12 ᠰᠠᠷ᠎ᠠ᠎ᠶ᠋ᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠤᠬᠠᠭᠤᠯᠤᠨ ᠲᠠᠢᠯᠪᠤᠷᠢᠯᠠᠬᠤ ᠰᠠᠯᠪᠤᠷᠢ ᠠᠩᠭᠢ ᠡᠷᠢᠶᠡᠨ ᠬᠤᠲᠠ᠎ᠳᠤ ᠬᠦᠷᠴᠦ᠍᠂ ᠤᠷᠢᠳ ᠬᠤᠵᠢᠳ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠡᠷᠢᠶᠡᠨ ᠬᠤᠲᠠ᠎ᠶ᠋ᠢᠨ ᠣᠯᠠᠨ ᠤᠯᠤᠰ᠎ᠤᠨ ᠳᠡᠭᠡᠳᠦ ᠰᠤᠷᠭᠠᠭᠤᠯᠢ᠂ ᠳ᠋ᠦᠩᠴᠧᠩ ᠨᠡᠢᠭᠡᠮ ᠲᠣᠭᠤᠷᠢᠭ᠎ᠲᠤ ᠭᠦᠨᠵᠡᠭᠡᠢᠷᠡᠨ᠂ ᠪᠠᠢᠭᠤᠯᠭ᠎ᠠ᠎ᠶ᠋ᠢᠨ ᠺᠠᠳ᠋ᠷᠴᠤᠳ᠂ ᠪᠠᠭ᠍ᠰᠢ ᠰᠤᠷᠤᠭ᠍ᠴᠢᠳ᠂ ᠨᠡᠢᠭᠡᠮ ᠲᠣᠭᠤᠷᠢᠭ᠎ᠤᠨ ᠺᠠᠳ᠋ᠷ ᠣᠯᠠᠨ ᠲᠦᠮᠡᠨ᠎ᠲᠠᠢ ᠶᠠᠷᠢᠯᠴᠠᠬᠤ ᠬᠤᠷᠠᠯ ᠬᠢᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠤᠯᠤᠨ ᠬᠤᠷᠠᠯ᠎ᠤᠨ ᠠᠬᠤᠶ ᠪᠠᠢᠳᠠᠯ᠂ ᠱᠢᠨ᠎ᠡ ᠦᠵᠡᠯ ᠰᠠᠨᠠᠭ᠎ᠠ᠂ ᠱᠢᠨ᠎ᠡ ᠬᠠᠷᠠᠯᠲᠠ᠂ ᠱᠢᠨ᠎ᠡ ᠠᠶᠠᠨ ᠵᠡᠷᠭᠡ ᠳᠥᠷᠪᠡᠨ ᠲᠠᠯ᠎ᠠ᠎ᠪᠠᠷ ᠭᠦᠨᠵᠡᠭᠡᠶ ᠲᠠᠢᠯᠤᠮᠵᠢ ᠬᠢᠵᠦ᠍᠂ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠢᠶᠡᠨ ᠬᠤᠲᠠ᠎ᠶ᠋ᠢᠨ ᠬᠦᠮᠦᠨ ᠠᠷᠠᠳ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠬᠢᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠠᠢ᠃
ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠡᠷᠢᠶᠡᠨ ᠬᠤᠲᠠ᠎ᠶ᠋ᠢᠨ ᠣᠯᠠᠨ ᠤᠯᠤᠰ᠎ᠤᠨ ᠳᠡᠭᠡᠳᠦ ᠰᠤᠷᠭᠠᠭᠤᠯᠢ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠸᠠᠩ ᠯᠢ ᠬᠤᠸᠠ ᠲᠤᠬᠠᠢ᠎ᠶ᠋ᠢᠨ ᠲᠠᠯᠠᠪᠠᠢ᠎ᠳᠤ ᠬᠦᠷᠦᠯᠴᠡᠨ ᠢᠷᠡᠭ᠌ᠰᠡᠨ 