ᠪᠦᠬᠦ᠌ ᠤᠷᠤᠨ᠎ᠤ ᠤᠯᠠᠭᠠᠨᠮᠦᠴᠢᠷ᠎ᠤᠨ ᠤᠷᠠᠨ ᠰᠠᠢᠬᠠᠨ᠎ᠤ ᠲᠤᠭ᠍ᠯᠠᠯᠲᠠ ᠶᠠᠪᠤᠭ᠍ᠳᠠᠵᠤ ᠪᠤᠢ
2020-10-07 18:04:10
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠠᠭᠠᠨᠮᠥ᠋ᠴᠢᠷ᠎ᠤᠨ ᠦᠢᠯᠡᠰ᠎ᠤᠨ ᠬᠥᠭ᠌ᠵᠢᠯᠲᠡ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠤᠨ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 71 ᠵᠢᠯ᠎ᠤᠨ ᠤᠢ᠎ᠶ᠋ᠢ ᠪᠡᠯᠭᠡᠯᠡᠬᠦ᠌᠎ᠶ᠋ᠢᠨ ᠲᠦᠯᠦᠭᠡ᠂ 2020 ᠣᠨ᠎ᠤ 《ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶ᠋ᠢᠨ ᠲᠡᠷᠬᠡᠯ ᠪᠠᠶᠠᠷ》 ᠬᠦᠷᠴᠦ᠍ ᠢᠷᠡᠬᠦ᠌ ᠲᠠᠱᠢᠷᠠᠮ᠎ᠢᠶᠠᠷ᠂ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠪᠥᠬᠦ᠌ ᠣᠷᠣᠨ᠎ᠤ ᠤᠯᠠᠭᠠᠨᠮᠥ᠋ᠴᠢᠷ᠎ᠤᠨ᠎ᠬᠢᠨ᠎ᠢ ᠵᠣᠬᠢᠶᠠᠨ ᠪᠠᠢᠭᠤᠯᠵᠤ 《ᠲᠠᠯ᠎ᠠ ᠨᠤᠲᠤᠭ᠎ᠤᠨ ᠬᠥᠪᠡᠭᠦᠳ ᠦᠬᠢᠳ ᠡᠬᠡ ᠤᠯᠤᠰ᠎ᠢᠶᠠᠨ ᠬᠠᠢᠷᠠᠯᠠᠵᠤ ᠳᠤᠮᠳᠠᠳᠤ᠎ᠶ᠋ᠢᠨ ᠦᠨᠳᠦᠰᠦᠲᠡᠨ ᠬᠠᠮᠲᠤᠷᠠᠨ ᠪᠦᠯᠬᠦᠮᠳᠡᠨ᠎ᠡ》 ᠬᠡᠮᠡᠬᠦ᠌ ᠭᠤᠤᠯ ᠰᠡᠳᠦᠪᠲᠦ ᠤᠳᠭ᠎ᠠ ᠤᠷᠠᠯᠢᠭ᠎ᠤᠨ ᠤᠬᠠᠭᠤᠯᠭ᠎ᠠ᠎ᠶ᠋ᠢᠨ ᠲᠣᠭ᠍ᠯᠠᠯᠲᠠ᠎ᠶ᠋ᠢᠨ ᠠᠵᠢᠯᠯᠠᠭ᠎ᠠ ᠥᠷᠨᠢᠭᠦᠯᠪᠡ᠃

