ᠠᠯᠲᠠᠨ ᠱᠢᠷᠭᠠᠯ ᠲᠤᠲᠤᠷᠭᠠᠨ ᠲᠠᠷᠢᠶᠠᠨ᠎ᠠᠴᠠ ᠳᠤᠭᠤᠯᠳᠠᠬᠤ ᠮᠠᠱᠢᠨ᠎ᠤ ᠳᠠᠭᠤᠨ
2020-10-25 20:28:36
ᠵᠣᠬᠢᠶᠠᠭ᠍ᠴᠢ᠄
ᠬᠡᠱᠢᠭ᠌ᠪᠦᠶᠠᠨ 
ᠣᠩᠱᠢᠭ᠍ᠰᠠᠨ ᠣᠳᠠᠭ᠎ᠠ᠄
★★★☆☆


ᠠᠯᠳᠠᠨ ᠨᠠᠮᠤᠷ᠎ᠤᠨ ᠠᠷᠪᠠᠨ ᠰᠠᠷ᠎ᠠ᠎ᠳᠤ᠂ ᠨᠠᠮᠤᠷ᠎ᠤᠨ ᠬᠤᠨᠭ᠌ᠭᠤᠷ ᠰᠠᠯᠬᠢᠨ᠎ᠳᠤ ᠲᠤᠲᠤᠷᠭᠠᠨ ᠳᠠᠷᠢᠶᠠᠨ ᠳᠠᠪᠠᠯᠭᠠᠨ ᠱᠢᠷᠭᠠᠯᠳᠤᠭᠠᠳ ᠬᠢᠩᠭᠠᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠤᠨ ᠶᠤᠸᠠᠢ᠎ᠶ᠋ᠢᠨ ᠠᠳᠤᠭᠤᠨ ᠲᠠᠯᠠᠪᠠᠢ᠎ᠶ᠋ᠢᠨ 2 ᠲᠦᠮᠡ ᠭᠠᠷᠤᠢ ᠮᠦ᠍ ᠤᠰᠤᠨ ᠲᠤᠲᠤᠷᠭ᠎ᠠ ᠨᠢᠭᠡᠨᠲᠡ ᠬᠤᠷᠢᠶᠠᠯᠲᠠ᠎ᠶ᠋ᠢᠨ ᠬᠤᠭᠤᠴᠠᠭᠠᠨ᠎ᠤ ᠱᠢᠪᠳᠤᠷᠭᠠᠨ᠎ᠳᠠᠭᠠᠨ ᠤᠷᠤᠭ᠍ᠰᠠᠨ᠎ᠢ ᠮᠡᠳᠡᠭᠡᠯᠡᠨ᠎ᠠ᠃ ᠰᠤᠷᠪᠤᠯᠵᠢᠯᠠᠭ᠍ᠴᠢ ᠶᠤᠸᠠᠢ᠎ᠶ᠋ᠢᠨ ᠠᠳᠤᠭᠤᠨ ᠲᠠᠯᠠᠪᠠᠢ᠎ᠶ᠋ᠢᠨ ᠬᠤᠶᠠᠳᠤᠭᠠᠷ ᠦᠶᠯᠡᠳᠪᠦᠷᠢᠯᠡᠯ᠎ᠤᠨ ᠪᠠᠷᠢᠭᠠᠳᠠ᠎ᠶ᠋ᠢᠨ ᠲᠤᠲᠤᠷᠭᠠᠨ ᠲᠠᠷᠢᠶᠠᠨ᠎ᠳᠤ ᠬᠦᠷᠬᠦ᠌᠎ᠳᠤ᠂ ᠰᠠᠭᠤᠷᠢ ᠰᠠᠭᠤᠷᠢ ᠤᠰᠤᠨ ᠲᠤᠲᠤᠷᠭ᠎ᠠ ᠬᠠᠳᠤᠵᠦ᠍ ᠬᠤᠷᠢᠶᠠᠬᠤ ᠮᠠᠱᠢᠨ᠎ᠤ ᠬᠦᠩᠭᠢᠨᠡᠯᠳᠤᠬᠦ᠌ ᠲᠠᠭᠤᠨ ᠲᠤᠭᠤᠯᠳᠠᠵᠦ᠍᠂ ᠠᠯᠲᠠᠨ ᠱᠢᠷᠭᠠᠯ ᠲᠤᠲᠤᠷᠭᠠᠨ ᠲᠠᠷᠢᠶᠠᠨ᠎ᠳᠤ ᠨᠠᠭᠠᠰᠢ ᠴᠠᠭᠠᠰᠢ ᠰᠦᠯᠵᠢᠯᠳᠦᠨ ᠶᠠᠭᠠᠷᠠᠯᠳᠠᠢ ᠬᠠᠳᠤᠵᠦ᠍ ᠬᠤᠷᠢᠶᠠᠵᠦ᠍ ᠬᠠᠷᠠᠭ᠍ᠳᠠᠨ᠎ᠠ᠃

