ᠾᠧᠦ ᠮᠢᠩ ᠱᠢᠩ ᠤᠳᠤ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠳᠡᠳ᠋ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ ᠪᠠᠢᠨ᠎ᠠ᠃
30 ᠭᠠᠷᠤᠶ ᠵᠢᠯ ᠭᠠᠳᠠᠷ ᠰᠠᠯᠠᠭᠠᠨ᠎ᠤ ᠡᠮᠴᠢᠯᠡᠭᠡᠨ᠎ᠤ ᠠᠵᠢᠯ᠎ᠳᠤ ᠱᠢᠭᠤᠷᠬᠠᠢᠯᠠᠭ᠍ᠰᠠᠨ ᠾᠧᠦ ᠮᠢᠩ ᠱᠢᠩ ᠡᠮᠴᠢ ᠬᠤᠳᠣᠭᠤᠳᠣᠨ ᠥᠮᠡᠨ ᠵᠢᠴᠢ ᠬᠤᠲᠣᠷᠢᠩᠬᠠᠶ ᠭᠡᠳᠡᠰᠦᠨ᠎ᠤ ᠥᠮᠡᠨ᠂ ᠢᠪᠡᠷᠬᠡᠶ ᠪᠠ ᠬᠡᠪᠡᠯᠢ᠎ᠶ᠋ᠢᠨ ᠬᠠᠨ᠎ᠠ᠎ᠶ᠋ᠢᠨ ᠭᠠᠳᠠᠷ ᠰᠠᠯᠠᠭᠠᠨ᠎ᠤ ᠪᠤᠳᠤᠯᠢᠶᠠᠨᠲᠠᠶ ᠬᠦᠴᠢᠷ ᠲᠦᠪᠡᠭ᠌ᠲᠡᠶ ᠡᠪᠡᠳᠴᠢᠨ᠎ᠢ ᠵᠠᠰᠠᠬᠤ᠎ᠳᠤ ᠴᠢᠳᠠᠮᠠᠭᠠᠶ ᠪᠠᠢᠵᠤ᠂ ᠤᠯᠠᠨ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠮᠡᠰᠡ ᠵᠠᠰᠠᠯ᠎ᠤᠨ ᠬᠤᠭᠤᠰᠤᠨ᠎ᠢ ᠨᠥᠬᠦᠪᠥᠷᠢᠯᠡᠭ᠌ᠰᠡᠨ ᠦᠡᠭ᠌ᠭᠡᠷᠡᠯᠳᠠᠲᠠᠢ᠃
2020 ᠣᠨ᠎ᠤ 2 ᠰᠠᠷ᠎ᠠ᠎ᠳᠤ ᠾᠧᠦ ᠮᠢᠩ ᠱᠢᠩ ᠰᠠᠨᠠᠭᠠᠴᠢᠯᠠᠭ᠎ᠠ᠎ᠠᠴᠠ᠎ᠪᠠᠨ ᠬᠤᠪᠧᠶ ᠮᠤᠵᠢ᠎ᠶ᠋ᠢᠨ ᠦᠬᠠᠨ ᠬᠤᠲᠠ᠎ᠶ᠋ᠢᠨ ᠬᠢᠵᠢᠭ᠎ᠲᠠᠢ ᠲᠠᠮᠡᠴᠡᠬᠦ᠌ ᠡᠮᠦᠨ᠎ᠡ ᠹᠷᠣᠨᠲ᠎ᠲᠤ ᠤᠴᠢᠬᠤ᠎ᠪᠠᠷ ᠭᠤᠶᠤᠴᠢᠯᠠᠵᠤ᠂ 2 ᠰᠠᠷ᠎ᠠ᠎ᠶ᠋ᠢᠨ 21 ᠤ ᠡᠳᠦᠷ ᠥᠪᠥᠷ ᠮᠣᠩᠭᠤᠯ᠎ᠤᠨ ᠨᠠᠢ᠍ᠮᠠᠳᠤᠭᠠᠷ ᠪᠦᠯᠦᠭ ᠬᠤᠪᠸᠢ᠎ᠶ᠋ᠢ ᠲᠤᠰᠠᠯᠠᠬᠤ ᠡᠮᠴᠢᠯᠡᠭᠡᠨ᠎ᠤ ᠠᠩᠬᠢ᠎ᠶ᠋ᠢᠨ ᠳᠠᠭᠠᠭᠤᠯᠤᠭ᠍ᠴᠢ᠎ᠶ᠋ᠢᠨ ᠲᠤᠱᠢᠶᠠᠯ᠎ᠢ ᠡᠭᠦᠷᠭᠡᠯᠡᠨ ᠬᠥᠬᠡᠬᠤᠲᠠ᠂ ᠪᠤᠭᠤᠲᠤ᠌᠂ ᠣᠷᠳᠣᠰ᠂ ᠪᠠᠶᠠᠨᠨᠠᠭᠤᠷ ᠵᠡᠷᠭᠡ ᠭᠠᠵᠠᠷ ᠣᠷᠣᠨ᠎ᠤ 22 ᠡᠮᠴᠢᠯᠡᠭᠡᠨ᠎ᠤ ᠪᠠᠢᠭᠤᠯᠭ᠎ᠠ᠎ᠶ᠋ᠢᠨ 173 ᠡᠮᠴᠢ ᠰᠤᠪᠢᠯᠠᠭ᠍ᠴᠢ᠎ᠶ᠋ᠢ ᠳᠠᠭᠠᠭᠤᠯᠤᠨ ᠬᠤᠪᠸᠢ ᠮᠤᠵᠢ᠎ᠶ᠋ᠢᠨ ᠦᠬᠠᠨ ᠬᠤᠲᠠ᠎ᠶ᠋ᠢ ᠵᠤᠷᠢᠪᠠ᠃ ᠳᠠᠭᠠᠭᠤᠯᠤᠭ᠍ᠴᠢ ᠪᠣᠯᠤᠭ᠍ᠰᠠᠨ ᠾᠧᠦ ᠮᠢᠩ ᠱᠢᠩ ᠦᠬᠠᠨ ᠬᠤᠲᠠ᠎ᠳᠤ ᠬᠦᠷᠦᠮᠡᠭ᠌ᠴᠡ ᠡᠯ᠎ᠠ ᠲᠦᠷᠦᠯ᠎ᠤᠨ ᠪᠣᠳᠠᠲᠠᠶ ᠠᠵᠢᠯ᠎ᠢᠶᠠᠨ ᠲᠤᠬᠢᠲᠠᠢ ᠪᠠᠢᠷᠢᠯᠠᠭᠤᠯᠵᠤ᠂ ᠲᠤᠬᠠᠶ᠎ᠶ᠋ᠢᠨ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠷᠢᠯᠴᠠᠨ ᠡᠳ᠋ ᠪᠣᠳᠠᠰ᠎ᠤᠨ ᠬᠠᠩᠭᠠᠯᠭ᠎ᠠ᠂ ᠶᠠᠪᠤᠵᠤ ᠰᠠᠭᠤᠬᠤ ᠲᠡᠷᠭᠡ ᠤᠨᠤᠭ᠎ᠠ᠂ ᠢᠳᠡᠵᠦ᠍ ᠡᠮᠦᠰᠴᠤ᠌ ᠬᠡᠷᠡᠭ᠌ᠯᠡᠬᠦ᠌ ᠮᠡᠲᠤ᠎ᠶ᠋ᠢᠨ ᠵᠦᠢᠯᠡᠰ᠎ᠢᠶᠠᠨ ᠵᠤᠬᠢᠴᠠᠭᠤᠯᠵᠤ᠂ ᠡᠮᠴᠢᠯᠡᠭᠡᠨ᠎ᠤ ᠠᠩᠭᠢ᠎ᠶ᠋ᠢᠨ ᠭᠡᠱᠢᠬᠦᠳ᠎ᠤᠨ ᠰᠡᠳᠭᠢᠯ ᠲᠠᠢᠪᠤᠡᠭ ᠡᠮᠦᠨ᠎ᠠ ᠹᠷᠣᠨᠲ᠎ᠲᠤ ᠠᠵᠢᠯᠯᠠᠬᠤ᠎ᠶ᠋ᠢ ᠪᠠᠲᠤᠯᠠᠪᠠ᠃
ᠦᠬᠠᠨ ᠬᠤᠲᠠ᠎ᠶ᠋ᠢᠨ ᠬᠠᠪᠤᠷ ᠴᠢᠭᠢᠭ᠌ᠯᠢᠭ ᠬᠦᠢᠲᠡᠨ ᠪᠦᠭᠡᠳ ᠠᠶᠠᠨ ᠵᠠᠮ᠎ᠳᠠᠭᠠᠨ ᠶᠠᠳᠠᠷᠠᠭ᠍ᠰᠠᠨ᠂ ᠠᠵᠢᠯ ᠡᠭᠦᠷᠭᠡ ᠬᠦᠨᠳᠦ ᠨᠦᠰᠡᠷ᠎ᠠᠴᠠ ᠪᠤᠯᠵᠤ ᠵᠠᠷᠢᠮᠡᠳᠤᠨ ᠪᠡᠶ᠎ᠡ᠎ᠨᠢ ᠡᠪᠭᠦ᠋ᠢᠷᠡᠭ᠌ᠰᠡᠨᠳᠤ ᠾᠧᠦ ᠮᠢᠩ ᠱᠢᠩ ᠴᠠᠭ ᠲᠤᠬᠠᠶ᠎ᠳᠤᠨᠢ ᠡᠮ ᠲᠦᠭᠡᠭᠡᠵᠦ᠍᠂ ᠲᠤᠬᠠᠶ᠎ᠶ᠋ᠢᠨ ᠭᠠᠵᠠᠷ᠎ᠤᠨ ᠬᠠᠢᠷ᠎ᠠ ᠬᠠᠯᠠᠮᠵᠢ᠎ᠶ᠋ᠢᠨ ᠢᠳᠡᠭᠡᠨ ᠤᠮᠳᠠᠭᠠᠨ᠎ᠤ ᠠᠵᠤ ᠠᠬᠤᠢᠯᠠᠯ᠎ᠲᠠᠢ ᠬᠠᠷᠢᠯᠴᠠᠨ᠂ ᠡᠮᠴᠢᠯᠡᠭᠡᠨ᠎ᠤ ᠠᠩᠭᠢ᠎ᠶ᠋ᠢᠨ᠎ᠬᠢᠨ᠎ᠳᠠᠭᠠᠨ ᠤᠮᠠᠷᠠᠲᠤ ᠣᠷᠣᠨ᠎ᠤ ᠬᠥᠮᠦᠰ᠎ᠤᠨ ᠢᠳᠡᠬᠦ᠌ ᠳᠤᠷᠠᠱᠢᠯ᠎ᠳᠤ ᠲᠣᠬᠢᠷᠠᠬᠤ ᠬᠤᠭᠤᠯᠠ ᠤᠮᠳᠠ᠎ᠶ᠋ᠢ ᠪᠡᠯᠡᠳᠭᠡᠵᠦ᠍ ᠥᠭ᠌ᠪᠡ ᠁᠃ ᠾᠧᠦ ᠮᠢᠩ ᠱᠢᠩ ᠡᠨᠡ ᠮᠡᠲᠤ᠎ᠪᠠᠷ ᠪᠤᠷᠪᠢ ᠪᠤᠬᠢᠰᠭᠢᠯ ᠦᠭᠡᠢ ᠶᠠᠭᠠᠷᠠᠨ᠂ ᠡᠮᠴᠢᠯᠡᠭᠡᠨ᠎ᠤ ᠠᠩᠬᠢ᠎ᠶ᠋ᠢᠨ ᠭᠡᠱᠢᠬᠦᠳ᠎ᠤᠨ᠎ᠢᠶᠠᠨ ᠠᠮᠤᠷ ᠲᠦᠪᠱᠢᠨ᠎ᠢ ᠪᠠᠲᠤᠯᠠᠭ᠍ᠰᠠᠨ ᠪᠠᠢᠳᠠᠯ ᠳᠣᠣᠷ᠎ᠠ ᠨᠠᠮ ᠪᠠ ᠤᠯᠤᠰ᠎ᠠᠴᠠ ᠲᠤᠱᠢᠶᠠᠭ᠍ᠰᠠᠨ ᠡᠯ᠎ᠡ ᠵᠦᠢᠯ᠎ᠤᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠡᠢ᠃
ᠾᠧᠦ ᠮᠢᠩ ᠱᠢᠩ ᠪᠣᠯ ᠳᠠᠭᠠᠭᠤᠯᠤᠭ᠍ᠴᠢ᠂ ᠮᠦᠨ ᠴᠤ᠌ ᠪᠦᠬᠦ᠌ ᠭᠡᠱᠢᠭᠦᠳ᠎ᠤᠨ ᠣᠶᠤᠨ ᠰᠠᠨᠠᠭᠠᠨ᠎ᠤ ᠤᠳᠤᠷᠢᠳᠤᠭ᠍ᠴᠢ ᠶᠤᠮ᠃ 2 ᠰᠠᠷ᠎ᠠ᠎ᠶ᠋ᠢᠨ 25 ᠤ ᠦᠳᠡ᠎ᠶ᠋ᠢᠨ ᠬᠤᠢᠨ᠎ᠠ ᠲᠡᠷᠡ ᠡᠮᠴᠢᠯᠡᠭᠡᠨ᠎ᠤ ᠠᠩᠬᠢ᠎ᠶ᠋ᠢᠨ ᠨᠠᠮ᠎ᠤᠨ ᠭᠡᠱᠢᠭᠦᠳ᠎ᠢᠶᠠᠨ ᠳᠠᠭᠠᠭᠤᠯᠤᠨ ᠨᠠᠮ᠎ᠳᠤ ᠣᠷᠣᠬᠤ ᠲᠠᠩᠭᠠᠷᠢᠭ᠎ᠢᠶᠠᠨ ᠳᠠᠬᠢᠨᠲᠠ ᠡᠷᠭᠢᠴᠡᠭᠦᠯᠪᠡ᠃ 《ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠠᠢᠯᠠᠯᠳᠤᠭᠠᠨ ᠳᠤᠮᠳᠠ ᠬᠠᠮᠢᠭ᠎ᠠ ᠬᠠᠮᠤᠭ᠎ᠤᠨ ᠠᠶᠤᠯᠲᠠᠶ᠂ ᠬᠠᠮᠢᠭ᠎ᠠ ᠡᠭᠦᠷᠭᠡ ᠬᠠᠮᠤᠭ᠎ᠤᠨ ᠬᠦᠨᠳᠦ ᠪᠣᠯ ᠲᠡᠨᠳᠡ ᠨᠠᠮ᠎ᠤᠨ ᠭᠡᠱᠢᠭᠦᠳ ᠪᠠᠢᠬᠤ ᠶᠤᠰᠤᠲᠠᠢ᠃ ᠨᠠᠮ᠎ᠤᠨ ᠭᠡᠱᠢᠭᠦᠨ ᠨᠢᠭᠡᠪᠦᠷᠢ ᠪᠣᠯ ᠨᠢᠭᠡᠨ ᠲᠤᠬ ᠲᠡᠮᠳᠡᠭ ᠶᠤᠮ᠂ ᠨᠠᠮ᠎ᠤᠨ ᠲᠤᠬ᠎ᠢ ᠡᠮᠤᠨ᠎ᠠ ᠹᠷᠣᠨᠲ᠎ᠲᠤ ᠥᠨᠳᠥᠷ ᠨᠠᠮᠢᠷᠠᠭᠤᠯᠬᠤ ᠬᠡᠷᠡᠭ᠌ᠲᠡᠢ》 ᠭᠡᠵᠤ ᠲᠡᠷᠡ ᠴᠠᠭ ᠢᠮᠠᠭ᠍ᠲᠠ ᠨᠠᠮ᠎ᠤᠨ ᠭᠡᠱᠢᠭᠦᠳ᠎ᠲᠡᠭᠡᠨ ᠰᠠᠨᠠᠭᠤᠯᠵᠦ᠍᠂ 《ᠪᠢᠳᠡ ᠪᠦᠬᠦᠨ ᠰᠡᠳᠭᠢᠯ᠎ᠢᠶᠠᠨ ᠨᠢᠭᠡᠳᠭᠡᠨ ᠬᠦᠴᠤ᠎ᠪᠠᠨ ᠬᠠᠮᠲᠤᠳᠭᠠᠨ ᠬᠦᠴᠢᠷ᠎ᠢ ᠰᠦᠷᠦᠨ ᠤᠷᠤᠭ᠍ᠰᠢᠯᠠᠪᠡᠯ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠠᠢᠯᠠᠯᠳᠤᠭᠠᠨ᠎ᠤ ᠢᠯᠠᠯᠲᠠ᠎ᠶ᠋ᠢ ᠯᠠᠪᠲᠠᠢ ᠤᠯᠵᠤ ᠴᠢᠳᠠᠬᠤ ᠶᠤᠮ》 ᠭᠡᠰᠡᠨ ᠡᠷᠡᠰ ᠪᠠᠲᠤ ᠢᠲᠡᠭᠡᠯ ᠵᠣᠷᠢᠭ᠎ᠢᠶᠠᠨ ᠪᠣᠳᠠᠲᠤ ᠠᠵᠢᠯᠯᠠᠭ᠎ᠠ᠎ᠪᠠᠷ᠎ᠢᠶᠠᠨ ᠦᠢᠯᠡᠳᠤᠯᠭᠡᠵᠢᠬᠦᠯᠵᠤ ᠪᠠᠢᠪᠠ᠃
55 ᠨᠠᠰᠤᠲᠠᠶ ᠾᠧᠦ ᠮᠢᠩ ᠱᠢᠩ 30 ᠭᠠᠷᠤᠶ ᠵᠢᠯ ᠡᠮᠴᠢᠯᠡᠭᠡᠨ᠎ᠤ ᠠᠵᠢᠯ᠎ᠳᠤ ᠭᠠᠪᠱᠢᠭᠠᠢᠯᠠᠵᠤ᠂ ᠱᠢᠷᠭᠠᠭᠤ ᠰᠤᠳᠤᠯᠭᠠᠨ᠎ᠢᠶᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠬᠤᠳᠣᠭᠤᠳᠤ ᠭᠡᠳᠡᠰᠦᠨ᠎ᠤ ᠭᠠᠳᠠᠷ ᠰᠠᠯᠠᠭᠠᠨ᠎ᠤ ᠬᠥᠭ᠌ᠵᠢᠯᠲᠡ᠎ᠳᠤ ᠬᠤᠪᠢ ᠨᠠᠮᠡᠷᠢ ᠨᠠᠮᠡᠷᠢᠯᠡᠭ᠌ᠰᠡᠨ ᠪᠢᠯᠡ᠃ ᠭᠠᠳᠠᠷ ᠰᠠᠯᠠᠭᠠᠨ᠎ᠤ ᠡᠮᠴᠢ ᠪᠣᠯᠤᠭ᠍ᠰᠠᠨ ᠲᠡᠷᠡ ᠠᠩᠬᠠᠳᠠᠭ᠍ᠴᠢ ᠪᠡᠶ᠎ᠡ᠎ᠶ᠋ᠢᠨ ᠬᠡᠰᠡᠭ᠎ᠠᠴᠠ ᠨᠠᠷᠢᠨ ᠭᠡᠳᠡᠰᠦ ᠱᠢᠯᠵᠢᠭᠦᠯᠦᠨ ᠤᠷᠭᠤᠭᠤᠯᠬᠤ ᠮᠡᠰᠡ ᠵᠠᠰᠠᠯ᠎ᠢ ᠬᠢᠵᠦ᠍᠂ TME ᠬᠤᠰᠭᠢᠨᠠᠭ᠎ᠤᠨ ᠥᠮᠡᠨ᠎ᠢ ᠦᠨᠳᠦᠰᠦᠨ᠎ᠠᠴᠠ᠎ᠨᠢ ᠵᠠᠰᠠᠬᠤ ᠮᠡᠰᠡ ᠵᠠᠰᠠᠯ᠂ TAPP ᠮᠡᠰᠡ ᠵᠠᠰᠠᠯ᠂ ᠬᠡᠪᠡᠯᠢ᠎ᠶ᠋ᠢᠨ ᠬᠥᠨᠳᠡᠶ᠎ᠶ᠋ᠢᠨ ᠳᠤᠷᠠᠨ᠎ᠤ ᠬᠤᠳᠣᠭᠤᠳᠣ ᠭᠡᠳᠡᠰᠦᠨ᠎ᠤ ᠪᠢᠴᠢᠯ ᠱᠢᠷᠬᠠᠨ᠎ᠤ ᠮᠡᠰᠡ ᠵᠠᠰᠠᠯ ᠪᠠ 3D ᠬᠡᠪᠡᠯᠢ᠎ᠶ᠋ᠢᠨ ᠬᠥᠨᠳᠡᠶ᠎ᠶ᠋ᠢᠨ ᠳᠤᠷᠠᠨ᠂ ᠴᠡᠭᠡᠨ ᠭᠡᠷᠡᠯ᠎ᠤᠨ ᠬᠡᠪᠡᠯᠢ᠎ᠶ᠋ᠢᠨ ᠬᠥᠨᠳᠡᠶ᠎ᠶ᠋ᠢᠨ ᠳᠤᠷᠠᠨ᠎ᠤ ᠬᠡᠷᠡᠭ᠌ᠯᠡᠯᠲᠡ ᠵᠡᠷᠭᠡ᠎ᠶ᠋ᠢ ᠬᠠᠮᠤᠭ᠎ᠤᠨ ᠲᠡᠷᠢᠭᠦᠨ᠎ᠳᠤ ᠡᠬᠢᠯᠡᠭᠦᠯᠦᠭ᠌ᠰᠡᠨ ᠶᠤᠮ᠃ ᠲᠡᠷᠡ ᠡᠮᠴᠢᠯᠡᠭᠡᠨ᠎ᠤ ᠠᠵᠢᠯ᠂ ᠵᠢᠭᠠᠨ ᠰᠤᠷᠭᠠᠯᠲᠠ᠎ᠶ᠋ᠢᠨ ᠠᠵᠢᠯ᠎ᠢᠶᠠᠨ ᠬᠢᠬᠦ᠌᠎ᠶ᠋ᠢᠨ ᠳᠠᠭᠠᠤ ᠪᠠᠰᠠ ᠤᠨᠤᠯ ᠪᠠ ᠪᠣᠳᠠᠲᠤ ᠠᠵᠢᠯ᠂ ᠰᠤᠷᠤᠯᠴᠠᠯᠭ᠎ᠠ ᠪᠠ ᠱᠢᠨ᠎ᠡ ᠡᠭᠦᠳᠦᠯᠲᠡ᠎ᠶ᠋ᠢ ᠤᠶᠠᠯᠳᠤᠭᠤᠯᠤᠭ᠍ᠰᠠᠨ ᠰᠤᠳᠤᠯᠭᠠᠨ᠎ᠤ ᠠᠵᠢᠯ᠎ᠤᠳ᠎ᠢ ᠢᠳᠡᠪᠬᠢᠲᠡᠢ ᠥᠷᠨᠢᠭᠦᠯᠵᠡᠢ᠃ ᠦᠢᠷ᠎ᠡ᠎ᠶ᠋ᠢᠨ ᠠᠷᠪᠠᠨ ᠵᠢᠯ᠎ᠳᠤ ᠲᠡᠷᠡ 30 ᠭᠠᠷᠤᠶ ᠥᠭᠦᠯᠡᠯ ᠨᠡᠢᠲᠡᠯᠡᠵᠦ᠍᠂ 6 ᠱᠢᠨ᠎ᠡ ᠲᠤᠬᠠᠢᠯᠠᠭ᠍ᠰᠠᠨ ᠠᠵᠢᠯ᠂ ᠱᠢᠨ᠎ᠡ ᠮᠡᠷᠭᠡᠵᠢᠯ᠎ᠢ ᠡᠷᠬᠢᠯᠡᠵᠤ᠂ TME ᠬᠤᠰᠭᠢᠨᠠᠭ᠎ᠤᠨ ᠥᠮᠡᠨ᠎ᠤ ᠮᠡᠰᠡ ᠵᠠᠰᠠᠯ᠎ᠢ ᠡᠷᠬᠢᠯᠡᠨ ᠶᠠᠪᠤᠭ᠍ᠳᠠᠭᠤᠯᠤᠭ᠍ᠰᠠᠨᠤ ᠬᠠᠮᠲᠤ ᠬᠡᠪᠡᠯᠢ᠎ᠶ᠋ᠢᠨ ᠬᠥᠨᠳᠡᠢ᠎ᠶ᠋ᠢᠨ ᠳᠤᠷᠠᠨ᠎ᠤ ᠬᠤᠰᠭᠢᠨᠠᠭ᠎ᠤᠨ ᠥᠮᠡᠨ᠎ᠤ ᠮᠡᠰᠡ ᠵᠠᠰᠠᠯ᠂ ᠴᠠᠪᠢᠨᠤ ᠢᠪᠡᠷᠬᠡᠢ᠎ᠶ᠋ᠢᠨ ᠬᠡᠪᠡᠯᠢ᠎ᠶ᠋ᠢᠨ ᠬᠥᠨᠳᠡᠢ᠎ᠶ᠋ᠢᠨ ᠳᠤᠷᠠᠨ᠎ᠤ ᠪᠢᠴᠢᠯ ᠱᠢᠷᠬᠠᠨ᠎ᠤ ᠮᠡᠰᠡ ᠵᠠᠰᠠᠯ ᠵᠡᠷᠭᠡ᠎ᠶ᠋ᠢ ᠡᠮᠴᠢᠯᠡᠭᠡᠨ᠎ᠳᠤ ᠳᠡᠯᠭᠡᠷᠡᠭᠦᠯᠵᠤ᠂ ᠬᠤᠳᠣᠭᠤᠳᠣ ᠭᠡᠳᠡᠰᠦᠨ᠎ᠤ ᠵᠠᠮ᠎ᠤᠨ ᠬᠤᠤᠷᠲᠤ ᠬᠠᠪᠤᠳᠠᠷ ᠯᠢᠮᠪᠠ᠎ᠶ᠋ᠢ ᠴᠡᠪᠡᠷᠯᠡᠨ ᠠᠷᠢᠯᠭᠠᠬᠤ ᠳᠤᠮᠳᠠᠬᠢ ᠴᠡᠭᠡᠨ ᠬᠡᠷᠡᠯ᠎ᠤᠨ ᠬᠡᠪᠡᠯᠢ᠎ᠶ᠋ᠢᠨ ᠬᠥᠨᠳᠡᠶ᠎ᠶ᠋ᠢᠨ ᠳᠤᠷᠠᠨ᠎ᠤ ᠬᠡᠷᠡᠭ᠌ᠯᠡᠯᠲᠠ᠂ ᠪᠠᠭᠠᠰᠤ ᠱᠢᠭᠡᠰᠦᠨᠤ ᠣᠯᠠᠨ ᠭᠧᠨ᠎ᠢ ᠱᠢᠯᠭᠠᠨ ᠪᠠᠢᠴᠠᠭᠠᠬᠤ᠎ᠪᠠᠷ ᠳᠠᠮᠵᠢᠨ ᠪᠦᠳᠦᠭᠦᠨ ᠭᠡᠳᠡᠰᠦᠨ᠎ᠤ ᠥᠮᠡᠨ᠎ᠢ ᠱᠢᠭ᠌ᠰᠢᠨ ᠪᠠᠢᠴᠠᠭᠠᠬᠤ ᠵᠡᠷᠭᠡ ᠠᠵᠢᠯ᠎ᠢ ᠥᠪᠥᠷ ᠮᠣᠩᠭᠤᠯ ᠣᠷᠣᠨ᠎ᠳᠤ ᠬᠠᠮᠤᠭ᠎ᠤᠨ ᠲᠡᠷᠢᠭᠦᠨ᠎ᠳᠤ ᠡᠬᠢᠯᠡᠭᠦᠯᠪᠡ᠃
ᠡᠮᠨᠡᠯᠭᠡ᠎ᠶ᠋ᠢᠨ ᠬᠤᠷᠢᠶᠠᠨ᠎ᠤ ᠳᠡᠳ᠋ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠾᠧᠦ ᠮᠢᠩ ᠱᠢᠩ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠪᠦᠬᠦ᠌ ᠣᠷᠣᠨ᠎ᠤ ᠡᠮᠨᠡᠯᠭᠡ᠎ᠶ᠋ᠢᠨ ᠬᠤᠷᠢᠶᠠᠨ᠎ᠳᠤ 20 ᠭᠠᠷᠤᠶ ᠤᠳᠠᠭ᠎ᠠ ᠪᠣᠯᠪᠠᠰᠤᠷᠠᠯ ᠦᠷᠨᠢᠭᠦᠯᠵᠤ᠂ ᠪᠣᠯᠪᠠᠰᠤᠷᠠᠯ᠎ᠳᠤ ᠤᠷᠤᠯᠴᠠᠭ᠍ᠰᠠᠳ 300 ᠬᠥᠮᠦᠨ ᠤᠳᠠᠭ᠎ᠠ᠎ᠳᠤ ᠬᠦᠷᠴᠡᠢ᠃ ᠲᠡᠷᠡ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠳᠡᠰ᠎ᠤᠨ ᠮᠡᠰᠡ ᠵᠠᠰᠠᠯ᠂ ᠪᠢᠴᠢᠯ ᠱᠢᠷᠬᠠᠨ᠎ᠤ ᠮᠡᠰᠡ ᠵᠠᠰᠠᠯ᠎ᠤᠨ ᠭᠠᠷᠴᠠᠭ (ᠳᠠᠬᠢᠨ ᠬᠡᠷᠡᠭ᠌ᠯᠡᠬᠦ᠌ ᠬᠡᠪᠯᠡᠯ) ᠢ ᠡᠷᠭᠢᠯᠡᠨ ᠵᠤᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠬᠦᠨᠳᠦ ᠡᠪᠡᠳᠴᠢᠨ (5 ᠱᠢᠩᠭᠡᠭᠡᠯᠲᠡ᠎ᠶ᠋ᠢᠨ ᠵᠠᠮ᠎ᠤᠨ ᠬᠠᠪᠤᠳᠠᠷ) ᠤ ᠡᠮᠴᠢᠯᠡᠭᠡᠨ᠎ᠤ ᠠᠷᠭ᠎ᠠ ᠵᠠᠮ᠎ᠢ ᠲᠣᠭ᠍ᠲᠠᠭᠠᠪᠠ; ᠪᠠᠰᠠ ᠥᠪᠡᠷᠲᠡᠭᠡᠨ ᠵᠠᠰᠠᠬᠤ ᠣᠷᠣᠨ᠎ᠤ ᠡᠪᠡᠳᠴᠢᠨ᠎ᠤ ᠬᠡᠷᠡᠭ᠎ᠤᠨ ᠶᠠᠰᠤ ᠴᠢᠨᠠᠷ᠎ᠢ ᠡᠵᠡᠮᠳᠡᠬᠦ᠂ ᠡᠪᠡᠳᠴᠢᠨ᠎ᠤ ᠬᠡᠷᠡᠭ᠎ᠤᠨ ᠲᠦᠷᠦᠭᠦᠦ ᠨᠢᠭᠤᠷ᠎ᠤᠨ ᠶᠠᠰᠤ ᠴᠢᠨᠠᠷ᠎ᠢ ᠡᠵᠡᠮᠳᠡᠬᠦ᠌ ᠪᠠᠷᠢᠮᠵᠢᠶ᠎ᠠ᠎ᠶ᠋ᠢ ᠲᠤᠭ᠍ᠲᠠᠭᠠᠨ ᠪᠦᠬᠦ᠌ ᠣᠷᠣᠨ᠎ᠳᠤ ᠬᠡᠷᠡᠭ᠌ᠵᠢᠭᠦᠯᠵᠦ᠍᠂ ᠪᠥᠬᠦ᠌ ᠣᠷᠣᠨ᠎ᠤ ᠡᠮᠨᠡᠯᠭᠡ᠎ᠶ᠋ᠢᠨ ᠬᠤᠷᠢᠶ᠎ᠠ᠎ᠶ᠋ᠢᠨ ᠡᠮᠴᠢᠯᠡᠭᠡ ᠪᠠ ᠡᠮᠴᠢᠯᠡᠭᠡᠨ᠎ᠤ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠪᠠ᠃ ᠡᠮᠨᠡᠯᠭᠡ᠎ᠶ᠋ᠢᠨ ᠬᠤᠷᠢᠶᠠᠨ᠎ᠤ ᠭᠠᠳᠠᠷ ᠰᠠᠯᠠᠭᠠᠨ᠎ᠤ ᠬᠠᠷᠢᠭᠤᠴᠠᠯᠭᠠᠲᠠᠨ ᠪᠣᠯᠤᠭ᠍ᠰᠠᠨ᠎ᠤ ᠬᠤᠪᠢ᠎ᠳᠤ᠂ ᠲᠡᠷᠡ ᠭᠠᠳᠠᠷ ᠰᠠᠯᠠᠭᠠᠨ᠎ᠤ ᠤᠯᠤᠰ᠎ᠤᠨ ᠡᠮᠴᠢᠯᠡᠭᠡᠨ᠎ᠤ ᠭᠤᠣᠯᠳᠠᠯᠭ᠎ᠠ᠎ᠲᠠᠢ ᠲᠤᠰᠭᠠᠶ ᠮᠡᠷᠭᠡᠵᠢᠯ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠨ᠂ ᠲᠥᠷᠥᠯ ᠵᠦᠢᠯ᠎ᠢ ᠮᠡᠳᠡᠭᠦᠯᠬᠦ᠌ ᠳᠤᠮᠳᠠ ᠶᠡᠭᠡ ᠬᠡᠮᠵᠢᠶᠡᠨ᠎ᠤ ᠠᠵᠢᠯ ᠬᠢᠵᠦ᠍᠂ ᠪᠦᠲᠦᠭᠡᠨ ᠪᠠᠢᠭᠤᠯᠤᠯᠲᠠ᠎ᠶ᠋ᠢᠨ ᠦᠶᠡᠯᠡᠯ᠎ᠤᠨ ᠬᠤᠭᠤᠴᠠᠭᠠᠨ᠎ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠡᠮᠴᠢᠯᠡᠭᠡ᠂ ᠰᠤᠷᠭᠠᠨ ᠬᠥᠮᠦᠵᠢᠯ᠂ ᠰᠤᠳᠤᠯᠭᠠᠨ ᠵᠡᠷᠭᠡ ᠲᠠᠯ᠎ᠠ᠎ᠪᠠᠷ ᠢᠯᠡᠳᠲᠡ ᠠᠮᠵᠢᠯᠲᠠ ᠪᠦᠲᠦᠮᠵᠢ ᠣᠯᠤᠭ᠍ᠰᠠᠨ ᠪᠦᠭᠡᠳ 2017 ᠣᠨ᠎ᠳᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠬᠠᠷᠢᠶᠠᠲᠤ ᠡᠮᠨᠡᠯᠭᠡ᠎ᠶ᠋ᠢᠨ ᠭᠠᠳᠠᠷ ᠰᠠᠯᠠᠭᠠᠨ᠎ᠤ ᠤᠯᠤᠰ᠎ᠤᠨ ᠡᠮᠴᠢᠯᠡᠭᠡᠨ᠎ᠤ ᠭᠤᠤᠯᠳᠠᠯᠭ᠎ᠠ᠎ᠲᠠᠢ ᠲᠤᠰᠭᠠᠶ ᠮᠡᠷᠭᠡᠵᠢᠯ᠎ᠤᠨ ᠰᠠᠯᠠᠭ᠎ᠠ᠎ᠳᠤ ᠬᠢᠨᠠᠨ ᠲᠣᠭ᠍ᠲᠠᠭᠠᠬᠤ ᠠᠵᠢᠯ᠎ᠢ ᠡᠷᠭᠢᠯᠡᠨ ᠪᠡᠶᠡᠯᠡᠭᠦᠯᠵᠦ᠍᠂ ᠤᠯᠤᠰ᠎ᠤᠨ ᠬᠢᠨᠠᠨ ᠱᠢᠯᠭᠠᠷᠠᠭᠤᠯᠤᠯᠲᠠ᠎ᠶ᠋ᠢᠨ ᠱᠢᠯᠭᠠᠨ ᠪᠠᠢᠴᠠᠭᠠᠯᠲᠠ᠎ᠶ᠋ᠢ ᠤᠷᠤᠭ᠍ᠰᠢᠲᠠᠶ ᠥᠩᠭᠡᠷᠡᠭᠦᠯᠪᠠ᠃
ᠾᠧᠦ ᠮᠢᠩ ᠱᠢᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ᠎ᠪᠠᠷ᠎ᠢᠶᠠᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ᠎ᠤ ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠲᠤᠰᠭᠠᠶ ᠮᠡᠷᠭᠡᠵᠢᠯᠲᠡᠨ ᠵᠡᠷᠭᠡ ᠢᠷᠠᠭᠤ ᠠᠯᠳᠠᠷ᠎ᠢ ᠬᠦᠷᠲᠡᠭ᠌ᠰᠡᠨ ᠪᠦᠭᠡᠳ ᠡᠷᠬᠢᠯᠡᠭ᠌ᠰᠡᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠨᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ ᠵᠡᠷᠭᠡ ᠢᠷᠠᠭᠤ ᠠᠯᠳᠠᠷ᠎ᠢ ᠣᠯᠠᠨᠲᠠ ᠬᠦᠷᠳᠡᠵᠠᠢ᠃