— ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠬ᠎ᠤᠨ ᠲᠢᠩᠬᠢᠮ᠎ᠤᠨ ᠲᠠᠷᠤᠭ᠎ᠠ ᠰᠦᠢ ᠸᠧᠢ ᠵᠢᠶᠦ᠋ᠨ᠎ᠢ ᠰᠤᠷᠪᠤᠯᠵᠢᠯᠠᠬ᠍ᠰᠠᠨ᠎ᠨᠢ
ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠠᠴᠠ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢᠨ ᠱᠢᠨ᠎ᠠ ᠲᠠᠪᠱᠢᠯᠳᠠ᠎ᠶ᠋ᠢ ᠪᠡᠶᠡᠯᠡᠬᠦᠯᠦᠨ᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠨᠡᠬᠡᠬᠡᠯᠳᠡ ᠬᠠᠮᠠᠭᠠᠯᠠᠯᠳᠠ᠎ᠶ᠋ᠢᠨ ᠪᠠᠢᠷᠢᠱᠢᠯ᠎ᠢ ᠱᠢᠯᠢᠳᠡᠭ᠌ᠵᠢᠬᠦᠯᠦᠨ᠂ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢᠨ ᠪᠤᠬᠢᠷᠳᠤᠯ ᠦᠬᠡᠢ ᠬᠡᠯᠪᠡᠷᠢ᠎ᠶ᠋ᠢᠨ ᠬᠤᠪᠢᠷᠠᠭᠤᠯᠤᠯᠳᠠ᠎ᠶ᠋ᠢᠨ ᠦᠷ᠎ᠠ ᠪᠦᠲᠦᠮᠵᠢ᠎ᠶ᠋ᠢ ᠢᠯᠡᠷᠬᠡᠢᠱᠢᠬᠦᠯᠦᠨ᠂ ᠡᠨᠧᠷᠬᠢ᠎ᠶ᠋ᠢᠨ ᠡᠬᠢ ᠪᠠᠶᠠᠯᠢᠬ᠎ᠤᠨ ᠲᠤᠬᠢᠷᠠᠭᠤᠯᠤᠯᠳᠠ᠎ᠶ᠋ᠢ ᠨᠡᠩ ᠵᠦᠢ ᠵᠤᠬᠢᠰᠳᠠᠢ ᠪᠤᠯᠭᠠᠨ᠂ ᠠᠱᠢᠬ᠍ᠯᠠᠯᠳᠠ᠎ᠶ᠋ᠢᠨ ᠨᠤᠷᠮ᠎ᠠ᠎ᠶ᠋ᠢ ᠶᠡᠭᠡ᠎ᠪᠠᠷ ᠲᠡᠭᠡᠭ᠌ᠰᠢᠯᠡᠬᠦᠯᠦᠨ᠂ ᠭᠤᠤᠯ ᠪᠤᠯᠬᠤ ᠪᠤᠬᠢᠷᠳᠤᠯ ᠪᠤᠳᠠᠰ᠎ᠤᠨ ᠭᠠᠳᠠᠬ᠍ᠰᠢᠯᠠᠭᠤᠯᠤᠯᠳᠠᠶ᠋ᠢᠨ ᠶᠡᠷᠦᠩᠬᠡᠢ ᠬᠡᠮᠵᠢᠶ᠎ᠠ᠎ᠶ᠋ᠢ ᠦᠷᠬᠦᠯᠵᠢᠯᠡᠨ ᠪᠠᠭᠠᠰᠭᠠᠵᠦ᠍᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠨᠡᠩ ᠪᠠᠬᠢᠵᠢᠬᠦᠯᠦᠨ᠂ ᠬᠤᠳᠠ ᠬᠦᠳᠡᠭᠡ᠎ᠶ᠋ᠢᠨ ᠠᠮᠢᠳᠤᠷᠠᠨ ᠤᠷᠤᠱᠢᠬᠤ ᠤᠷᠴᠢᠨ ᠲᠤᠭᠤᠷᠢᠨ᠎ᠢ ᠢᠯᠡᠷᠬᠡᠢ ᠰᠠᠢᠵᠢᠷᠠᠭᠤᠯᠤᠨ᠎ᠠ ᠭᠡᠵᠦ᠍ ᠲᠤᠷᠠᠳᠴᠠᠢ᠃ 《ᠠᠷᠪᠠᠨ ᠲᠦᠷᠪᠡᠳᠦᠬᠡᠷ ᠲᠠᠪᠤᠨ ᠵᠢᠯ》 ᠤᠨ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠬ᠎ᠤᠨ ᠲᠢᠩᠬᠢᠮ ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠤᠷᠢᠬ ᠰᠠᠨᠠᠭ᠎ᠠ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠤᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ ᠦᠶ᠎ᠠ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠤᠷᠢᠬ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠬᠤ ᠪᠤᠢ? ᠡᠨᠡ ᠬᠦ᠌ ᠭᠤᠤᠯ ᠰᠡᠳᠦᠪ᠎ᠤᠨ ᠲᠤᠭᠤᠷᠢᠨ᠎ᠳᠤ᠂ ᠰᠤᠷᠪᠤᠯᠵᠢᠯᠠᠬ᠍ᠴᠢ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠬ᠎ᠤᠨ ᠲᠢᠩᠬᠢᠮ᠎ᠤᠨ ᠲᠠᠷᠤᠭ᠎ᠠ ᠰᠦᠢ ᠸᠧᠢ ᠵᠢᠶᠦ᠋ᠨ᠎ᠢ ᠰᠤᠷᠪᠤᠯᠵᠢᠯᠠᠪᠠ᠃