200 ᠭᠠᠷᠤᠢ ᠪᠠᠭ᠍ᠰᠢ ᠰᠤᠷᠤᠭ᠍ᠴᠢ᠎ᠳᠤ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠪᠠᠭ᠍ᠰᠢ ᠰᠤᠷᠤᠭ᠍ᠴᠢᠳ᠎ᠲᠠᠢ ᠪᠤᠳᠤᠯ ᠰᠠᠨᠠᠯ᠎ᠢᠶᠠᠨ ᠰᠣᠯᠢᠯᠴᠠᠪᠠ᠃ ᠫᠷᠤᠹᠧᠰᠰᠤᠷ ᠸᠠᠩ ᠯᠢ ᠬᠤᠸᠠ᠄ 《ᠡᠨᠡ ᠤᠳᠠᠭ᠎ᠠ᠎ᠶ᠋ᠢᠨ ᠪᠦᠬᠦᠳᠠ ᠬᠤᠷᠠᠯ ᠪᠣᠯ ᠮᠠᠨ᠎ᠤ ᠤᠯᠤᠰ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠭ᠍ᠰᠠᠨ ᠪᠦᠬᠦ᠌ ᠲᠠᠯ᠎ᠠ᠎ᠶ᠋ᠢᠨ ᠴᠢᠨᠠᠷᠲᠠᠢ᠂ ᠲᠡᠦᠬᠡᠲᠦ ᠠᠴᠢ ᠬᠤᠯᠪᠣᠭ᠍ᠳᠠᠯ᠎ᠲᠠᠢ ᠴᠢᠬᠤᠯᠠ ᠬᠤᠷᠠᠯ ᠪᠣᠯᠤᠨ᠎ᠠ》 ᠭᠡᠪᠡ᠃ ᠲᠡᠷᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠂ ᠪᠥᠬᠦᠳᠡ ᠬᠤᠷᠠᠯ᠎ᠤᠨ ᠬᠢᠨᠠᠨ ᠵᠥᠪᠯᠡᠵᠦ᠍ ᠪᠠᠲᠤᠯᠠᠭ᠍ᠰᠠᠨ 《ᠰᠠᠨᠠᠭᠤᠯᠭ᠎ᠠ》᠂ ᠪᠥᠬᠦᠳᠡ ᠬᠤᠷᠠᠯ᠎ᠤᠨ 《ᠠᠯᠪᠠᠨ ᠮᠡᠳᠡᠭᠡ》 ᠶ᠋ᠢᠨ ᠲᠤᠭᠤᠷᠢᠨ᠎ᠳᠤ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠲᠣᠪᠤᠢᠮ᠎ᠠ ᠠᠮᠵᠢᠯᠲᠠ ᠪᠦᠲᠦᠮᠵᠢ᠎ᠶ᠋ᠢ ᠡᠷᠭᠢᠴᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭᠠᠨ᠎ᠤ ᠱᠢᠨ᠎ᠡ ᠣᠨᠴᠠᠯᠢᠭ ᠪᠠ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠶ᠋ᠢᠨ ᠭᠤᠤᠯ ᠠᠭᠤᠯᠭ᠎ᠠ᠎ᠶ᠋ᠢ ᠭᠦᠨᠵᠡᠭᠡᠶ ᠵᠠᠳᠠᠯᠵᠤ᠂ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠶ᠋ᠢᠨ ᠴᠢᠬᠤᠯᠠ ᠣᠨᠴᠠᠯᠢᠭ᠂ ᠭᠢᠯᠠᠰ ᠴᠡᠭ ᠪᠠ ᠯᠣᠭᠢᠭ᠎ᠤᠨ ᠭᠤᠣᠯ ᠱᠤᠭᠤᠮ᠎ᠢ ᠲᠣᠳᠣᠷᠬᠠᠶ ᠵᠢᠭᠠᠨ ᠭᠠᠷᠭᠠᠵᠤ᠂ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠵᠢᠯᠣᠭᠤᠤᠡᠬᠤ ᠴᠢᠭ᠌ᠯᠡᠯᠲᠡ᠂ ᠬᠠᠷᠠᠯᠲᠠ ᠡᠭᠦᠷᠭᠡ ᠵᠢᠴᠢ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢᠨ ᠲᠤᠬᠠᠢ ᠭᠦᠨᠵᠡᠭᠡᠶ ᠲᠠᠢᠯᠪᠤᠷᠢᠯᠠᠪᠠ᠃
