ᠲᠦᠩᠯᠢᠶᠣᠤ ᠬᠣᠲᠠ ᠪᠣᠯ ᠮᠠᠯ ᠠᠵᠤ ᠠᠬᠤᠢ᠎ᠲᠠᠷᠢᠶᠠᠯᠠᠩ᠎ᠤᠨ ᠲᠣᠮᠣ ᠬᠣᠲᠠ ᠪᠣᠯᠤᠨ᠎ᠠ᠂ ᠪᠠᠰᠠ ᠨᠡᠢᠲᠡᠯᠢᠭ ᠴᠢᠨᠠᠷᠲᠠᠶ ᠤᠰᠤ ᠳᠤᠲᠠᠭ᠍ᠳᠠᠵᠤ ᠪᠠᠢᠶ᠋ᠭ᠎ᠠ ᠭᠠᠵᠠᠷ ᠣᠷᠣᠨ ᠪᠠᠢᠵᠤ ᠂ ᠲᠠᠷᠢᠶᠠᠯᠠᠩ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ ᠪᠦᠬᠦ᠌ ᠬᠣᠲᠠ᠎ᠶ᠋ᠢᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢᠨ 85%᠎ᠠᠴᠠ ᠳᠡᠭᠡᠭ᠌ᠰᠢᠬᠢ᠎ᠶ᠋ᠢ ᠡᠵᠡᠯᠡᠨ᠂ ᠲᠠᠷᠢᠶᠠᠨ᠎ᠤ ᠤᠰᠤᠯᠠᠯᠲᠠ ᠳ᠋ᠤ ᠶᠡᠬᠡ ᠬᠡᠮᠵᠢᠶᠠᠨ᠎ᠤ ᠭᠠᠵᠠᠷ ᠳᠣᠣᠷᠠᠬᠢ ᠤᠰᠤ ᠵᠢ ᠬᠡᠷᠡᠭ᠌ᠰᠡᠳᠡᠭ᠃ ᠥᠪᠡᠷᠳᠡᠭᠡᠨ ᠵᠠᠰᠠᠬᠤ ᠤᠷᠤᠨ ᠤ 《ᠤᠰᠤᠨ᠎ᠤ ᠬᠡᠮᠵᠢᠶ᠎ᠡ᠎ᠪᠡᠷ ᠬᠥᠭ᠌ᠵᠢᠭᠥᠯᠬᠥ᠌ 》 ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠳᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ 2018 ᠣᠨ᠎ᠠᠴᠠ ᠡᠬᠢᠯᠡᠨ ᠂ ᠲᠦᠩᠯᠢᠶᠣᠤ ᠬᠣᠲᠠ ᠲᠠᠷᠢᠶᠠᠯᠠᠩ ᠤᠨ ᠥᠨᠳᠥᠷ ᠥᠷ᠎ᠡ ᠠᠱᠢᠬ᠍ᠳᠤ ᠤᠰᠤ ᠠᠷᠪᠢᠯᠠᠬᠤ᠎ᠪᠠᠷ ᠭᠣᠸ᠋ᠯᠳᠠᠯᠭᠠ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠲᠥᠯᠥᠪᠵᠢᠭᠦᠯᠦᠨ ᠬᠡᠷᠡᠭ᠌ᠵᠢᠭᠦᠯᠪᠡ᠃ ᠤᠳᠤ ᠪᠤᠯᠳᠠᠯ᠎ᠠ ᠨᠡᠢᠲᠡ 60.3 ᠳ᠋ᠦᠩᠱᠢᠭᠤᠷ ᠲᠥᠭᠥᠷᠢᠭ ᠦᠨ ᠪᠡᠯᠡ ᠣᠷᠣᠭᠤᠯᠵᠤ ᠂ ᠥᠨᠳᠥᠷ ᠦᠷ᠎ᠡ ᠠᠱᠢᠭ᠍ᠲᠤ ᠤᠰᠤ ᠠᠷᠪᠢᠯᠠᠬᠤ ᠤᠰᠤᠯᠠᠯᠲᠠ ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 