ᠰᠦᠢ ᠸᠧᠢ ᠵᠢᠶᠦ᠋ᠨ᠂ 《ᠠᠷᠪᠠᠨ ᠲᠦᠷᠪᠡᠳᠦᠬᠡᠷ ᠲᠠᠪᠤᠨ ᠵᠢᠯ》 ᠤᠨ ᠬᠤᠭᠤᠴᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠬ᠎ᠤᠨ ᠲᠢᠩᠬᠢᠮ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠡᠷᠡᠰ ᠭᠤᠢᠪᠢᠰᠢ ᠦᠬᠡᠢ ᠲᠤᠭᠤᠱᠢᠯᠠᠭᠤᠯᠤᠨ᠂ 《ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠦ᠍᠂ ᠪᠤᠬᠢᠷᠳᠤᠯ ᠦᠬᠡᠢ ᠬᠦᠭ᠌ᠵᠢᠯᠳᠡ᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢ ᠬᠠᠢᠨ ᠰᠦᠪᠡᠭ᠌ᠴᠢᠯᠡᠬᠦ᠌》 ᠶ᠋ᠢᠨ ᠲᠤᠭᠤᠷᠢᠨ᠎ᠳᠤ᠂ ᠮᠠᠨ᠎ᠤ ᠤᠯᠤᠰ᠎ᠤᠨ ᠤᠮᠠᠷᠠᠳᠤ᠎ᠶ᠋ᠢᠨ ᠠᠮᠢ ᠠᠬᠤᠢ᠎ᠶ᠋ᠢᠨ ᠴᠢᠬᠤᠯᠠ ᠬᠠᠯᠬᠠᠪᠴᠢ ᠪᠠ ᠡᠬᠡ ᠤᠯᠤᠰ᠎ᠤᠨ ᠤᠮᠠᠷᠠᠳᠤ ᠬᠢᠯᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠴᠤᠬ᠍ᠴᠠᠯᠠᠬᠤ᠎ᠶ᠋ᠢ ᠴᠢᠩᠭ᠎ᠠ ᠠᠳᠭᠤᠨ᠂ ᠤᠯᠤᠰ᠎ᠤᠨ ᠡᠨᠧᠷᠬᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠬ᠎ᠤᠨ ᠰᠠᠭᠤᠷᠢᠨ᠂ ᠮᠠᠯ᠎ᠤᠨ ᠠᠱᠢᠬ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠬᠡᠨ ᠪᠠᠢᠭᠤᠯᠬᠤ᠎ᠶ᠋ᠢ ᠴᠢᠩᠭ᠎ᠠ ᠠᠳᠭᠤᠨ᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠳᠡ᠎ᠶ᠋ᠢ ᠪᠦᠲᠦᠬᠡᠨ ᠪᠠᠢᠭᠤᠯᠬᠤ᠎ᠶ᠋ᠢ ᠴᠢᠩᠭ᠎ᠠ ᠠᠳᠭᠤᠨ᠂ ᠪᠠᠢᠭᠠᠯᠢ᠎ᠶ᠋ᠢᠨ ᠡᠬᠢ ᠪᠠᠶᠠᠯᠢᠬ᠎ᠢ ᠨᠡᠬᠡᠬᠡᠨ ᠬᠦᠭ᠌ᠵᠢᠬᠦᠯᠬᠦ᠌᠎ᠶ᠋ᠢ ᠴᠢᠬᠤᠯᠠᠴᠢᠯᠠᠵᠦ᠍ ᠪᠠᠢᠬ᠍ᠰᠠᠨ᠎ᠢ ᠬᠠᠮᠠᠭᠠᠯᠠᠬᠤ᠎ᠶ᠋ᠢ ᠴᠢᠬᠤᠯᠠᠴᠢᠯᠠᠬᠤ ᠪᠤᠯᠭᠠᠨ ᠬᠤᠪᠢᠷᠠᠭᠤᠯᠬᠤ᠂ ᠬᠢᠨᠠᠨ ᠵᠦᠪᠱᠢᠶᠡᠷᠡᠬᠦ᠌᠎ᠶ᠋ᠢ ᠴᠢᠬᠤᠯᠠᠴᠢᠯᠠᠵᠦ᠍ ᠪᠠᠢᠬ᠍ᠰᠠᠨ᠎ᠢ ᠬᠢᠨᠠᠨ ᠬᠠᠮᠢᠶᠠᠷᠬᠤ᠎ᠶ᠋ᠢ ᠴᠢᠬᠤᠯᠠᠴᠢᠯᠠᠬᠤ ᠪᠤᠯᠭᠠᠨ ᠬᠤᠪᠢᠷᠠᠭᠤᠯᠬᠤ᠂ ᠨᠡᠮᠡᠭ᠌ᠳᠡᠯ ᠬᠡᠮᠵᠢᠶ᠎ᠠ᠎ᠶ᠋ᠢ ᠴᠢᠬᠤᠯᠠᠴᠢᠯᠠᠵᠦ᠍ ᠪᠠᠢᠬ᠍ᠰᠠᠨ᠎ᠢ ᠨᠦᠬᠡᠴᠡ ᠬᠡᠮᠵᠢᠶ᠎ᠠ᠎ᠶ᠋ᠢ ᠴᠢᠬᠤᠯᠠᠴᠢᠯᠠᠬᠤ ᠪᠤᠯᠭᠠᠨ ᠬᠤᠪᠢᠷᠠᠭᠤᠯᠬᠤ᠂ ᠪᠦᠲᠦᠬᠦᠯᠢᠭ ᠬᠦᠭ᠌ᠵᠢᠯᠳᠡ᠎ᠶ᠋ᠢ ᠠᠷᠪᠢᠳᠠᠢ ᠲᠦᠪᠯᠡᠷᠡᠭ᠌ᠰᠡᠨ ᠬᠦᠭ᠌ᠵᠢᠯᠳᠡ ᠪᠤᠯᠭᠠᠨ ᠬᠤᠪᠢᠷᠠᠭᠤᠯᠬᠤ᠎ᠶ᠋ᠢ ᠪᠠᠷᠢᠮᠳᠠᠯᠠᠨ᠂ ᠪᠠᠢᠭᠠᠯᠢ᠎ᠶ᠋ᠢᠨ ᠡᠬᠢ ᠪᠠᠶᠠᠯᠢᠬ᠎ᠤᠨ ᠬᠠᠮᠠᠭᠠᠯᠠᠯᠳᠠ᠂ ᠠᠱᠢᠬ᠍ᠯᠠᠯᠳᠠ ᠪᠠ ᠬᠠᠮᠢᠶᠠᠷᠤᠯᠳᠠ᠎ᠶ᠋ᠢᠨ ᠲᠦᠪᠱᠢᠨ᠎ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠬᠦ᠌᠎ᠪᠠᠷ ᠬᠠᠷᠠᠯᠳᠠ ᠪᠤᠯᠭᠠᠨ᠂ ᠪᠠᠢᠭᠠᠯᠢ᠎ᠶ᠋ᠢᠨ ᠡᠬᠢ ᠪᠠᠶᠠᠯᠢᠬ᠎ᠤᠨ ᠵᠠᠰᠠᠯᠳᠠ᠎ᠶ᠋ᠢᠨ ᠱᠢᠰᠲ᠋ᠧᠮ ᠪᠠ ᠵᠠᠰᠠᠯᠳᠠ᠎ᠶ᠋ᠢᠨ ᠴᠢᠳᠠᠪᠤᠷᠢ᠎ᠶ᠋ᠢᠨ ᠤᠳᠤᠬᠢᠴᠢᠯᠠᠯᠳᠠ᠎ᠪᠠᠷ ᠭᠤᠤᠯ ᠱᠤᠭᠤᠮ ᠪᠤᠯᠭᠠᠨ᠎ᠠ; 《ᠬᠤᠶᠠᠷ᠎ᠢ ᠨᠢᠬᠡᠳᠭᠡᠬᠦ᠌》 ᠭᠤᠤᠯ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠬᠦᠢᠴᠡᠳᠭᠡᠨ᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠪᠠᠢᠷᠢᠱᠢᠯ᠎ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠬᠦᠯᠦᠨ᠂ ᠡᠬᠢ ᠪᠠᠶᠠᠯᠢᠬ᠎ᠤᠨ ᠡᠯᠧᠮᠧᠨ᠋ᠲ᠎ᠤᠨ ᠦᠢᠯᠡᠴᠢᠯᠡᠬᠡᠨ᠎ᠤ ᠪᠠᠳᠤᠯᠠᠭ᠎ᠠ᠎ᠶ᠋ᠢ ᠴᠢᠩᠭᠠᠳᠭᠠᠨ᠎ᠠ; ᠡᠬᠢ ᠪᠠᠶᠠᠯᠢᠬ᠎ᠢ ᠠᠱᠢᠬ᠍ᠯᠠᠬᠤ ᠨᠤᠷᠮ᠎ᠠ᠎ᠶ᠋ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠦᠨ᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠳᠠ ᠰᠡᠷᠬᠦᠬᠡᠯᠳᠡ᠎ᠶ᠋ᠢ ᠠᠬᠢᠭᠤᠯᠤᠨ᠂ ᠪᠠᠢᠭᠠᠯᠢ᠎ᠶ᠋ᠢᠨ ᠡᠬᠢ ᠪᠠᠶᠠᠯᠢᠬ᠎ᠤᠨ ᠡᠳ᠋ ᠬᠦᠷᠦᠩᠬᠡ᠎ᠶ᠋ᠢᠨ ᠦᠮᠴᠢᠯᠡᠭ᠌ᠴᠢᠶ᠋ᠢᠨ ᠡᠷᠬᠡ ᠠᠱᠢᠬ᠎ᠢ ᠬᠠᠮᠠᠭᠠᠯᠠᠨ᠂ ᠪᠠᠢᠭᠠᠯᠢ᠎ᠶ᠋ᠢᠨ ᠡᠬᠢ ᠪᠠᠶᠠᠯᠢᠬ᠎ᠤᠨ ᠬᠠᠮᠢᠶᠠᠷᠤᠯᠳᠠ᠎ᠶ᠋ᠢ ᠰᠠᠭᠤᠷᠢ᠎ᠶ᠋ᠢ ᠪᠠᠬᠢᠵᠢᠬᠦᠯᠦᠨ᠂ ᠪᠦᠬᠦ᠌ ᠤᠷᠤᠨ᠎ᠤ ᠠᠵᠦ᠍ ᠠᠬᠤᠢ ᠨᠡᠢᠬᠡᠮ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠂ 《ᠬᠤᠶᠠᠷ ᠬᠠᠯᠬᠠᠪᠴᠢ》 ᠶ᠋ᠢ ᠴᠤᠬ᠍ᠴᠠᠯᠠᠨ᠂ 《ᠬᠤᠶᠠᠷ ᠰᠠᠭᠤᠷᠢᠨ》 ᠪᠠ 《ᠨᠢᠬᠡ ᠪᠠᠬᠢᠯᠡᠯᠳᠡ》 ᠶ᠋ᠢ ᠪᠦᠲᠦᠬᠡᠨ ᠪᠠᠢᠭᠤᠯᠬᠤ᠎ᠳᠤ ᠢᠳᠡᠪᠬᠢᠳᠡᠢ ᠬᠤᠪᠢ ᠨᠡᠮᠡᠷᠢ ᠦᠵᠡᠬᠦᠯᠦᠨ᠎ᠠ ᠬᠡᠵᠦ᠍ ᠭᠡᠯᠡᠪᠡ᠃
ᠰᠦᠢ ᠸᠧᠢ ᠵᠢᠶᠦ᠋ᠨ᠂ 《ᠠᠷᠪᠠᠨ ᠲᠦᠷᠪᠡᠳᠦᠬᠡᠷ ᠲᠠᠪᠤᠨ ᠵᠢᠯ》 ᠤᠨ ᠬᠤᠭᠤᠴᠠᠭᠠᠨ᠎ᠳᠤ᠂ ᠪᠠᠢᠭᠠᠯᠢ᠎ᠶ᠋ᠢᠨ ᠡᠬᠢ ᠪᠠᠶᠠᠯᠢᠬ᠎ᠤᠨ ᠲᠢᠩᠬᠢᠮ ᠲᠤᠯᠤᠭᠠᠨ ᠵᠦᠢᠯ᠎ᠤᠨ ᠠᠷᠭ᠎ᠠ ᠬᠡᠮᠵᠢᠶ᠎ᠠ ᠠᠪᠴᠤ᠌᠂ ᠪᠦᠬᠦ᠌ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠬ᠎ᠤᠨ ᠠᠵᠢᠯ᠎ᠢ ᠯᠠᠪᠳᠠᠭᠤᠨ ᠪᠠᠳᠤᠳᠠᠢ ᠠᠬᠢᠭᠤᠯᠤᠨ᠎ᠠ ᠬᠡᠵᠦ᠍ ᠢᠯᠡᠷᠭᠡᠢᠯᠡᠪᠡ᠃
ᠨᠢᠬᠡ᠎ᠳᠤ᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠪᠠᠢᠷᠢᠱᠢᠯ᠎ᠢ ᠲᠤᠬᠢᠷᠠᠭᠤᠯᠤᠨ ᠱᠢᠯᠢᠳᠡᠭ᠌ᠵᠢᠬᠦᠯᠦᠨᠠ᠃ ᠲᠦᠷᠪᠡᠨ ᠱᠠᠳᠤ ᠭᠤᠷᠪᠠᠨ ᠲᠦᠷᠦᠯ᠎ᠤᠨ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠲᠦᠯᠦᠪᠵᠢᠬᠦᠯᠬᠡ᠎ᠶ᠋ᠢ ᠨᠠᠢᠷᠠᠭᠤᠯᠤᠨ ᠵᠤᠬᠢᠶᠠᠬᠤ ᠪᠦᠬᠡᠳ ᠪᠦᠬᠦ᠌ ᠲᠠᠯ᠎ᠠ᠎ᠪᠠᠷ ᠬᠡᠷᠡᠭ᠌ᠵᠢᠬᠦᠯᠦᠨ᠂ ᠠᠮᠢ ᠠᠬᠤᠢ᠎ᠶ᠋ᠢᠨ ᠤᠷᠤᠨ ᠵᠠᠢ ᠠᠷᠢᠭᠤᠨ ᠴᠡᠪᠡᠷ᠂ ᠦᠢᠯᠡᠳᠪᠦᠷᠢᠯᠡᠯ᠎ᠤᠨ ᠤᠷᠤᠨ ᠵᠠᠢ ᠲᠦᠪᠯᠡᠷᠡᠩᠬᠦᠢ ᠠᠷᠪᠢᠳᠠᠢ ᠦᠨᠳᠦᠷ ᠪᠦᠲᠦᠮᠵᠢᠳᠡᠢ᠂ ᠠᠮᠢᠳᠤᠷᠠᠯ᠎ᠤᠨ ᠤᠷᠤᠨ ᠵᠠᠢ ᠤᠷᠤᠱᠢᠨ ᠠᠮᠢᠳᠤᠷᠠᠬᠤ᠎ᠳᠤ ᠲᠤᠬᠢᠷᠠᠮᠵᠢᠳᠠᠢ᠂ ᠠᠮᠤᠷ ᠲᠦᠪᠱᠢᠨ ᠡᠶ᠎ᠡ ᠵᠤᠬᠢᠴᠠᠩᠭᠤᠢ᠂ ᠦᠷᠢᠰᠦᠯᠳᠦᠬᠦ᠌ ᠬᠦᠴᠦᠨ᠎ᠢᠶᠠᠷ ᠴᠢᠩᠭ᠎ᠠ᠂ ᠦᠷᠬᠦᠯᠵᠢᠯᠡᠨ ᠬᠦᠭ᠌ᠵᠢᠬᠦ᠋ᠢᠴᠡ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠬᠦᠯᠦᠨ᠎ᠠ᠃ ᠦᠪᠡᠷᠳᠡᠭᠡᠨ ᠵᠠᠰᠠᠬᠤ ᠤᠷᠤᠨ᠎ᠤ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠲᠦᠯᠦᠪᠵᠢᠬᠦᠯᠬᠡ᠎ᠶ᠋ᠢᠨ ᠪᠦᠷᠢᠨ ᠵᠢᠷᠤᠬ᠎ᠤᠨ ᠬᠡᠷᠡᠭ᠌ᠵᠢᠬᠦᠯᠦᠯᠳᠡ᠎ᠳᠤ ᠬᠢᠨᠠᠯᠳᠠ ᠲᠠᠯᠪᠢᠬᠤ ᠮᠡᠳᠡᠭᠡ ᠵᠠᠩᠬᠢ᠎ᠶ᠋ᠢᠨ ᠱᠢᠰᠲ᠋ᠧᠮ᠎ᠢ ᠪᠦᠲᠦᠬᠡᠨ ᠪᠠᠢᠭᠤᠯᠵᠦ᠍᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠲᠦᠯᠦᠪᠵᠢᠬᠦᠯᠬᠡ᠎ᠶ᠋ᠢᠨ ᠬᠠᠤᠯᠢ ᠲᠦᠷᠢᠮ ᠲᠦᠷᠦ᠎ᠶ᠋ᠢᠨ ᠪᠤᠳᠤᠯᠭ᠎ᠠ ᠪᠠ ᠮᠡᠷᠬᠡᠵᠢᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠪᠦᠷᠢᠨᠱᠢᠬᠦᠯᠦᠨ᠎ᠠ᠃ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠬᠡᠷᠡᠭ᠌ᠯᠡᠯᠳᠡ᠎ᠶ᠋ᠢᠨ ᠬᠠᠮᠢᠶᠠᠷᠤᠯᠳᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ 《ᠭᠤᠷᠪᠠᠨ ᠤᠷᠤᠨ ᠭᠤᠷᠪᠠᠨ ᠱᠤᠭᠤᠮ》 ᠢ ᠵᠠᠭᠠᠬ᠍ᠯᠠᠨ ᠲᠤᠬ᠍ᠳᠠᠭᠠᠬᠤ ᠮᠦᠷᠳᠡᠭᠡᠨ ᠴᠢᠩᠭ᠎ᠠ ᠰᠠᠬᠢᠵᠦ᠍᠂ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠲᠦᠯᠦᠪᠵᠢᠬᠦᠯᠬᠡ᠎ᠪᠠᠷ ᠰᠠᠭᠤᠷᠢ ᠪᠤᠯᠭᠠᠵᠦ᠍᠂ ᠨᠢᠬᠡᠳᠦᠯᠳᠡᠢ ᠬᠡᠷᠡᠭ᠌ᠯᠡᠯᠳᠡ᠎ᠶ᠋ᠢᠨ ᠬᠠᠮᠢᠶᠠᠷᠤᠯᠳᠠ᠎ᠪᠠᠷ ᠠᠷᠭ᠎ᠠ ᠠᠪᠴᠠᠯ ᠪᠤᠯᠭᠠᠬ᠍ᠰᠠᠨ ᠤᠯᠤᠰ᠎ᠤᠨ ᠨᠤᠳᠤᠬ ᠲᠡᠪᠢᠰᠭᠡᠷ᠎ᠤᠨ ᠤᠷᠤᠨ ᠵᠠᠢ᠎ᠶ᠋ᠢᠨ ᠨᠡᠬᠡᠬᠡᠯᠳᠡ ᠬᠠᠮᠢᠶᠠᠷᠤᠯᠳᠠ᠎ᠶ᠋ᠢᠨ ᠲᠦᠷᠢᠮ᠎ᠢ ᠦᠨᠳᠦᠰᠦᠨ᠎ᠳᠡᠭᠡᠨ ᠪᠦᠷᠢᠯᠳᠦᠬᠦᠯᠦᠨ᠎ᠠ᠃
ᠬᠤᠶᠠᠷ᠎ᠲᠤ᠌᠂ ᠦᠢᠯᠡᠴᠢᠯᠡᠬᠡᠨ᠎ᠤ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠦᠨᠡᠨ ᠬᠦ᠌ ᠲᠡᠭᠡᠭ᠌ᠰᠢᠯᠡᠬᠦᠯᠦᠨᠠ᠃ ᠭᠠᠵᠠᠷ ᠱᠢᠷᠤᠢ ᠬᠡᠷᠡᠭ᠌ᠯᠡᠬᠦ᠌᠎ᠶ᠋ᠢ ᠬᠢᠨᠠᠨ ᠵᠦᠪᠱᠢᠶᠡᠷᠡᠬᠦ᠌ ᠦᠢᠯᠡᠴᠢᠯᠡᠭᠡ᠎ᠶ᠋ᠢ ᠦᠷᠬᠦᠯᠵᠢᠯᠡᠨ ᠱᠢᠯᠢᠳᠡᠭ᠌ᠵᠢᠬᠦᠯᠵᠦ᠍᠂ ᠤᠯᠤᠰ᠂ ᠦᠪᠡᠷᠳᠡᠭᠡᠨ ᠵᠠᠰᠠᠬᠤ ᠤᠷᠤᠨ᠎ᠤ ᠭᠤᠤᠯᠳᠠᠯᠭ᠎ᠠ᠎ᠲᠠᠢ ᠲᠦᠷᠦᠯ ᠵᠦᠢᠯ᠂ ᠠᠷᠠᠳ᠎ᠤᠨ ᠠᠮᠢᠳᠤᠷᠠᠯ᠎ᠤᠨ ᠲᠦᠷᠦᠯ ᠵᠦᠢᠯ ᠪᠠ ᠠᠵᠦ᠍ ᠦᠢᠯᠡᠰ᠎ᠤᠨ ᠲᠦᠷᠦᠯ ᠵᠦᠢᠯ᠎ᠤᠨ ᠲᠦᠷᠬᠡᠨ ᠦᠨᠳᠦᠷ ᠪᠦᠲᠦᠮᠵᠢᠳᠡᠢ ᠤᠨᠤᠴᠠᠳᠠᠢ᠎ᠪᠠᠷ ᠨᠤᠳᠤᠬ᠍ᠰᠢᠬᠤᠶ᠋ᠢ ᠬᠦᠴᠦᠳᠡᠢ ᠪᠠᠳᠤᠯᠠᠨ᠎ᠠ᠃ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠳᠤ ᠪᠦᠬᠦ᠌ ᠲᠠᠯ᠎ᠠ᠎ᠪᠠᠷ ᠦᠢᠯᠡᠴᠢᠯᠡᠨ᠂ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠡ᠎ᠶ᠋ᠢ ᠠᠬᠢᠭᠤᠯᠤᠨ᠂ ᠬᠦᠮᠦᠨ᠎ᠢᠶᠠᠷ ᠭᠤᠤᠯ ᠪᠤᠯᠭᠠᠬ᠍ᠰᠠᠨ ᠱᠢᠨ᠎ᠠ ᠬᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶ᠋ᠢᠨ ᠪᠦᠲᠦᠬᠡᠨ ᠪᠠᠢᠭᠤᠯᠤᠯᠳᠠ᠎ᠶ᠋ᠢ ᠠᠬᠢᠭᠤᠯᠤᠨ᠎ᠠ᠃ ᠠᠭᠤᠷᠬᠠᠢ᠎ᠶ᠋ᠢᠨ ᠡᠬᠢ ᠪᠠᠶᠠᠯᠢᠬ᠎ᠤᠨ ᠬᠠᠮᠢᠶᠠᠷᠤᠯᠳᠠ᠎ᠶ᠋ᠢ ᠴᠢᠩᠭᠠᠳᠭᠠᠨ᠂ ᠠᠭᠤᠷᠬᠠᠢ᠎ᠶ᠋ᠢᠨ ᠡᠬᠢ ᠪᠠᠶᠠᠯᠢᠬ᠎ᠤᠨ ᠲᠦᠯᠦᠪᠵᠢᠬᠦᠯᠬᠡ᠎ᠶ᠋ᠢ ᠨᠠᠢᠳᠠᠪᠤᠷᠢᠵᠢᠭᠤᠯᠤᠨ᠂ ᠠᠭᠤᠷᠬᠠᠢ᠎ᠶ᠋ᠢᠨ ᠡᠬᠢ ᠪᠠᠶᠠᠯᠢᠬ᠎ᠢ ᠨᠡᠬᠡᠬᠡᠨ ᠠᠱᠢᠬ᠍ᠯᠠᠬᠤ ᠲᠦᠪᠱᠢᠨ᠎ᠢ ᠲᠡᠭᠡᠭ᠌ᠰᠢᠯᠡᠬᠦᠯᠦᠨ᠂ ᠠᠭᠤᠷᠬᠠᠢ᠎ᠶ᠋ᠢᠨ ᠡᠬᠢ ᠪᠠᠶᠠᠯᠢᠬ᠎ᠢ ᠡᠷᠬᠢᠯᠳᠦᠬᠦᠯᠦᠨ ᠠᠱᠢᠬ᠍ᠯᠠᠬᠤ᠎ᠶ᠋ᠢ ᠠᠬᠢᠭᠤᠯᠤᠨ᠎ᠠ᠃ ᠰᠠᠭᠤᠷᠢ ᠭᠠᠵᠠᠷ ᠱᠢᠨᠵᠢᠯᠡᠬᠡᠨ᠎ᠤ ᠪᠠᠢᠴᠠᠭᠠᠯᠳᠠ ᠰᠤᠳᠤᠯᠤᠯᠳᠠ᠎ᠶ᠋ᠢ ᠴᠢᠩᠭᠠᠳᠭᠠᠨ᠂ ᠭᠠᠵᠠᠷ ᠵᠦᠢ᠎ᠶ᠋ᠢᠨ ᠬᠠᠢᠨ ᠪᠠᠢᠴᠠᠭᠠᠬᠤ ᠪᠠᠢᠷᠢᠱᠢᠯ᠎ᠢ ᠱᠢᠯᠢᠳᠡᠭ᠌ᠵᠢᠬᠦᠯᠦᠨ᠂ ᠠᠯᠠᠱᠠ ᠠᠭᠤᠯᠠ᠎ᠶ᠋ᠢᠨ ᠭᠠᠵᠠᠷ ᠵᠦᠢ᠎ᠶ᠋ᠢᠨ ᠬᠠᠢᠨ ᠪᠠᠢᠴᠠᠭᠠᠯᠳᠠ᠎ᠶ᠋ᠢ ᠴᠢᠩᠭᠠᠳᠭᠠᠨ᠂ ᠴᠡᠪᠡᠷ ᠡᠨᠧᠷᠬᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠬ᠍ᠰᠠᠨ ᠠᠭᠤᠷᠬᠠᠢ᠎ᠶ᠋ᠢᠨ ᠬᠠᠢᠨ ᠪᠠᠢᠴᠠᠭᠠᠯᠳᠠ᠎ᠶ᠋ᠢ ᠴᠢᠩᠭᠠᠳᠭᠠᠨ᠂ ᠭᠠᠵᠠᠷ ᠵᠦᠢ᠎ᠶ᠋ᠢᠨ ᠠᠭᠤᠷᠬᠠᠢ ᠬᠠᠢᠬᠤ ᠱᠢᠨ᠎ᠠ ᠲᠠᠪᠠᠯᠳᠠ᠎ᠶ᠋ᠢ ᠪᠡᠶᠡᠯᠡᠬᠦᠯᠦᠨ᠎ᠠ᠃