ᠤᠢ᠍ᠢᠯᠠᠭᠠᠭ᠍ᠰᠠᠨ᠎ᠢᠶᠠᠷ᠂ ᠠᠵᠢᠯᠯᠠᠭ᠎ᠠ᠎ᠨᠢ 9 ᠰᠠᠷ᠎ᠠ᠎ᠶ᠋ᠢᠨ 25 ᠎ᠤ ᠡᠳᠦᠷ ᠡᠬᠢᠯᠡᠵᠦ᠍᠂ 10 ᠰᠠᠷ᠎ᠠ᠎ᠶ᠋ᠢᠨ 8 ᠎ᠤ ᠡᠳᠦᠷ ᠪᠣᠯᠲᠠᠯ᠎ᠠ ᠪᠦᠬᠦ᠌ ᠣᠷᠣᠨ᠎ᠤ ᠡᠯ᠎ᠡ ᠭᠠᠵᠠᠷ᠎ᠲᠤ ᠵᠠᠯᠭᠠᠭ᠎ᠠ᠎ᠪᠠᠷ ᠲᠤᠭ᠍ᠯᠠᠯᠲᠠ ᠭᠠᠷᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠂ ᠦᠨᠳᠦᠰᠦᠲᠡᠨ᠎ᠤ ᠪᠦᠯᠬᠦᠮᠳᠡᠯ ᠪᠠ ᠤᠯᠤᠰ᠎ᠢᠶᠠᠨ ᠬᠠᠢᠷᠠᠯᠠᠬᠤ ᠦᠵᠡᠯ᠎ᠢ ᠪᠠᠲᠤ ᠪᠠᠬᠢ ᠪᠤᠢ ᠪᠣᠯᠭᠠᠬᠤ᠎ᠪᠠᠷ ᠭᠤᠤᠯ ᠪᠣᠯᠭᠠᠭ᠍ᠰᠠᠨ ᠪᠦᠲᠦᠭᠡᠯ᠎ᠢᠶᠠᠷ ᠭᠤᠤᠯᠳᠠᠭᠤᠯᠤᠬ᠍ᠰᠠᠨ ᠪᠠᠢᠨ᠎ᠠ᠃ ᠤᠯᠠᠭᠠᠨᠮᠦᠴᠢᠷ᠎ᠤᠨ᠎ᠬᠢᠨ ᠡᠬᠡ ᠤᠯᠤᠰ᠎ᠢᠶᠠᠨ ᠬᠠᠢᠷᠠᠯᠠᠬᠤ ᠭᠤᠤᠯ ᠰᠡᠳᠦᠪᠲᠦ ᠳᠠᠭᠤᠤ ᠬᠥᠭ᠌ᠵᠢᠮ᠂ ᠪᠥᠵᠢᠭ᠂ ᠳᠠᠭᠤᠤᠷᠢᠯᠢᠭ᠎ᠤᠨ ᠲᠣᠭ᠍ᠯᠠᠯᠲᠠ᠎ᠶ᠋ᠢ ᠨᠠᠢᠷᠠᠭᠤᠯᠤᠨ ᠵᠤᠬᠢᠶᠠᠨ ᠪᠦᠲᠦᠭᠡᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠲᠣᠭ᠍ᠯᠠᠯᠲᠠ ᠭᠠᠷᠭᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠲᠠᠢ ᠬᠠᠮᠲᠤ᠎ᠪᠠᠷ ᠤᠯᠤᠰ᠎ᠢᠶᠠᠨ ᠬᠠᠢᠷᠠᠯᠠᠬᠤ ᠳᠠᠭᠤᠤ᠎ᠶ᠋ᠢ ᠳᠠᠭᠤᠯᠠᠨ᠂ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》 ᠰᠦᠯᠵᠢᠶᠡᠨ ᠳᠡᠭᠡᠷ᠎ᠡ ᠤᠬᠠᠭᠤᠯᠭ᠎ᠠ᠎ᠶ᠋ᠢᠨ ᠲᠤᠭ᠍ᠯᠠᠯᠲᠠ ᠭᠠᠷᠭᠠᠵᠤ᠂ ᠤᠯᠠᠭᠠᠨᠮᠥ᠋ᠴᠢᠷ ᠨᠢᠭᠡᠪᠦᠷᠢ᠎ᠨᠢ 10 ᠭᠠᠷᠤᠢ ᠲᠠᠯᠠᠪᠠᠶ ᠠᠬᠤᠢ ᠲᠠᠯᠠᠪᠠᠢ᠎ᠶ᠋ᠢᠨ ᠲᠤᠭ᠍ᠯᠠᠯᠲᠠ ᠭᠠᠷᠭᠠᠬᠤ᠎ᠶ᠋ᠢᠨ ᠬᠠᠮᠲᠤ ᠰᠦᠯᠵᠢᠶᠡᠨ ᠳᠡᠭᠡᠷ᠎ᠡ 100 ᠭᠠᠷᠤᠢ ᠲᠠᠯᠠᠪᠠᠢ ᠲᠤᠭ᠍ᠯᠠᠯᠲᠠ ᠨᠡᠪᠲᠡᠷᠡᠭᠦᠯᠬᠦ᠌ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号