《ᠤᠯᠤᠰ᠎ᠠᠴᠠ ᠲᠠᠷᠢᠶᠠᠴᠢᠳ᠎ᠲᠤ ᠠᠱᠢᠭ ᠬᠦᠷᠲᠡᠭᠡᠬᠦ᠌ ᠲᠦᠷᠦ᠎ᠶ᠋ᠢᠨ ᠪᠤᠳᠤᠯᠭ᠎ᠠ᠎ᠳᠤ ᠦᠨᠡᠬᠡᠷ ᠲᠠᠯᠠᠷᠬᠠᠵᠤ ᠪᠠᠢᠨ᠎ᠠ᠂ ᠤᠳᠤ ᠪᠢᠳᠡ ᠤᠰᠤᠨ ᠲᠤᠲᠤᠷᠭ᠎ᠠ ᠲᠠᠷᠢᠬᠤ᠎ᠠᠴᠠ ᠠᠪᠤᠭᠠᠳ ᠬᠤᠷᠢᠶᠠᠬᠤ ᠬᠦ᠍ᠷᠳᠡᠯ᠎ᠠ ᠪᠦᠬᠦ᠌ ᠶᠠᠪᠤᠴᠠ᠎ᠶ᠋ᠢ ᠮᠧᠬᠠᠨᠢᠬ᠍ᠵᠢᠭᠤᠯᠵᠦ᠍᠂ ᠨᠠᠪᠴᠢᠨ ᠪᠤᠷᠳᠤᠭᠤᠷ ᠰᠦᠷᠴᠢᠬᠦ᠌ ᠦᠶ᠎ᠡ᠎ᠳᠤ ᠴᠤ᠌ ᠵᠦᠪᠬᠡᠨ ᠤᠲᠠᠰᠤ ᠠᠪᠤᠪᠠᠯ ᠳ᠋ᠠ ᠵᠢᠶᠠᠩ ᠨᠡᠷᠡᠮᠵᠢᠳᠤ ᠵᠢᠯᠣᠭᠤᠴᠢ ᠦᠭᠡᠶ ᠨᠢᠰᠭᠡᠯ ᠴᠠᠭ ᠭᠠᠷᠤᠶ᠎ᠳᠤ 200 ᠮᠦ᠍ ᠲᠠᠷᠢᠶᠠᠨ ᠭᠠᠵᠠᠷ᠎ᠢ ᠰᠦᠷᠴᠢᠭᠡᠳ ᠲᠠᠭᠤᠰᠭᠠᠴᠢᠬᠠᠨ᠎ᠠ᠂ ᠴᠠᠭ᠎ᠲᠤ ᠠᠷᠪᠢᠳᠠᠢ ᠮᠥᠷᠲᠡᠭᠡᠨ ᠬᠦᠳᠡᠯᠮᠦᠷᠢ ᠬᠦᠴᠦ᠎ᠶ᠋ᠢ ᠴᠢᠯᠦᠬᠡᠯᠡᠨ᠎ᠠ᠃ ᠡᠨᠡ ᠵᠢᠯ ᠤᠰᠤᠨ ᠲᠤᠲᠤᠷᠭ᠎ᠠ᠎ᠶ᠋ᠢᠨ ᠮᠦ᠍ ᠪᠦᠷᠢ᠎ᠶ᠋ᠢᠨ ᠤᠨᠠᠯᠲᠠ ᠨᠠᠭᠠᠳᠤ ᠵᠠᠬ᠎ᠠ᠎ᠳᠠᠭᠠᠨ 1200 ᠵᠢᠩ᠎ᠳᠤ ᠬᠦᠷᠴᠤ᠌ ᠪᠤᠢ᠂ ᠬᠠᠭᠤᠷᠠᠢ ᠲᠠᠷᠢᠶ᠎ᠠ ᠲᠠᠷᠢᠭ᠍ᠰᠠᠨ᠎ᠠᠴᠠ ᠬᠤᠯᠠ ᠢᠯᠡᠬᠦᠤ ᠮᠦᠡᠭ᠌ᠬᠦ ᠵᠣᠭᠤᠰ ᠡᠪᠤᠷᠳᠤᠯᠡᠬᠦ᠌᠎ᠳᠤ ᠠᠰᠠᠭᠤᠳᠠᠯ ᠦᠭᠡᠢ᠃ ᠤᠰᠤᠨ ᠲᠤᠲᠤᠷᠭ᠎ᠠ ᠲᠠᠷᠢᠬᠤ᠎ᠳᠤ ᠶᠠᠷᠱᠢᠭ ᠤᠯᠠᠨ ᠪᠤᠯᠪᠠᠴᠤ᠌ ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠵᠦ᠍ ᠲᠡᠢᠯᠦᠨ᠎ᠠ᠂ ᠳᠠᠷᠠᠭ᠎ᠠ ᠵᠢᠯ ᠪᠢ ᠪᠠᠰᠠ 100 ᠮᠦ᠍ ᠲᠤᠲᠤᠷᠭᠠᠨ ᠲᠠᠷᠢᠶ᠎ᠠ ᠳᠠᠭᠠᠭᠠᠴᠢᠯᠠᠨ ᠲᠠᠷᠢᠶ᠎ᠠ ᠬᠡᠵᠦ᠍ ᠪᠤᠳᠤᠵᠦ᠍ ᠪᠠᠢᠨ᠎ᠠ》 ᠭᠡᠵᠤ ᠸᠠᠩ ᠲᠢᠶᠧ ᠯᠦᠩ᠎ᠤᠨ ᠴᠢᠷᠡᠢ᠎ᠳᠤ ᠵᠢᠷᠭᠠᠯ᠎ᠤᠨ ᠮᠦᠱᠢᠶᠡᠯ ᠲᠤᠳᠤᠷᠠᠨ᠎ᠠ᠃


33.jpg


ᠦᠢᠷ᠎ᠡ᠎ᠶ᠋ᠢᠨ ᠵᠢᠯ᠎ᠳᠤ᠂ ᠶᠤᠸᠠᠢ᠎ᠶ᠋ᠢᠨ ᠠᠳᠤᠭᠤᠨ ᠲᠠᠯᠠᠪᠠᠢ᠎ᠶ᠋ᠢᠨ ᠨᠠᠮ᠎ᠤᠨ ᠬᠤᠷᠢᠶ᠎ᠠ ᠪᠠᠢᠭᠠᠯᠢ᠎ᠶ᠋ᠢᠨ ᠭᠠᠵᠠᠷ ᠵᠦᠢ᠎ᠶ᠋ᠢᠨ ᠳᠠᠪᠠᠭᠤᠯᠢᠭ᠎ᠲᠠᠭᠠᠨ ᠲᠦᠱᠢᠭ᠌ᠯᠡᠨ᠂ ᠠᠵᠢᠯᠲᠠᠨ ᠠᠵᠢᠯᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠢᠳᠡᠪᠬᠢᠲᠡᠶ ᠬᠠᠢᠨ ᠰᠦᠪᠡᠭ᠌ᠴᠢᠯᠡᠵᠦ᠍᠂ ᠲᠠᠷᠢᠮᠠᠯ᠎ᠤᠨ ᠪᠦᠳᠦᠴᠡ᠎ᠳᠡᠭᠡᠨ ᠲᠣᠬᠢᠷᠠᠭᠤᠯᠤᠯᠲᠠ ᠬᠢᠬᠦ᠌ ᠡᠷᠴᠢᠮ᠎ᠢᠶᠠᠨ ᠴᠢᠩᠭᠠᠳᠭᠠᠵᠦ᠍᠂ ᠠᠵᠢᠯᠲᠠᠨ ᠠᠵᠢᠯᠴᠢᠨ ᠣᠯᠠᠨ ᠲᠦᠮᠡᠨ᠎ᠢ ᠢᠳᠡᠪᠬᠢᠳᠡᠢ ᠬᠥᠲᠥᠯᠥᠨ ᠵᠢᠯᠣᠭᠤᠳᠴᠤ᠌ ᠤᠰᠤᠨ ᠲᠤᠲᠤᠷᠭ᠎ᠠ ᠳᠠᠷᠢᠭᠤᠯᠵᠠᠢ᠃ ᠬᠡᠳᠦᠨ ᠵᠢᠯ᠎ᠤᠨ ᠴᠢᠷᠮᠠᠢᠯᠭ᠎ᠠ᠎ᠪᠠᠷ ᠳᠠᠮᠵᠢᠨ᠂ ᠬᠠᠭᠤᠷᠠᠶ ᠲᠠᠷᠢᠶ᠎ᠠ᠎ᠶ᠋ᠢ ᠤᠰᠤᠨ ᠲᠠᠷᠢᠶ᠎ᠠ ᠪᠣᠯᠭᠠᠨ ᠥᠭᠡᠷᠡᠴᠢᠯᠡᠭ᠌ᠰᠠᠨ ᠲᠠᠯᠠᠪᠠᠶ 22000 ᠭᠠᠷᠤᠶ ᠮᠦ᠍ ᠪᠤᠯᠵᠤ᠂ ᠠᠷᠪᠠᠨ ᠵᠢᠯ᠎ᠤᠨ ᠶᠢᠰᠦᠨ ᠵᠢᠯ᠎ᠨᠢ ᠬᠤᠷᠢᠶᠠᠯᠳᠠ ᠤᠯᠬᠤ ᠦᠬᠡᠢ ᠨᠠᠮᠤᠭ ᠭᠠᠵᠠᠷ᠎ᠢ ᠲᠦᠮᠡᠨ ᠮᠦ᠍ ᠰᠠᠢᠨ ᠲᠠᠷᠢᠶ᠎ᠠ ᠪᠣᠯᠭᠠᠵᠠᠶ᠃ ᠳᠠᠷᠠᠭ᠎ᠠ ᠠᠯᠬᠤᠮ᠎ᠳᠤ᠂ ᠶᠤᠸᠠᠢ᠎ᠶ᠋ᠢᠨ ᠠᠳᠤᠭᠤᠨ ᠲᠠᠯᠠᠪᠠᠢ᠎ᠶ᠋ᠢᠨ ᠨᠠᠮ᠎ᠤᠨ ᠬᠤᠷᠢᠶ᠎ᠠ ᠠᠯᠤᠰ ᠬᠡᠲᠦ᠎ᠶ᠋ᠢᠨ ᠬᠥᠭ᠌ᠵᠢᠯᠲᠡ᠎ᠶ᠋ᠢ ᠪᠤᠳᠤᠯᠬᠢᠯᠠᠵᠦ᠍᠂ ᠬᠢᠩᠭᠠᠨ ᠠᠢᠮᠠᠭ᠎ᠤᠨ 《ᠡᠷᠳᠡᠨᠢ ᠱᠢᠰᠢ ᠤᠰᠤᠨ ᠲᠤᠳᠤᠷᠭ᠎ᠠ᠂ ᠮᠢᠬᠠᠨ᠎ᠤ ᠦᠭᠡᠷ᠂ ᠰᠠᠭᠠᠯᠢ᠎ᠶ᠋ᠢᠨ ᠦᠨᠢᠶ᠎ᠠ᠂ ᠬᠥᠷ ᠬᠥᠭ᠌ᠵᠢᠶᠡᠨ᠎ᠲᠠᠢ ᠵᠢᠭᠤᠯᠴᠢᠯᠠᠯ᠎ᠤᠨ ᠦᠢᠯᠡᠰ᠎ᠢ ᠬᠦᠭ᠌ᠵᠢᠬᠦᠯᠬᠦ᠌》 ᠎ᠶ᠋ᠢ ᠠᠱᠢᠬ᠍ᠯᠠᠵᠦ᠍᠂ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ᠎ᠢᠶᠠᠨ ᠴᠢᠩᠭᠠᠳᠭᠠᠨ᠂ ᠲᠤᠲᠤᠷᠭ᠎ᠠ ᠪᠣᠯᠪᠠᠰᠤᠷᠠᠭᠤᠯᠬᠤ ᠦᠢᠯᠡᠳᠪᠦᠷᠢ ᠪᠠᠢᠭᠤᠯᠵᠤ᠂ ᠥᠪᠡᠷ᠎ᠤᠨ ᠲᠦᠷᠦᠯ ᠲᠡᠮᠳᠡᠭ ᠡᠭᠦᠳᠦᠨ᠂ ᠲᠤᠲᠤᠷᠭ᠎ᠠ᠎ᠶ᠋ᠢ ᠲᠠᠷᠢᠶᠠᠨ ᠭᠠᠵᠠᠷ᠎ᠠᠴᠠ ᠬᠤᠭᠤᠯᠠᠨ ᠱᠢᠷᠡᠭᠡᠨ᠎ᠳᠤ ᠭᠠᠷᠭᠠᠬᠤ ᠪᠤᠯᠲᠠᠯ᠎ᠠ ᠪᠦᠬᠦ᠌ ᠠᠵᠤ ᠦᠶᠯᠡᠰ᠎ᠤᠨ ᠬᠡᠯᠬᠢᠶ᠎ᠡ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠦᠷ᠎ᠡ ᠠᠱᠢᠭ᠎ᠢ ᠲᠡᠬᠡᠭ᠌ᠰᠢᠯᠡᠬᠦᠯᠵᠦ᠍᠂ ᠠᠵᠢᠯᠲᠠᠨ ᠠᠵᠢᠯᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠵᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号