ᠲᠦᠴᠢᠦᠸᠠᠨ ᠱᠢᠶᠠᠨ᠎ᠤ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠲᠣᠭ᠍ᠯᠠᠯᠲᠠ ᠵᠢᠴᠢ ᠡᠯᠪᠡᠭ ᠬᠤᠷᠢᠶᠠᠯᠲᠠ᠎ᠶ᠋ᠢᠨ ᠪᠠᠶᠠᠷ
2020-10-05 10:09:47
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠤᠢᠷ᠎ᠠ᠎ᠶ᠋ᠢᠨ ᠡᠳᠤᠷ᠂ ᠲᠦᠴᠢᠦᠸᠠᠨ ᠱᠢᠶᠠᠨ᠎ᠤ 《ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠲᠡᠮᠡᠴᠡᠨ ᠤᠯᠬᠤ᠎ᠳᠤ ᠪᠢ ᠤᠷᠤᠯᠴᠠᠨ᠎ᠠ᠂ ᠬᠠᠷᠢᠯᠴᠠᠨ ᠬᠠᠪᠰᠤᠷᠤᠯᠴᠠᠵᠥ᠍ ᠰᠠᠢᠨ ᠰᠠᠢᠬᠠᠨ ᠬᠡᠷ ᠣᠷᠣᠨ᠎ᠢᠶᠠᠨ ᠰᠠᠬᠢᠨ ᠬᠠᠮᠠᠭᠠᠯᠠᠨ᠎ᠠ》 ᠭᠡᠮᠡᠬᠦ᠌ ᠭᠤᠤᠯ ᠰᠡᠳᠦᠪᠳᠤ ᠭᠤᠷᠪᠠᠳᠤᠭᠠᠷ ᠬᠤᠭᠤᠴᠠᠭᠠᠨ᠎ᠤ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠬᠠᠮᠲᠤᠷᠠᠭ᠍ᠰᠠᠨ ᠲᠣᠭ᠍ᠯᠠᠯᠲᠠ ᠵᠢᠴᠢ ᠡᠯᠪᠡᠭ ᠬᠤᠷᠢᠶᠠᠯᠲᠠ᠎ᠶ᠋ᠢᠨ ᠪᠠᠶᠠᠷ᠎ᠢᠶᠠᠨ ᠪᠡᠯᠬᠡᠯᠡᠭ᠌ᠰᠡᠨ ᠲᠤᠰᠭᠠᠶ ᠲᠠᠯᠠᠪᠠᠶ ᠤᠷᠠᠨ ᠰᠠᠢᠬᠠᠨ᠎ᠤ ᠲᠣᠭ᠍ᠯᠠᠯᠲᠠ ᠨᠠᠨ ᠬᠤ᠌ ᠴᠡᠴᠡᠷᠯᠢᠭ᠎ᠳᠤ ᠶᠠᠪᠤᠬ᠍ᠳᠠᠵᠠᠢ᠃

ᠲᠣᠭ᠍ᠯᠠᠯᠲᠠ᠎ᠶ᠋ᠢᠨ ᠲᠠᠯᠠᠪᠠᠢ᠎ᠳᠤ᠂ ᠡᠯ᠎ᠡ ᠱᠢᠶᠠᠩ ᠪᠠᠯᠭᠠᠰᠤ ᠵᠢᠴᠢ ᠱᠢᠶᠠᠨ᠎ᠤ ᠤᠯᠠᠭᠠᠨᠮᠥ᠋ᠴᠢᠷ᠎ᠠᠴᠠ ᠰᠣᠩᠭᠤᠭ᠍ᠰᠠᠠ 17 ᠰᠣᠳᠣᠨ ᠲᠤᠭ᠍ᠯᠠᠯᠲᠠ᠎ᠶ᠋ᠢ ᠤᠷᠢᠳ᠎ᠢᠶᠠᠷ ᠲᠤᠬ᠍ᠯᠠᠵᠦ᠍᠂ ᠪᠥᠵᠢᠭ 《ᠥᠯᠵᠡᠢᠲᠦ ᠲᠠᠯ᠎ᠠ ᠨᠤᠲᠤᠭ》᠂ 《ᠤᠯᠠᠭᠠᠨ ᠭᠡᠷᠡᠯ》᠂ 《ᠮᠠᠯᠴᠢᠨ  ᠎ᠤ ᠥᠯᠥᠭᠡᠶ》 ᠵᠡᠷᠭᠡ ᠲᠣᠭ᠍ᠯᠠᠯᠲᠠ ᠮᠠᠯᠴᠢᠨ ᠲᠠᠷᠢᠶᠠᠴᠢᠨ ᠲᠦᠮᠡᠨ᠎ᠤ ᠪᠠᠶᠠᠷ ᠪᠠᠶᠠᠰᠤᠯ᠎ᠢ ᠭᠦᠢᠴᠡᠳ ᠬᠠᠷᠠᠭᠤᠯᠵᠤ᠂ 1000 ᠭᠠᠷᠤᠶ ᠦᠵᠡᠭ᠌ᠴᠢᠳ᠎ᠤᠨ ᠠᠩᠬᠠᠷᠤᠯ᠎ᠢ ᠲᠠᠲᠠᠵᠠᠶ᠃ ᠡᠭᠦᠨ᠎ᠳᠤ᠂ ᠣᠷᠣᠨ ᠨᠤᠲᠤᠭ᠎ᠤᠨ ᠣᠨᠴᠠᠯᠢᠭ᠎ᠲᠠᠢ ᠠᠩᠬ᠎ᠠ ᠲᠤᠭ᠍ᠯᠠᠭ᠍ᠰᠠᠠ ᠱᠤᠭ ᠵᠦᠴᠦᠬᠡ 《ᠱᠢᠨ᠎ᠡ ᠡᠬᠢᠯᠡᠯᠲᠡ ᠱᠢᠨ᠎ᠡ ᠵᠣᠷᠢᠯᠲᠠ》 ᠦᠨᠡᠨ ᠪᠣᠳᠠᠲᠠᠶ ᠦᠯᠢᠬᠡᠷ᠎ᠢᠶᠠᠷ ᠡᠬᠡᠯ ᠵᠢᠷ᠎ᠤᠨ ᠭᠡᠷ ᠪᠦᠯᠢ᠎ᠶ᠋ᠢᠨ ᠦᠬᠡᠷ ᠮᠠᠯᠵᠢᠵᠥ᠍ ᠴᠢᠨᠡᠭᠡᠯᠢᠭ᠌ᠵᠢᠭ᠌ᠰᠡᠡ ᠦᠯᠢᠭᠡᠷ᠎ᠢ ᠶᠠᠷᠢᠵᠤ᠂ 《ᠮᠠᠯ ᠠᠵᠤ ᠠᠬᠤᠢ ᠎ᠪᠠᠷ ᠳᠠᠬᠢᠨ ᠨᠢᠬᠡ ᠲᠦᠴᠢᠦᠸᠠᠨ᠎ᠢ ᠪᠠᠢᠭᠤᠯᠬᠤ》 ᠢᠨᠵᠧᠨᠧᠷᠢᠩ᠎ᠤᠨ ᠠᠴᠢ ᠬᠤᠯᠪᠣᠭ᠍ᠳᠠᠯ᠎ᠢ ᠭᠦᠨᠵᠡᠭᠡᠢ ᠲᠤᠳᠤᠷᠬᠠᠢᠯᠠᠭ᠍ᠰᠠᠠ ᠪᠠᠢᠨ᠎ᠠ᠃ ᠲᠣᠭ᠍ᠯᠠᠯᠲᠠ᠎ᠳᠤ ᠣᠷᠣᠯᠴᠠᠭ᠍ᠰᠠᠨ ᠮᠠᠯᠴᠢᠨ ᠲᠠᠷᠢᠶᠠᠴᠢᠳ ᠪᠣᠷᠣᠭ᠍ᠵᠢᠭᠤᠨ ᠲᠣᠭ᠍ᠯᠠᠯᠲᠠ᠎ᠪᠠᠷ᠎ᠢᠶᠠᠨ ᠡᠪ ᠬᠠᠮᠲᠤ ᠨᠠᠮ ᠰᠠᠢᠨ᠂ ᠨᠡᠢᠭᠡᠮ ᠵᠢᠷᠤᠮ ᠰᠠᠢᠨ᠂ ᠥᠭᠡᠷᠡᠴᠢᠯᠡᠯᠲᠡ ᠨᠡᠭᠡᠭᠡᠯᠲᠡ ᠰᠠᠢᠨ᠂ ᠠᠭᠤᠤ ᠶᠡᠭᠡ ᠡᠬᠡ ᠤᠯᠤᠰ ᠰᠠᠢᠨ᠂ ᠦᠨᠳᠦᠰᠦᠲᠡᠨ᠎ᠤ ᠪᠦᠯᠬᠦᠮᠳᠡᠯ ᠰᠠᠢᠨ ᠬᠡᠮᠡᠬᠦ᠌ ᠴᠠᠭ ᠦᠶ᠎ᠡ᠎ᠶ᠋ᠢᠨ ᠭᠤᠤᠯ ᠬᠥᠭ ᠠᠶᠠᠰ᠎ᠢ ᠴᠢᠪᠬᠠᠳᠠᠨ᠂ ᠦᠷᠬᠡᠨ ᠤᠯᠠᠨ ᠮᠠᠯᠴᠢᠨ ᠲᠠᠷᠢᠶᠠᠴᠢᠨ ᠨᠠᠮ᠎ᠢᠶᠠᠨ ᠬᠠᠢᠷᠠᠯᠠᠬᠤ᠂ ᠡᠬᠡ ᠣᠷᠣᠨ᠎ᠢᠶᠠᠨ ᠬᠠᠢᠷᠠᠯᠠᠬᠤ᠂ ᠨᠤᠲᠤᠭ ᠤᠰᠤ᠎ᠪᠠᠨ ᠬᠠᠢᠷᠠᠯᠠᠬᠤ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠡᠢ᠃

ᠡᠯᠪᠡᠭ ᠬᠤᠷᠢᠶᠠᠯᠲᠠ᠎ᠶ᠋ᠢᠨ ᠪᠠᠶᠠᠷ᠎ᠢ ᠬᠠᠯᠠᠭᠤᠨ᠎ᠢᠶᠠᠷ ᠪᠡᠯᠭᠡᠯᠡᠵᠥ᠍᠂ ᠦᠷᠬᠡᠨ ᠤᠯᠠᠨ ᠮᠠᠯᠴᠢᠨ ᠲᠠᠷᠢᠶᠠᠴᠢᠳ ᠤᠠ ᠤᠷᠠᠨ ᠰᠠᠢᠬᠠᠨ᠎ᠤ ᠲᠣᠭ᠍ᠯᠠᠯᠲᠠ᠎ᠳᠤ ᠬᠦᠴᠦᠨ ᠨᠡᠮᠡᠷᠢᠯᠡᠬᠦ᠌᠎ᠶ᠋ᠢᠨ ᠲᠦᠯᠦᠭᠡ᠂ ᠨᠠᠨ ᠬᠤ᠌ ᠴᠡᠴᠡᠷᠯᠢᠭ᠎ᠤᠨ ᠦᠵᠡᠮᠵᠢ᠎ᠶ᠋ᠢᠨ ᠣᠷᠣᠨ᠎ᠳᠤ ᠰᠠᠭᠤᠷᠢᠱᠢᠭ᠎ᠠ ᠲᠦᠴᠢᠦᠸᠠᠨ ᠱᠢᠶᠠᠨ᠎ᠤ ᠠᠵᠤ  ᠦᠢᠯᠡᠳᠪᠦᠷᠢ ᠪᠠ ᠮᠡᠳᠡᠭᠡ ᠵᠠᠩᠭᠢ᠎ᠶ᠋ᠢᠨ ᠲᠣᠪᠴᠢᠶ᠎ᠠ ᠰᠠᠯᠬᠢᠨ ᠬᠦᠷᠳᠦ᠎ᠶ᠋ᠢᠨ ᠤᠷᠲᠤ ᠬᠤᠩᠭᠢᠯ ᠵᠤᠬᠢᠶᠠᠭ᠍ᠰᠠᠠ᠎ᠠᠴᠠ ᠭᠠᠳᠠᠨ᠎ᠠ 30 ᠭᠠᠷᠤᠢ ᠡᠷᠦᠬᠡ ᠬᠤᠳᠠᠯᠳᠤᠭ᠎ᠠ ᠲᠡᠯᠬᠡᠬᠦᠷ᠎ᠳᠤ ᠥᠪᠡᠷᠮᠢᠴᠡ ᠤᠨᠴᠠᠯᠢᠭ᠍ᠳᠤ ᠢᠳᠡᠭᠡᠨ᠂ ᠱᠢᠨ᠎ᠡ ᠰᠣᠷᠭᠤᠭ ᠨᠣᠭᠤᠭ᠎ᠠ ᠵᠢᠮᠢᠰ᠂ ᠤᠮᠳᠠᠭᠠᠨ ᠲᠤᠬᠢᠷᠠᠭᠤᠯᠵᠥ᠍᠂ ᠦᠵᠡᠭ᠌ᠴᠢᠳ ᠪᠡ ᠵᠢᠭᠤᠯᠴᠢᠯᠠᠭ᠍ᠰᠠᠳ᠎ᠲᠤ ᠬᠠᠨᠭ᠌ᠭᠠᠵᠥ᠍᠂ ᠦᠵᠡᠮᠵᠢ᠎ᠶ᠋ᠢᠨ ᠣᠷᠣᠨ᠎ᠤ  ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠠᠢ᠃ ᠡᠭᠦᠨ᠎ᠤ ᠬᠠᠮᠲᠤ ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ ᠪᠣᠳᠠᠰ᠎ᠤᠨ ᠪᠤᠰᠤ ᠰᠣᠶᠣᠯ᠎ᠤᠨ ᠦᠪ᠎ᠶ᠋ᠢ ᠳᠡᠯᠭᠡᠨ ᠦᠵᠡᠭᠦᠯᠪᠡ᠃

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号