ᠬᠤᠷᠴᠢᠨ ᠵᠡᠭᠦᠨ ᠭᠠᠷᠤᠨ ᠬᠤᠢᠳᠤ ᠬᠤᠱᠢᠭᠤ ᠬᠢᠵᠢᠭ᠎ᠢ ᠰᠠᠷᠬᠡᠢᠯᠡᠡ ᠡᠵᠡᠮᠳᠠᠬᠦ᠌ ᠴᠢᠳᠠᠮᠵᠢ᠎ᠪᠠᠨ ᠲᠡᠬᠡᠭ᠌ᠰᠢᠯᠡᠬᠦᠯᠵᠥ᠍ ᠲᠦᠬᠦᠬᠡᠷᠦᠮᠵᠢ᠎ᠪᠠᠨ ᠪᠦᠷᠢᠨᠱᠢᠬᠦᠯᠪᠠ
2020-11-30 16:13:19
ᠵᠣᠬᠢᠶᠠᠭ᠍ᠴᠢ᠄
ᠬᠠᠰᠤᠩᠭᠤᠸ᠎ᠠ
ᠣᠩᠱᠢᠭ᠍ᠰᠠᠨ ᠣᠳᠠᠭ᠎ᠠ᠄
★★★☆☆

ᠭᠠᠨᠵᠤᠭ᠎ᠠ᠎ᠶ᠋ᠢᠨ ᠮᠠᠳᠡᠭᠡ ᠤᠢ᠍ᠢᠷ᠎ᠠ᠎ᠳᠤ᠂ ᠬᠤᠷᠴᠢᠠ ᠵᠠᠬᠦᠠ ᠭᠠᠷᠤᠠ ᠬᠤᠢᠳᠤ ᠬᠤᠱᠢᠭᠤ ᠬᠢᠵᠢᠭ᠎ᠢ ᠰᠠᠷᠬᠡᠢᠯᠡᠡ ᠡᠵᠡᠮᠳᠠᠬᠦ᠌ ᠠᠵᠢᠯ᠎ᠢ ᠰᠠᠢᠳᠤᠷ ᠬᠢᠵᠥ᠍᠂ ᠭᠤᠷᠪᠠᠨ ᠰᠠᠭᠤᠷᠢ PCR ᠲᠤᠷᠱᠢᠯᠲᠠ᠎ᠶ᠋ᠢᠨ ᠲᠠᠰᠤᠭ ᠪᠠᠢᠭᠤᠯᠪᠠ᠃ ᠲᠤᠰ ᠬᠤᠱᠢᠭᠤᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠂ ᠬᠤᠱᠢᠭᠤᠨ᠎ᠤ ᠠᠷᠠᠳ᠎ᠤᠨ ᠡᠮᠨᠡᠯᠭᠡ ᠶᠢᠨ ᠬᠤᠷᠢᠶ᠎ᠠ PCR ᠲᠤᠷᠱᠢᠯᠲᠠ᠎ᠶ᠋ᠢᠨ ᠲᠠᠰᠤᠭ ᠪᠠᠢᠭᠤᠯᠵᠥ᠍᠂ ᠪᠦᠭᠡᠮ ᠬᠦᠴᠢᠯ᠎ᠤᠨ ᠪᠠᠢᠴᠠᠭᠠᠨ ᠬᠡᠮᠵᠢᠯᠲᠡ ᠬᠢᠵᠦ᠍ ᠲᠡᠢᠯᠬᠦ᠌ ᠪᠤᠯᠪᠠ᠂ ᠮᠣᠩᠭᠤᠯ ᠡᠮᠨᠡᠯᠭᠡ᠎ᠶ᠋ᠢᠨ ᠶᠠᠰᠤ ᠪᠠᠷᠢᠬᠤ ᠡᠮᠨᠡᠯᠭᠡ᠎ᠶ᠋ᠢᠨ ᠬᠤᠷᠢᠶᠠᠨ᠎ᠤ PCR ᠲᠤᠷᠱᠢᠯᠲᠠ᠎ᠶ᠋ᠢᠨ ᠲᠠᠰᠤᠭ ᠴᠤ᠌ ᠣᠢᠷ᠎ᠠ᠎ᠳᠤ ᠠᠱᠢᠬ᠍ᠯᠠᠯᠳᠠ᠎ᠳᠤ ᠣᠷᠣᠬᠤ ᠪᠣᠯᠤᠨ᠎ᠠ᠃

ᠪᠥᠭᠡᠮ ᠬᠦᠴᠢᠯ᠎ᠤᠨ ᠪᠠᠢᠴᠠᠭᠠᠨ ᠬᠡᠮᠵᠢᠬᠦ᠌ ᠲᠤᠰᠭᠠᠶ ᠮᠡᠷᠭᠡᠵᠢᠯ᠎ᠤᠨ ᠠᠵᠢᠯᠲᠠᠨ ᠲᠤᠬᠢᠷᠠᠭᠤᠯᠪᠠ᠃ ᠭᠤᠷᠪᠠᠨ ᠲᠤᠷᠱᠢᠯᠲᠠ᠎ᠶ᠋ᠢᠨ ᠳᠠᠰᠤᠭ᠎ᠲᠤ ᠪᠥᠭᠡᠮ ᠬᠦᠴᠢᠯ᠎ᠤᠨ ᠪᠠᠢᠴᠠᠭᠠᠨ ᠬᠡᠮᠵᠢᠬᠦ᠌ ᠬᠢᠷᠢ ᠬᠡᠮ᠎ᠤᠨ ᠦᠨᠡᠮᠯᠡᠯ ᠤᠯᠤᠭ᠍ᠰᠠᠨ 16 ᠬᠥᠮᠦᠨ ᠪᠤᠢ᠂ ᠲᠡᠷᠡᠴᠢᠯᠡᠨ ᠬᠠᠮᠢᠶ᠎ᠠ ᠪᠥᠬᠦᠶ ᠪᠠᠢᠴᠠᠭᠠᠨ ᠬᠡᠮᠵᠢᠬᠦ᠌ ᠲᠥᠬᠦᠭᠡᠷᠦᠮᠵᠢ ᠳᠣᠭᠢᠷᠠᠭᠤᠯᠵᠤ᠂ ᠡᠳᠦᠷ᠎ᠲᠤ 1080 ᠬᠥᠮᠦᠨ᠎ᠳᠤ ᠪᠠᠢᠴᠠᠭᠠᠠ ᠬᠡᠮᠵᠢᠬᠦ᠌ ᠴᠢᠳᠠᠮᠵᠢ᠎ᠲᠠᠢ ᠪᠤᠯᠪᠠ᠃ ᠪᠥᠬᠦ᠌ ᠱᠢᠰᠲ᠋ᠧᠮ᠎ᠤᠨ 666 ᠡᠮᠨᠡᠯᠬᠡ᠎ᠶ᠋ᠢᠨ ᠠᠵᠢᠯᠲᠠᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠪᠥᠭᠡᠮ ᠬᠦᠴᠢᠯ᠎ᠤᠨ ᠪᠠᠢᠴᠠᠭᠠᠨ ᠬᠡᠮᠵᠢᠬᠦ᠌ ᠬᠡᠪ ᠵᠠᠭ᠍ᠪᠤᠷ ᠴᠤᠭ᠍ᠯᠠᠭᠤᠯᠬᠤ ᠪᠣᠯᠪᠠᠰᠤᠷᠠᠯ᠎ᠳᠤ ᠣᠷᠣᠯᠴᠠᠪᠠ᠃

ᠪᠠᠴᠢᠮ ᠪᠠᠢᠳᠠᠯ᠎ᠢ ᠠᠷᠭᠠᠴᠠᠭᠠᠬᠤ᠎ᠳᠤ ᠲᠤᠰᠠᠯᠠᠬᠤ ᠬᠤᠪᠢᠶᠠᠷᠢ ᠠᠩᠭᠢ ᠵᠣᠬᠢᠶᠠᠨ ᠪᠠᠢᠭᠤᠯᠪᠠ᠃ 58 ᠬᠥᠮᠦᠨ᠎ᠢᠶᠠᠷ ᠪᠦᠷᠢᠯᠳᠦᠭ᠌ᠰᠡᠨ ᠬᠤᠱᠢᠭᠤᠨ᠎ᠤ ᠱᠢᠨ᠎ᠡ ᠲᠢᠳᠢᠮᠯᠢᠭ ᠠᠭᠤᠰᠭᠢᠨ ᠥᠷᠪᠢᠰᠥᠯ᠎ᠤᠨ ᠸᠢᠷᠦ᠋ᠰ᠎ᠤᠨ ᠵᠠᠭ᠍ᠪᠤᠷ ᠴᠤᠭ᠍ᠯᠠᠭᠤᠯᠬᠤ ᠪᠠ ᠪᠥᠭᠡᠮ ᠬᠦᠴᠢᠯ᠎ᠢ ᠪᠠᠢᠴᠠᠭᠠᠨ ᠬᠡᠮᠵᠢᠵᠦ᠍ ᠪᠠᠴᠢᠮ ᠪᠠᠢᠳᠠᠯ᠎ᠢ ᠠᠷᠭᠠᠴᠠᠭᠠᠬᠤ᠎ᠳᠤ ᠲᠤᠰᠠᠯᠠᠬᠤ ᠬᠤᠪᠢᠶᠠᠷᠢ ᠠᠩᠭᠢ ᠪᠠᠢᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠪᠠᠢᠳᠠᠯ ᠳᠣᠤᠷ᠎ᠠ ᠬᠢᠵᠢᠭ᠌ᠲᠦ ᠣᠷᠣᠨ᠎ᠳᠤ ᠦᠳᠲᠡᠷ ᠲᠦᠷᠭᠡᠨ ᠬᠦᠷᠴᠦ᠍᠂ ᠬᠠᠮᠢᠶ᠎ᠠ ᠪᠦᠬᠦᠢ ᠭᠠᠵᠠᠷ ᠣᠷᠣᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠡᠮᠵᠢᠬᠦ᠌᠎ᠳᠤ ᠪᠡᠯᠡᠳᠭᠡᠵᠦ᠍ ᠪᠠᠢᠨ᠎ᠠ᠃ 

 

 

 

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号