ᠭᠤᠷᠪᠠ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠢ ᠲᠦᠪᠯᠡᠷᠡᠬᠦᠯᠦᠨ ᠠᠷᠪᠢᠯᠠᠵᠦ᠍ ᠥᠨᠳᠥᠷ ᠪᠦᠲᠦᠮᠵᠢᠲᠡᠶ᠎ᠪᠠᠷ ᠠᠱᠢᠭ᠍ᠯᠠᠨ᠎ᠠ᠃ ᠠᠭᠤᠷᠬᠠᠢ᠎ᠶ᠋ᠢᠨ ᠡᠬᠢ ᠪᠠᠶᠠᠯᠢᠭ᠎ᠢ ᠬᠡᠪᠴᠢᠶᠡᠵᠢᠭᠦᠯᠬᠦ᠂ ᠲᠦᠪᠯᠡᠷᠡᠬᠦᠯᠦᠨ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠢ ᠠᠱᠢᠭ᠍ᠯᠠᠬᠤ ᠶᠡᠷᠦᠩᠬᠡᠶ ᠬᠡᠮᠵᠢᠶ᠎ᠡ ᠪᠠ ᠨᠡᠭᠡᠭᠡᠨ ᠠᠱᠢᠭ᠍ᠯᠠᠬᠤ ᠬᠦᠴᠦᠯᠡᠴᠡ᠎ᠶ᠋ᠢ ᠪᠦᠲᠦᠮᠵᠢᠲᠡᠶ ᠡᠵᠡᠮᠳᠡᠵᠦ᠍᠂ ᠲᠥᠯᠥᠪᠦᠷᠢ᠎ᠲᠠᠢ᠎ᠪᠠᠷ ᠬᠡᠷᠡᠭ᠌ᠯᠡᠬᠦ᠌ ᠲᠦᠷᠢᠮ᠎ᠤᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃ ᠬᠤᠲᠠ ᠬᠥᠳᠡᠭᠡ᠎ᠶ᠋ᠢᠨ ᠨᠢᠭᠡᠳᠦᠯᠲᠡᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠤᠢ᠎ᠶ᠋ᠢᠨ ᠵᠠᠬ᠎ᠠ ᠳᠡᠯᠭᠡᠭᠦᠷ᠎ᠢ ᠲᠦᠷᠭᠡᠳᠭᠡᠨ ᠴᠤᠬ᠍ᠴᠠᠯᠠᠵᠦ᠍᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠭᠠᠵᠠᠷ ᠱᠢᠷᠤᠢ ᠬᠡᠷᠡᠭ᠌ᠯᠡᠬᠦ᠌᠎ᠶ᠋ᠢ ᠡᠵᠡᠮᠳᠡᠬᠦ᠌ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭᠠᠯᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠨᠠᠬ᠍ᠰᠢᠳᠠ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠴᠢᠩᠭ᠎ᠠ ᠰᠠᠬᠢᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠲᠠᠷᠢᠶᠠᠨ ᠭᠠᠵᠠᠷ᠎ᠢ 《ᠲᠠᠷᠢᠶᠠᠯᠠᠩ᠎ᠠᠴᠠ ᠪᠤᠰᠤᠳ ᠭᠠᠵᠠᠷ ᠬᠡᠷᠡᠭ᠌ᠯᠡᠬᠦ᠌》 ᠶ᠋ᠢ ᠰᠡᠷᠭᠡᠢᠯᠡᠵᠦ᠍᠂ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠬᠠᠮᠠᠭᠠᠯᠠᠯᠲᠠ᠎ᠶ᠋ᠢ ᠴᠢᠩᠭᠠᠳᠭᠠᠨ᠎ᠠ᠃ 《ᠨᠡᠮᠡᠭ᠌ᠳᠡᠯ ᠬᠡᠮᠵᠢᠶ᠎ᠡ ᠪᠠ ᠨᠦᠬᠡᠴᠡ ᠬᠡᠮᠵᠢᠶ᠎ᠡ᠎ᠶ᠋ᠢ ᠬᠤᠯᠪᠣᠬᠤ》 ᠲᠣᠭ᠍ᠲᠠᠴᠠ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠨᠦᠬᠡᠴᠡ ᠭᠠᠵᠠᠷ ᠱᠢᠷᠤᠢ᠎ᠶ᠋ᠢ ᠬᠦᠴᠦ᠍ ᠣᠷᠣᠭᠤᠯᠤᠨ ᠠᠮᠢᠳᠤᠯᠢᠭ᠍ᠵᠢᠭᠤᠯᠤᠨ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠤᠢ᠎ᠶ᠋ᠢ ᠠᠱᠢᠭ᠍ᠯᠠᠬᠤ ᠲᠦᠪᠱᠢᠨ᠎ᠢ ᠴᠢᠩᠭᠠᠤᠨᠬᠠᠨ᠎ᠠ᠃
ᠲᠦᠷᠪᠡ᠎ᠳᠤ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠦᠷᠭᠦᠯᠵᠢᠯᠡᠨ ᠠᠬᠢᠭᠤᠯᠤᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ᠎ᠢ ᠢᠳᠡᠪᠬᠢᠲᠡᠢ ᠠᠬᠢᠭᠤᠯᠵᠤ᠂ ᠪᠠᠢᠭᠠᠯᠢ᠎ᠶ᠋ᠢᠨ ᠠᠮᠢ ᠠᠬᠤᠶ᠎ᠶ᠋ᠢᠨ ᠱᠢᠰᠲ᠋ᠧᠮ᠎ᠤᠨ ᠪᠠᠢᠳᠠᠯ᠎ᠢ ᠢᠯᠡᠳᠲᠡ ᠰᠠᠢᠵᠢᠷᠠᠭᠤᠯᠵᠤ᠂ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠦᠨ᠎ᠡ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠢ ᠦᠨᠳᠦᠰᠦᠨ᠎ᠳᠡᠭᠡᠨ ᠪᠠᠢᠭᠤᠯᠵᠤ᠂ ᠨᠡᠢᠭᠡᠮᠴᠢᠯᠡᠭ᠌ᠰᠡᠨ ᠪᠡᠯᠡ ᠮᠥᠩᠭᠦ᠌ ᠵᠡᠷᠭᠡ ᠤᠯᠠᠨ ᠡᠱᠢᠵᠢᠭ᠌ᠰᠡᠨ ᠪᠡᠯᠡ ᠣᠷᠣᠭᠤᠯᠤᠯᠲᠠ᠎ᠪᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠠᠮᠢ ᠠᠬᠤᠶ᠎ᠶ᠋ᠢ ᠬᠠᠮᠠᠭᠠᠯᠠᠨ ᠵᠠᠰᠠᠨ ᠰᠡᠷᠭᠦᠭᠡᠬᠦ᠌ ᠲᠣᠭ᠍ᠲᠠᠴᠠ᠎ᠶ᠋ᠢ ᠠᠩᠬ᠎ᠠ ᠠᠯᠬᠤᠮ ᠪᠠᠢᠭᠤᠯᠤᠨ᠎ᠠ᠃ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠰᠡᠷᠭᠦᠭᠡᠬᠦ᠌ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠵᠤ᠂ ᠪᠦᠬᠦ᠌ ᠣᠷᠣᠨ ᠪᠦᠰᠡ᠎ᠶ᠋ᠢᠨ ᠤᠯᠤᠰ᠎ᠤᠨ ᠨᠤᠲᠤᠭ ᠳᠡᠪᠢᠰᠭᠡᠷ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠤᠨ᠎ᠠ᠃ ᠪᠣᠬᠢᠷᠲᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ᠎ᠪᠠᠷ ᠪᠦᠲᠦᠬᠡᠨ ᠪᠠᠢᠭᠤᠯᠬᠤ ᠪᠠ ᠦᠶᠯᠡᠳᠪᠦᠷᠢᠯᠡᠵᠦ᠍ ᠪᠠᠢᠭ᠎ᠠ ᠠᠭᠤᠷᠬᠠᠢ᠎ᠶ᠋ᠢᠨ ᠭᠠᠵᠠᠷ ᠵᠦ᠍ᠢᠶ᠋ᠢᠨ ᠣᠷᠴᠢᠨ ᠲᠣᠭᠤᠷᠢᠨ᠎ᠢ ᠪᠦᠲᠦᠮᠵᠢᠲᠡᠶ ᠬᠠᠮᠠᠭᠠᠯᠠᠬᠤ᠎ᠶ᠋ᠢᠨ ᠬᠠᠮᠲᠤ ᠴᠠᠭ ᠲᠤᠬᠠᠶ᠎ᠳᠤᠨᠢ ᠵᠠᠰᠠᠵᠤ᠂ ᠦᠬᠠᠶ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠠᠭᠤᠷᠬᠠᠶ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠎ᠠ᠃
ᠲᠠᠪᠤ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠮᠴᠢᠯᠡᠭ᠌ᠴᠢ᠎ᠶ᠋ᠢᠨ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠪᠠᠢᠳᠠᠯ᠎ᠢ ᠦᠨᠳᠦᠰᠦᠨ᠎ᠳᠡᠭᠡᠨ ᠲᠣᠳᠣᠷᠬᠠᠶ ᠣᠢᠯᠠᠭᠠᠵᠤ᠂ ᠪᠦᠬᠦ᠌ ᠠᠷᠠᠳ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠡᠬᠢ ᠪᠠᠶᠠᠯᠢᠭ᠎ᠤᠨ ᠨᠠᠷᠢᠨ ᠲᠠᠩᠰᠠ ᠪᠠ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠦᠨᠳᠦᠰᠦᠨ᠎ᠳᠡᠭᠡᠨ ᠪᠠᠢᠭᠤᠯᠵᠤ᠂ ᠥᠮᠴᠢᠯᠡᠯ᠎ᠤᠨ ᠡᠷᠬᠡ᠎ᠶ᠋ᠢᠨ ᠭᠤᠤᠯ ᠴᠣᠭ᠍ᠴᠠ᠎ᠶ᠋ᠢ ᠦᠨᠳᠦᠰᠦᠨ᠎ᠳᠡᠭᠡᠨ ᠨᠠᠢᠳᠠᠪᠤᠷᠢᠵᠢᠭᠤᠯᠤᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠪᠦᠬᠦ᠌ ᠠᠷᠠᠳ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠤᠨ᠎ᠠ᠃ ᠪᠦᠬᠦ᠌ ᠣᠷᠣᠨ᠎ᠳᠤ ᠥᠯᠥ᠍ ᠬᠥᠳᠡᠯᠬᠦ᠌ ᠬᠥᠷᠥᠩᠭᠡ᠎ᠶ᠋ᠢ ᠳᠠᠩᠰᠠᠯᠠᠬᠤ᠂ ᠠᠷᠠᠯᠵᠢᠶᠠᠯᠠᠬᠤ᠂ ᠭᠠᠢᠯᠢ ᠲᠤᠱᠢᠶᠠᠬᠤ᠎ᠶ᠋ᠢ 《ᠨᠢᠭᠡ ᠴᠣᠩᠬᠤᠪᠴᠢ᠎ᠳᠤ ᠬᠦᠯᠢᠶᠡᠨ ᠠᠪᠴᠤ᠌ ᠱᠢᠢᠳᠪᠦᠷᠢᠯᠡᠬᠦ᠌᠎ᠶ᠋ᠢ ᠵᠡᠷᠭᠡ᠎ᠪᠠᠷ ᠭᠦᠢᠴᠡᠳᠭᠡᠬᠦ᠌》 ᠶ᠋ᠢ ᠬᠡᠷᠡᠭ᠌ᠵᠢᠭᠦᠯᠵᠦ᠍᠂ 《ᠢᠨᠲ᠋ᠧᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠠᠩᠰᠠᠯᠠᠯᠳᠠ》 ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠦᠨ᠂ ᠪᠦᠬᠦ᠌ ᠣᠷᠣᠨ᠎ᠳᠤ ᠨᠡᠢᠳᠡᠮ ᠭᠦᠢᠴᠡᠳᠭᠡᠬᠦ᠌᠎ᠶ᠋ᠢ ᠪᠡᠶᠡᠯᠡᠭᠦᠯᠵᠦ᠍᠂ ᠮᠤᠵᠢ ᠠᠯᠤᠰᠯᠠᠨ ᠬᠦᠢᠴᠡᠳᠭᠡᠵᠦ᠍ ᠲᠡᠢᠯᠬᠦ᠌ ᠪᠤᠯᠭᠠᠨ᠂ ᠨᠢᠭᠤᠷᠳᠠᠬᠤ ᠦᠭᠡᠢ᠎ᠪᠠᠷ ᠭᠦᠢᠴᠡᠳᠭᠡᠵᠦ᠍ ᠪᠤᠯᠬᠤ ᠪᠤᠯᠭᠠᠨ᠎ᠠ᠃ ᠭᠤᠷᠪᠠᠳᠤᠭᠠᠷ ᠤᠳᠠᠭᠠᠨ᠎ᠤ ᠤᠯᠤᠰ᠎ᠤᠨ ᠭᠠᠵᠠᠷ ᠱᠢᠷᠣᠶ᠎ᠶ᠋ᠢᠨ ᠪᠠᠢᠴᠠᠭᠠᠯᠲᠠ᠎ᠶ᠋ᠢᠨ ᠦᠷ᠎ᠡ ᠪᠦᠲᠦᠭᠡᠯ᠎ᠤᠨ ᠬᠡᠷᠡᠭ᠌ᠯᠡᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠪᠠᠢᠴᠠᠭᠠᠬᠤ᠂ ᠦᠨᠡᠯᠡᠬᠦ᠂ ᠬᠢᠨᠠᠨ ᠬᠡᠮᠵᠢᠬᠦ᠌ ᠲᠦᠷᠢᠮ᠎ᠢ ᠲᠦᠷᠭᠡᠳᠭᠡᠨ ᠪᠠᠢᠭᠤᠯᠤᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠢ ᠪᠠᠢᠴᠠᠭᠠᠨ ᠦᠨᠡᠯᠡᠬᠦ᠌ ᠮᠡᠳᠡᠭᠡ ᠵᠠᠩᠭᠢ᠎ᠶ᠋ᠢ ᠨᠡᠢᠲᠡᠯᠡᠬᠦ᠌ ᠪᠠ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠮᠡᠳᠡᠭᠡ ᠵᠠᠩᠭᠢ᠎ᠶ᠋ᠢᠨ ᠳ᠋ᠠᠢᠲ᠋ᠠ᠎ᠶ᠋ᠢᠨ ᠬᠥᠮᠥᠷᠭᠡ᠎ᠶ᠋ᠢ ᠪᠠᠢᠭᠤᠯᠵᠤ᠂ ᠪᠥᠬᠦ᠌ ᠣᠷᠣᠨ᠎ᠤ ᠬᠥᠳᠡᠯᠦᠩᠭᠦᠶ ᠱᠢᠨᠡᠴᠢᠯᠡᠯᠲᠡ᠎ᠶ᠋ᠢᠨ ᠡᠷᠬᠡ᠎ᠶ᠋ᠢ ᠨᠤᠲᠠᠯᠠᠨ ᠳᠠᠩᠰᠠᠯᠠᠬᠤ ᠪᠦᠷᠢᠨ ᠵᠢᠷᠤᠭ᠎ᠢ ᠪᠠᠢᠭᠤᠯᠤᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠢ ᠱᠠᠯᠠᠪᠳᠠᠭᠤᠯᠤᠨ ᠪᠠᠢᠴᠠᠭᠠᠬᠤ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠦᠶᠯᠡᠳᠦᠯ᠎ᠢ ᠭᠦᠶᠴᠡᠳ ᠪᠠᠳᠠᠷᠠᠭᠤᠯᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠪᠦᠲᠦᠮᠵᠢᠲᠡᠶ ᠬᠤᠷᠢᠭ᠍ᠯᠠᠨ᠎ᠠ᠃
ᠵᠢᠷᠭᠤᠭ᠎ᠠ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠷᠠᠳ᠎ᠲᠤ ᠠᠱᠢᠭ ᠬᠦᠷᠲᠡᠭᠡᠬᠦ᠌ ᠦᠶᠯᠡᠴᠢᠯᠡᠭᠡᠨ᠎ᠤ ᠰᠠᠭᠤᠷᠢ᠎ᠶ᠋ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠲᠠᠷᠢᠶᠠᠯᠠᠩ᠎ᠤᠨ ᠭᠠᠵᠠᠷ ᠱᠢᠨᠵᠢᠯᠡᠭᠡᠨ᠂ ᠤᠰᠤᠨ᠎ᠤ ᠭᠠᠵᠠᠷ ᠱᠢᠨᠵᠢᠯᠡᠭᠡᠨ᠂ ᠵᠢᠭᠤᠯᠴᠢᠯᠠᠯ᠎ᠤᠨ ᠭᠠᠵᠠᠷ ᠱᠢᠨᠵᠢᠯᠡᠭᠡᠨ ᠵᠡᠷᠭᠡ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠳᠤ ᠬᠦᠴᠦᠯᠡᠨ ᠠᠱᠢᠭ ᠬᠦᠷᠲᠡᠭᠡᠨ᠎ᠡ᠃ ᠭᠠᠵᠠᠷ ᠵᠦᠢ᠎ᠶ᠋ᠢᠨ ᠭᠠᠮᠱᠢᠭ᠎ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠌ ᠪᠠ ᠰᠡᠷᠭᠡᠢᠯᠡᠨ ᠵᠠᠰᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠦᠲᠦᠮᠵᠢᠲᠡᠢ ᠬᠠᠮᠠᠭᠠᠯᠠᠨ᠎ᠠ᠃ ᠬᠡᠮᠵᠢᠨ ᠵᠢᠷᠤᠬᠤ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢ ᠭᠦᠨᠵᠡᠭᠡᠶ ᠬᠡᠷᠡᠭ᠌ᠯᠡᠬᠦ᠂ ᠠᠭᠤᠰᠤᠯᠴᠠᠨ ᠬᠦᠭ᠌ᠵᠢᠬᠦ᠌᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠰᠠᠭᠤᠷᠢ ᠬᠡᠮᠵᠢᠨ ᠵᠢᠷᠤᠬᠤ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ ᠪᠣᠯᠤᠨ ᠡᠯ᠎ᠡ ᠠᠵᠢᠯ ᠲᠥᠷᠥᠯ᠎ᠤᠨ ᠱᠠᠭᠠᠷᠳᠠᠯᠭ᠎ᠠ᠎ᠳᠤ ᠲᠤᠯᠭᠠᠭᠤᠷᠢᠯᠠᠯ ᠬᠠᠨᠭ᠌ᠭᠠᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠶᠯᠡᠴᠢᠯᠡᠬᠦ᠌ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠬᠦᠯᠦᠨᠠ᠃ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭᠡᠨ᠎ᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠳᠤ ᠦᠢᠯᠡᠴᠢᠯᠡᠬᠦ᠌ ᠲᠤᠯᠭᠠᠭᠤᠷᠢᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ᠃ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠤᠯᠢᠵᠢᠯ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃
ᠲᠤᠯᠤᠭ᠎ᠠ᠎ᠳᠤ᠂ ᠨᠠᠮ᠎ᠤᠨ ᠪᠠᠢᠭᠤᠯᠤᠯᠲᠠ ᠪᠣᠯᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠤᠨ᠎ᠠ᠃ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠤᠭᠤᠯᠤᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠦᠨ᠎ᠡ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠵᠡᠪᠰᠡᠭ᠌ᠯᠡᠬᠦ᠌ ᠠᠵᠢᠯ᠎ᠢ ᠡᠷᠡᠰ ᠭᠤᠢᠪᠢᠰᠢ ᠦᠭᠡᠢ ᠰᠠᠢᠲᠤᠷ ᠠᠳᠭᠤᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠲᠦᠯᠤᠨ ᠵᠢᠯᠤᠭᠤᠳᠴᠤ᠌ ᠨᠠᠮ ᠪᠠ ᠠᠷᠠᠳ ᠲᠦᠮᠡᠨ᠎ᠤ ᠦᠶᠯᠡᠰ᠎ᠤᠨ ᠲᠥᠯᠥᠭᠡ ᠴᠥᠬᠦᠷᠡᠰᠢ ᠦᠭᠡᠢ ᠲᠡᠮᠡᠴᠡᠭᠦᠯᠦᠨᠠ᠃ ᠨᠠᠮ᠎ᠢ ᠴᠢᠩᠭ᠎ᠠ ᠵᠠᠰᠠᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠪᠠᠢᠭᠤᠯᠤᠮᠵᠢ᠎ᠶ᠋ᠢᠨ ᠵᠣᠬᠢᠶᠠᠨ ᠪᠠᠢᠭᠤᠯᠤᠯᠲᠠ ᠪᠠ ᠵᠠᠷᠤᠳᠠᠯ᠎ᠢ ᠰᠠᠢᠲᠤᠷ ᠨᠠᠢᠳᠠᠪᠤᠷᠢᠵᠢᠭᠤᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠯᠲᠠ᠂ ᠲᠦᠷᠢᠮᠵᠢᠭᠦᠯᠦᠯᠳᠡ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠤᠳᠤᠷᠢᠳᠭᠤ ᠪᠠᠭ ᠪᠠ ᠺᠠᠳ᠋ᠷ᠎ᠤᠨ ᠤᠯᠤᠰ ᠲᠦᠷᠦ᠎ᠶ᠋ᠢᠨ ᠴᠢᠳᠠᠪᠤᠷᠢ᠂ ᠲᠤᠰᠭᠠᠢᠵᠢᠭ᠍ᠰᠠᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠳᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠨ᠎ᠠ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠷᠮᠠᠢᠨ ᠨᠠᠢᠳᠠᠪᠤᠷᠢᠵᠢᠭᠤᠯᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠵᠠᠯᠠᠷᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠦᠨ᠎ᠡ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ ᠠᠬᠢᠭᠤᠯᠵᠤ᠂ ᠬᠤᠷᠢᠭᠠᠲᠤ ᠣᠷᠣᠨ ᠦᠭᠡᠢ᠂ ᠨᠢᠭᠡ᠎ᠶ᠋ᠢ ᠴᠤ᠌ ᠤᠷᠬᠢᠭ᠍ᠳᠠᠭᠤᠯᠬᠤ ᠦᠭᠡᠢ᠂ ᠤᠭ᠍ᠳᠤ ᠠᠭᠤᠴᠢᠯᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠢᠯᠵᠠᠷᠠᠬᠤ᠎ᠠᠴᠠ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠢ ᠪᠣᠯᠭᠠᠨ᠎ᠠ᠃