ᠠᠯᠳᠠᠨ ᠨᠠᠮᠤᠷ᠎ᠤᠨ ᠠᠷᠪᠠᠨ ᠰᠠᠷ᠎ᠠ᠎ᠳᠤ᠂ ᠠᠷᠤ ᠬᠤᠷᠴᠢᠨ ᠬᠤᠱᠢᠭᠤᠨ᠎ᠤ ᠭᠠᠵᠠᠷ ᠪᠤᠯᠭᠠᠨ᠎ᠳᠤ ᠡᠯᠪᠡᠭ ᠬᠤᠷᠢᠶᠠᠯᠳᠠ᠎ᠶ᠋ᠢᠨ ᠪᠠᠶᠠᠷ ᠪᠠᠭ᠍ᠠᠳᠤᠯ᠎ᠢᠶᠠᠷ ᠪᠢᠯᠬᠠᠨ᠎ᠠ᠃ ᠠᠷᠤ ᠬᠤᠷᠴᠢᠨ ᠬᠤᠱᠢᠭᠤᠨ᠎ᠤ ᠤᠯᠠᠭᠠᠨᠬᠠᠳᠠ ᠱᠢᠶᠠᠩ᠎ᠤᠨ ᠢᠦᠶ ᠯᠢᠨ ᠫᠦ᠋ ᠲᠣᠰᠭᠤᠨ᠎ᠤ ᠯᠠᠵᠤᠤ᠎ᠶ᠋ᠢᠨ ᠲᠠᠷᠢᠶᠠᠨ᠎ᠳᠤ ᠲᠠᠷᠢᠶᠠᠴᠢᠳ ᠯᠠᠵᠤᠤ ᠲᠡᠭᠦᠵᠦ᠍ ᠬᠤᠷᠢᠶᠠᠨ ᠲᠡᠷᠭᠡᠨ᠎ᠳᠤ ᠲᠡᠭᠡᠭᠡᠵᠦ᠍ ᠶᠠᠭᠠᠷᠠᠯᠳᠤᠨ᠎ᠠ᠃ 1000 ᠮᠦ᠍᠎ᠶ᠋ᠢᠨ ᠤᠯᠠᠭᠠᠨ ᠯᠠᠵᠤᠤ ᠡᠯᠪᠡᠭ ᠬᠤᠷᠢᠶᠠᠵᠥ᠍ ᠲᠣᠰᠭᠤᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠴᠢᠨᠡᠬᠡᠯᠢᠭ᠌ᠵᠢᠯ᠎ᠤᠨ ᠡᠷᠴᠢ ᠵᠤᠷᠢᠭ᠎ᠢ᠎ᠨᠢ ᠬᠦᠪᠴᠢᠯᠡᠵᠡᠢ᠃

ᠢᠦᠶ ᠯᠢᠨ ᠫᠦ᠋ ᠲᠣᠰᠭᠤᠨ ᠪᠣᠯ ᠤᠯᠠᠮᠵᠢᠯᠠᠯᠲᠤ ᠲᠠᠷᠢᠮᠠᠯ᠎ᠤᠨ ᠦᠢᠯᠡᠰ᠎ᠢᠶᠠᠷ ᠭᠤᠤᠯ ᠪᠣᠯᠭᠠᠭ᠍ᠰᠠᠨ ᠠᠭᠤᠯᠠᠷᠬᠠᠭ ᠣᠷᠣᠨ ᠪᠤᠯᠤᠨ᠎ᠠ᠃ ᠤᠰᠤᠯᠠᠯᠲᠠ᠎ᠶ᠋ᠢᠨ ᠭᠠᠵᠠᠷ ᠪᠠᠭ᠎ᠠ ᠪᠣᠯᠬᠤᠷ ᠲᠣᠰᠭᠤᠨ᠎ᠤ ᠠᠷᠠᠳ ᠭᠤᠤᠯᠳᠠᠭᠤ ᠡᠷᠳᠡᠨᠢ ᠱᠢᠰᠢ᠂ ᠨᠣᠭᠤᠭᠠᠨ ᠪᠤᠷᠴᠠᠭ᠂ ᠱᠢᠰᠢ ᠵᠡᠷᠬᠡ ᠲᠠᠷᠢᠮᠠᠯ᠎ᠢ ᠲᠠᠷᠢᠳᠠᠭ᠃ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠪᠠᠷ ᠲᠣᠰᠭᠤᠨ᠎ᠤ ᠤᠳᠤᠷᠢᠳᠭᠤ ᠪᠠᠭ ᠪᠣᠯᠤᠨ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠎ᠶ᠋ᠢᠨ᠎ᠬᠢᠨ ᠠᠷᠭ᠎ᠠ ᠪᠦᠬᠦᠨ᠎ᠢ ᠰᠦᠪᠡᠭ᠌ᠴᠢᠯᠡᠵᠦ᠍ ᠲᠣᠰᠭᠤᠨ᠎ᠤ ᠠᠷᠠᠳ᠎ᠢ ᠳᠠᠢᠴᠢᠯᠠᠨ ᠤᠯᠠᠭᠠᠨ ᠯᠠᠵᠤᠤ ᠳᠠᠷᠢᠭᠤᠯᠵᠤ᠂ ᠭᠠᠵᠠᠷ ᠱᠢᠷᠣᠶ᠎ᠶ᠋ᠢᠨ ᠦᠢᠯᠡᠳᠭᠦᠨ᠎ᠤ ᠥᠷᠲᠡᠭ᠎ᠢ ᠳᠡᠭᠡᠭ᠌ᠰᠢᠯᠡᠭᠦᠯᠦᠨ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠪᠠᠷ ᠲᠣᠭ᠍ᠲᠠᠪᠠ᠃ ᠬᠡᠪᠡᠴᠦ᠍ ᠠᠩᠬ᠎ᠠ ᠡᠬᠢᠯᠡᠬᠦ᠌᠎ᠳᠤ ᠲᠣᠰᠭᠤᠨ᠎ᠤ ᠠᠷᠠᠳ᠎ᠤᠨ ᠲᠠᠨᠢᠯᠳᠠ ᠳᠤᠤᠷ᠎ᠠ ᠪᠠᠢᠯ᠎ᠠ᠃ 2018 ᠣᠨ᠎ᠳᠤ᠂ ᠲᠣᠰᠭᠤᠨ᠎ᠤ ᠨᠠᠮ᠎ᠤᠨ ᠡᠭᠦᠷ᠎ᠤᠨ ᠱᠦᠵᠢ ᠭᠦᠸᠧ ᠱᠤᠸᠠᠩ ᠲᠤᠰᠭᠤᠨ᠎ᠤ ᠠᠷᠠᠳ ᠰᠦᠨ ᠹᠦ᠋᠎ᠶ᠋ᠢ ᠡᠷᠢᠵᠦ᠍ ᠤᠴᠢᠭᠠᠳ ᠬᠠᠳᠠᠭᠠᠳᠠᠭ ᠤᠯᠠᠭᠠᠨ ᠯᠠᠵᠤᠤ ᠲᠠᠷᠢᠬᠤ ᠲᠤᠬᠠᠢ ᠵᠥᠪᠯᠡᠯᠬᠡ ᠦᠭ᠌ᠬᠦ᠎ᠶ᠋ᠢᠨ ᠲᠠᠭᠠᠤ ᠪᠠᠰᠠ ᠲᠡᠭᠦᠨ᠎ᠢ ᠬᠠᠮᠵᠢᠨ ᠲᠠᠷᠢᠬᠤ ᠭᠠᠵᠠᠷ ᠪᠠ ᠯᠠᠵᠤᠤ᠎ᠶ᠋ᠢᠨ ᠴᠢᠬᠢ ᠤᠯᠵᠤ ᠦᠭ᠌ᠭᠦ᠎ᠪᠠᠷ ᠪᠤᠯᠪᠠ᠃ ᠰᠦᠨ ᠹᠦ᠋ ᠠᠬᠢᠨ ᠲᠠᠬᠢᠨ ᠪᠤᠳᠤᠯᠬᠢᠯᠠᠭ᠍ᠰᠠᠨᠤ ᠲᠠᠷᠠᠭ᠎ᠠ᠂ ᠲᠣᠰᠭᠤᠨ᠎ᠤ ᠯᠢ ᠭᠦᠸᠧ ᠵᠢᠶᠦ᠋ᠨ ᠪᠠ ᠵᠠᠩ ᠴᠢᠩ ᠰᠦᠩ᠎ᠲᠠᠢ ᠬᠤᠯᠪᠤᠭᠠᠯᠠᠨ ᠲᠣᠰᠭᠤᠨ᠎ᠤ ᠬᠠᠮᠲᠤ᠎ᠶ᠋ᠢᠨ ᠭᠠᠵᠠᠷ᠎ᠢ 20 ᠮᠦ᠍ ᠲᠦᠷᠢᠶᠡᠰᠦᠯᠡᠨ ᠤᠯᠠᠭᠠᠨ ᠯᠠᠵᠤᠤ ᠲᠠᠷᠢᠵᠠᠢ᠃ ᠨᠠᠮᠤᠷ᠎ᠤᠨ ᠬᠤᠷᠢᠶᠠᠯᠳᠠ ᠪᠤᠯᠵᠥ᠍ 20 ᠮᠦ᠍ ᠤᠯᠠᠭᠠᠨ ᠯᠠᠵᠤᠤ᠎ᠠᠴᠠ ᠬᠥᠮᠦᠠ ᠪᠦᠷᠢ 2.5 ᠲᠦᠮᠡᠡ ᠲᠥᠭᠦᠷᠢᠭ᠎ᠤᠨ ᠴᠡᠪᠡᠷ ᠣᠷᠣᠯᠭ᠎ᠠ ᠤᠯᠪᠠ᠃ ᠰᠦᠨ ᠹᠦ᠋ ᠨᠠᠷ᠎ᠤᠨ ᠠᠮᠵᠢᠯᠳᠠ᠎ᠠᠴᠠ ᠲᠤᠰᠭᠤᠨ᠎ᠤ ᠠᠷᠠᠳ ᠤᠯᠠᠭᠠᠨ ᠯᠠᠵᠤᠤ᠎ᠶ᠋ᠢᠨ ᠠᠵᠤ ᠦᠢᠯᠡᠰ᠎ᠲᠤ ᠢᠲᠡᠭᠡᠯ᠎ᠲᠠᠢ ᠪᠤᠯᠵᠤ᠂ ᠤᠯᠠᠭᠠᠨ ᠯᠠᠵᠤᠤ ᠲᠡᠷᠢᠬᠤ ᠬᠦᠮᠦᠠ ᠨᠡᠮᠡᠭ᠌ᠳᠡᠵᠡᠢ᠃
ᠲᠣᠰᠭᠤᠨ᠎ᠤ ᠡᠷᠬᠢᠯᠡᠭ᠌ᠴᠢ ᠸᠠᠩ ᠵᠢᠩ ᠴᠢᠶᠠᠩ ᠲᠦᠷᠦᠭᠦᠯᠡᠨ 120 ᠮᠦ᠍ ᠤᠯᠠᠭᠠᠨ ᠯᠠᠵᠤᠤ ᠲᠠᠷᠢᠵᠤ᠂ ᠨᠠᠮ᠎ᠤᠨ ᠭᠡᠱᠢᠭᠦᠨ ᠭᠦᠸᠧ ᠯᠢᠶᠠᠨ ᠹᠧᠩ 40 ᠮᠦ᠍ ᠲᠠᠷᠢᠵᠦ᠍᠂ ᠶᠠᠳᠠᠭᠤ ᠬᠦᠴᠢᠷᠳᠡᠯᠲᠡᠢ ᠡᠷᠦᠬᠡ ᠼᠤᠤ ᠸᠠᠨ ᠳ᠋ᠦᠩ 