570 ᠲᠦᠮᠡᠨ ᠮᠦ᠍ ᠪᠥᠲᠥᠭᠡᠨ ᠪᠠᠢᠭᠤᠯᠵᠠᠢ᠃ ᠡᠭᠦᠨ᠎ᠳᠤ ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ100 ᠲᠦᠮᠡᠨ ᠮᠦ᠍᠂ ᠺᠠᠢᠯᠦ᠍ ᠱᠢᠶᠠᠨ᠎ᠤ 50 ᠲᠦᠮᠡᠨ ᠮᠦ᠍ ᠂ ᠬᠣᠷᠴᠢᠨ ᠲᠣᠭᠣᠷᠢᠭ ᠤᠨ 20 ᠲᠦᠮᠡᠨ ᠮᠦ᠍ ᠵᠢᠨ ᠲᠥᠪᠯᠡᠷᠡᠵᠤ ᠬᠡᠰᠡᠭ᠌ᠷᠡᠭ᠌ᠰᠠᠨ ᠵᠢᠱ᠌ᠢᠶ᠎ᠡ ᠦᠵᠡᠭᠦᠯᠬᠦ᠌ ᠣᠷᠣᠨ ᠢ ᠪᠠᠢᠭᠤᠯᠥᠨ ᠂ ᠵᠢᠯ ᠤᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤ ᠵᠢ ᠪᠠᠷᠤᠭ 6 ᠳ᠋ᠦᠩᠱᠢᠭᠤᠷ ᠪᠤᠰᠤᠭ᠎ᠠ ᠳᠥᠷᠪᠡᠯᠵᠢᠨ ᠮᠧᠲ᠋ᠷ ᠡᠴᠡ ᠳᠡᠭᠡᠭ᠌ᠰᠢ ᠠᠷᠪᠢᠯᠠᠬᠤ ᠪᠤᠯᠤᠬ᠍ᠰᠠᠨ ᠪᠠᠢᠨ᠎ᠠ᠃

ᠲᠤᠰ ᠢᠨᠵᠧᠨᠧᠷᠢᠩ᠎ᠢ ᠬᠡᠷᠡᠭ᠌ᠵᠢᠭᠦᠯᠬᠦ᠌ ᠶᠠᠪᠤᠴᠠ᠎ᠳᠤ᠂ ᠲᠤᠰ ᠬᠣᠲᠠ ᠬᠣᠱᠢᠭᠤ ᠱᠢᠶᠠᠨ᠎ᠢᠶᠠᠷ ᠨᠢᠭᠡᠴᠢ ᠪᠣᠯᠭᠠᠵᠤ ᠂ ᠬᠥᠳᠡᠭᠡ ᠲᠣᠰᠭᠣᠨ᠎ᠤ ᠵᠠᠭᠠᠭ ᠬᠢᠵᠠᠭᠠᠷ᠎ᠤᠨ ᠰᠠᠭᠠᠳ ᠬᠠᠷᠰᠢ ᠵᠢ ᠪᠥᠲᠥᠮᠵᠢᠲᠠᠢ ᠱᠢᠢᠳᠪᠥᠷᠢᠯᠡᠨ᠂ ᠭᠤᠤᠯᠳᠠᠭᠤ ᠥᠨᠳᠥᠰᠥᠨ ᠲᠠᠷᠢᠶᠠᠨ ᠭᠠᠵᠠᠷ᠂ ᠠᠮᠤ ᠪᠤᠳᠠᠭᠠᠨ ᠤ ᠦᠢᠯᠡᠳᠪᠦᠷᠢᠯᠡᠯ᠎ᠦᠨ ᠴᠢᠳᠠᠮᠵᠢᠲᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭ᠌ᠳᠡᠬᠦᠨ ᠦ ᠦᠢᠯᠡᠳᠪᠦᠷᠢᠯᠡᠯ ᠦᠨ ᠬᠠᠮᠠᠭᠠᠯᠠᠯᠲᠠ᠎ᠶ᠋ᠢᠨ ᠣᠷᠣᠨ ᠤ ᠳᠤᠭᠤᠷᠢᠨ ᠳ᠋ᠤ ᠲᠥᠷᠥᠯ ᠵᠥᠢᠯ ᠤᠨ ᠤᠷᠤᠨ ᠢ ᠲᠥᠯᠥᠪᠵᠢᠭᠦᠯᠵᠤ᠂ ᠲᠥᠪᠯᠡᠷᠡᠭᠦᠯᠦᠨ ᠬᠡᠰᠡᠭ᠌ᠯᠡᠬᠦ᠌ ᠵᠢ ᠦᠨᠡᠨ ᠬᠦ᠌ ᠪᠠᠲᠤᠯᠠᠪᠠ ᠃《ᠤᠰᠤ ᠂ ᠴᠠᠬᠢᠯᠭᠠᠨ᠂ ᠬᠤᠤᠡᠳᠤᠭ ᠂ ᠵᠠᠮ ᠂ ᠮᠣᠳᠣ ᠂ ᠮᠡᠷᠭᠡᠵᠢᠯ 》 ᠵᠢᠷᠭᠤᠭ᠎ᠠ ᠵᠢ ᠢᠵᠢ ᠪᠦᠷᠢᠳᠦᠭᠦᠯᠬᠦ᠌ ᠪᠠᠷᠢᠮᠵᠢᠶ᠎ᠠ᠎ᠶ᠋ᠢ ᠪᠠᠷᠢᠮᠲᠠᠯᠠᠵᠤ᠂《ᠥᠷ᠎ᠡ ᠰᠤᠩᠭᠤᠬᠤ ᠂ ᠲᠠᠷᠢᠬᠤ ᠂ ᠬᠥᠷᠥᠰᠥ᠍ ᠵᠢ ᠬᠡᠮᠵᠢᠨ ᠪᠣᠷᠳᠣᠭᠤᠷ ᠣᠷᠣᠭᠤᠯᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠂ ᠡᠪᠡᠳᠴᠢᠨ ᠬᠣᠷᠣᠬᠠᠶ ᠶ᠋ᠢᠨ ᠬᠥᠨᠥᠭᠡᠯ ᠢ ᠰᠡᠷᠭᠡᠢᠯᠡᠨ ᠵᠠᠰᠠᠬᠤ ᠂ ᠮᠠᠱᠢᠨ᠎ᠢᠶᠠᠷ ᠲᠠᠷᠢᠬᠤ᠂ ᠮᠠᠱᠢᠨ᠎ᠢᠶᠠᠷ ᠬᠤᠷᠢᠶᠠᠬᠤ᠂ ᠡᠰᠢ ᠰᠦᠷᠡᠯ ᠢ ᠲᠠᠷᠢᠶᠠᠨ ᠭᠠᠵᠠᠷ᠎ᠲᠤ ᠪᠤᠴᠠᠭᠠᠬᠤ 》ᠨᠠᠶ᠋ᠮᠠᠨ ᠨᠢᠭᠡᠳᠦᠯᠲᠡᠶ ᠵᠠᠷᠴᠢᠮ ᠶᠤᠰᠤᠭᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠢᠭᠡ ᠯᠡ ᠳᠡᠭᠡᠷ᠎ᠡ ᠪᠥᠲᠥᠭᠡᠨ ᠪᠠᠢᠭᠤᠯᠵᠤ ᠳᠠᠭᠤᠰᠭᠠᠬᠤ ᠶ᠋ᠢ ᠦᠨᠡᠨ ᠬᠦ᠌ ᠪᠠᠳᠤᠯᠠᠵᠠᠢ᠃《ᠨᠢᠭᠡ ᠶ᠋ᠢ ᠨᠡᠮᠡᠭ᠌ᠳᠡᠭᠦᠯᠵᠦ᠍ ᠳᠥᠷᠪᠡ᠎ᠶ᠋ᠢ ᠥᠭᠡᠷᠡᠴᠢᠯᠡᠬᠦ᠌》 ᠂ 《ᠤᠰᠤ ᠪᠣᠷᠳᠣᠭᠤᠷ ᠢ ᠨᠢᠭᠡ ᠴᠣᠭ᠍ᠴᠠᠵᠢᠭᠤᠯᠬᠤ》ᠵᠡᠷᠭᠡ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ ᠦᠨ ᠮᠡᠷᠭᠡᠵᠢᠯ ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭ᠍ᠲᠠᠴᠠ ᠶ᠋ᠢ ᠪᠠᠢᠭᠤᠯᠤᠨ ᠪᠦᠷᠢᠨᠱᠢᠭᠦᠯᠬᠥ᠌ ᠵᠢᠨ ᠬᠠᠮᠳᠤ ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶ᠋ᠢᠨ ᠶᠡᠷᠦᠩᠬᠡᠶ ᠥᠭᠡᠷᠡᠴᠢᠯᠡᠯᠲᠠ ᠶ᠋ᠢ ᠠᠬᠢᠭᠤᠯᠵᠤ ᠂ ᠨᠠᠷᠢᠯᠢᠭ ᠣᠨᠣᠴᠠᠲᠠᠢ ᠬᠡᠮᠵᠢᠬᠦ᠌ ᠲᠥᠬᠥᠭᠡᠷᠦᠮᠵᠢ ᠵᠢ ᠲᠥᠬᠥᠷᠵᠢᠭᠥᠯᠥᠨ᠂ ᠤᠶᠤᠨᠴᠢᠯᠠᠭ᠍ᠰᠠᠨ ᠤᠰᠤ ᠴᠠᠬᠢᠯᠭᠠᠨ ᠤ ᠬᠣᠣᠰ ᠡᠵᠡᠮᠳᠡᠯ ᠢ ᠪᠡᠶᠡᠯᠡᠭᠦᠯᠦᠭ᠌ᠰᠡᠨ ᠪᠠᠢᠨ᠎ᠠ᠃
ᠲᠤᠰ ᠬᠤᠲᠠ ᠥᠨᠳᠥᠷ ᠥᠷ᠎ᠡ ᠠᠱᠢᠬ᠍ᠳᠤ ᠥᠨᠳᠥᠷ ᠤᠨᠠᠯᠳᠠᠳᠤ ᠥᠨᠳᠥᠷ ᠪᠠᠷᠢᠮᠵᠢᠶᠠᠲᠤ ᠤᠰᠤ ᠠᠷᠪᠢᠯᠠᠬᠤ ᠲᠠᠷᠢᠶᠠᠨ ᠭᠠᠵᠠᠷ ᠢ ᠪᠦᠲᠦᠭᠡᠨ ᠪᠠᠢᠭᠤᠯᠬᠤ᠎ᠪᠠᠷ ᠳᠠᠮᠵᠢᠭᠤᠯᠤᠨ᠂ ᠲᠠᠷᠢᠶᠠᠯᠠᠩ ᠤᠨ ᠦᠶ᠋ᠯᠡᠳᠪᠦᠷᠢᠯᠡᠯ ᠤᠨ 《ᠨᠢᠭᠡ ᠶ᠋ᠢ ᠳᠡᠭᠡᠭ᠌ᠰᠢᠯᠡᠭᠦᠯᠵᠤ᠂ ᠬᠣᠶᠠᠷ ᠢ ᠨᠡᠮᠡᠭ᠌ᠳᠡᠭᠦᠯᠥᠨ᠂ ᠭᠤᠷᠪᠠ ᠶ᠋ᠢ ᠪᠠᠭᠠᠰᠭᠠᠵᠤ ᠂ ᠳᠥᠷᠪᠡ ᠵᠢ ᠠᠷᠪᠢᠯᠠᠨ᠂ ᠲᠠᠪᠤ ᠶ᠋ᠢ ᠠᠬᠢᠭᠤᠯᠬᠤ 》 ᠶᠡᠷᠦᠩᠬᠡᠶ ᠦᠷ᠎ᠡ ᠠᠱᠢᠭ ᠢ ᠪᠡᠶᠡᠯᠡᠭᠦᠯᠵᠦ᠍ ᠂ ᠭᠠᠵᠠᠷ ᠳᠣᠸ᠋ᠷᠠᠬᠢ ᠤᠰᠤᠨ ᠤ ᠲᠥᠪᠱᠢᠨ ᠤ ᠳᠣᠷᠣᠭ᠍ᠰᠢᠯᠠᠬᠤ ᠬᠠᠨᠳᠤᠰᠢ ᠶ᠋ᠢ ᠪᠦᠲᠦᠮᠵᠢᠲᠡᠶ ᠨᠠᠮᠳᠠᠭᠤᠯᠥᠨ᠂ ᠪᠦᠬᠦ᠌ ᠬᠣᠲᠠ᠎ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠤ ᠪᠦᠬᠦᠯᠢ ᠴᠣᠭ᠍ᠴᠠ ᠶ᠋ᠢᠨ ᠰᠠᠢᠵᠢᠷᠠᠯᠲᠠ᠎ᠶ᠋ᠢ ᠳᠠᠢᠴᠢᠯᠠᠵᠤ ᠂ ᠠᠮᠢ ᠠᠬᠤᠢ᠂ ᠠᠵᠤ ᠠᠬᠤᠢ ᠪᠠ ᠨᠡᠢᠭᠡᠮ ᠦᠨ ᠦᠷ᠎ᠡ ᠠᠱᠢᠭ ᠤᠨ 《ᠭᠤᠷᠮᠤᠰᠤᠨ ᠠᠱᠢᠬ》 ᠬᠦᠷᠲᠡᠬᠦ᠌ ᠶ᠋ᠢ ᠪᠡᠶᠡᠯᠡᠭᠦᠯᠥᠨ ᠂ ᠠᠮᠢ ᠠᠬᠤᠢ ᠬᠡᠪᠡᠷᠡᠭ ᠭᠠᠵᠠᠷ ᠣᠷᠣᠨ ᠤ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠨ ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠲᠠᠷᠢᠶᠠᠯᠠᠩ ᠤᠨ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