ᠬᠥᠯᠥᠨ ᠪᠤᠢᠷ᠎ᠤᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠨ᠎ᠠ — ᠬᠥᠯᠥᠨ ᠪᠤᠢᠷ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠢᠦᠢ ᠯᠢ ᠱᠢᠨ᠎ᠢ ᠰᠤᠷᠪᠤᠯᠵᠢᠯᠠᠭ᠍ᠰᠠᠨ᠎ᠨᠢ
2020-12-08 09:23:52
ᠵᠣᠬᠢᠶᠠᠭ᠍ᠴᠢ᠄
ᠯᠢ ᠢᠦᠶ ᠵᠦᠸᠧ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠲᠡᠭᠦᠰᠦᠭ᠌ᠰᠡᠨ᠎ᠤ ᠳᠠᠷᠠᠭ᠎ᠠ᠂ ᠬᠥᠯᠥᠨ ᠪᠤᠢᠷ ᠬᠤᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠥᠷᠭᠡᠨ ᠤᠯᠠᠨ ᠺᠠᠳ᠋ᠷ ᠤᠯᠠᠨ ᠲᠦᠮᠡᠨ᠎ᠤ ᠠᠵᠢᠯ ᠬᠢᠵᠦ᠍ ᠦᠢᠯᠡᠰ ᠪᠤᠰᠭᠠᠬᠤ ᠤᠷᠬᠢᠯᠤᠮ᠎ᠠ ᠰᠡᠳᠭᠢᠯᠭᠡ᠎ᠶ᠋ᠢ ᠬᠥᠭ᠌ᠵᠢᠭᠡᠪᠡ᠃ ᠳᠠᠶᠠᠭᠠᠷ᠎ᠢᠶᠠᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠲᠡᠮᠡᠦᠯᠦᠨ᠎ᠡ᠃ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠳᠤ ᠬᠥᠯᠥᠨ ᠪᠤᠢᠷ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠢᠦᠢ ᠯᠢ ᠱᠢᠨ ᠪᠢᠳᠡᠨ᠎ᠳᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠯᠥᠨ ᠪᠤᠢᠷ ᠬᠤᠳᠠ᠎ᠶ᠋ᠢᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ ᠥᠭ᠌ᠴᠠᠢ᠃


QQ图片20201208090600.png


《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠰᠠᠢᠨ ᠰᠠᠢᠬᠠᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠤᠯᠠᠮ ᠨᠢᠭᠡ ᠠᠯᠬᠤᠮ ᠵᠢᠷᠤᠭ᠍ᠯᠠᠬᠤ ᠪᠤᠯᠤᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠣᠷᠣᠨ ᠪᠦᠰᠡ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠡᠵᠡᠮᠱᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠡᠯ᠎ᠡ ᠵᠦᠢᠯ᠎ᠤᠨ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠥᠯᠥᠨ ᠪᠦᠢᠷ ᠬᠤᠲᠠ᠎ᠶ᠋ᠢᠨ ᠬᠥᠭ᠌ᠵᠢᠯᠲᠡ᠎ᠳᠤ ᠢᠷᠠᠭᠤ ᠬᠠᠭᠤᠳᠠᠰᠤ᠎ᠶ᠋ᠢ ᠪᠢᠴᠢᠭ᠌ᠯᠡᠵᠦ᠍᠂ ᠰᠠᠢᠳᠤᠷ ᠪᠠᠢᠷᠢᠱᠢᠭᠤᠯᠤᠯᠲᠠ ᠬᠢᠨ᠎ᠡ᠃ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠳᠡᠭᠡᠷ᠎ᠡ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠬᠤ᠎ᠳᠤ ᠰᠠᠭᠤᠷᠢᠯᠠᠨ᠂ 《ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠨ᠂ ᠪᠣᠬᠢᠷᠲᠤᠯ ᠦᠭᠡᠶ᠎ᠪᠠᠷ ᠬᠦᠭ᠌ᠵᠢᠭᠦᠯᠵᠦ᠍᠂ ᠦᠵᠡᠰᠭᠦᠯᠡᠩᠲᠦ ᠰᠠᠢᠬᠠᠨ ᠥᠨᠢᠷ ᠪᠠᠶᠠᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠦᠢᠷ᠎ᠢ ᠪᠦᠲᠦᠭᠡᠨ ᠪᠠᠢᠭᠤᠯᠬᠤ》 ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠳᠠᠯᠠᠨ᠎ᠠ᠃ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠲᠠᠯ᠎ᠠ᠎ᠪᠠᠷ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠍᠂ ᠬᠠᠮᠲᠤ᠎ᠪᠠᠷ ᠡᠳ᠋ᠯᠡᠬᠦ᠌ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠥᠭ᠌ᠵᠢᠯᠲᠡ᠎ᠶ᠋ᠢᠨ ᠠᠷᠭ᠎ᠠ ᠵᠠᠮ ᠳᠡᠭᠡᠷ᠎ᠡ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠨ᠂ ᠪᠣᠬᠢᠷᠲᠤᠯ ᠥᠬᠡᠶ᠎ᠪᠠᠷ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠡᠷᠡᠰ ᠭᠤᠢᠪᠢᠰᠢ ᠥᠬᠡᠶ ᠰᠦᠪᠡᠭ᠌ᠴᠢᠯᠡᠨ᠎ᠡ᠃ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠲᠠᠯ᠎ᠠ᠎ᠪᠠᠷ᠂ ᠠᠮᠢ ᠠᠬᠤᠢ᠎ᠶ᠋ᠢᠨ ᠠᠵᠤ ᠦᠶᠯᠡᠰᠵᠢᠯᠲᠡ᠂ ᠠᠵᠤ ᠦᠢᠯᠡᠰ᠎ᠤᠨ ᠠᠮᠢ ᠠᠬᠤᠢᠵᠢᠯᠲᠠ᠎ᠶ᠋ᠢ ᠴᠢᠷᠮᠠᠢᠨ ᠠᠬᠢᠭᠤᠯᠤᠨ᠎ᠠ᠃ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠲᠠᠯ᠎ᠠ᠎ᠪᠠᠷ᠂ 《ᠬᠤᠶᠠᠷ ᠤᠷᠤᠨ ᠭᠤᠷᠪᠠᠨ ᠭᠠᠵᠠᠷ ᠨᠢᠭᠡ ᠭᠡᠷ ᠣᠷᠣᠨ》 ᠎ᠢ ᠰᠠᠢᠲᠤᠷ ᠪᠦᠲᠦᠭᠡᠨ ᠪᠠᠢᠭᠤᠯᠤᠨ᠎ᠠ᠂ ᠳᠠᠷᠤᠶ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ᠂ 《ᠨᠢᠭᠡ ᠪᠦᠰᠡ ᠨᠢᠭᠡ ᠵᠠᠮ》 ᠎ᠤᠨ ᠳᠤᠮᠳᠠᠳᠤ ᠣᠷᠣᠰ ᠮᠣᠩᠭᠤᠯ᠎ᠤᠨ ᠬᠠᠮᠲᠤᠷᠠᠯᠴᠠᠭᠠᠨ᠎ᠤ ᠬᠤᠱᠢᠭᠤᠴᠢ ᠣᠷᠣᠨ; ᠣᠯᠠᠨ ᠤᠯᠤᠰᠴᠢᠯᠠᠭ᠍ᠰᠠᠨ ᠳᠡᠭᠡᠳᠦ ᠲᠡᠰ᠎ᠤᠨ ᠵᠢᠭᠤᠯᠴᠢᠯᠠᠯ᠎ᠤᠨ ᠬᠠᠷᠠᠯᠳᠠᠳᠤ ᠭᠠᠵᠠᠷ᠂ ᠤᠯᠤᠰ᠎ᠤᠨ ᠳᠡᠭᠡᠳᠦ ᠲᠠᠰ᠎ᠤᠨ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ ᠣᠶ ᠱᠢᠭᠤᠶ᠎ᠶ᠋ᠢᠨ ᠭᠠᠷᠤᠯᠲᠠ᠎ᠶ᠋ᠢ ᠦᠶᠯᠡᠳᠪᠦᠷᠢᠯᠡᠵᠦ᠍ ᠡᠳ᠋ᠱᠢᠭᠦᠯᠦᠨ ᠭᠠᠳᠠᠭᠠᠳᠤ᠎ᠳᠤ ᠭᠠᠷᠭᠠᠬᠤ ᠦᠶᠯᠡᠴᠢᠯᠡᠭᠡᠨ᠎ᠤ ᠰᠠᠭᠤᠷᠢᠨ᠂ ᠤᠯᠤᠰ᠎ᠤᠨ ᠴᠢᠬᠤᠯᠠ ᠡᠨᠧᠷᠭᠢ ᠡᠬᠢ ᠪᠠᠶᠠᠯᠢᠭ᠎ᠤᠨ ᠪᠠᠢᠯᠳᠤᠬᠤ ᠪᠣᠳᠣᠯᠭ᠎ᠠ᠎ᠶ᠋ᠢᠨ ᠨᠥᠭᠡᠴᠡᠯᠡᠬᠦ᠌ ᠰᠠᠭᠤᠷᠢᠨ; ᠣᠷᠴᠢᠨ ᠲᠣᠭᠤᠷᠢᠨ᠎ᠨᠢ ᠭᠤᠢᠳᠠ ᠰᠠᠢᠬᠠᠨ᠂ ᠠᠮᠢᠳᠤᠷᠠᠯ᠎ᠨᠢ ᠪᠠᠶᠠᠨ ᠴᠢᠨᠡᠭᠡᠯᠢᠭ᠂ ᠦᠨᠳᠦᠰᠦᠲᠡᠨ᠎ᠨᠦᠭᠦᠳ ᠪᠦᠯᠬᠦᠮᠳᠡᠯ᠎ᠲᠠᠢ᠂ ᠬᠢᠯᠢ ᠬᠢᠵᠠᠭᠠᠷ ᠠᠮᠤᠷ ᠲᠤᠬ᠍ᠳᠠᠭᠤᠨ ᠵᠣᠯ ᠵᠢᠷᠭᠠᠯᠲᠤ ᠭᠡᠷ ᠣᠷᠣᠨ ᠪᠣᠯᠤᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠠᠮᠢ ᠠᠬᠤᠢ᠎ᠶ᠋ᠢᠨ ᠣᠷᠣᠨ ᠵᠠᠢ᠂ ᠲᠠᠷᠢᠶᠠᠯᠠᠩ ᠮᠠᠯ ᠠᠵᠤ ᠠᠬᠤᠢ᠎ᠶ᠋ᠢᠨ ᠣᠷᠣᠨ ᠵᠠᠢ᠂ ᠬᠤᠲᠠ ᠪᠠᠯᠭᠠᠰᠤᠨ᠎ᠤ ᠣᠷᠣᠨ ᠵᠠᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ᠎ᠤ ᠨᠡᠭᠡᠭᠡᠯᠲᠡ᠎ᠶ᠋ᠢᠨ ᠵᠠᠭᠠᠭ ᠬᠢᠵᠠᠭᠠᠷ᠎ᠢ ᠨᠡᠭᠡᠭᠡᠨ ᠬᠦᠭ᠌ᠵᠢᠭᠦᠯᠦᠨ᠎ᠡ᠃ ᠳᠡᠭᠡᠳᠦ ᠬᠡᠮᠵᠢᠶᠡᠨ᠎ᠤ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠠᠷ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠬᠢᠭᠡᠳ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠲᠠᠯ᠎ᠠ ᠨᠤᠲᠤᠭ᠂ ᠣᠢ ᠱᠢᠭᠤᠢ᠂ ᠭᠤᠣᠯ ᠨᠠᠭᠤᠷ᠂ ᠨᠤᠭᠤ ᠭᠠᠵᠠᠷ᠂ ᠬᠠᠷ᠎ᠠ ᠬᠥᠷᠥᠰᠥᠲᠦ ᠭᠠᠵᠠᠷ ᠵᠡᠷᠭᠡ ᠲᠠᠪᠤᠨ ᠶᠡᠭᠡ ᠠᠮᠢ ᠠᠬᠤᠢ᠎ᠶ᠋ᠢᠨ ᠱᠢᠰᠲ᠋ᠧᠮ᠎ᠢ ᠦᠷᠭᠦᠯᠵᠢᠯᠡᠨ ᠰᠠᠢᠲᠤᠷ ᠬᠠᠮᠠᠭᠠᠯᠠᠵᠤ᠂ ᠬᠥᠯᠥᠨ ᠪᠦᠢᠷ᠎ᠤᠨ ᠤᠯᠤᠰ᠎ᠤᠨ ᠴᠡᠴᠡᠷᠯᠢᠭ᠎ᠢ ᠪᠦᠲᠦᠭᠡᠨ ᠪᠠᠢᠭᠤᠯᠤᠨ᠎ᠠ᠃ ᠰᠠᠢᠨ ᠰᠠᠢᠬᠠᠨ ᠠᠮᠢ ᠠᠬᠤᠶ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠢ ᠲᠡᠭᠦᠯᠳᠡᠷᠵᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠥᠷᠲᠡᠭ᠎ᠤᠨ ᠲᠣᠭᠠᠴᠠᠭ᠎ᠠ᠂ ᠠᠭᠤᠷ ᠠᠮᠢᠰᠭᠤᠯ᠎ᠤᠨ ᠠᠮᠢ ᠠᠬᠤᠢ᠎ᠶ᠋ᠢᠨ ᠥᠷᠲᠡᠭ᠎ᠤᠨ ᠦᠨᠡᠯᠡᠨ ᠵᠢᠱ᠌ᠢᠯᠲᠡ᠎ᠶ᠋ᠢ ᠥᠷᠨᠢᠭᠦᠯᠦᠨ᠎ᠡ᠃ ᠣᠢ ᠱᠢᠭᠤᠢ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠬᠤᠷᠠᠮᠳᠤᠭᠤᠯᠬᠤ ᠠᠷᠠᠯᠵᠢᠶ᠎ᠠ ᠪᠠ ᠪᠣᠬᠢᠷᠲᠤᠯ ᠦᠭᠡᠢ ᠮᠥᠩᠭᠦᠨ ᠭᠦᠢᠯᠭᠡᠭᠡ᠎ᠶ᠋ᠢ ᠬᠥᠭ᠌ᠵᠢᠭᠦᠯᠦᠨ᠎ᠡ᠃ ᠡᠨᠧᠷᠭᠢ ᠬᠡᠷᠡᠭ᠌ᠯᠡᠬᠦ᠌ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠂ ᠪᠣᠬᠢᠷᠲᠤᠯ ᠭᠠᠳᠠᠭ᠍ᠰᠢᠯᠠᠭᠤᠯᠬᠤ ᠡᠷᠬᠡ᠂ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠰᠦᠪᠡᠭ᠌ᠴᠢᠯᠡᠨ᠎ᠡ᠃ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠢᠭᠠᠯᠲᠠ ᠲᠤᠭ᠎ᠠ᠎ᠶ᠋ᠢᠨ ᠱᠢᠰᠲ᠋ᠧᠮ ᠪᠠ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠢᠨᠠᠨ ᠱᠢᠯᠭᠠᠬᠤ ᠱᠢᠰᠲ᠋ᠧᠮ᠎ᠢ ᠬᠡᠷᠡᠭ᠌ᠵᠢᠭᠦᠯᠦᠨ᠎ᠡ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠠᠮᠢ ᠠᠬᠤᠶ᠎ᠶ᠋ᠢᠨ ᠠᠵᠤ ᠦᠢᠯᠡᠰᠵᠢᠯᠲᠡ ᠪᠠ ᠠᠵᠤ ᠦᠶᠯᠡᠰ᠎ᠤᠨ ᠠᠮᠢ ᠠᠬᠤᠢᠵᠢᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃ ᠶᠡᠭᠡ ᠲᠠᠯ᠎ᠠ ᠨᠤᠲᠤᠭ᠂ ᠶᠡᠭᠡ ᠣᠶ ᠱᠢᠭᠤᠶ᠂ ᠶᠡᠭᠡ ᠮᠥᠰᠥ᠍ ᠴᠠᠰᠤ᠂ ᠶᠡᠭᠡ ᠠᠭᠠᠷ ᠵᠢᠴᠢ ᠰᠠᠢᠨ ᠠᠭᠠᠷ᠂ ᠰᠠᠢᠨ ᠤᠰᠤᠨ ᠰᠤᠷᠪᠤᠯᠵᠢ᠂ ᠰᠠᠢᠨ ᠬᠥᠷᠥᠰᠥ᠍ ᠱᠢᠷᠣᠶ᠂ ᠰᠠᠢᠨ ᠥᠩᠭᠡ ᠦᠵᠡᠮᠵᠢ᠎ᠳᠤ ᠲᠦᠱᠢᠭ᠌ᠯᠡᠨ᠂ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠥᠷᠭᠡᠳᠭᠡᠵᠦ᠍ ᠱᠢᠨ᠎ᠡ ᠠᠷᠭ᠎ᠠ ᠵᠠᠮ᠎ᠢ ᠪᠡᠶᠡᠯᠡᠭᠦᠯᠦᠨ᠎ᠡ᠃ ᠨᠢᠭᠡᠳᠦᠭᠡᠷ ᠠᠵᠤ ᠦᠶᠯᠡᠰ᠎ᠤᠨ ᠲᠠᠯ᠎ᠠ᠎ᠪᠠᠷ᠂ ᠳᠡᠭᠡᠳᠦ ᠲᠠᠰ᠂ ᠪᠣᠬᠢᠷᠲᠤᠯ ᠥᠬᠡᠶ᠂ ᠠᠷᠢᠭᠤᠨ ᠴᠡᠪᠡᠷ ᠪᠠᠢᠬᠤ᠎ᠶ᠋ᠢ ᠳᠣᠪᠤᠢᠯᠭᠠᠵᠤ᠂ ᠣᠬᠢ ᠱᠢᠯᠢᠳᠡᠭ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ ᠣᠶ ᠱᠢᠭᠤᠶ᠎ᠶ᠋ᠢᠨ ᠱᠢᠰᠲ᠋ᠧᠮ᠎ᠢ ᠪᠠᠢᠭᠤᠯᠤᠨ᠎ᠠ᠃ ᠳᠠᠪᠠᠭᠠᠨ᠎ᠤ ᠵᠡᠭᠦᠨ ᠬᠡᠰᠡᠭ᠎ᠤᠨ ᠲᠠᠷᠢᠶᠠᠯᠠᠬᠤ ᠣᠷᠣᠨ᠂ ᠳᠠᠪᠠᠭᠠᠨ᠎ᠤ ᠪᠠᠷᠠᠭᠤᠨ ᠬᠡᠰᠡᠭ᠎ᠤᠨ ᠮᠠᠯᠵᠢᠬᠤ ᠣᠷᠣᠨ᠂ ᠳᠠᠪᠠᠭᠠᠨ᠎ᠤ ᠳᠡᠭᠡᠷᠡᠬᠢ ᠱᠢᠭᠤᠢᠲᠤ ᠣᠷᠣᠨ᠎ᠤ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠲᠠ ᠶᠣᠰᠣᠭᠠᠷ᠂ ᠮᠠᠯ ᠠᠵᠤ ᠠᠬᠤᠢ ᠲᠠᠷᠢᠶᠠᠯᠠᠩ ᠣᠢ ᠱᠢᠭᠤᠢ᠎ᠶ᠋ᠢᠨ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠤᠨ ᠰᠦᠷᠦᠭ᠌ᠵᠢᠯ᠎ᠢ ᠪᠤᠢ ᠪᠣᠯᠭᠠᠨ᠎ᠠ᠃

