ᠤᠯᠤᠰ ᠳᠠᠶᠠᠭᠠᠷ ᠱᠢᠨ᠎ᠡ ᠲᠤᠮᠳᠠᠳᠤ ᠤᠯᠤᠰ ᠪᠠᠢᠭᠤᠯᠤᠭ᠍ᠳᠠᠭ᠍ᠰᠠᠨ 71 ᠵᠢᠯ᠎ᠤᠨ ᠣᠶ᠎ᠶ᠋ᠢ ᠬᠠᠮᠲᠤ᠎ᠪᠠᠷ ᠪᠠᠶᠠᠷᠯᠠᠨ ᠪᠡᠯᠭᠡᠯᠡᠬᠦ᠌ ᠲᠠᠱᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡᠨ᠎ᠤ ᠲᠥᠪ ᠭᠤᠤᠯᠯᠠᠨ ᠡᠷᠬᠢᠯᠡᠵᠦ᠍᠂ ᠬᠥᠬᠡᠬᠤᠲᠠ᠎ᠶ᠋ᠢᠨ ᠲᠣᠭ᠍ᠲᠠᠬᠤ ᠱᠢᠶᠠᠨ᠎ᠤ ᠠᠵᠢᠯᠴᠢᠨ᠎ᠤ ᠶᠡᠷᠦᠩᠬᠡᠶ ᠡᠪᠯᠡᠯ᠂ ᠥᠪᠥᠷ ᠮᠣᠩᠭᠤᠯ᠎ᠤᠨ ᠱᠢᠷᠭᠤᠯᠵᠢ ᠰᠣᠶᠣᠯ ᠪᠡᠶ᠎ᠡ᠎ᠶ᠋ᠢᠨ ᠲᠠᠮᠢᠷ᠎ᠤᠨ ᠬᠢᠵᠠᠭᠠᠷᠲᠤ ᠺᠣᠮᠫᠠᠨᠢ ᠪᠣᠯᠤᠨ ᠬᠥᠬᠡᠬᠤᠲᠠ᠎ᠶ᠋ᠢᠨ ᠮᠧᠩ ᠱᠢᠶᠠᠩ ᠰᠣᠶᠣᠯ ᠵᠠᠭᠤᠴᠢᠯᠠᠭᠤᠷ᠎ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠭ᠌ᠰᠡᠨ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠤᠰ᠎ᠤᠨ ᠪᠠᠶᠠᠷ᠎ᠢ ᠤᠭ᠍ᠲᠤᠨ ᠡᠷᠡᠭᠦᠯ ᠮᠡᠨᠳᠦ᠎ᠪᠠᠷ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠬᠤ》 ᠭᠤᠤᠯ ᠰᠡᠳᠤᠪᠳᠤ ᠤᠯᠤᠰ ᠪᠠᠢᠭᠤᠯᠤᠭ᠍ᠳᠠᠭ᠍ᠰᠠᠨ 71 ᠵᠢᠯ᠎ᠤᠨ ᠤᠢ᠎ᠶ᠋ᠢ ᠪᠡᠯᠭᠡᠯᠡᠬᠦ᠌ ᠶᠠᠪᠠᠭᠠᠨ ᠠᠯᠬᠤᠬᠤ ᠠᠵᠢᠯᠯᠠᠭ᠎ᠠ ᠶᠠᠪᠤᠬ᠍ᠳᠠᠪᠠ᠃
ᠲᠤᠰ ᠤᠳᠠᠭ᠎ᠠ᠎ᠶ᠋ᠢᠨ ᠤᠷᠤᠯᠳᠤᠭᠠᠨ᠎ᠳᠤ 6.5 ᠺᠢᠯᠣᠮᠧᠲᠷ᠎ᠤᠨ ᠶᠠᠪᠠᠭᠠᠨ ᠠᠯᠬᠤᠬᠤ ᠤᠷᠤᠯᠳᠤᠭᠠᠨ᠎ᠤ ᠵᠠᠮ ᠱᠤᠭᠤᠮ᠎ᠢ ᠲᠤᠬᠢᠷᠠᠭᠤᠯᠵᠥ᠍᠂ ᠬᠥᠬᠡᠬᠤᠲᠠ᠎ᠶ᠋ᠢᠨ ᠬᠤᠳᠠ᠎ᠶ᠋ᠢᠨ ᠲᠡᠬᠦᠷᠭᠡ ᠪᠠ ᠲᠣᠭ᠍ᠲᠠᠬᠤ ᠱᠢᠶᠠᠨ᠎ᠤ 1000 ᠭᠠᠷᠤᠢ ᠶᠠᠪᠠᠭᠠᠨ ᠠᠯᠬᠤᠵᠤ ᠪᠡᠶ᠎ᠡ ᠴᠢᠭᠢᠷᠠᠭ᠍ᠵᠢᠭᠤᠯᠬᠤ ᠪᠠᠭ᠍ᠠᠳᠠᠳ ᠪᠠᠶᠠᠷ ᠪᠠᠭ᠍ᠠᠳᠤᠯᠲᠠᠶᠪᠠᠷ ᠤᠯᠤᠰ᠎ᠤᠨ ᠲᠤᠭ᠎ᠢᠶᠠᠨ ᠥᠨᠳᠤᠷ ᠡᠷᠭᠦᠨ ᠢᠳᠡᠷᠭᠡᠭ ᠠᠯᠬᠤᠵᠠᠶ᠃ ᠡᠨᠡ ᠤᠳᠠᠭᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠠᠷᠠᠳ ᠣᠯᠠᠨ᠎ᠤ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠥᠭ᠌ᠵᠢᠭᠡᠵᠦ᠍᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠣᠯᠤᠨ ᠪᠦᠬᠦ᠌ ᠠᠷᠠᠳ᠎ᠤᠨ ᠡᠷᠡᠭᠦᠯ ᠮᠡᠨᠳᠦ᠎ᠶ᠋ᠢᠨ ᠦᠵᠡᠯᠲᠠ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠵᠤ᠂ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ᠎ᠳᠤ ᠢᠳᠡᠪᠬᠢᠲᠡᠶ ᠣᠷᠣᠯᠴᠠᠭᠤᠯᠵᠥ᠍᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢᠶᠠᠷ ᠳᠠᠮᠵᠢᠨ ᠡᠷᠡᠭᠦᠯ ᠮᠡᠨᠳᠦ ᠪᠠ ᠵᠣᠯ ᠵᠢᠷᠭᠠᠯ ᠬᠥᠷᠳᠡᠭᠡᠬᠦ᠌ᠶ᠋ᠢ ᠵᠤᠷᠢᠵᠠᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号