ᠸᠠᠩ ᠯᠢ ᠬᠤᠸᠠ ᠫᠷᠤᠹᠧᠰᠰᠤᠷ ᠪᠠᠭ᠍ᠰᠢ ᠰᠤᠷᠤᠭ᠍ᠴᠢᠳ᠎ᠲᠠᠢ ᠮᠠᠰᠢ ᠴᠢᠯᠦᠭᠡᠲᠡᠢ᠎ᠪᠠᠷ ᠰᠠᠨᠠᠯ ᠪᠤᠳᠤᠯ᠎ᠢᠶᠠᠨ ᠰᠤᠯᠢᠯᠴᠠᠵᠤ ᠪᠠᠢᠯ᠎ᠠ᠃ ᠸᠠᠩ ᠯᠢ ᠬᠤᠸᠠ ᠫᠷᠤᠹᠧᠰᠰᠤᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠣᠢᠯᠠᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠰᠡᠯᠡᠩ᠎ᠲᠠᠢ᠂ ᠡᠷᠳᠡᠮ᠎ᠲᠠᠢ᠂ ᠬᠠᠷᠢᠭᠤᠴᠠᠯᠭ᠎ᠠ ᠡᠭᠦᠷᠭᠡᠯᠡᠯ᠎ᠲᠠᠢ ᠵᠠᠯᠠᠭᠤ ᠨᠢᠭᠡ ᠦᠶ᠎ᠡ᠎ᠶ᠋ᠢᠨ᠎ᠬᠢᠨ ᠪᠣᠯᠬᠤ ᠬᠡᠷᠡᠭ᠌ᠲᠡᠶ ᠬᠡᠰᠡᠨ᠎ᠳᠤ᠂ ᠰᠤᠷᠤᠭ᠍ᠴᠢᠳ ᠴᠤ᠌ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠬᠦᠴᠦᠨ ᠴᠢᠳᠠᠯ᠎ᠢᠶᠠᠨ ᠡᠷᠭᠦᠵᠡᠭᠡᠨᠡ》 ᠭᠡᠵᠦ᠍ ᠰᠠᠨᠠᠯ ᠨᠢᠭᠡᠳᠡᠢ ᠬᠡᠯᠡᠵᠡᠭᠡᠪᠡ᠃
ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠡᠷᠢᠶᠡᠨ ᠬᠤᠲᠠ᠎ᠶ᠋ᠢᠨ ᠣᠯᠠᠨ ᠤᠯᠤᠰ᠎ᠤᠨ ᠳᠡᠭᠡᠳᠤ ᠰᠤᠷᠭᠠᠭᠤᠯᠢ᠎ᠶ᠋ᠢᠨ ᠮᠣᠩᠭᠤᠯ ᠬᠡᠯᠡ ᠤᠳᠭ᠎ᠠ ᠵᠣᠬᠢᠶᠠᠯ᠎ᠤᠨ ᠰᠠᠯᠪᠤᠷᠢ᠎ᠶ᠋ᠢᠨ ᠰᠤᠷᠤᠭ᠍ᠴᠢ ᠨᠠᠪᠴᠢ᠄ 《ᠰᠣᠶᠣᠯ ᠲᠡᠤᠬᠡ᠎ᠶ᠋ᠢᠨ ᠲᠤᠰᠭᠠᠢ ᠮᠡᠷᠭᠡᠵᠢᠯ᠎ᠤᠨ ᠣᠶᠤᠲᠠᠨ ᠪᠣᠯᠤᠭ᠍ᠰᠠᠨ᠎ᠤ ᠬᠤᠪᠢ᠎ᠳᠤ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠯᠭ᠎ᠠ ᠠᠮᠢᠳᠤᠷᠠᠯ᠎ᠳᠠᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ》 ᠭᠡᠯ᠎ᠠ᠃