5 ᠮᠦ᠍ ᠲᠠᠷᠢᠵᠥ᠍᠂ ᠲᠤᠰ ᠲᠣᠰᠭᠤᠨ᠎ᠳᠤ ᠤᠯᠠᠭᠠᠨ ᠯᠠᠵᠤᠤ ᠲᠠᠷᠢᠬᠤ ᠬᠠᠯᠠᠭᠤᠨ ᠦᠷᠨᠢᠯᠳᠠ ᠭᠠᠷᠪᠠ᠃ ᠶᠠᠳᠠᠭᠤ ᠬᠦᠴᠢᠷᠳᠡᠯᠲᠡᠶ ᠡᠷᠦᠬᠡ ᠵᠠᠩ ᠫᠢᠩ ᠢ ᠬᠠᠱᠢᠶᠠᠨ᠎ᠳᠠᠭᠠᠨ 1.1 ᠮᠦ᠍ ᠤᠯᠠᠭᠠᠨ ᠯᠠᠵᠤᠤ ᠲᠠᠷᠢᠭᠠᠳ 4000 ᠲᠥᠭᠦᠷᠢᠭ᠎ᠤᠨ ᠴᠡᠪᠡᠷ ᠤᠷᠤᠯᠭ᠎ᠠ ᠤᠯᠤᠭ᠍ᠰᠠᠠ᠎ᠨᠢ ᠲᠡᠬᠦᠠ᠎ᠤ ᠶᠠᠳᠠᠭᠤ᠎ᠠᠴᠠ ᠠᠩᠭᠢᠵᠢᠷᠠᠬᠤ ᠢᠲᠡᠭᠡᠯ ᠵᠣᠷᠢᠭ᠎ᠢ ᠬᠦᠪᠴᠢᠯᠡᠵᠡᠢ᠃
ᠲᠠᠷᠢᠬᠤ ᠮᠡᠷᠭᠡᠵᠢᠯ᠎ᠢᠶᠠᠨ ᠳᠡᠭᠡᠭ᠌ᠰᠢᠯᠡᠭᠦᠯᠬᠦ᠌᠎ᠶ᠋ᠢᠨ ᠲᠥᠯᠥᠭᠡ ᠲᠣᠰᠭᠤᠨ᠎ᠤ ᠤᠳᠤᠷᠢᠳᠭᠤ ᠪᠠᠭ᠎ᠤᠨ᠎ᠬᠢᠨ ᠪᠠᠰᠠ ᠲᠣᠰᠭᠤᠨ᠎ᠤ ᠨᠠᠮ᠎ᠤᠨ ᠭᠡᠱᠢᠭᠦᠨ ᠪᠠ ᠲᠠᠷᠢᠮᠠᠯ᠎ᠤᠨ ᠲᠣᠮᠣ ᠡᠷᠦᠬᠡ᠎ᠶ᠋ᠢ ᠵᠤᠬᠢᠶᠠᠨ ᠪᠠᠢᠭᠤᠯᠵᠤ ᠪᠤᠰᠤᠳ ᠬᠤᠱᠢᠭᠤ ᠱᠢᠶᠠᠨ᠎ᠳᠤ ᠤᠴᠢᠵᠥ᠍ ᠰᠤᠷᠤᠯᠴᠠᠭᠤᠯᠬᠤ᠎ᠶ᠋ᠢᠨ ᠵᠡᠷᠬᠡ ᠲᠤᠰᠭᠠᠢ ᠮᠡᠷᠭᠡᠵᠢᠯᠲᠡᠨ ᠤᠷᠢᠵᠤ ᠲᠠᠷᠢᠶᠠᠴᠢᠳ᠎ᠲᠤ ᠮᠡᠷᠭᠡᠵᠢᠯ᠎ᠤᠨ ᠵᠢᠯᠣᠭᠤᠳᠤᠯᠭ᠎ᠠ ᠬᠢᠯᠭᠡᠵᠠᠶ᠃ ᠠᠩᠬ᠎ᠠ ᠤᠳᠠᠭ᠎ᠠ ᠶᠡᠭᠡ ᠬᠡᠪᠴᠢᠶ᠎ᠡ᠎ᠪᠠᠷ ᠤᠯᠠᠭᠠᠨ ᠯᠠᠵᠤᠤ ᠲᠠᠷᠢᠵᠥ᠍ ᠪᠠᠢᠭ᠎ᠠ ᠪᠤᠯᠬᠤᠷ ᠮᠡᠷᠬᠡᠵᠢᠯ ᠲᠤᠷᠱᠢᠯᠭ᠎ᠠ ᠲᠤᠳᠠᠮᠠᠭ᠂ ᠬᠡᠰᠡᠭ ᠡᠷᠦᠬᠡ᠎ᠶ᠋ᠢᠨ ᠤᠯᠠᠭᠠᠨ ᠯᠠᠵᠤᠤ᠎ᠶ᠋ᠢᠨ ᠴᠢᠬᠢ᠎ᠨᠢ ᠭᠡᠨᠡᠳᠲᠡ ᠱᠢᠷᠠᠯᠠᠨ᠂ ᠨᠠᠪᠴᠢᠨ᠎ᠤ ᠠᠷᠤ ᠲᠠᠯᠠᠳᠤᠨᠢ ᠪᠣᠷᠣ ᠥᠩᠭᠡ᠎ᠲᠠᠢ ᠵᠢᠵᠢᠭ ᠦᠰᠦ ᠤᠷᠭᠤᠵᠤ ᠨᠠᠪᠴᠢ᠎ᠨᠢ ᠵᠤᠯᠭᠠᠷᠠᠬ᠍ᠰᠠᠠ ᠦᠵᠡᠭ᠌ᠳᠡᠯ ᠭᠠᠷᠴᠠᠢ᠃ ᠲᠣᠰᠭᠤᠨ᠎ᠤ ᠨᠠᠮ᠎ᠤᠨ ᠡᠭᠦᠷ᠎ᠤᠨ ᠱᠦᠵᠢ ᠭᠦᠸᠧ ᠱᠤᠸᠠᠩ ᠲᠡᠷᠦ᠋ᠢᠬᠠᠠ ᠬᠤᠱᠢᠭᠤᠨ᠎ᠤ ᠲᠡᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠣᠪᠴᠢᠶ᠎ᠠ᠎ᠠᠴᠠ ᠲᠤᠰᠭᠠᠢ ᠮᠡᠷᠭᠡᠵᠢᠯᠳᠡᠨ ᠤᠷᠢᠵᠤ᠂ ᠲᠤᠬᠠᠢ᠎ᠶ᠋ᠢᠨ ᠭᠠᠵᠠᠷ᠎ᠲᠤᠨᠢ ᠤᠨᠤᠱᠢᠯᠠᠭᠤᠯᠵᠤ ᠵᠤᠬᠢᠰᠳᠠᠢ ᠲᠠᠷᠢᠶᠠᠨ ᠡᠮ ᠬᠡᠷᠡᠭ᠌ᠯᠡᠭ᠌ᠰᠡᠡᠢᠶᠠᠷ ᠤᠨᠠᠯᠳᠠ᠎ᠶ᠋ᠢ ᠪᠠᠳᠤᠯᠠᠵᠦ᠍ ᠴᠢᠳᠠᠵᠠᠢ᠃
ᠤᠯᠠᠭᠠᠨ ᠯᠠᠵᠤᠤ᠎ᠶ᠋ᠢᠨ ᠪᠤᠷᠤᠯᠠᠭᠤᠯᠭ᠎ᠠ᠎ᠶ᠋ᠢᠨ ᠠᠰᠠᠭᠤᠳᠠᠯ᠎ᠢ ᠨᠠᠩ ᠰᠠᠢᠠ ᠱᠢᠢᠳᠪᠤᠷᠢᠯᠡᠬᠦ᠌᠎ᠶ᠋ᠢᠨ ᠲᠤᠯᠠᠳᠠ᠂ ᠲᠣᠰᠭᠤᠨ᠎ᠤ ᠤᠳᠤᠷᠢᠳᠭᠤ ᠪᠠᠭ᠎ᠤᠨ᠎ᠬᠢᠨ ᠭᠠᠳᠠᠨ᠎ᠠ ᠭᠠᠵᠠᠷ᠎ᠤᠨ ᠬᠤᠳᠠᠯᠳᠤᠭᠠᠴᠢᠨ᠎ᠲᠠᠢ ᠬᠠᠷᠢᠯᠴᠠᠵᠤ᠂ ᠪᠠᠢᠡᠭ᠌ᠭᠤ᠎ᠶ᠋ᠢᠨ ᠴᠢᠨᠠᠷᠳᠠᠢ ᠪᠣᠷᠣᠯᠠᠭᠤᠯᠭ᠎ᠠ᠎ᠶ᠋ᠢᠨ ᠠᠷᠭ᠎ᠠ ᠵᠠᠮ ᠲᠤᠭ᠍ᠳᠠᠭᠠᠠ ᠱᠠᠨᠳᠦ᠋ᠩ᠂ ᠲᠢᠶᠠᠨᠵᠢᠨ ᠵᠡᠷᠭᠡ ᠭᠠᠵᠠᠷ ᠣᠷᠣᠨ᠎ᠳᠤ ᠪᠤᠷᠤᠯᠠᠭᠤᠯᠬᠤ ᠪᠤᠯᠤᠭ᠍ᠰᠠᠠ᠎ᠢᠶᠠᠷ ᠲᠣᠰᠭᠤᠨ᠎ᠤ ᠠᠷᠠᠳ᠎ᠤᠨ ᠢᠳᠡᠪᠬᠢᠵᠢᠯ ᠶᠡᠭᠡ᠎ᠪᠠᠷ ᠲᠠᠢᠴᠢᠯᠠᠭ᠍ᠳᠠᠪᠠ᠃ ᠤᠯᠠᠭᠠᠨ ᠯᠠᠵᠤᠤ ᠲᠠᠷᠢᠬᠤ ᠠᠵᠤ ᠦᠢᠯᠡᠰ᠎ᠤᠨ ᠲᠤᠬ᠍ᠳᠠᠭᠤᠠᠢᠶᠠᠷ ᠬᠥᠭ᠌ᠵᠢᠬᠦ᠌᠎ᠶ᠋ᠢ ᠳᠠᠭᠠᠯᠳᠤᠨ ᠲᠠᠷᠢᠮᠠᠯ᠎ᠤᠨ ᠲᠠᠯᠠᠪᠠᠶ ᠨᠡᠮᠡᠭ᠌ᠳᠡᠨ᠂ ᠲᠣᠰᠭᠤᠨ᠎ᠤ ᠠᠷᠠᠳ᠎ᠤᠨ ᠤᠷᠤᠯᠭ᠎ᠠ ᠶᠡᠭᠡ᠎ᠪᠠᠷ ᠨᠡᠮᠡᠭ᠌ᠳᠡᠵᠥ᠍᠂ ᠨᠢᠭᠡ ᠯᠡ ᠵᠢᠯ᠎ᠤᠨ ᠬᠤᠭᠤᠴᠠᠭᠠᠨ᠎ᠳᠤ 400 ᠭᠠᠷᠤᠶ ᠮᠦ᠍᠎ᠠᠴᠠ 1000 ᠭᠠᠷᠤᠶ ᠮᠦ᠍ ᠪᠣᠯᠵᠤ᠂ 100 ᠭᠠᠷᠤᠶ ᠲᠦᠮᠡᠨ ᠲᠥᠭᠦᠷᠢᠭ᠎ᠤᠨ ᠤᠷᠤᠯᠭ᠎ᠠ ᠡᠬᠦᠳᠦᠨ᠂ ᠶᠠᠳᠠᠭᠤ ᠬᠦᠴᠢᠷᠳᠡᠯᠲᠡᠶ ᠡᠷᠦᠬᠡ ᠲᠠᠷᠢᠮᠠᠯ᠎ᠤᠨ ᠲᠣᠮᠣ ᠡᠷᠦᠬᠡ᠎ᠳᠤ ᠬᠦᠴᠤᠠᠤ ᠠᠵᠢᠯ ᠬᠢᠵᠦ᠍᠂ ᠡᠷᠦᠬᠡ ᠪᠦᠷᠢ᠎ᠶ᠋ᠢᠨ ᠣᠷᠣᠯᠭ᠎ᠠ 2000 ᠲᠥᠭᠦᠷᠢᠭ᠎ᠠᠴᠠ ᠳᠡᠭᠡᠭ᠌ᠰᠢ ᠨᠡᠮᠡᠭ᠌ᠳᠡᠪᠡ᠃
