12 ᠰᠠᠷ᠎ᠠ᠎ᠶ᠋ᠢᠨ 4 ᠤ ᠡᠳᠦᠷ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠤᠯ ᠳᠤᠭᠤᠢᠯᠠᠩ ᠰᠤᠷᠤᠯᠴᠠᠯᠭ᠎ᠠ᠎ᠶ᠋ᠢᠨ ᠬᠤᠷᠠᠯ ᠬᠢᠵᠦ᠍᠂ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠨᠢᠭᠡᠴᠢ᠂ ᠲᠢᠩᠬᠢᠮ᠎ᠤᠨ ᠬᠠᠷᠢᠶ᠎ᠠ ᠨᠢᠭᠡᠴᠢ᠎ᠶ᠋ᠢᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ᠎ᠳᠤ ᠣᠷᠣᠯᠴᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠲᠥᠪᠯᠡᠷᠡᠩᠭᠦᠢ ᠰᠤᠷᠤᠯᠴᠠᠵᠠᠢ᠃
ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠤᠷᠢᠳ ᠡᠮᠦᠨ᠎ᠡ ᠪᠠᠢᠭ᠎ᠠ ᠦᠭᠡᠶ ᠲᠡᠤᠬᠡᠨ ᠥᠨᠳᠥᠷᠴᠡ᠎ᠳᠤ ᠲᠠᠯᠪᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ᠎ᠤᠨ ᠪᠠᠢᠷᠢᠯᠠᠭᠤᠯᠤᠯᠲᠠ᠎ᠨᠢ ᠬᠤᠷᠸ᠎ᠠ ᠲᠠᠯ᠎ᠠ᠎ᠶ᠋ᠢᠨ ᠪᠥᠭᠡᠳ ᠪᠣᠳᠠᠲᠠᠶ ᠪᠠᠢᠵᠤ᠂ ᠠᠰᠠᠭᠤᠳᠠᠯ᠎ᠢ ᠱᠢᠢᠳᠪᠦᠷᠢᠯᠡᠵᠦ᠍᠂ ᠬᠠᠷᠠᠯᠲᠠ᠎ᠪᠠᠨ ᠪᠡᠶᠡᠯᠡᠭᠦᠯᠬᠦ᠌ ᠱᠢᠰᠲ᠋ᠧᠮᠲᠦ ᠵᠢᠷᠤᠭ ᠲᠥᠯᠥᠪᠯᠡᠭᠡ ᠪᠣᠯᠤᠨ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠨᠤᠯ᠎ᠤᠨ ᠴᠢᠨᠠᠷ ᠪᠠ ᠵᠢᠯᠣᠭᠤᠳᠭᠤ ᠴᠢᠨᠠᠷᠲᠠᠢ ᠪᠠᠢᠵᠤ᠂ ᠮᠠᠨ᠎ᠤ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ᠎ᠤᠨ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠠᠢ ᠭᠡᠵᠤ ᠵᠢᠭᠠᠵᠤ ᠭᠠᠷᠭᠠᠪᠠ᠃
ᠬᠤᠷᠠᠯ᠎ᠠᠴᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠱᠢᠰᠲ᠋ᠧᠮ᠎ᠤᠨ ᠨᠠᠮ᠎ᠤᠨ ᠭᠡᠱᠢᠭᠦᠨ ᠺᠠᠳ᠋ᠷ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠬᠤ ᠶᠠᠪᠤᠳᠠᠯ᠎ᠢ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ ᠤᠯᠬᠤ᠎ᠶ᠋ᠢ ᠴᠢᠷᠮᠠᠢᠨ ᠠᠬᠢᠭᠤᠯᠬᠤ ᠬᠡᠷᠡᠭ᠌ᠲᠡᠢ᠃ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠷᠢᠨ ᠨᠢᠮᠪᠠᠢ ᠵᠣᠬᠢᠶᠠᠨ ᠪᠠᠢᠭᠤᠯᠤᠨ ᠰᠤᠷᠤᠯᠴᠠᠵᠤ᠂ ᠰᠤᠷᠤᠯᠴᠠᠯᠭ᠎ᠠ᠎ᠶ᠋ᠢ ᠪᠦᠬᠦᠨ᠎ᠢ ᠪᠦᠷᠬᠦᠬᠦᠯᠬᠦ᠌᠎ᠶ᠋ᠢ ᠠᠬᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ᠃ ᠬᠤᠷᠠᠯ᠎ᠤᠨ ᠵᠣᠷᠢᠭ ᠰᠠᠨᠠᠭ᠎ᠠ᠎ᠶ᠋ᠢᠨ ᠬᠠᠮᠤᠭ᠎ᠤᠨ ᠱᠢᠨ᠎ᠡ ᠪᠠᠢᠷᠢᠯᠠᠭᠤᠯᠤᠯᠲᠠ ᠪᠣᠯᠤᠨ ᠱᠠᠭᠠᠷᠳᠠᠯᠭ᠎ᠠ᠎ᠲᠠᠢ ᠤᠶᠠᠯᠳᠤᠭᠤᠯᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠶᠡᠷᠦᠩᠬᠡᠢᠯᠡᠨ ᠵᠢᠯᠣᠭᠤᠳᠤᠭᠤᠯᠬᠤ ᠬᠡᠷᠡᠭ᠌ᠲᠡᠶ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠱᠢᠵᠦ᠍᠂ 《ᠭᠤᠷᠪᠠᠨ ᠦᠯᠢᠭᠡᠷ ᠳᠠᠭᠤᠷᠢᠶᠠᠯ》 ᠢ ᠦᠢᠯᠡᠳᠦᠯᠭᠡᠵᠢᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢᠯ᠎ᠤᠨ ᠠᠵᠢᠯ᠎ᠢ ᠠᠳᠭᠤᠨ ᠦᠷ᠎ᠡ ᠪᠦᠲᠦᠮᠵᠢ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ᠎ᠤᠨ ᠱᠢᠨ᠎ᠡ ᠳᠡᠭ᠌ᠲᠡᠷ᠎ᠲᠤ ᠭᠠᠷᠬᠤ᠂ ᠱᠢᠨ᠎ᠡ ᠦᠷ᠎ᠡ ᠪᠦᠲᠦᠮᠵᠢ ᠣᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠳᠡᠢ ᠭᠡᠵᠤ ᠱᠠᠭᠠᠷᠳᠠᠪᠠ᠃