ᠪᠦᠯᠬᠦᠮᠳᠡᠯ ᠨᠢᠬ᠍ᠳᠠᠷᠠᠯ᠎ᠤᠨ ᠢᠷᠠᠭᠤ ᠲᠤᠤᠯᠢᠰ᠎ᠢ ᠪᠢᠴᠢᠭ᠌ᠯᠡᠨᠡᠮ
2020-05-02 10:28:31
ᠵᠣᠬᠢᠶᠠᠭ᠍ᠴᠢ᠄
ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

      ᠲᠤᠮᠳᠠᠳᠦ᠎ᠶ᠋ᠢᠨ ᠦᠨᠳᠦᠰᠦᠳᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠠᠯᠤᠰ ᠬᠡᠳᠦ᠎ᠶ᠋ᠢᠨ ᠪᠦᠬᠡᠳ ᠦᠨᠳᠦᠰᠦᠨ ᠵᠦᠢᠯ ᠪᠤᠯ ᠦᠨᠳᠦᠰᠦᠳᠡᠨ᠎ᠨᠦᠭᠦᠳ᠎ᠤᠨ ᠬᠠᠮᠳᠦ᠎ᠶ᠋ᠢᠨ ᠤᠶᠤᠨ ᠰᠠᠨᠠᠭᠠᠨ᠎ᠤ ᠬᠡᠷ ᠤᠷᠤᠨ᠎ᠢ ᠪᠠᠢᠭᠤᠯᠵᠦ᠍᠂ ᠲᠤᠮᠳᠠᠳᠦ᠎ᠶ᠋ᠢᠨ ᠦᠨᠳᠦᠰᠦᠳᠡᠨ᠎ᠤ ᠬᠠᠮᠳᠦ᠎ᠶ᠋ᠢᠨ ᠴᠤᠭ᠍ᠴᠠ᠎ᠶ᠋ᠢᠨ ᠤᠬᠠᠮᠰᠡᠷ᠎ᠢ ᠪᠤᠢ ᠪᠤᠯᠭᠠᠬᠤ ᠶᠠᠪᠤᠳᠠᠯ ᠪᠤᠯᠤᠨ᠎ᠠ᠃
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠤᠯ ᠮᠠᠨ᠎ᠤ ᠤᠯᠤᠰ᠎ᠤᠨ ᠬᠠᠮᠤᠭ᠎ᠤᠨ ᠠᠩᠬᠠᠳᠠᠭ᠍ᠴᠢ ᠴᠦᠬᠡᠨ ᠲᠤᠭᠠᠳᠦ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ ᠪᠠᠢᠵᠦ᠍᠂ ᠨᠠᠮ᠎ᠤᠨ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠬᠠᠮᠤᠭ᠎ᠤᠨ ᠠᠩᠬ᠎ᠠ ᠦᠢᠯᠡᠳᠦᠯᠬᠡᠵᠢᠬᠦᠯᠦᠨ ᠬᠡᠷᠡᠭ᠌ᠵᠢᠬᠦᠯᠦᠭ᠌ᠰᠡᠨ ᠭᠠᠵᠠᠷ ᠪᠤᠯᠤᠨ᠎ᠠ᠃ 73 ᠵᠢᠯ᠎ᠤᠨ ᠲᠤᠷᠰᠢ᠂ ᠲᠠᠯ᠎ᠠ ᠨᠤᠳᠤᠭ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠍ 《ᠭᠤᠷᠪᠠᠨ ᠮᠢᠩᠭᠠᠨ ᠦᠨᠦᠴᠢᠨ ᠬᠡᠤᠭᠡᠳ᠎ᠢ ᠦᠷᠡᠴᠢᠯᠡᠨ ᠲᠡᠵᠢᠭᠡᠭ᠌ᠰᠡᠨ》᠂ 《ᠡᠯ᠎ᠠ ᠦᠨᠳᠦᠰᠦᠳᠡᠨ᠎ᠤ ᠠᠷᠠᠳ ᠲᠦᠮᠡᠨ ᠬᠠᠮᠳᠤ᠎ᠪᠠᠷ ᠪᠤᠭᠤᠳᠤ᠎ᠶ᠋ᠢᠨ ᠪᠤᠯᠤᠳ ᠲᠡᠮᠦᠷ᠎ᠤᠨ ᠦᠢᠯᠡᠳᠪᠦᠷᠢ᠎ᠶ᠋ᠢ ᠪᠠᠢᠭᠤᠯᠤᠬ᠍ᠰᠠᠨ》᠂ 《ᠲᠠᠯ᠎ᠠ ᠨᠤᠳᠤᠭ᠎ᠤᠨ ᠪᠢᠴᠢᠬᠠᠨ ᠪᠠᠭᠠᠳᠤᠷ ᠡᠬᠡᠴᠢ ᠦᠬᠢᠨ ᠲᠡᠬᠦᠦ》 ᠵᠢᠴᠢ 《ᠬᠠᠮᠤᠭ᠎ᠤᠨ ᠰᠠᠢᠨ ᠨᠤᠳᠤᠭ ᠪᠡᠯᠴᠢᠬᠡᠷ᠎ᠢᠶᠠᠨ ᠤᠯᠤᠰ᠎ᠤᠨ ᠰᠠᠨᠰᠠᠷ᠎ᠤᠨ ᠦᠢᠯᠡᠰ᠎ᠲᠤ ᠵᠤᠷᠢᠭᠤᠯᠤᠬ᠍ᠰᠠᠨ》 ᠵᠡᠷᠬᠡ ᠢᠷᠠᠭᠤ ᠲᠡᠤᠬᠡ᠎ᠶ᠋ᠢ ᠪᠢᠴᠢᠭ᠌ᠯᠡᠵᠤ 《ᠵᠢᠱ᠌ᠢᠶᠠᠴᠢ ᠦᠪᠡᠷᠳᠡᠭᠡᠨ ᠵᠠᠰᠠᠬᠤ ᠤᠷᠤᠨ》 ᠎ᠤ ᠢᠷᠠᠭᠤ ᠠᠯᠳᠠᠷ᠎ᠢ ᠡᠷᠬᠦᠨ ᠪᠦᠯᠬᠦᠮᠳᠡᠨ ᠲᠡᠮᠡᠴᠡᠭ᠌ᠰᠡᠬᠡᠷ ᠢᠷᠡᠵᠡᠢ᠃
ᠢᠯᠠᠩᠭᠤᠶ᠎ᠠ ᠤᠢ᠍ᠢᠷ᠎ᠠ᠎ᠶ᠋ᠢᠨ ᠵᠢᠯ᠎ᠤᠳ᠎ᠲᠤ᠌᠂ ᠮᠠᠨ᠎ᠤ ᠤᠷᠤᠨ ᠨᠡᠢᠬᠡᠮ ᠵᠢᠷᠦᠮ᠎ᠤᠨ ᠲᠡᠷᠢᠬᠦᠨ᠎ᠤ ᠰᠤᠶᠤᠯ᠎ᠤᠨ ᠤᠷᠤᠭ᠍ᠰᠢᠯᠡᠯᠳᠡ᠎ᠶ᠋ᠢᠨ ᠴᠢᠭ᠌ᠯᠡᠯ᠎ᠢ ᠪᠡᠷᠢᠮᠳᠡᠯᠡᠵᠦ᠍᠂ ᠨᠡᠢᠬᠡᠮ ᠵᠢᠷᠦᠮ᠎ᠤᠨ ᠭᠤᠤᠯᠯᠠᠬ᠍ᠴᠢ ᠦᠷᠳᠡᠭ᠎ᠤᠨ ᠦᠵᠡᠯᠳᠡ᠎ᠶ᠋ᠢ ᠢᠳᠡᠪᠬᠢᠳᠡᠢ ᠪᠤᠢ ᠪᠤᠯᠭᠠᠨ ᠦᠢᠯᠡᠳᠦᠯᠬᠡᠵᠢᠬᠦᠯᠵᠦ᠍᠂ ᠳᠤᠮᠳᠠᠳᠦ᠎ᠶ᠋ᠢᠨ ᠦᠨᠳᠦᠰᠦᠳᠡᠨ᠎ᠤ ᠱᠢᠯᠢᠳᠡᠭ ᠤᠯᠠᠮᠵᠢᠯᠠᠯᠳᠦ ᠰᠤᠶᠤᠯ᠎ᠢ ᠶᠡᠭᠡ᠎ᠪᠠᠷ ᠪᠠᠳᠠᠷᠠᠭᠤᠯᠵᠦ᠍᠂ ᠤᠯᠤᠰ᠎ᠢᠶᠠᠨ ᠬᠠᠢᠷᠠᠯᠠᠬᠤ ᠦᠵᠡᠯ᠎ᠤᠨ ᠬᠦᠮᠦᠵᠢᠯ ᠪᠠ ᠲᠤᠮᠳᠠᠳᠦ᠎ᠶ᠋ᠢᠨ ᠦᠨᠳᠦᠰᠦᠳᠡᠨ᠎ᠤ ᠬᠠᠮᠳᠦ᠎ᠶ᠋ᠢᠨ ᠴᠤᠭ᠍ᠴᠠ᠎ᠶ᠋ᠢᠨ ᠬᠦᠮᠦᠵᠢᠯ᠎ᠢ ᠬᠦᠨᠵᠡᠬᠡᠢ ᠦᠷᠨᠢᠬᠦᠯᠵᠦ᠍᠂ ᠦᠨᠳᠦᠰᠦᠳᠡᠨ᠎ᠨᠦᠭᠦᠳ᠎ᠤᠨ ᠪᠦᠯᠬᠦᠮᠳᠡᠨ ᠲᠡᠮᠡᠴᠡᠬᠦ᠌ ᠦᠵᠠᠯ ᠰᠠᠨᠠᠭᠠᠨ᠎ᠤ ᠰᠠᠭᠤᠷᠢ᠎ᠶ᠋ᠢ ᠴᠢᠨᠠᠭ᠍ᠰᠢᠳᠠ ᠪᠠᠬᠢᠵᠢᠬᠦᠯᠪᠡ᠃
      ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ ᠰᠢ᠎ᠶ᠋ᠢᠨ ᠫᠢᠡᠭ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠨᠠᠮ᠎ᠤᠨ ᠠᠷᠪᠡ ᠶᠢᠰᠦᠳᠦᠬᠡᠷ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠨᠡᠢᠳᠠᠪᠤᠷᠢᠵᠢᠭᠤᠯᠵᠦ᠍᠂ ᠠᠨᠠᠷ᠎ᠤᠨ ᠦᠷ᠎ᠠ ᠱᠢᠭ ᠪᠡᠳᠦ ᠨᠢᠬ᠍ᠳᠠᠷᠠᠨ ᠪᠦᠯᠬᠦᠮᠳᠡᠵᠤ᠂ ᠲᠡᠰᠪᠦᠷᠢ ᠬᠠᠳᠠᠭᠤᠵᠢᠯᠳᠡᠢ ᠴᠤᠴᠠᠯᠳᠠ ᠦᠬᠡᠢ ᠤᠷᠤᠭ᠍ᠰᠢᠯᠠᠬᠤ ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠵᠦ᠍᠂ ᠬᠠᠮᠳᠤ᠎ᠪᠠᠷ ᠪᠦᠯᠬᠦᠮᠳᠡᠨ ᠲᠡᠮᠡᠴᠡᠵᠦ᠍᠂ ᠬᠠᠮᠳᠤ᠎ᠪᠠᠷ ᠰᠠᠢᠨ ᠰᠠᠢᠬᠠᠨ ᠠᠮᠢᠳᠤᠷᠠᠯ᠎ᠢᠶᠠᠨ ᠴᠤᠭ᠍ᠴᠠᠯᠠᠨ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号