ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠠᠴᠠ 《ᠠᠷᠠᠳ ᠲᠦᠮᠡᠨ᠎ᠢᠶᠠᠷ ᠭᠤᠤᠯ ᠪᠤᠯᠭᠠᠬᠤ᠎ᠶ᠋ᠢ ᠪᠠᠷᠢᠮᠳᠠᠯᠠᠨ ᠬᠦᠭ᠌ᠵᠢᠯᠳᠡ᠎ᠶ᠋ᠢᠨ ᠦᠷ᠎ᠠ ᠪᠦᠳᠦᠬᠡᠯ᠎ᠢ ᠠᠷᠠᠳ ᠲᠦᠮᠡᠨ᠎ᠳᠤ ᠡᠳ᠋ᠯᠡᠬᠦᠯᠵᠤ᠂ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍ ᠰᠠᠢᠲᠤᠷ ᠬᠠᠮᠠᠭᠠᠯᠠᠨ ᠰᠠᠢᠲᠤᠷ ᠬᠥᠭ᠌ᠵᠢᠭᠦᠯᠬᠦ᠌᠎ᠪᠠᠷ ᠬᠥᠭ᠌ᠵᠢᠯᠲᠡ᠎ᠶ᠋ᠢᠨ᠎ᠢᠶᠠᠨ ᠵᠤᠷᠢᠯᠳᠠ ᠪᠠ ᠲᠤᠰᠤᠯᠲᠠ᠎ᠪᠠᠨ ᠪᠤᠯᠭᠠᠵᠦ᠍᠂ ᠴᠢᠳᠠᠯ᠎ᠤᠨ᠎ᠢᠶᠠᠨ ᠬᠢᠷᠢ᠎ᠪᠠᠷ ᠴᠢᠷᠮᠠᠢᠨ ᠴᠢᠳᠠᠯ᠎ᠤᠨ᠎ᠢᠶᠠᠨ ᠬᠢᠷᠢ᠎ᠪᠠᠷ ᠬᠢᠵᠦ᠍᠂ ᠠᠷᠠᠳ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ ᠪᠠ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠬᠡᠢ ᠨᠡᠮᠡᠭ᠌ᠳᠡᠬᠦᠯᠦᠨ᠎ᠠ》 ᠬᠡᠵᠤ ᠵᠢᠭᠠᠵᠤ ᠭᠠᠷᠭᠠᠵᠠᠢ᠃
ᠠᠷᠠᠳ᠎ᠤᠨ ᠠᠮᠢᠳᠤᠷᠠᠯ᠎ᠤᠨ ᠠᠵᠢᠯ᠎ᠳᠤ ᠪᠠᠭ᠎ᠠ ᠶᠠᠪᠤᠳᠠᠯ ᠠᠯᠠᠭ᠎ᠠ᠃ ᠰᠤᠷᠪᠤᠯᠵᠢᠯᠠᠭ᠍ᠴᠢ᠎ᠶ᠋ᠢᠨ ᠤᠢ᠍ᠢᠯᠠᠭᠠᠭ᠍ᠰᠠᠨ᠎ᠢᠶᠠᠷ᠂ ᠮᠠᠨ᠎ᠤ ᠣᠷᠣᠨ᠎ᠳᠤ ᠣᠳᠣᠬᠠᠨ᠎ᠠ 31.7 ᠲᠦᠮᠡᠨ ᠪᠠᠷᠠᠭᠠᠨ᠎ᠤ ᠲᠡᠭᠡᠭᠡᠪᠦᠷᠢ᠎ᠶ᠋ᠢᠨ ᠠᠵᠢᠯᠴᠢᠨ᠂ 25.7 ᠲᠦᠮᠡᠨ ᠪᠠᠷᠠᠭᠠᠨ᠎ᠤ ᠮᠠᠱᠢᠨ ᠲᠡᠷᠭᠡ ᠪᠤᠢ᠃ ᠪᠠᠷᠠᠭᠠᠨ᠎ᠤ ᠮᠠᠱᠢᠨ ᠲᠡᠷᠭᠡ᠎ᠶ᠋ᠢᠨ ᠵᠢᠯᠣᠭᠤᠴᠢᠳ ᠡᠳᠦᠷ ᠪᠦᠷᠢ ᠬᠤᠯᠠ ᠵᠠᠮ᠎ᠤᠨ ᠠᠶᠠᠨ᠎ᠳᠤ ᠮᠤᠷᠳᠠᠵᠦ᠍᠂ ᠡᠨᠡ ᠬᠦ᠌ ᠶᠠᠪᠤᠴᠠ᠎ᠳᠤ ᠬᠤᠭᠤᠯᠠ ᠢᠳᠡᠬᠦ᠂ ᠤᠰᠤ ᠤᠤᠭᠤᠬᠤ᠂ ᠠᠮᠠᠷᠠᠵᠤ ᠬᠡᠪᠳᠡᠬᠦ᠌ ᠵᠡᠷᠭᠡ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠨᠢ ᠪᠦᠲᠦᠮᠵᠢᠲᠡᠶ ᠪᠠᠲᠤᠯᠠᠭ᠎ᠠ ᠦᠭᠡᠢ ᠪᠠᠢᠵᠤ᠂ ᠬᠠᠮᠢᠶ᠎ᠠ ᠪᠦᠬᠦᠢ ᠢᠵᠢ ᠪᠦᠷᠢᠳᠦᠭ᠌ᠰᠡᠨ ᠦᠢᠯᠡᠴᠢᠯᠡᠭᠡᠨ᠎ᠤ ᠲᠥᠬᠦᠭᠡᠷᠦᠮᠵᠢ ᠲᠡᠭᠦᠯᠳᠡᠷᠵᠢᠬᠡᠳᠤᠢ ᠪᠤᠯᠬᠤᠷ ᠠᠵᠢᠯ ᠠᠮᠢᠳᠤᠷᠠᠯ᠎ᠤᠨ ᠨᠥᠬᠦᠴᠡᠯ᠎ᠨᠢ ᠲᠦᠢᠯ᠎ᠤᠨ ᠬᠠᠲᠠᠭᠤᠵᠢᠯᠲᠠᠶ ᠪᠠᠢᠭ᠍ᠰᠠᠭᠠᠷ᠃ ᠡᠨᠡ ᠬᠦ᠌ ᠪᠠᠢᠳᠠᠯ᠎ᠢ ᠬᠡᠷᠬᠢᠨ ᠨᠠᠮᠳᠠᠭᠤᠯᠵᠤ ᠱᠢᠢᠳᠪᠤᠷᠢᠯᠡᠬᠦ᠌ ᠪᠤᠢ? ᠮᠡᠨ᠎ᠤ ᠤᠷᠤᠨ 2018 ᠣᠨ᠎ᠳᠤ 《ᠵᠢᠯᠣᠭᠤᠴᠢ᠎ᠶ᠋ᠢᠨ ᠤᠯᠠᠭ᠎ᠠ ᠥᠷᠲᠡᠭᠡ》 ᠶ᠋ᠢ ᠪᠦᠳᠦᠭᠡᠨ ᠪᠠᠢᠭᠤᠯᠬᠤ ᠲᠤᠷᠱᠢᠯᠲᠠ᠎ᠶ᠋ᠢᠨ ᠠᠵᠢᠯ᠎ᠢ ᠥᠷᠨᠢᠭᠦᠯᠦᠭ᠌ᠰᠡᠨ᠎ᠠᠴᠠ ᠨᠠᠭᠠᠰᠢ ᠪᠦᠭᠦ᠌ ᠤᠷᠤᠨ᠎ᠳᠤ 4 《ᠵᠢᠯᠣᠭᠤᠴᠢ᠎ᠶ᠋ᠢᠨ ᠤᠯᠠᠭ᠎ᠠ ᠥᠷᠲᠡᠭᠡ》 ᠪᠠᠢᠭᠤᠯᠤᠨ ᠠᠱᠢᠬ᠍ᠯᠡᠯᠳᠠᠳᠤ ᠤᠷᠤᠭᠤᠯᠵᠤ᠂ ᠪᠠᠷᠠᠭᠠᠨ᠎ᠤ ᠮᠠᠱᠢᠨ ᠲᠡᠷᠬᠡ᠎ᠶ᠋ᠢᠨ ᠵᠢᠯᠤᠭᠤᠴᠢᠳ᠎ᠲᠤ ᠲᠤᠯᠭᠠᠷᠠᠵᠤ ᠪᠠᠢᠭ᠎ᠠ ᠬᠦᠴᠢᠷᠳᠡᠯ᠎ᠢ ᠱᠢᠢᠳᠪᠤᠷᠢᠯᠡᠬᠦ᠌᠎ᠳᠤ ᠪᠦᠳᠦᠮᠵᠢᠳᠠᠢ ᠲᠤᠷᠱᠢᠴᠠ ᠬᠠᠩᠭᠠᠭ᠍ᠰᠠᠨ ᠪᠠᠢᠨ᠎ᠠ᠃ 《ᠠᠷᠪᠡᠨ ᠲᠦᠷᠪᠡᠳᠦᠭᠡᠷ ᠲᠠᠪᠤᠨ ᠵᠢᠯ》 ᠳᠤ ᠮᠠᠨ᠎ᠤ ᠤᠷᠤᠨ 《ᠵᠢᠯᠣᠭᠤᠴᠢ᠎ᠶ᠋ᠢᠨ ᠤᠯᠠᠭ᠎ᠠ ᠥᠷᠲᠡᠭᠡ》 ᠶ᠋ᠢ 15 ᠠᠴᠠ ᠳᠡᠭᠡᠭ᠌ᠰᠢ ᠨᠡᠮᠡᠵᠤ ᠪᠠᠢᠭᠤᠯᠬᠤ᠎ᠪᠠᠷ ᠲᠤᠭ᠍ᠳᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠢᠵᠢ ᠪᠦᠷᠢᠳᠦᠭᠦᠯᠬᠦ᠌ ᠵᠠᠷᠤᠳᠠᠯ᠎ᠤᠨ ᠨᠥᠬᠦᠪᠥᠷᠢ ᠣᠯᠭᠤᠨ᠂ ᠪᠠᠷᠠᠭᠠᠨ᠎ᠤ ᠮᠠᠱᠢᠨ ᠲᠡᠷᠭᠡ᠎ᠶ᠋ᠢᠨ ᠵᠢᠯᠣᠭᠤᠴᠢᠳ᠎ᠤᠨ ᠬᠦᠴᠢᠷᠳᠡᠯ᠎ᠢ ᠱᠢᠢᠳᠪᠦᠷᠢᠯᠡᠵᠦ᠍᠂ ᠪᠠᠷᠠᠭᠠᠨ᠎ᠤ ᠮᠠᠱᠢᠨ ᠲᠡᠷᠭᠡ᠎ᠶ᠋ᠢᠨ ᠵᠢᠯᠣᠭᠤᠴᠢᠳ᠎ᠲᠤ ᠢᠳᠡᠵᠤ ᠤᠤᠭᠤᠵᠤ ᠠᠮᠠᠷᠠᠬᠤ ᠲᠠᠭᠠᠯᠠᠮᠵᠢᠲᠠᠶ ᠤᠷᠴᠢᠨ ᠨᠦᠬᠦᠴᠡᠯ᠎ᠢ ᠬᠠᠩᠭᠠᠨ ᠦᠭ᠌ᠬᠦ᠎ᠪᠠᠷ ᠪᠠᠢᠨ᠎ᠠ᠃
《ᠠᠷᠪᠠᠨ ᠲᠦᠷᠪᠡᠳᠤᠬᠡᠷ ᠲᠠᠪᠤᠨ ᠵᠢᠯ》 ᠳᠤ ᠮᠠᠨ᠎ᠤ ᠤᠷᠤᠨ 《ᠵᠢᠯᠣᠭᠤᠴᠢ᠎ᠶ᠋ᠢᠨ ᠤᠯᠠᠭ᠎ᠠ ᠥᠷᠲᠡᠭᠡ》 ᠶ᠋ᠢᠨ ᠪᠦᠲᠦᠭᠡᠨ ᠪᠠᠢᠭᠤᠯᠤᠯᠲᠠ᠎ᠳᠠᠭᠠᠨ ᠬᠤᠭᠤᠯᠡᠠ ᠭᠡᠷ᠂ ᠠᠮᠠᠷᠠᠬᠤ ᠥᠷᠦᠬᠡ᠂ ᠲᠡᠷᠭᠡᠨ ᠵᠤᠭ᠍ᠰᠤᠭᠠᠯ᠂ ᠠᠮᠤᠷ᠎ᠢ ᠬᠠᠮᠠᠭᠠᠯᠠᠬᠤ᠂ ᠤᠬᠠᠭᠤᠯᠭ᠎ᠠ ᠬᠥᠮᠦᠵᠢᠯ ᠬᠢᠬᠦ᠌ ᠵᠢᠴᠢ ᠲᠣᠰᠣ ᠨᠡᠮᠡᠬᠦ᠂ ᠮᠠᠱᠢᠨ ᠲᠡᠷᠭᠡ ᠰᠡᠯᠪᠢᠨ ᠵᠠᠰᠠᠬᠤ ᠵᠡᠷᠭᠡ ᠦᠶᠯᠡᠴᠢᠯᠡᠭᠡᠨ᠎ᠤ ᠴᠢᠳᠠᠮᠵᠢ᠎ᠶ᠋ᠢ ᠢᠵᠢ ᠪᠦᠷᠢᠳᠦᠭᠦᠯᠬᠦ᠌᠎ᠶ᠋ᠢᠨ ᠬᠠᠮᠲᠤ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠵᠡᠷᠭᠡ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠠᠭᠠᠷᠳᠠᠯᠭ᠎ᠠ᠎ᠳᠤ ᠨᠡᠢᠴᠡᠬᠦᠯᠦᠨᠠ; ᠪᠠᠷᠠᠭᠠᠨ᠎ᠤ ᠮᠠᠱᠢᠨ ᠲᠡᠷᠭᠡ᠎ᠶ᠋ᠢᠨ ᠵᠢᠯᠣᠭᠤᠴᠢᠳ᠎ᠤᠨ ᠬᠡᠷᠡᠭ᠌ᠴᠡᠭᠡ ᠱᠠᠭᠠᠷᠳᠠᠯᠭ᠎ᠠ ᠪᠣᠯᠤᠨ ᠬᠡᠷᠡᠭ᠌ᠯᠡᠭᠡᠨ᠎ᠤ ᠳᠠᠳᠭᠠᠯ᠎ᠢ ᠭᠦᠶᠴᠡᠳ ᠪᠣᠳᠣᠯᠬᠢᠯᠠᠵᠤ᠂ ᠡᠯ᠎ᠡ ᠴᠢᠳᠠᠮᠵᠢᠲᠤ ᠣᠷᠣᠨ᠎ᠤ ᠣᠷᠣᠨ ᠪᠠᠢᠷᠢ ᠪᠣᠯᠤᠨ ᠲᠠᠯᠠᠪᠠᠢ᠎ᠶ᠋ᠢ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠎ᠪᠠᠷ ᠪᠠᠢᠷᠢᠯᠠᠭᠤᠯᠤᠨ᠎ᠠ; ᠦᠶᠯᠡᠴᠢᠯᠡᠭᠡᠨ᠎ᠤ ᠲᠥᠬᠦᠭᠡᠷᠦᠮᠵᠢ᠎ᠶ᠋ᠢᠨ ᠡᠳᠦᠷ ᠲᠤᠲᠤᠮ᠎ᠤᠨ ᠬᠠᠮᠢᠶᠠᠷᠤᠯᠳᠠ ᠠᠷᠠᠴᠢᠯᠠᠯᠳᠠ᠎ᠶ᠋ᠢ ᠴᠢᠩᠭᠠᠳᠭᠠᠨ ᠦᠶᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠵᠤ᠂ ᠭᠤᠤᠯ ᠰᠡᠳᠦᠪ ᠪᠣᠯᠤᠨ ᠣᠨᠴᠠᠯᠢᠭ᠍ᠲᠤ ᠦᠶᠯᠡᠴᠢᠯᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠨ᠂ 《ᠵᠢᠯᠣᠭᠤᠴᠢ᠎ᠶ᠋ᠢᠨ ᠤᠯᠠᠭ᠎ᠠ ᠥᠷᠲᠡᠭᠡ》 ᠶ᠋ᠢᠨ ᠦᠶᠯᠡᠴᠢᠯᠡᠭᠡ ᠬᠢᠭᠡᠳ ᠲᠤᠬᠠᠶ᠎ᠶ᠋ᠢᠨ ᠭᠠᠵᠠᠷ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠪᠤᠯᠤᠨ᠎ᠠ᠃ ᠡᠬᠦᠨ᠎ᠤ ᠬᠠᠮᠳᠤ ᠤᠯᠤᠰ᠎ᠤᠨ ᠱᠢᠯᠭᠠᠨ ᠬᠤᠷᠢᠶᠡᠯᠳᠠᠳᠤ ᠬᠢᠷᠢ ᠲᠡᠩᠴᠡᠭ᠌ᠰᠡᠨ 《ᠵᠢᠯᠣᠭᠤᠴᠢ᠎ᠶ᠋ᠢᠨ ᠤᠯᠠᠭ᠎ᠠ ᠦᠷᠳᠡᠭᠡ》 ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠪᠤᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠠᠴᠠ ᠲᠣᠰ ᠪᠦᠷᠢ 30 ᠲᠦᠮᠡᠨ ᠲᠥᠭᠦᠷᠢᠭ ᠪᠡ 5 ᠲᠦᠮᠡᠨ ᠲᠥᠭᠦᠷᠢᠭ᠎ᠤᠨ ᠨᠥᠬᠦᠪᠥᠷᠢ ᠤᠯᠭᠤᠬᠤ᠎ᠪᠠᠷ ᠲᠤᠭ᠍ᠳᠠᠪᠠ᠃