ᠲᠣᠰᠭᠤᠨ᠎ᠤ ᠤᠳᠤᠷᠢᠳᠭᠤ ᠪᠠᠭ ᠪᠣᠯᠤᠨ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠎ᠶ᠋ᠢᠨ᠎ᠬᠢᠨ ᠤᠯᠠᠭᠠᠨ ᠯᠠᠵᠤᠤ ᠲᠠᠷᠢᠭᠠᠳ ᠠᠮᠵᠢᠯᠲᠠ ᠣᠯᠤᠭ᠍ᠰᠠᠨ ᠲᠤᠷᠱᠢᠯᠭ᠎ᠠ᠎ᠪᠠᠨ ᠳ᠋ᠦᠡᠭ᠌ᠨᠡᠡ ᠲᠤᠰ ᠲᠣᠰᠭᠤᠨ᠎ᠳᠤ ᠲᠥᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠦᠷᠦᠯ ᠵᠦᠢᠯ᠎ᠢ ᠬᠡᠷᠡᠭ᠌ᠵᠢᠭᠦᠯᠵᠥ᠍᠂ 53 ᠰᠠᠭᠤᠷᠢ ᠢᠳᠡᠱᠢᠨ ᠨᠣᠭᠤᠭ᠎ᠠ᠎ᠶ᠋ᠢᠨ ᠬᠦᠯᠡᠮᠵᠢ ᠪᠠᠢᠭᠤᠯᠵᠤ᠂ ᠨᠠᠩ ᠣᠯᠠᠨ ᠬᠥᠮᠦᠨ᠎ᠢ ᠳᠠᠢᠴᠢᠯᠠᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠪᠠ᠃ 2 ᠵᠢᠯ ᠭᠠᠷᠤᠶ᠎ᠶ᠋ᠢᠨ ᠲᠤᠷᠰᠢ᠂ ᠲᠣᠰᠭᠤᠨ᠎ᠤ ᠡᠯ᠎ᠡ ᠵᠦᠢᠯ᠎ᠤᠨ ᠠᠵᠤ ᠦᠢᠯᠡᠰ᠎ᠤᠨ ᠬᠡᠪᠴᠢᠶ᠎ᠡ ᠠᠭᠠᠵᠢᠮ᠎ᠢᠶᠠᠷ ᠬᠥᠭ᠌ᠵᠢᠨ ᠥᠷᠭᠡᠳᠬᠦ᠌᠎ᠶ᠋ᠢ ᠳᠠᠭᠠᠯᠳᠤᠨ᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠬᠥᠮᠦᠨ ᠲᠤᠮᠳᠠᠴᠢ᠎ᠶ᠋ᠢᠨ ᠵᠢᠯ᠎ᠤᠨ ᠣᠷᠣᠯᠭ᠎ᠠ 2018 ᠣᠨ᠎ᠳᠤ 3000 ᠲᠥᠭᠦᠷᠢᠭ ᠬᠥᠷᠬᠦ᠌ ᠥᠬᠡᠶ ᠪᠠᠢᠭ᠍ᠰᠠᠨ᠎ᠢᠶᠠᠨ ᠣᠲᠣ 6000 ᠲᠥᠭᠦᠷᠢᠭ ᠪᠣᠯᠵᠣ ᠲᠡᠬᠢᠠ᠎ᠢᠶᠠᠷ ᠨᠡᠮᠡᠭ᠌ᠳᠡᠵᠡᠢ᠃