᠨᠠᠨᠳᠢᠨ ᠤᠶᠤᠨ᠎ᠤ ᠡᠳ᠋ ᠪᠠᠶᠠᠯᠢᠭ ᠮᠥᠨ᠂ ᠡᠨᠡ᠎ᠨᠢ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢᠪᠠ ᠬᠦᠴᠦᠷᠬᠡᠭ ᠶᠡᠭᠡ ᠳᠠᠢᠰᠤᠨ᠎ᠢ ᠢᠯᠠᠨ ᠳᠠᠪᠠᠭ᠍ᠤ᠎ᠶ᠋ᠢ ᠤᠷᠮᠠᠱᠢᠭᠤᠯᠬᠤ᠎ᠨᠢ ᠯᠠᠪᠲᠠᠶ᠃ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠬᠤᠪᠢᠰᠭᠠᠯᠲᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ᠂ ᠨᠠᠮ᠎ᠤᠨ ᠲᠡᠤᠬᠡ᠂ ᠱᠢᠨ᠎ᠡ ᠳᠤᠮᠳᠠᠳᠤ ᠤᠯᠤᠰ᠎ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠤᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠤᠬᠡ᠎ᠶ᠋ᠢ ᠰᠠᠢᠲᠤᠷ ᠰᠤᠷᠤᠯᠴᠠᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠭᠦᠶ᠋ᠢ ᠤᠷᠮᠠᠱᠢᠭᠤᠯᠵᠦ᠍᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠨ᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠮᠡᠴᠡᠯ᠎ᠤᠨ ᠴᠢᠳᠠᠪᠤᠷᠢ᠎ᠪᠠᠨ ᠨᠡᠮᠡᠭ᠌ᠳᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠶᠳᠪᠦᠷᠢᠲᠦ ᠢᠯᠠᠯᠲᠠ᠎ᠶ᠋ᠢ ᠣᠯᠬᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠣᠯᠬᠤ᠂ ᠳᠤᠮᠳᠠᠳᠤ᠎ᠶ᠋ᠢᠨ ᠵᠡᠭᠦᠳᠦ ᠴᠡᠷᠢᠭ᠎ᠢ ᠬᠦᠴᠦᠷᠬᠡᠭ᠌ᠵᠢᠭᠦᠯᠬᠦ᠌ ᠵᠡᠭᠦᠳᠦ᠎ᠪᠠᠨ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠵᠤ᠂ ᠳᠡᠯᠡᠬᠡᠶ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠨᠠᠩ ᠶᠡᠭᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃
ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠦᠵᠡᠰᠭᠦᠯᠡᠩ᠎ᠢ ᠲᠣᠭᠤᠷᠢᠨ ᠦᠵᠡᠪᠡ᠃

10 ᠰᠠᠷ᠎ᠠ᠎ᠶ᠋ᠢᠨ 19 ᠤ ᠡᠳᠤᠷ᠂ ᠨᠠᠮ ᠪᠠ ᠲᠦᠷᠦ᠎ᠶ᠋ᠢᠨ ᠤᠳᠤᠷᠢᠳᠤᠯᠭ᠎ᠠ ᠰᠢ᠎ᠶ᠋ᠢᠨ ᠫᠢᠩ᠂ ᠯᠢ ᠺᠧ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ᠎ᠤᠨ ᠠᠷᠠᠳ᠎ᠤᠨ ᠬᠤᠪᠢᠰᠭᠠᠯᠲᠤ ᠴᠡᠷᠢᠭ᠎ᠤᠨ ᠶᠠᠪᠤᠳᠠᠯ᠎ᠤᠨ ᠮᠦᠽᠧᠶ᠎ᠳᠤ ᠬᠦᠷᠴᠦ᠍᠂ 《ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠵᠦ᠍ ᠡᠩᠬᠡ ᠲᠠᠢᠪᠤᠩ ᠱᠢᠳᠤᠷᠭᠤ ᠶᠣᠰᠣ᠎ᠶ᠋ᠢ ᠬᠠᠮᠠᠭᠠᠯᠠᠨᠠᠮ — ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠭᠤᠣᠯ ᠰᠡᠳᠦᠪᠲᠦ ᠦᠵᠡᠰᠭᠦᠯᠡᠩ》 ᠢ ᠲᠣᠭᠤᠷᠢᠨ ᠦᠵᠡᠪᠡ᠃
ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠵᠢᠤᠢ ᠫᠧᠩ ᠰᠡᠬᠦᠳᠡᠷᠯᠡᠪᠡ
ᠦᠳᠡ᠎ᠶ᠋ᠢᠨ ᠬᠤᠢᠨᠠᠬᠢ 3 ᠴᠠᠭ 5 ᠮᠢᠨᠦ᠋ᠲ᠎ᠲᠤ᠌᠂ ᠰᠢ᠎ᠶ᠋ᠢᠨ ᠫᠢᠩ ᠵᠡᠷᠭᠡ ᠨᠠᠮ ᠪᠠ ᠲᠦᠷᠦ᠎ᠶ᠋ᠢᠨ ᠤᠳᠤᠷᠢᠳᠭᠤ ᠨᠥᠬᠦᠳ ᠳᠤᠮᠳᠠᠳᠤ ᠤᠯᠤᠰ᠎ᠤᠨ ᠠᠷᠠᠳ᠎ᠤᠨ ᠬᠤᠪᠢᠰᠭᠠᠯᠳᠤ ᠴᠡᠷᠢᠭ᠎ᠤᠨ ᠶᠠᠪᠤᠳᠠᠯ᠎ᠤᠨ ᠮᠦᠽᠧᠢ᠎ᠳᠤ ᠬᠦᠷᠴᠦ᠍᠂ ᠦᠵᠡᠭᠦᠯᠭᠡ᠎ᠶ᠋ᠢᠨ ᠲᠢᠩᠬᠢᠮ᠎ᠳᠤ ᠣᠷᠣᠵᠤ ᠦᠵᠡᠰᠭᠦᠯᠡᠩ᠎ᠢ ᠲᠣᠭᠤᠷᠢᠨ ᠦᠵᠡᠪᠡ᠃ ᠦᠵᠡᠰᠭᠦᠯᠡᠩ᠎ᠨᠢ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠪᠣᠯᠤᠨ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠭᠤᠤᠯ ᠰᠡᠳᠦᠪ᠎ᠤᠨ ᠲᠤᠭᠤᠷᠢᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠢᠨ ᠳᠤᠷ᠎ᠠ᠎ᠶ᠋ᠢᠨ ᠴᠡᠷᠢᠭ᠎ᠢᠶᠠᠷ ᠭᠤᠤᠯ ᠬᠠᠷᠠᠭᠠᠰᠤ ᠪᠣᠯᠭᠠᠵᠤ᠂ ᠳᠠᠢᠨ᠎ᠤ ᠭᠤᠤᠯ ᠱᠢᠵᠢᠮ᠎ᠢᠶᠠᠷ ᠭᠤᠤᠯᠳᠠᠭᠤᠯᠤᠨ᠂ ᠳᠠᠢᠨ᠎ᠤ ᠲᠠᠯᠠᠪᠤᠷ᠎ᠤᠨ ᠦᠵᠡᠯᠴᠡᠭᠡᠨ᠎ᠢ ᠳᠣᠪᠤᠢᠯᠭᠠᠵᠤ᠂ ᠤᠷᠤᠱᠢᠯ᠎ᠤᠨ ᠲᠢᠩᠭᠢᠮ᠂ 《ᠱᠢᠳᠤᠷᠭᠤ ᠶᠣᠰᠣ᠎ᠶ᠋ᠢ ᠵᠢᠷᠤᠮᠯᠠᠵᠦ᠍ ᠴᠡᠷᠢᠭ ᠲᠤᠮᠢᠯᠠᠬᠤ᠎ᠪᠠᠷ ᠱᠢᠢᠳᠦᠭ᠌ᠰᠡᠨᠨᠢ》᠂ 《ᠬᠦᠳᠡᠯᠭᠡᠭᠡᠨ᠎ᠳᠤ ᠳᠠᠢᠨ᠎ᠢᠶᠠᠷ ᠳᠠᠢᠰᠤᠨ᠎ᠢ ᠰᠦᠨᠦᠭᠡᠵᠦ᠍ ᠳᠠᠢᠨ᠎ᠤ ᠹᠷᠤᠨᠲ᠎ᠢ ᠲᠤᠭ᠍ᠳᠠᠪᠤᠷᠢᠵᠢᠭᠤᠯᠤᠭ᠍ᠰᠠᠨᠨᠢ》᠂ 《ᠪᠠᠢᠯᠳᠤᠭᠠᠨ᠎ᠢᠶᠠᠷ ᠬᠡᠯᠡᠯᠴᠡᠭᠡ ᠬᠢᠬᠦ᠌᠎ᠶ᠋ᠢ ᠠᠬᠢᠭᠤᠯᠵᠦ᠍ ᠪᠠᠢᠯᠳᠤᠬᠤ ᠲᠤᠲᠤᠮ ᠬᠦᠴᠦᠷᠬᠡᠭ᠌ᠵᠢᠭ᠌ᠰᠡᠨ᠎ᠨᠢ》᠂ 《ᠲᠠᠢᠨ᠎ᠢ ᠵᠣᠭ᠍ᠰᠣᠭᠠᠵᠤ ᠢᠯᠠᠯᠲᠠ᠎ᠲᠠᠢ᠎ᠪᠠᠷ ᠤᠯᠤᠰ᠎ᠲᠠᠭᠠᠨ ᠪᠤᠴᠠᠭ᠍ᠰᠠᠨ᠎ᠨᠢ》᠂ 《ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠡᠢᠨ᠎ᠤ ᠢᠯᠠᠯᠲᠠ᠎ᠶ᠋ᠢ ᠤᠯᠤᠭ᠍ᠰᠠᠨ ᠠᠭᠤᠤ ᠶᠡᠭᠡ ᠠᠴᠢ ᠬᠤᠯᠪᠣᠭ᠍ᠳᠠᠯ ᠪᠠ ᠲᠡᠤᠬᠡᠲᠦ ᠬᠤᠪᠢ ᠨᠡᠮᠡᠷᠢ᠂ ᠲᠡᠭᠦᠰᠭᠡᠯ᠎ᠤᠨ ᠦᠭᠡ ᠵᠡᠷᠭᠡ 7 ᠬᠡᠰᠡᠭ᠎ᠢᠶᠠᠷ ᠨᠠᠷᠢᠯᠢᠭ ᠲᠦᠰᠦᠪᠯᠡᠵᠦ᠍᠂ 《ᠣᠭ ᠰᠠᠨᠠᠭ᠎ᠠ᠎ᠪᠠᠨ ᠥᠯᠥ᠍ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠦᠨᠢ ᠡᠭᠦᠷᠢᠳᠡ ᠲᠡᠮᠡᠴᠡᠬᠦ᠌》 ᠲᠤᠰᠭᠠᠶ ᠰᠡᠳᠦᠪ ᠳᠣᠭᠢᠷᠠᠭᠤᠯᠤᠨ᠂ 540 ᠭᠠᠷᠤᠢ ᠭᠡᠷᠡᠯ ᠵᠢᠷᠤᠭ᠂ 1900 ᠭᠠᠷᠤᠢ ᠲᠡᠤᠬᠡ᠎ᠶ᠋ᠢᠨ ᠳᠤᠷᠠᠰᠭᠠᠯᠲᠤ ᠵᠦᠶᠯ ᠵᠢᠴᠢ ᠶᠡᠭᠡ ᠬᠡᠮᠵᠢᠶᠡᠨ᠎ᠤ ᠸᠢᠳᠢᠣ᠋᠂ ᠪᠣᠳᠠᠲᠤ ᠪᠣᠳᠠᠰ᠎ᠤᠨ ᠦᠵᠡᠮᠵᠢ ᠵᠡᠷᠭᠡ᠎ᠪᠠᠷ ᠳᠠᠮᠵᠢᠨ ᠴᠢᠬᠤᠯᠠ ᠶᠡᠭᠡ ᠱᠢᠶᠳᠪᠦᠷᠢᠲᠦ ᠪᠣᠳᠣᠯᠭ᠎ᠠ ᠲᠣᠭ᠍ᠲᠠᠭᠠᠭ᠍ᠰᠠᠨ ᠶᠠᠪᠤᠴᠠ᠂ ᠴᠢᠬᠤᠯᠠ ᠶᠡᠭᠡ ᠲᠡᠤᠬᠡᠨ ᠬᠡᠷᠡᠭ ᠶᠠᠪᠤᠳᠠᠯ᠂ ᠴᠢᠬᠤᠯᠠ ᠳᠠᠢᠨ ᠪᠠᠢᠯᠳᠤᠭᠠᠨ᠂ ᠴᠢᠬᠤᠯᠠ ᠲᠡᠤᠬᠡᠳᠦ ᠬᠥᠮᠦᠰ᠎ᠢ ᠭᠦᠶᠴᠡᠳ ᠦᠵᠡᠬᠦᠯᠦᠭ᠌ᠰᠡᠨ ᠪᠦᠭᠡᠳ ᠤᠯᠤᠰ ᠲᠥᠷᠥ᠍᠂ ᠠᠵᠤ ᠠᠬᠤᠶ᠂ ᠭᠠᠳᠠᠭᠠᠳᠤ ᠬᠠᠷᠢᠯᠴᠠᠭ᠎ᠠ ᠵᠡᠷᠭᠡ ᠲᠠᠯ᠎ᠠ᠎ᠶ᠋ᠢᠨ ᠲᠡᠮᠡᠴᠡᠯ᠎ᠢ ᠴᠤ᠌ ᠵᠡᠷᠭᠡ᠎ᠪᠠᠷ ᠦᠵᠡᠬᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠢ ᠤᠳᠤᠷᠢᠳᠤᠭ᠍ᠰᠠᠨ ᠭᠡᠷᠡᠯ ᠰᠠᠴᠤᠷᠠᠩᠭᠤᠶ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠤᠨ᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠴᠠᠭ ᠦᠶ᠎ᠡ᠎ᠶ᠋ᠢᠨ ᠦᠨ᠎ᠡ ᠥᠷᠲᠡᠭ᠎ᠢ ᠠᠮᠢᠳᠤᠯᠢᠭ᠎ᠢᠶᠠᠷ ᠲᠤᠰᠭᠠᠵᠤ᠂ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢ᠎ᠶ᠋ᠢᠨ ᠡᠷᠡᠯᠬᠡᠭ ᠵᠣᠷᠢᠭ ᠪᠤᠯᠤᠨ ᠬᠦᠴᠦᠷᠬᠡᠭ ᠳᠠᠢᠰᠤᠨ᠎ᠠᠴᠠ ᠰᠦᠷᠳᠡᠬᠦ᠌ ᠦᠭᠡᠢ᠂ ᠬᠦᠴᠦᠷᠬᠡᠭ ᠳᠠᠢᠰᠤᠨ᠎ᠢ ᠢᠯᠠᠬᠤ ᠵᠣᠷᠢᠭ ᠰᠠᠨᠠᠭᠠᠨ᠎ᠤ ᠳᠠᠪᠠᠭᠤᠯᠢᠭ᠎ᠢ ᠭᠤᠤᠯᠳᠠᠯᠭ᠎ᠠ᠎ᠲᠠᠢ ᠬᠠᠷᠠᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠥᠱᠢᠶᠡᠲᠡᠨ ᠳᠠᠢᠰᠤᠨ᠎ᠢ ᠬᠠᠮᠲᠤ᠎ᠪᠠᠷ ᠬᠤᠷᠣᠰᠤᠨ ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠬᠦ᠌ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠦᠴᠦᠷᠭᠡᠭ᠌ᠯᠡᠯᠠᠴᠠ ᠰᠦᠷᠳᠡᠬᠦ᠌ ᠦᠭᠡᠢ᠂ ᠡᠩᠬᠡ ᠲᠠᠢᠪᠤᠩ᠎ᠢ ᠬᠠᠮᠠᠭᠠᠯᠠᠬᠤ ᠡᠷᠡᠰ ᠪᠠᠲᠤ ᠵᠣᠷᠢᠭ᠎ᠢ ᠬᠠᠷᠠᠭᠤᠯᠤᠭ᠍ᠰᠠᠨ ᠪᠠᠢᠨ᠎ᠠ᠃
ᠰᠠᠢᠨ ᠳᠤᠷ᠎ᠠ᠎ᠶ᠋ᠢᠨ ᠴᠡᠷᠢᠭ᠎ᠤᠨ ᠪᠠᠢᠯᠳᠤᠭᠠᠨ᠎ᠤ ᠳᠠᠭᠤᠤ᠎ᠶ᠋ᠢᠨ ᠬᠤᠪᠣᠷ ᠨᠠᠨᠳᠢᠨ ᠪᠢᠴᠢᠮᠡᠯ ᠡᠬᠡ ᠨᠤᠤᠷᠠᠭ᠂ ᠰᠤᠩᠭᠦ᠋ ᠤᠷᠭᠢᠯ᠎ᠳᠤ ᠱᠢᠷᠦᠭᠦᠨ ᠲᠤᠯᠤᠯᠳᠤᠬ᠍ᠰᠠᠠ ᠪᠠᠢᠲᠠᠯ᠎ᠢ ᠦᠵᠡᠬᠦᠯᠦᠭ᠌ᠰᠡᠨ ᠲᠣᠰᠣᠨ ᠪᠤᠳᠤᠬ᠎ᠤᠨ ᠵᠢᠷᠤᠭ᠂ ᠴᠠᠩᠵᠢᠨ ᠨᠠᠭᠤᠷ᠎ᠤᠨ ᠱᠢᠷᠦᠭᠦᠨ ᠪᠠᠢᠯᠲᠤᠭᠠᠠ᠂ ᠱᠠᠩ ᠭᠠᠨ ᠯᠢᠩ ᠳᠠᠪᠠᠭ᠎ᠠ᠎ᠳᠤ ᠴᠢᠰᠦ᠎ᠲᠦ ᠪᠠᠢᠯᠲᠤᠭᠠᠠ ᠬᠢᠭ᠌ᠰᠡᠡ ᠵᠡᠷᠭᠡ᠎ᠶ᠋ᠢ ᠳᠤᠰᠭᠠᠭ᠍ᠰᠠᠠ ᠦᠵᠡᠮᠵᠢ᠂ ᠣᠨᠴᠠ ᠲᠡᠰ᠎ᠤᠨ ᠪᠠᠭᠠᠲᠤᠷ ᠬᠤᠸᠠᠩ ᠵᠢᠶ ᠭᠤᠸᠠᠩ᠎ᠤᠨ ᠪᠡᠶ᠎ᠡ ᠦᠷᠡᠭ᠌ᠳᠡᠭ᠌ᠰᠡᠨ ᠭᠠᠵᠠᠷ᠎ᠠᠴᠠ ᠮᠠᠯᠲᠠᠵᠤ ᠭᠠᠷᠭᠠᠭ᠍ᠰᠠᠨ ᠳᠡᠯᠪᠡᠴᠢᠬᠦ᠌ ᠱᠢᠳᠠᠮ᠎ᠤᠨ ᠲᠠᠮᠲᠤᠭ᠂ ᠣᠯᠵᠠᠯᠠᠭ᠍ᠰᠠᠨ ᠵᠡᠪᠰᠡᠭ ᠲᠣᠨᠣᠭ᠍ᠯᠠᠯ᠂ ᠤᠯᠤᠰ᠎ᠤᠨ ᠳᠣᠲᠣᠭᠠᠳᠤ᠎ᠳᠤ ᠳᠠᠢᠨ᠎ᠳᠤ ᠣᠷᠣᠯᠴᠠᠵᠤ ᠡᠮᠦᠨ᠎ᠡ ᠹᠷᠣᠨᠲ᠎ᠢ ᠳᠡᠮᠵᠢᠭᠦ᠌ ᠦᠷᠨᠢᠯᠲᠠ ᠭᠠᠷᠭᠠᠭ᠍ᠰᠠᠠ ᠪᠠᠢᠳᠠᠯ᠎ᠢ ᠬᠠᠷᠠᠭᠤᠯᠤᠭ᠍ᠰᠠᠠ ᠲᠡᠤᠬᠡᠨ ᠭᠡᠷᠡᠯ ᠵᠢᠷᠤᠭ᠂ ᠰᠣᠯᠣᠩᠭᠤᠰ᠎ᠤᠨ ᠳᠠᠢᠨ ᠵᠣᠭ᠍ᠰᠣᠬᠤ ᠬᠡᠯᠡᠯᠴᠡᠭᠡᠷ᠎ᠤᠨ ᠭᠠᠷᠤᠨ ᠦᠰᠦᠭ ᠵᠢᠷᠤᠬᠤ ᠶᠣᠰᠣᠯᠠᠯ᠎ᠤᠨ ᠲᠤᠬᠠᠶ᠎ᠶ᠋ᠢᠨ ᠲᠠᠯᠠᠪᠠᠶ᠎ᠳᠤ ᠬᠡᠷᠡᠭ᠌ᠯᠡᠭ᠌ᠰᠡᠡ ᠪᠢᠴᠢᠭ᠎ᠤᠨ ᠬᠡᠷᠡᠭ᠌ᠰᠡᠯ᠂ ᠰᠣᠯᠣᠩᠭᠤᠰ᠎ᠤᠨ ᠠᠷᠠᠳ ᠲᠦᠮᠡᠨ᠎ᠤ ᠰᠠᠢᠨ ᠳᠤᠷ᠎ᠠ᠎ᠶ᠋ᠢᠨ ᠴᠡᠷᠢᠭ᠎ᠲᠤ ᠬᠦᠷᠭᠡᠭ᠌ᠰᠡᠨ ᠪᠡᠯᠡᠭ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠭ᠍ᠰᠠᠨ ᠵᠢᠱ᠌ᠢᠶᠡᠴᠢ᠎ᠶ᠋ᠢᠨ ᠨᠡᠷᠡᠰ᠎ᠢ ᠰᠡᠢᠯᠦᠭ᠌ᠰᠡᠨ ᠱᠢᠯ ᠬᠥᠱᠢᠭᠡ᠎ᠲᠦ ᠬᠡᠷᠡᠮ ᠁ ᠡᠯᠪᠡᠭ ᠪᠠᠶᠠᠯᠢᠭ ᠲᠡᠦᠬᠡ᠎ᠶ᠋ᠢᠨ ᠳᠤᠷᠠᠰᠭᠠᠯᠲᠤ ᠵᠦᠢᠯ᠂ ᠨᠠᠷᠢᠨ ᠪᠣᠳᠠᠲᠠᠢ ᠲᠤᠯᠭᠤᠷ ᠪᠢᠴᠢᠭ᠎ᠤᠨ ᠮᠠᠲ᠋ᠧᠷᠢᠶᠠᠯ᠂ ᠱᠢᠨ᠎ᠡ ᠰᠡᠪᠡᠭᠦᠨ ᠳᠡᠯᠭᠡᠨ ᠦᠵᠡᠭᠦᠯᠬᠦ᠌ ᠠᠷᠭ᠎ᠠ ᠪᠠᠷᠢᠯ᠎ᠨᠢ ᠰᠢ᠎ᠶ᠋ᠢᠨ ᠫᠢᠩ ᠵᠡᠷᠭᠡ ᠤᠳᠤᠷᠢᠳᠭᠤ ᠨᠥᠬᠦᠳ᠎ᠤᠨ ᠠᠩᠬᠠᠷᠤᠯ᠎ᠢ ᠲᠠᠲᠠᠪᠠ᠃ ᠲᠡᠳᠡ ᠪᠠᠢᠨ ᠪᠠᠢᠨ ᠵᠣᠭ᠍ᠰᠣᠨ ᠨᠠᠷᠢᠨ ᠠᠵᠢᠠᠠᠯᠠᠵᠤ᠂ ᠲᠠᠢᠯᠪᠤᠷᠢᠯᠠᠯᠲᠠ᠎ᠶ᠋ᠢ ᠬᠢᠨᠠᠮᠠᠭᠠᠢ ᠰᠣᠨᠣᠰᠴᠤ᠌᠂ ᠬᠤᠯᠪᠣᠭ᠍ᠳᠠᠯ ᠪᠦᠬᠦᠢ ᠪᠠᠢᠳᠠᠯ᠎ᠢ ᠨᠠᠷᠢᠨ ᠠᠰᠠᠭᠤᠨ ᠯᠠᠪᠯᠠᠵᠦ᠍ ᠪᠠᠢᠯ᠎ᠠ᠃
ᠪᠡᠭᠡᠵᠢᠩ᠎ᠳᠤ ᠪᠠᠢᠭ᠎ᠠ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠨᠠᠮ᠎ᠤᠨ ᠲᠥᠪ ᠬᠤᠷᠢᠶᠠᠨ᠎ᠤ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ᠂ ᠲᠦᠷᠦ᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ᠂ ᠪᠡᠭᠡᠵᠢᠩ᠎ᠳᠤ ᠪᠠᠢᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠱᠢᠭᠦᠳ ᠦᠵᠡᠰᠭᠦᠯᠡᠩ᠎ᠢ ᠲᠣᠭᠤᠷᠢᠨ ᠦᠵᠡᠵᠠᠢ᠃