ᠱᠢᠯᠢ᠎ᠶ᠋ᠢᠨ ᠭᠤᠤᠯ ᠠᠢᠮᠠᠭ᠄ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠪᠠᠷ ᠦᠵᠡᠯᠳᠠ ᠲᠡᠨᠢᠯᠳᠠ᠎ᠪᠠᠨ ᠱᠢᠨᠡᠳᠭᠡᠡ ᠪᠤᠲᠠᠲᠦ ᠠᠵᠢᠯ᠎ᠢᠶᠠᠨ ᠠᠬᠢᠭᠤᠯᠤᠨ᠎ᠠ
2020-12-07 17:03:33
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 1 ᠎ᠠᠴᠠ 2 ᠎ᠤᠨ ᠡᠳᠦᠷ ᠪᠤᠯᠳᠠᠯ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠦᠪᠡᠷᠳᠡᠭᠡᠨ ᠵᠠᠰᠠᠬᠤ ᠤᠷᠤᠠ᠎ᠤ 《ᠲᠠᠯ᠎ᠠ ᠨᠤᠲᠤᠭ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠤᠬᠠᠭᠤᠯᠤᠨ ᠲᠠᠢᠯᠪᠤᠷᠢᠯᠠᠬᠤ ᠳᠤᠭᠤᠢ᠍ᠢᠯᠠᠩ ᠱᠢᠯᠢ᠎ᠶ᠋ᠢᠨ ᠭᠤᠤᠯ ᠠᠢᠮᠠᠭ᠎ᠲᠤ ᠬᠦᠷᠴᠤ᠌᠂ ᠨᠠᠮ ᠵᠠᠰᠠᠭ᠎ᠤᠨ ᠪᠠᠢᠭᠤᠯᠭ᠎ᠠ᠂ ᠨᠡᠢᠭᠡᠮ ᠲᠤᠭᠤᠷᠢᠭ᠂ ᠰᠤᠷᠭᠠᠭᠤᠯᠢ᠎ᠪᠠᠷ ᠭᠦᠨᠵᠡᠭᠡᠢᠷᠡᠨ᠂ ᠦᠷᠭᠡᠨ ᠤᠯᠠᠨ ᠨᠠᠮ᠎ᠤᠨ ᠬᠡᠱᠢᠭᠦᠨ ᠺᠠᠳ᠋ᠷ ᠤᠯᠠᠨ ᠲᠦᠮᠡᠨ᠎ᠳᠤ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠠᠢ᠃

ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠶᠠᠪᠤᠴᠠ᠎ᠳᠤ ᠦᠪᠡᠷᠳᠡᠭᠡᠨ ᠵᠠᠰᠠᠬᠤ ᠤᠷᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠱᠢᠭᠦᠨ᠂ ᠦᠪᠦᠷ ᠮᠤᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠡᠳ᠋ ᠲᠠᠷᠤᠭ᠎ᠠ ᠪᠤᠤ ᠰᠡᠴᠡᠨ ᠤᠷᠢᠳ ᠬᠤᠵᠢᠳ ᠱᠢᠯᠢ᠎ᠶ᠋ᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠂ ᠪᠠᠶᠠᠨᠴᠠᠭᠠᠨ ᠨᠡᠢᠭᠡᠮ ᠲᠤᠭᠤᠷᠢᠭ᠎ᠲᠤ ᠬᠦᠷᠴᠤ᠌᠂ ᠲᠡᠨᠳᠡᠬᠢ ᠨᠠᠮ᠎ᠤᠨ ᠭᠡᠱᠢᠭᠦᠨ ᠺᠠᠳ᠋ᠷᠴᠤᠳ᠂ ᠪᠠᠭ᠍ᠰᠢ ᠰᠤᠷᠤᠭ᠍ᠴᠢᠳ᠎ᠲᠠᠢ ᠶᠠᠷᠢᠯᠴᠠᠬᠤ ᠬᠤᠷᠠᠯ ᠬᠢᠵᠦ᠍᠂ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠨ ᠤᠢ᠍ᠢᠯᠠᠭᠠᠬᠤ᠎ᠶ᠋ᠢᠨ ᠠᠴᠢ ᠬᠤᠯᠪᠤᠭ᠍ᠳᠠᠯ᠂ 2035 ᠤᠨ᠎ᠤ ᠠᠯᠤᠰ᠎ᠤᠨ ᠬᠠᠷᠠᠯᠳᠠ᠎ᠶ᠋ᠢ ᠤᠨᠤᠪᠴᠢᠳᠠᠢ ᠡᠵᠡᠮᠳᠡᠬᠦ᠌ ᠪᠠ 《ᠠᠷᠪᠠᠨ ᠲᠦᠷᠪᠡᠳᠤᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠦᠭ᠌ᠵᠢᠯᠳᠡ᠎ᠶ᠋ᠢᠨ ᠴᠢᠭ᠌ᠯᠡᠯ᠂ ᠭᠤᠤᠯ ᠬᠠᠷᠠᠯᠳᠠ᠂ ᠴᠢᠬᠤᠯᠠ ᠡᠭᠦᠷᠭᠡ ᠵᠡᠷᠭᠡ᠎ᠶ᠋ᠢ ᠨᠠᠷᠢᠨ ᠲᠤᠳᠤᠷᠬᠠᠢ ᠲᠠᠢᠯᠪᠤᠷᠢᠯᠠᠨ ᠶᠠᠷᠢᠪᠠ᠃

ᠱᠢᠯᠢ᠎ᠶ᠋ᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠶ᠋ᠢᠨ ᠲᠠᠯ᠎ᠠ ᠨᠤᠲᠤᠭ᠎ᠤᠨ ᠠᠮᠢ ᠠᠬᠤᠢ ᠪᠤᠯᠤᠨ ᠮᠠᠯ᠎ᠤᠨ ᠡᠮᠴᠢ᠎ᠶ᠋ᠢᠨ ᠰᠠᠯᠪᠤᠷᠢ᠎ᠶ᠋ᠢᠨ ᠰᠤᠷᠤᠭ᠍ᠴᠢ ᠵᠠᠩ ᠵᠢᠩ ᠤᠬᠠᠭᠤᠯᠤᠨ ᠲᠠᠢᠯᠪᠤᠷᠢᠯᠠᠬᠤ᠎ᠶ᠋ᠢ ᠰᠡᠳᠭᠢᠯ ᠲᠠᠯᠪᠢᠨ ᠰᠤᠨᠤᠰᠭᠤ᠎ᠶ᠋ᠢᠨ ᠬᠠᠮᠳᠤ ᠨᠠᠷᠢᠨ ᠬᠢᠨᠠᠮᠠᠭᠠᠢ ᠲᠡᠮᠳᠡᠭ᠌ᠯᠡᠯ ᠬᠢᠵᠦ᠍ ᠪᠠᠢᠯ᠎ᠠ᠃ ᠲᠡᠷᠡ ᠲᠡᠭᠡᠳᠤ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠤᠬ᠍ᠴᠢ ᠪᠤᠯᠤᠭ᠍ᠰᠠᠨ᠎ᠤ ᠬᠤᠪᠢ᠎ᠳᠤ ᠱᠢᠨ᠎ᠡ᠎ᠶ᠋ᠢ ᠡᠭᠦᠳᠴᠤ᠌ ᠦᠢᠯᠡᠰ ᠪᠤᠰᠭᠠᠬᠤ ᠲᠤᠬᠠᠢ ᠦᠪᠡᠷ᠎ᠤᠨ ᠪᠤᠳᠤᠯ᠎ᠢᠶᠠᠨ ᠵᠤᠷᠢᠭ᠍ᠳᠠᠢ ᠠᠰᠠᠭᠤᠵᠥ᠍ ᠪᠢᠯᠠ᠃ ᠪᠤᠤ ᠰᠡᠴᠡᠨ᠄ 《ᠱᠢᠨᠵᠢᠯᠡᠭᠦ᠌ ᠤᠬᠠᠭᠠᠠ ᠲᠧᠭ᠌ᠨᠢᠡ ᠮᠡᠷᠭᠡᠵᠢᠯ ᠪᠤᠯ ᠠᠵᠤ ᠠᠬᠤᠢ᠎ᠶ᠋ᠢᠨ ᠤᠷᠳᠤ ᠬᠤᠭᠤᠴᠠᠭᠠᠨ᠎ᠤ ᠡᠷᠡᠭᠦᠯ ᠲᠤᠭ᠍ᠳᠠᠭᠤᠨ ᠬᠦᠭ᠌ᠵᠢᠯᠳᠡ᠎ᠶ᠋ᠢᠨ ᠴᠢᠬᠤᠯᠠ ᠲᠤᠯᠭᠠᠭᠤᠷᠢᠯᠠᠯ ᠪᠤᠯᠤᠨ᠎ᠠ᠃ ᠡᠭᠦᠨ᠎ᠳᠤ ᠮᠠᠯ ᠠᠵᠤ ᠠᠬᠤᠢ ᠪᠤᠯ ᠱᠢᠯᠢ᠎ᠶ᠋ᠢᠨ ᠭᠤᠤᠯ ᠠᠢᠮᠠᠭ᠎ᠤᠨ ᠲᠠᠪᠠᠭᠤᠯᠢᠭ ᠠᠵᠤ ᠦᠢᠯᠡᠰ ᠪᠠᠢᠵᠤ᠂ ᠮᠠᠯ᠎ᠤᠨ ᠠᠱᠢᠬ ᠱᠢᠮ᠎ᠡ᠎ᠶ᠋ᠢ ᠨᠠᠷᠢᠯᠢᠭ ᠡᠳ᠋ᠱᠢᠭᠦᠯᠵᠥ᠍ ᠪᠤᠯᠪᠠᠰᠤᠷᠠᠭᠤᠯᠬᠤ᠎ᠳᠤ ᠴᠦᠮ ᠲᠤᠰᠭᠠᠢ ᠮᠡᠷᠭᠡᠵᠢᠯ᠎ᠤᠨ ᠴᠢᠳᠠᠪᠤᠷᠢᠳᠠᠨ ᠱᠠᠭᠠᠷᠳᠠᠨ᠎ᠠ᠃ ᠡᠢᠮᠤ᠎ᠠᠴᠠ᠂ ᠱᠢᠯᠢ᠎ᠶ᠋ᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ ᠲᠤᠰᠭᠠᠢ ᠮᠡᠷᠭᠡᠵᠢᠯ᠎ᠤᠨ ᠲᠤᠬᠢᠷᠠᠭᠤᠯᠤᠯᠳᠠ ᠬᠢᠭᠦ᠌᠂ ᠴᠢᠳᠠᠪᠤᠷᠢᠳᠠᠨ᠎ᠢ ᠬᠦ᠍ᠮᠦᠵᠢᠭᠦᠯᠬᠦ᠌ ᠲᠡᠭᠡᠷ᠎ᠡ ᠬᠦᠴᠤ᠌ ᠲᠠᠯᠪᠢᠨ᠂ ᠵᠠᠬ᠎ᠠ ᠲᠠᠯᠭᠡᠭᠦᠷ᠎ᠯᠦᠭᠡ ᠵᠤᠯᠭᠠᠯᠴᠠᠭᠤᠯᠬᠤ ᠴᠢᠳᠠᠪᠤᠷᠢ᠎ᠪᠠᠨ ᠠᠬᠢᠭᠤᠯᠪᠠᠯ ᠵᠤᠬᠢᠨ᠎ᠠ》 ᠭᠡᠵᠥ᠍ ᠬᠠᠷᠢᠭᠤᠯᠵᠠᠢ᠃

ᠱᠢᠯᠢ᠎ᠶ᠋ᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠶ᠋ᠢᠨ ᠠᠵᠢᠯ ᠤᠯᠭᠤᠵᠤ ᠦᠢᠯᠡᠰ ᠪᠤᠰᠭᠠᠬᠤ᠎ᠶ᠋ᠢ ᠵᠢᠯᠤᠭᠤᠳᠭᠤ ᠭᠠᠵᠠᠷ᠎ᠤᠨ ᠲᠠᠷᠤᠭ᠎ᠠ ᠱ᠌ᠢ ᠴᠢᠩ ᠬᠤ᠌᠄ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠭᠠᠳ ᠦᠨᠡᠭᠡᠷ ᠭᠦᠨ ᠲᠦᠷᠦᠭ᠌ᠳᠡᠯ᠎ᠲᠠᠢ ᠪᠤᠯᠤᠯ᠎ᠠ᠃ ᠬᠤᠢᠱᠢᠳᠠ ᠠᠵᠢᠯ᠎ᠤᠨ ᠠᠷᠭ᠎ᠠ ᠪᠠᠷᠢᠯ᠎ᠢᠶᠠᠨ ᠱᠢᠨᠵᠢᠯᠡᠬᠦ᠌ ᠤᠬᠠᠭᠠᠨᠴᠢᠯᠠᠵᠤ᠂ ᠪᠦᠬᠦᠳᠡ ᠬᠤᠷᠠᠯ᠎ᠤᠨ ᠲᠤᠷᠠᠳᠤᠭ᠍ᠰᠠᠨ ᠱᠢᠨ᠎ᠡ ᠬᠦᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠂ ᠱᠢᠨ᠎ᠡ ᠬᠦᠭ᠌ᠵᠢᠯᠲᠡ᠎ᠶ᠋ᠢᠨ ᠪᠠᠢᠷᠢᠱᠢᠯ᠂ ᠱᠢᠨ᠎ᠡ ᠬᠦᠭ᠌ᠵᠢᠯᠲᠡ᠎ᠶ᠋ᠢᠨ ᠱᠠᠳᠤ ᠦᠶ᠎ᠡ᠎ᠶ᠋ᠢᠨ ᠱᠠᠭᠠᠷᠳᠠᠯᠭ᠎ᠠ᠎ᠪᠠᠷ ᠠᠵᠢᠯ᠎ᠢᠶᠠᠨ ᠰᠠᠢᠳᠤᠷ ᠬᠢᠵᠤ ᠰᠤᠷᠤᠭ᠍ᠴᠢᠳ᠎ᠢᠶᠠᠨ ᠬᠦᠮᠦᠵᠢᠭᠦᠯᠦᠨ᠎ᠡ》 ᠭᠡᠵᠥ᠍ ᠪᠠᠢᠯ᠎ᠠ᠃

ᠱᠢᠯᠢᠩᠬᠤᠳᠠ᠎ᠶ᠋ᠢᠨ ᠱᠢᠷᠠᠳᠠᠯ᠎ᠠ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠪᠠᠶᠠᠨᠴᠠᠭᠠᠨ ᠨᠡᠢᠭᠡᠮ ᠲᠤᠭᠤᠷᠢᠭ᠎ᠲᠤ ᠤᠯᠠᠨ᠎ᠢᠶᠠᠷ᠎ᠢᠶᠠᠨ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠬ᠍ᠰᠠᠨ ᠲᠤᠬᠠᠢ᠎ᠪᠠᠨ ᠬᠠᠯᠠᠭᠤᠨ ᠶᠠᠷᠢᠯᠴᠠᠭ᠎ᠠ ᠦᠷᠨᠢᠭᠦᠯᠵᠦ᠍ ᠦᠵᠡᠯ ᠪᠤᠳᠤᠯ᠎ᠢᠶᠠᠨ ᠰᠤᠯᠢᠯᠴᠠᠵᠠᠭᠠᠪᠠ᠃

《ᠪᠦᠬᠦᠳᠡ ᠬᠤᠷᠠᠯ᠎ᠤᠨ ᠢᠯᠡᠳᠭᠡᠯ᠎ᠳᠤ 2035 ᠤᠨ᠎ᠳᠤ ᠤᠳᠤᠬᠢᠴᠢᠯᠠᠯᠳᠠ᠎ᠶ᠋ᠢ ᠦᠨᠳᠤᠰᠤᠨ᠎ᠳᠡᠭᠡᠨ ᠪᠡᠶᠡᠯᠡᠭᠦᠯᠵᠦ᠍᠂ ᠠᠷᠠᠳ ᠤᠯᠠᠨ᠎ᠳᠤ ᠨᠡᠩ ᠪᠠᠶᠠᠨ ᠴᠢᠨᠡᠭᠡᠯᠢᠭ ᠠᠮᠢᠳᠤᠷᠠᠯ ᠡᠳ᠋ᠯᠡᠭᠦᠯᠦᠨ᠎ᠡ ᠭᠡᠵᠠᠢ᠂ ᠡᠭᠦᠨ᠎ᠳᠤ ᠶᠠᠭᠠᠭᠢᠪᠠᠯ ᠰᠠᠶᠢ ᠠᠷᠠᠳ ᠤᠯᠠᠨ᠎ᠤ ᠬᠦᠷᠳᠡᠮᠵᠢ᠎ᠶ᠋ᠢᠨ ᠲᠦᠷᠦᠭ᠌ᠳᠡᠯ᠎ᠢ ᠲᠡᠭᠡᠭ᠌ᠰᠢᠯᠡᠭᠦᠯᠵᠤ ᠴᠢᠳᠠᠬᠤ ᠪᠤᠢ?》 ᠭᠡᠵᠦ᠍ ᠲᠤᠰ ᠨᠡᠢᠭᠡᠮ ᠲᠤᠭᠤᠷᠢᠭ᠎ᠤᠨ ᠠᠵᠢᠯᠳᠠᠨ ᠰᠤᠷᠤᠨ᠎ᠠ ᠠᠰᠠᠭᠤᠬ᠍ᠰᠡᠨ᠎ᠳᠤ᠂ ᠪᠤᠤ ᠰᠡᠴᠡᠨ᠄ 《ᠠᠵᠤ ᠠᠬᠤᠢ᠎ᠶ᠋ᠢ ᠬᠦᠭ᠌ᠵᠢᠭᠦᠯᠵᠦ᠍ ᠠᠷᠠᠳ ᠲᠦᠮᠡᠨ᠎ᠳᠤ ᠵᠢᠷᠭᠠᠯᠲᠦ ᠠᠮᠢᠳᠤᠷᠠᠯ ᠡᠳ᠋ᠯᠡᠭᠦᠯᠬᠦ᠌ ᠪᠤᠯ ᠮᠠᠨ᠎ᠤ ᠨᠠᠮ᠎ᠤᠨ ᠲᠦᠷᠦ᠍ ᠪᠠᠷᠢᠵᠤ ᠵᠠᠰᠠᠭ ᠡᠷᠬᠢᠯᠡᠬᠦ᠌᠎ᠶ᠋ᠢᠨ ᠦᠨᠳᠦᠰᠤᠨ ᠬᠠᠷᠠᠯᠳᠠ ᠪᠤᠯᠤᠨ᠎ᠠ᠂ ᠡᠢᠮᠤ᠎ᠠᠴᠠ ᠨᠠᠮ᠎ᠠᠴᠠ ᠠᠷᠠᠳ ᠲᠦᠮᠡᠨ᠎ᠳᠤ ᠵᠢᠷᠭᠠᠯᠳᠤ ᠠᠮᠢᠳᠤᠷᠠᠯ᠎ᠢ ᠡᠳ᠋ᠯᠡᠭᠦᠯᠬᠦ᠌᠎ᠶ᠋ᠢ ᠯᠠᠪᠳᠠᠭᠤᠨ ᠪᠠᠳᠤᠲᠠᠢ ᠠᠬᠢᠭᠤᠯᠬᠤ ᠪᠤᠯᠤᠨ᠎ᠠ》 ᠬᠡᠵᠥ᠍ ᠬᠠᠷᠢᠭᠤᠯᠤᠯ᠎ᠠ᠃ 

ᠪᠠᠶᠠᠨᠴᠠᠭᠠᠨ ᠨᠡᠢᠭᠡᠮ ᠲᠤᠭᠤᠷᠢᠭ᠎ᠲᠤ 1.2 ᠲᠦᠮᠠ ᠭᠠᠷᠤᠢ ᠰᠠᠭᠤᠭᠠᠯᠢ ᠠᠷᠠᠳ᠎ᠲᠠᠢ᠂ ᠤᠳᠤ ᠠᠷᠠᠳ ᠤᠯᠠᠨ᠎ᠳᠤ ᠠᠱᠢᠬ ᠬᠦᠷᠳᠡᠭᠡᠬᠦ᠌ ᠲᠦᠷᠦᠯ ᠵᠦᠢᠯ ᠲᠠᠰᠤᠷᠠᠯᠳᠠ ᠦᠭᠡᠢ ᠲᠡᠭᠦᠯᠳᠡᠷᠵᠢᠵᠦ᠍᠂ ᠠᠷᠠᠳ ᠤᠯᠠᠨ᠎ᠳᠤ ᠨᠡᠩ ᠲᠦᠬᠦᠮ ᠲᠦᠳᠡ ᠦᠢᠯᠡᠴᠢᠯᠡᠬᠦ᠌ ᠪᠤᠯᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号