《ᠬᠥᠯᠥᠨ ᠪᠦᠢᠷ》 ᠭᠡᠰᠡᠨ ᠨᠡᠷ᠎ᠡ᠎ᠶ᠋ᠢᠨ ᠬᠠᠭᠤᠳᠠᠰᠦ᠎ᠪᠠᠨ ᠰᠠᠢᠲᠤᠷ ᠬᠡᠷᠡᠭ᠌ᠯᠡᠵᠦ᠍᠂ ᠳᠡᠭᠡᠳᠦ ᠲᠡᠰ᠎ᠤᠨ ᠴᠠᠭᠠᠨ ᠢᠳᠡᠭᠡᠨ᠎ᠤ ᠴᠢᠬᠤᠯᠠ ᠭᠠᠷᠤᠯᠲᠠ᠎ᠶ᠋ᠢᠨ ᠣᠷᠣᠨ᠎ᠢ ᠪᠦᠲᠦᠭᠡᠨ ᠪᠠᠢᠭᠤᠯᠵᠤ᠂ ᠭᠤᠷᠪᠠᠨ ᠭᠤᠤᠯ᠎ᠤᠨ ᠦᠬᠡᠷ᠂ ᠭᠤᠷᠪᠠᠨ ᠭᠤᠤᠯ᠎ᠤᠨ ᠠᠳᠤᠭᠤ᠂ ᠬᠥᠯᠥᠨ ᠪᠦᠢᠷ ᠬᠤᠨᠢ ᠵᠡᠷᠭᠡ ᠲᠦᠷᠦᠯ ᠲᠡᠮᠳᠡᠭ᠎ᠤᠨ ᠭᠤᠣᠯᠯᠠᠬᠤ ᠣᠷᠣᠨ᠎ᠢ ᠪᠠᠢᠭᠤᠯᠵᠤ᠂ ᠴᠢᠨᠠᠷ ᠰᠠᠢᠲᠠᠶ ᠡᠪᠡᠰᠦᠨ ᠦᠷ᠎ᠡ᠎ᠪᠠᠷ ᠭᠤᠤᠯᠳᠠᠯᠭ᠎ᠠ ᠪᠣᠯᠭᠠᠭ᠍ᠰᠠᠨ ᠥᠨᠳᠦᠷᠯᠢᠭ ᠬᠦᠢᠳᠡᠨ ᠤᠷᠤᠨ᠎ᠤ ᠦᠷ᠎ᠡ᠎ᠶ᠋ᠢᠨ ᠦᠶᠯᠡᠰ᠎ᠤᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠤᠨ᠎ᠠ᠃ ᠬᠤᠶᠠᠳᠤᠭᠠᠷ ᠠᠵᠤ ᠦᠶᠯᠡᠰ᠎ᠤᠨ ᠲᠠᠯ᠎ᠠ᠎ᠪᠠᠷ᠂ ᠠᠵᠤ ᠦᠶᠯᠡᠰ᠎ᠤᠨ ᠬᠡᠯᠬᠢᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶᠡᠨ᠎ᠤ ᠣᠷᠳᠣ ᠬᠠᠪᠲᠠᠰᠤ᠎ᠶ᠋ᠢ ᠳᠠᠪᠲᠠᠨ ᠪᠣᠯᠪᠠᠰᠤᠷᠠᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠡᠷᠬᠢᠯᠳᠡᠳᠦ ᠠᠵᠤ ᠦᠶᠯᠡᠳᠪᠦᠷᠢ᠎ᠶ᠋ᠢᠨ ᠱᠢᠰᠲ᠋ᠧᠮ᠎ᠢ ᠴᠤᠭ᠍ᠴᠠᠯᠠᠨ᠎ᠠ᠃ ᠬᠦᠷᠢᠶᠡᠯᠡᠩ ᠲᠣᠭᠤᠷᠢᠭ᠎ᠢ ᠠᠵᠤ ᠦᠶᠯᠡᠳᠪᠦᠷᠢ᠎ᠶ᠋ᠢᠨ ᠬᠥᠭ᠌ᠵᠢᠯᠲᠡ᠎ᠶ᠋ᠢᠨ ᠭᠤᠤᠯ ᠰᠠᠭᠤᠷᠢᠨ ᠪᠣᠯᠭᠠᠬᠤ᠎ᠶ᠋ᠢ ᠪᠠᠷᠢᠮᠲᠠᠯᠠᠵᠤ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ ᠲᠡᠢᠰᠢ ᠲᠥᠪᠯᠡᠷᠡᠬᠦ᠌᠎ᠶ᠋ᠢ ᠬᠥᠲᠥᠯᠥᠨ ᠵᠢᠯᠣᠭᠤᠳᠤᠨ᠎ᠠ᠃ ᠬᠠᠳᠠᠭᠠᠯᠠᠭ᠍ᠳᠠᠵᠤ ᠪᠠᠢᠶᠭ᠎ᠠ ᠨᠡᠭᠦᠷᠡᠰᠦ ᠴᠠᠬᠢᠯᠭᠠᠨ᠂ ᠥᠩᠭᠡᠲᠦ ᠲᠡᠮᠦᠷᠯᠢᠭ ᠵᠡᠷᠭᠡ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠨᠦᠬᠦᠪᠥᠷᠢᠯᠡᠬᠦ᠌᠎ᠶ᠋ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠲᠦᠷᠭᠡᠳᠭᠡᠨ᠎ᠡ᠃ ᠭᠤᠷᠪᠠᠳᠤᠭᠠᠷ ᠠᠵᠤ ᠦᠶᠯᠡᠰ᠎ᠤᠨ ᠲᠠᠯ᠎ᠠ᠎ᠪᠠᠷ᠂ ᠳᠡᠭᠡᠳᠦ ᠲᠡᠰ᠎ᠤᠨ ᠵᠢᠭᠤᠯᠴᠢᠯᠠᠯ᠎ᠤᠨ ᠦᠶᠯᠡᠰ᠎ᠢᠶᠠᠷ ᠳᠠᠭᠠᠭᠤᠯᠤᠭ᠍ᠴᠢ ᠪᠤᠯᠭᠠᠵᠦ᠍᠂ ᠤᠳᠤ ᠦᠶ᠎ᠡ᠎ᠶ᠋ᠢᠨ ᠠᠮᠢ ᠠᠬᠤᠶ᠎ᠶ᠋ᠢᠨ ᠦᠶᠯᠡᠴᠢᠯᠡᠭᠡᠨ᠎ᠤ ᠦᠶᠯᠡᠰ᠎ᠤᠨ ᠱᠢᠰᠲ᠋ᠧᠮ᠎ᠢ ᠴᠤᠭ᠍ᠴᠠᠯᠠᠨ᠎ᠠ᠃ ᠠᠮᠢ ᠠᠬᠤᠢ᠎ᠶ᠋ᠢᠨ ᠶᠡᠭᠡ ᠬᠠᠮᠠᠭᠠᠯᠠᠯᠲᠠ᠎ᠶ᠋ᠢ ᠬᠠᠮᠲᠤ᠎ᠪᠠᠷ ᠠᠳᠭᠤᠵᠤ᠂ ᠪᠦᠬᠦ᠌ ᠣᠷᠣᠨ ᠪᠦᠰᠡ᠎ᠶ᠋ᠢᠨ ᠶᠡᠭᠡ ᠵᠢᠭᠤᠯᠴᠢᠯᠠᠯ᠎ᠢ ᠠᠬᠢᠭᠤᠯᠵᠤ᠂ ᠤᠤᠭᠠᠯ ᠠᠮᠢ ᠠᠬᠤᠶ᠎ᠶ᠋ᠢᠨ᠂ ᠠᠷᠠᠳ᠎ᠤᠨ ᠵᠠᠩᠱᠢᠯ ᠤᠯᠠᠨᠲᠠᠢ᠂ ᠳᠡᠯᠡᠬᠡᠢᠵᠢᠭ᠌ᠰᠡᠨ᠂ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠶᠣᠰᠣᠭᠠᠷ᠂ ᠨᠠᠩ ᠣᠯᠠᠨ ᠰᠣᠳᠣᠨ ᠵᠠᠮ ᠱᠤᠭᠤᠮ ᠪᠠ A ᠲᠠᠰ᠎ᠤᠨ ᠳᠡᠭᠡᠳᠦ ᠲᠠᠰ᠎ᠤᠨ ᠦᠵᠡᠮᠵᠢ᠎ᠶ᠋ᠢᠨ ᠣᠷᠣᠨ᠎ᠢ ᠴᠤᠭ᠍ᠴᠠᠯᠠᠨ᠎ᠠ᠃ ᠣᠷᠣᠨ ᠨᠤᠲᠤᠭ ᠪᠠ ᠠᠵᠤ ᠠᠬᠤᠢᠯᠠᠯ᠎ᠤᠨ ᠬᠤᠭᠤᠷᠣᠨᠳᠣᠬᠢ᠂ ᠣᠷᠣᠨ ᠪᠦᠰᠡ᠎ᠶ᠋ᠢᠨ ᠬᠤᠭᠤᠷᠣᠨᠳᠣᠬᠢ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠥᠯᠥᠨ ᠪᠦᠢᠷ ᠬᠤᠳᠠ᠎ᠶ᠋ᠢᠨ ᠵᠢᠭᠤᠯᠴᠢᠯᠠᠯ᠎ᠤᠨ ᠦᠢᠯᠡᠰ᠎ᠤᠨ ᠪᠦᠬᠦ᠌ ᠲᠠᠯ᠎ᠠ᠎ᠪᠠᠷ ᠳᠡᠰ ᠳᠡᠪᠱᠢᠬᠦ᠌᠎ᠶ᠋ᠢ ᠠᠬᠢᠭᠤᠯᠤᠨ᠎ᠠ᠃ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠤᠨ ᠲᠠᠯ᠎ᠠ᠎ᠪᠠᠷ᠂ ᠠᠮᠢ ᠠᠬᠤᠢ᠎ᠶ᠋ᠢᠨ ᠡᠨᠧᠷᠭᠢ ᠣᠯᠭᠤᠬᠤ ᠱᠢᠨ᠎ᠡ ᠣᠷᠣᠨ ᠵᠠᠢ᠎ᠶ᠋ᠢ ᠠᠭᠤᠳᠠᠯᠵᠤ᠂ ᠨᠡᠩ ᠤᠯᠠᠨ ᠠᠵᠤ ᠠᠬᠤᠢ᠎ᠶ᠋ᠢᠨ ᠨᠡᠮᠡᠭ᠌ᠳᠡᠯ᠎ᠤᠨ ᠴᠡᠭ᠎ᠢ ᠪᠤᠢᠵᠢᠭᠤᠯᠤᠨ᠎ᠠ᠃ ᠬᠦᠢᠲᠡᠨ ᠭᠠᠵᠠᠷ᠎ᠤᠨ ᠠᠵᠤ ᠠᠬᠤᠶ᠎ᠶ᠋ᠢ ᠴᠢᠨᠠᠷ ᠰᠠᠢᠲᠠᠶ ᠬᠥᠭ᠌ᠵᠢᠭᠦᠯᠵᠦ᠍᠂ ᠴᠠᠰᠤ ᠮᠥᠰᠥᠨ᠎ᠤ ᠪᠡᠶ᠎ᠡ᠎ᠶ᠋ᠢᠨ ᠲᠠᠮᠢᠷ᠂ ᠴᠠᠰᠤ ᠮᠥᠰᠥᠨ᠎ᠤ ᠵᠢᠭᠤᠯᠴᠢᠯᠠᠯ ᠵᠡᠷᠭᠡ᠎ᠪᠠᠷ ᠭᠤᠤᠯ ᠪᠣᠯᠭᠠᠭ᠍ᠰᠠᠨ ᠴᠠᠰᠤ ᠮᠥᠰᠥᠨ᠎ᠤ ᠠᠵᠤ ᠦᠶᠯᠡᠰ᠎ᠤᠨ ᠱᠢᠰᠲ᠋ᠧᠮ᠎ᠢ ᠴᠤᠭ᠍ᠴᠠᠯᠠᠨ᠎ᠠ᠃ 《ᠬᠥᠬᠡ ᠣᠭ᠍ᠲᠠᠷᠭᠤᠢ᠎ᠶ᠋ᠢᠨ ᠠᠵᠤ ᠠᠬᠤᠢ》 ᠎ᠶ᠋ᠢ ᠲᠦᠷᠭᠡᠳᠭᠡᠨ ᠬᠥᠭ᠌ᠵᠢᠭᠦᠯᠵᠦ᠍᠂ ᠡᠵᠡᠩᠨᠡᠯᠲᠡ᠎ᠶ᠋ᠢᠨ ᠦᠢᠯᠡᠴᠢᠯᠡᠭᠡ᠂ ᠠᠭᠠᠷ᠎ᠤᠨ ᠠᠶᠠᠯᠠᠯ᠎ᠤᠨ ᠪᠠᠷᠠᠭᠠᠨ᠎ᠤ ᠭᠦᠢᠯᠭᠡᠭᠡ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠢᠳᠡᠮ ᠬᠡᠷᠡᠭ᠌ᠯᠡᠭᠡᠨ᠎ᠤ ᠠᠭᠠᠷ᠎ᠤᠨ ᠠᠶᠠᠯᠠᠯ᠎ᠤᠨ ᠠᠵᠤ ᠦᠢᠯᠡᠰ᠎ᠤᠨ ᠰᠠᠭᠤᠷᠢᠨ᠎ᠢ ᠪᠠᠢᠭᠤᠯᠤᠨ᠎ᠠ᠃ ᠬᠦᠢᠲᠡᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠶᠡᠭᠡ ᠬᠡᠮᠵᠢᠶᠡᠨ᠎ᠤ ᠬᠠᠳᠠᠭᠠᠯᠠᠯᠲᠠ᠂ ᠤᠶᠤᠨᠲᠤ ᠦᠵᠦᠭᠦᠷᠯᠢᠭ ᠪᠠ ᠬᠦᠢᠲᠡᠨ ᠠᠭᠤᠷ ᠠᠮᠢᠰᠭᠤᠯ᠎ᠤᠨ ᠭᠠᠮᠱᠢᠭ᠎ᠤᠨ ᠪᠡᠯᠡᠳᠭᠡᠯ᠎ᠤᠨ ᠳ᠋ᠡᠢᠲ᠋ᠠ᠎ᠶ᠋ᠢᠨ ᠲᠥᠪ᠎ᠢ ᠢᠳᠡᠪᠬᠢᠲᠡᠢ ᠬᠥᠭ᠌ᠵᠢᠭᠦᠯᠦᠨ᠎ᠡ᠃ ᠣᠨᠴᠠᠯᠢᠭ᠍ᠲᠤ ᠵᠢᠩᠬᠢᠨᠢ ᠡᠮ᠎ᠤᠨ ᠮᠠᠲ᠋ᠧᠷᠢᠶᠠᠯ ᠦᠶᠯᠡᠳᠪᠦᠷᠢᠯᠡᠬᠦ᠌ ᠰᠠᠭᠤᠷᠢᠨ᠎ᠢ ᠪᠦᠲᠦᠭᠡᠨ ᠪᠠᠢᠭᠤᠯᠵᠤ᠂ ᠡᠮ ᠡᠮᠨᠡᠯᠭᠡ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠰᠠᠨᠠᠭᠠᠴᠢᠯᠠᠭᠠᠳᠦ ᠦᠶᠯᠡᠴᠢᠯᠡᠭᠡ᠎ᠶ᠋ᠢ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠪᠦᠲᠦᠮᠵᠢᠲᠡᠶ ᠠᠭᠤᠰᠤᠯᠴᠠᠭᠤᠯᠵᠤ᠂ ᠬᠥᠭ᠌ᠵᠢᠯᠲᠡ᠎ᠶ᠋ᠢᠨ ᠳᠠᠪᠠᠭᠤᠯᠢᠭ᠎ᠤᠨ ᠨᠦᠭᠡᠴᠡ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠨ᠎ᠡ᠃ ᠤᠯᠤᠰ᠎ᠤᠨ ᠳᠣᠲᠣᠭᠠᠳᠤ᠎ᠶ᠋ᠢᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠲᠤ ᠪᠦᠬᠦ᠌ ᠲᠠᠯ᠎ᠠ᠎ᠪᠠᠷ ᠠᠭᠤᠰᠤᠯᠴᠠᠵᠤ᠂ ᠦᠶᠯᠡᠳᠪᠦᠷᠢᠯᠡᠯ᠂ ᠬᠤᠪᠢᠶᠠᠷᠢᠯᠠᠯᠲᠠ᠂ ᠭᠦᠶᠯᠭᠡᠭᠡ᠂ ᠬᠡᠷᠡᠭ᠌ᠯᠡᠭᠡᠨ᠎ᠤ ᠡᠯ᠎ᠡ ᠭᠤᠭ᠍ᠴᠤᠭ᠎ᠠ᠎ᠶ᠋ᠢ ᠨᠡᠪᠲᠡᠷᠡᠭᠦᠯᠦᠨ᠎ᠡ᠃ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠵᠦ᠍ ᠵᠠᠬ᠎ᠠ ᠳᠡᠯᠭᠡᠭᠦᠷ ᠵᠠᠯᠭᠠᠯᠳᠤᠨ ᠬᠠᠷᠢᠯᠴᠠᠨ ᠠᠭᠤᠰᠤᠯᠴᠠᠬᠤ᠎ᠶ᠋ᠢ ᠭᠦᠨᠵᠡᠭᠡᠢᠷᠡᠭᠦᠯᠵᠦ᠍᠂ ᠨᠡᠪᠲᠡᠷᠡᠬᠦ᠌ ᠵᠠᠮ᠎ᠤᠨ ᠠᠵᠤ ᠠᠬᠤᠢ᠎ᠶ᠋ᠢ ᠰᠠᠭᠤᠷᠢᠱᠢᠬᠤ ᠠᠵᠤ ᠠᠬᠤᠶ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠬᠥᠯᠥᠨ ᠪᠦᠢᠷ᠎ᠤᠨ ᠳᠤᠮᠳᠠᠳᠤ ᠣᠷᠣᠰ ᠮᠤᠩᠭᠤᠯ᠎ᠤᠨ ᠬᠠᠮᠲᠤᠷᠠᠯᠴᠠᠭᠠᠨ᠎ᠤ ᠬᠤᠱᠢᠭᠤᠴᠢ ᠤᠷᠤᠨ᠂ ᠮᠠᠨᠵᠤᠤᠷ᠎ᠤᠨ ᠤᠯᠤᠰ᠎ᠤᠨ ᠭᠤᠣᠯᠳᠠᠯᠭ᠎ᠠ᠎ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠥᠪᠥᠷ ᠮᠣᠩᠭᠤᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠯᠥᠨ ᠪᠦᠢᠷ᠎ᠲᠠᠬᠢ ᠵᠠᠯᠭᠠᠯᠳᠤᠭ᠍ᠰᠠᠨ ᠣᠷᠣᠨ᠎ᠢ ᠪᠦᠲᠦᠭᠡᠨ ᠪᠠᠢᠭᠤᠯᠤᠨ᠎ᠠ᠃ ᠬᠠᠮᠲᠤ᠎ᠪᠠᠷ ᠵᠥᠪᠳᠡᠯᠴᠡᠨ ᠬᠠᠮᠲᠤ᠎ᠪᠠᠷ ᠪᠠᠢᠭᠤᠯᠵᠤ ᠬᠠᠮᠲᠤ᠎ᠪᠠᠷ ᠠᠱᠢᠭ ᠬᠦᠷᠲᠡᠨ ᠬᠠᠮᠲᠤ᠎ᠪᠠᠷ ᠡᠳ᠋ᠯᠡᠬᠦ᠌᠎ᠶ᠋ᠢ ᠭᠦᠨᠵᠡᠭᠡᠢᠷᠡᠭᠦᠯᠵᠦ᠍᠂ ᠵᠡᠭᠦᠨ ᠬᠤᠢᠲᠤ ᠣᠷᠣᠨ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠢᠮᠠᠭ ᠬᠤᠲᠠ᠎ᠯᠤᠭ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠲᠠᠷᠢᠶᠠᠯᠠᠬᠤ ᠣᠷᠣᠨ᠂ ᠮᠠᠯᠵᠢᠬᠤ ᠣᠷᠣᠨ᠂ ᠱᠢᠭᠤᠢᠲᠤ ᠣᠷᠣᠨ᠂ ᠠᠲᠠᠷ ᠬᠠᠭᠠᠯᠪᠤᠷᠢᠯᠠᠯᠲᠠ᠎ᠶ᠋ᠢᠨ ᠣᠷᠣᠨ᠂ ᠬᠢᠯᠢ ᠬᠢᠵᠠᠭᠠᠷ ᠣᠷᠣᠨ᠎ᠤ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠰᠠᠭᠤᠷᠢ ᠲᠥᠬᠦᠭᠡᠷᠦᠮᠵᠢ᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠴᠢᠨᠠᠷ ᠰᠠᠢᠲᠠᠢ ᠬᠠᠩᠭᠠᠯᠭ᠎ᠠ᠎ᠶ᠋ᠢ ᠪᠡᠶᠡᠯᠡᠭᠦᠯᠦᠨ᠎ᠡ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠵᠦ᠍᠂ ᠣᠯᠠᠨ ᠳᠡᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠲᠡᠩᠴᠡᠭᠦᠷᠢᠲᠡᠢ ᠬᠥᠭ᠌ᠵᠢᠭᠦᠯᠬᠦ᠌ ᠪᠠ ᠬᠤᠲᠠ ᠬᠥᠳᠡᠭᠡ᠎ᠶ᠋ᠢ ᠨᠢᠭᠡ ᠴᠣᠭ᠍ᠴᠠᠵᠢᠭᠤᠯᠬᠤ᠎ᠶ᠋ᠢ ᠠᠬᠢᠭᠤᠯᠵᠤ᠂ ᠡᠷᠡᠭᠦᠯ ᠡᠩᠭᠡ ᠬᠥᠯᠥᠨ ᠪᠦᠢᠷ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠳᠠ ᠦᠨᠳᠦᠰᠦᠲᠡᠨ᠎ᠤ ᠪᠦᠯᠬᠦᠮᠳᠡᠯ ᠲᠠᠪᠱᠢᠯᠳᠠ ᠪᠣᠯᠤᠨ ᠬᠢᠯᠢ ᠬᠢᠵᠠᠭᠠᠷ᠎ᠤᠨ ᠲᠣᠭ᠍ᠲᠠᠭᠤᠨ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠴᠢᠨᠠᠭ᠍ᠰᠢᠳᠠ ᠪᠠᠬᠢᠵᠢᠭᠦᠯᠦᠨ᠎ᠡ᠃ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠤᠳᠠᠭᠠᠨ ᠳᠠᠭᠠᠭᠠᠮᠠᠭᠠᠶ ᠥ ᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠨ᠎ᠠ᠃ ᠪᠦᠬᠦ᠌ ᠤᠯᠤᠰ᠎ᠤᠨ ᠪᠣᠯᠪᠠᠰᠤᠨ ᠬᠤᠲᠠ᠂ ᠪᠦᠬᠦ᠌ ᠤᠯᠤᠰ᠎ᠤᠨ ᠬᠤᠲᠠ᠎ᠶ᠋ᠢᠨ ᠬᠡᠪᠴᠢᠶᠡᠨ᠎ᠤ ᠨᠡᠢᠭᠡᠮ᠎ᠤᠨ ᠵᠠᠰᠠᠯᠳᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠬᠢᠷᠢ ᠲᠡᠩᠴᠡᠭ᠌ᠰᠡᠨ ᠬᠤᠲᠠ᠎ᠶ᠋ᠢ ᠴᠢᠷᠮᠠᠢᠨ ᠪᠠᠢᠭᠤᠯᠤᠨ᠎ᠠ᠃ ᠤᠯᠤᠰ᠎ᠤᠨ ᠶᠡᠷᠦᠩᠬᠡᠶ ᠴᠣᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠪᠠᠷᠢᠮᠲᠠᠯᠠᠵᠤ᠂ ᠡᠯ᠎ᠡ ᠵᠦᠢᠯ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠨᠡᠢᠭᠡᠮ᠎ᠤᠨ ᠠᠮᠤᠷ ᠲᠦᠪᠱᠢᠨ᠎ᠤ ᠰᠡᠷᠭᠡᠢᠯᠡᠨ ᠡᠵᠡᠮᠳᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ᠎ᠤᠨ ᠲᠣᠭ᠍ᠲᠠᠭᠤᠨ ᠪᠠᠢᠳᠠᠯ ᠪᠠ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号