ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠲᠡᠳ᠋ ᠰᠠᠢᠳ ᠵᠠᠢ ᠴᠢᠩ 25 ᠤ ᠡᠳᠦᠷ᠂ ᠭᠤᠤᠯᠳᠠᠯᠭ᠎ᠠ᠎ᠲᠠᠢ ᠰᠠᠪᠠ ᠭᠠᠵᠠᠷ ᠪᠠ ᠲᠠᠯᠠᠢ ᠲᠠᠩᠭᠢᠰ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ 《ᠠᠷᠪᠡᠨ ᠲᠦᠷᠪᠡᠳᠤᠭᠡᠷ ᠲᠠᠪᠤᠨ ᠵᠢᠯ》 ᠤᠨ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠬᠤ ᠠᠵᠢᠯ᠎ᠳᠤ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠎ᠶ᠋ᠢ ᠪᠠᠷᠢᠮᠳᠠᠯᠠᠵᠤ᠂ 《ᠨᠢᠭᠡ ᠭᠤᠤᠯ ᠮᠦᠷᠠᠨ᠎ᠳᠤ ᠨᠢᠭᠡ ᠪᠤᠳᠤᠯᠭ᠎ᠠ ᠭᠡᠷᠡᠭ᠌ᠵᠢᠬᠦᠯᠬᠦ᠌》᠂ 《ᠨᠢᠭᠡ ᠲᠠᠯᠠᠢ᠎ᠶ᠋ᠢᠨ ᠪᠤᠯᠤᠩ᠎ᠳᠤ ᠨᠢᠭᠡ ᠪᠤᠳᠤᠯᠭ᠎ᠠ ᠭᠡᠷᠡᠭ᠌ᠵᠢᠬᠦᠯᠬᠦ᠌》 ᠶ᠋ᠢ ᠲᠤᠪᠤᠢᠯᠭᠠᠨ᠎ᠠ ᠭᠡᠵᠤ ᠬᠡᠯᠡᠪᠡ᠃
ᠵᠠᠢ ᠴᠢᠩ᠂ ᠢᠷᠡᠬᠦ᠌ ᠵᠢᠯ᠎ᠤᠨ ᠲᠡᠭᠡᠷ᠎ᠡ ᠬᠠᠭᠠᠰ ᠵᠢᠯ᠎ᠳᠤ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠬᠤ ᠡᠬᠦᠷᠭᠡ᠎ᠶ᠋ᠢ ᠪᠦᠬᠦ᠌ ᠲᠠᠯ᠎ᠡ᠎ᠪᠠᠷ ᠪᠠᠶᠠᠯᠡᠬᠦᠯᠤᠨ᠎ᠡ᠃ ᠡᠨᠡ ᠵᠢᠯ᠎ᠤᠨ 10 ᠰᠠᠷ᠎ᠡ᠎ᠶ᠋ᠢᠨ 25 ᠤ ᠡᠳᠦᠷ ᠪᠤᠯᠳᠠᠯ᠎ᠡ᠂ ᠡᠯ᠎ᠡ ᠮᠤᠵᠢ᠂ ᠤᠷᠤᠨ᠂ ᠬᠤᠳᠠ᠎ᠶ᠋ᠢᠨ᠎ᠬᠢᠨ 342 ᠬᠤᠪᠢ ᠤᠰᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠭᠤᠤᠯᠳᠠᠯᠭ᠎ᠠ ᠪᠠ 52 ᠬᠤᠪᠢ ᠲᠠᠯᠠᠢ ᠲᠠᠩᠭᠢᠰ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠭᠤᠤᠯᠳᠠᠯᠭ᠎ᠠ᠎ᠶ᠋ᠢ ᠲᠤᠭ᠍ᠲᠠᠭᠠᠭ᠍ᠰᠠᠠ ᠪᠦᠭᠡᠳ ᠲᠤᠱᠢᠶᠠᠪᠠ᠃ ᠠᠮᠢ ᠠᠬᠤᠢ ᠤᠷᠴᠢᠨ ᠲᠤᠭᠤᠷᠢᠨ᠎ᠤ ᠶᠠᠮᠤᠨ ᠬᠤᠯᠪᠤᠬ᠍ᠳᠠᠯ ᠪᠦᠬᠦᠢ ᠲᠤᠰᠭᠠᠢ ᠮᠡᠷᠭᠡᠵᠢᠯᠳᠠᠨᠢ ᠵᠤᠬᠢᠶᠠᠨ ᠪᠠᠢᠭᠤᠯᠵᠤ ᠶᠠᠰᠤ ᠴᠢᠨᠠᠷ᠎ᠤᠨ ᠬᠢᠨᠡᠨ ᠪᠠᠢᠴᠠᠭᠠᠯᠳᠠ ᠦᠷᠨᠢᠬᠦᠯᠵᠤ᠂ ᠭᠡᠰᠡᠭ ᠭᠠᠵᠠᠷ ᠤᠷᠤᠨ᠎ᠤ ᠲᠤᠱᠢᠶᠠᠬ᠍ᠰᠡᠨ ᠲᠦᠯᠦᠪᠵᠢᠬᠦᠯᠭᠡ᠎ᠶ᠋ᠢᠨ ᠭᠤᠤᠯᠳᠠᠯᠭ᠎ᠠ ᠬᠢᠨᠡᠨ ᠪᠠᠢᠴᠠᠭᠠᠯᠳᠠ᠎ᠳᠤ ᠬᠢᠷᠢ ᠲᠡᠩᠴᠡᠭ᠌ᠰᠡᠨ ᠦᠭᠡᠢ ᠭᠡᠵᠤ ᠲᠠᠨᠢᠯᠴᠠᠭᠤᠯᠪᠠ᠃
ᠲᠡᠷᠡ᠂ ᠲᠠᠷᠠᠭᠠᠴᠢ᠎ᠶ᠋ᠢᠨ ᠠᠯᠬᠤᠮ᠎ᠤᠨ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠬᠤ ᠲᠤᠮᠳᠠ᠂ 《ᠤᠨᠤᠴᠠᠳᠠᠢ᠎ᠪᠠᠷ ᠪᠤᠬᠢᠷᠳᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠤᠬᠢᠷᠳᠤᠯ᠎ᠢ ᠵᠠᠰᠠᠬᠤ᠂ ᠬᠠᠤᠯᠢ ᠶᠤᠰᠤᠭᠠᠷ ᠪᠤᠬᠢᠷᠳᠤᠯ᠎ᠢ ᠵᠠᠰᠭᠠᠤ》 ᠶ᠋ᠢ ᠲᠤᠪᠤᠢᠯᠭᠠᠬᠤ ᠭᠡᠷᠡᠭ᠌ᠳᠠᠢ᠃ ᠰᠠᠪᠠ ᠭᠠᠵᠠᠷ᠂ ᠲᠠᠯᠠᠢ᠎ᠶ᠋ᠢᠨ ᠤᠷᠤᠨ᠎ᠤ ᠪᠤᠳᠠᠳᠠᠢ ᠪᠠᠢᠳᠠᠯ᠎ᠠᠴᠠ ᠡᠬᠦᠰᠴᠤ᠌᠂ ᠤᠷᠤᠱᠢᠵᠤ ᠪᠠᠢᠭ᠎ᠠ ᠲᠤᠪᠤᠢᠮᠡ ᠠᠰᠠᠭᠤᠳᠠᠯ᠎ᠢ ᠬᠦᠨᠵᠡᠭᠡᠢ ᠵᠠᠳᠠᠯᠵᠤ᠂ 《ᠨᠢᠭᠡ ᠭᠤᠤᠯ ᠮᠦᠷᠠᠨ᠎ᠳᠤ ᠨᠢᠭᠡ ᠪᠤᠳᠤᠯᠭ᠎ᠠ ᠭᠡᠷᠡᠭ᠌ᠵᠢᠬᠦᠯᠬᠦ᠌》᠂ 《ᠨᠢᠭᠡ ᠲᠠᠯᠠᠢ᠎ᠶ᠋ᠢᠨ ᠪᠤᠯᠤᠩ᠎ᠳᠤ ᠨᠢᠭᠡ ᠪᠤᠳᠤᠯᠭ᠎ᠠ ᠭᠡᠷᠡᠭ᠌ᠵᠢᠬᠦᠯᠬᠦ᠌》 ᠶ᠋ᠢ ᠲᠤᠪᠤᠢᠯᠭᠠᠵᠤ᠂ ᠠᠳᠠᠯᠢ ᠪᠤᠰᠤ ᠰᠠᠪᠠ ᠭᠠᠵᠠᠷ᠂ ᠲᠠᠯᠠᠢ᠎ᠶ᠋ᠢᠨ ᠤᠷᠤᠨ᠎ᠤ ᠤᠨᠴᠠᠯᠢᠭ᠎ᠢ ᠢᠯᠡᠷᠡᠬᠦᠯᠬᠦ᠌ ᠭᠡᠷᠡᠭ᠌ᠳᠠᠢ ᠭᠡᠵᠤ ᠵᠢᠭᠠᠵᠤ ᠭᠠᠷᠭᠠᠪᠠ᠃
ᠵᠠᠢ ᠴᠢᠩ᠂ 《ᠠᠷᠪᠡᠨ ᠲᠦᠷᠪᠡᠳᠤᠭᠡᠷ ᠲᠠᠪᠤᠨ ᠵᠢᠯ》 ᠤᠨ ᠤᠰᠤᠨ᠎ᠤ ᠤᠷᠴᠢᠨ ᠲᠤᠭᠤᠷᠢᠨ᠎ᠤ ᠬᠠᠮᠠᠭᠠᠯᠠᠯᠳᠠ᠎ᠳᠤ 《ᠭᠤᠤᠯ᠎ᠲᠠᠢ ᠤᠰᠤ᠎ᠲᠠᠢ᠂ ᠵᠢᠭᠠᠰᠤ᠎ᠲᠠᠢ ᠡᠪᠡᠰᠤ᠎ᠲᠠᠢ᠂ ᠬᠦᠮᠦᠨ ᠪᠠ ᠤᠰᠤ ᠡᠶ᠎ᠡ ᠵᠤᠬᠢᠴᠠᠩᠭᠤᠢ ᠤᠷᠤᠱᠢᠬᠤ》 ᠬᠠᠷᠠᠯᠳᠠ᠎ᠶ᠋ᠢ ᠲᠤᠷᠠᠳᠴᠠᠢ᠂ ᠲᠦᠯᠦᠪᠵᠢᠬᠦᠯᠭᠡ᠎ᠶ᠋ᠢ ᠨᠠᠢᠷᠠᠭᠤᠯᠤᠨ ᠵᠤᠬᠢᠶᠠᠬᠤ ᠶᠠᠪᠤᠴᠠ᠎ᠳᠤ ᠡᠨᠡ ᠬᠦ᠌ ᠬᠠᠷᠠᠯᠳᠠ᠎ᠶ᠋ᠢ ᠪᠠᠷᠢᠮᠳᠠᠯᠠᠵᠤ᠂ ᠤᠰᠤᠨ᠎ᠤ ᠤᠷᠴᠢᠨ ᠲᠤᠭᠤᠷᠢᠨ᠂ ᠤᠰᠤᠨ᠎ᠤ ᠠᠮᠢ ᠠᠬᠤᠢ᠎ᠶ᠋ᠢ ᠤᠯᠠᠮ ᠴᠢᠨᠠᠬ᠍ᠰᠢᠳᠠ ᠰᠠᠢᠵᠢᠷᠠᠭᠤᠯᠵᠤ᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ᠎ᠲᠠᠢ ᠪᠤᠯᠭᠠᠬᠤ ᠭᠡᠷᠡᠭ᠌ᠳᠠᠢ ᠭᠡᠵᠤ ᠢᠯᠡᠳᠭᠡᠪᠡ᠃