《ᠰᠠᠢᠳ ᠨᠠᠷ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》᠄ ᠠᠵᠦ᠍ ᠠᠬᠤᠢ᠎ᠶ᠋ᠢᠨ ᠬᠦᠭ᠌ᠵᠢᠯᠳᠠ᠎ᠳᠤ ᠠᠩᠬᠠᠷᠣᠯ᠎ᠢᠶᠠᠨ ᠲᠦᠪᠯᠡᠷᠡᠭᠦᠯᠤᠨ᠎ᠠ
2020-05-23 13:34:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

   5 ᠰᠠᠷ᠎ᠠ᠎ᠶ᠋ᠢᠨ 22 ᠎ᠤᠨ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠠᠩᠬᠠᠳᠡᠬᠢ ᠲᠠᠯᠠᠪᠤᠷ᠎ᠤᠨ 《ᠰᠠᠢᠳ ᠨᠠᠷ᠎ᠤᠨ ᠰᠤᠷᠪᠤᠯᠵᠢᠯᠠᠭ᠎ᠠ ᠬᠦᠯᠢᠶᠡᠭᠦ᠌ ᠵᠠᠮ》 ᠎ᠤᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠶᠠᠪᠤᠬ᠍ᠳᠠᠭᠤᠯᠵᠣ᠂ ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠤᠨ ᠡᠷᠭᠢᠯᠡᠭ᠌ᠴᠢ ᠾᠧ ᠯᠢ ᠹᠸᠡᠭ᠂ ᠡᠳ᠋᠎ᠤᠨ ᠵᠠᠰᠠᠬ᠎ᠤᠨ ᠶᠠᠮᠤᠨ᠎ᠤ ᠰᠠᠢᠳ ᠯᠢᠤ ᠺᠦᠨ᠂ ᠬᠦᠳᠡᠭᠡ ᠠᠵᠦ᠍ ᠠᠬᠤᠢ ᠬᠦᠳᠡᠭᠡ ᠲᠤᠰᠭᠤᠨ᠎ᠤ ᠶᠠᠮᠤᠨ᠎ᠤ ᠰᠠᠢᠳ ᠬᠠᠨ ᠴᠠᠩ ᠹᠦ᠋ ᠰᠦᠯᠵᠢᠶᠠᠨ᠎ᠤ ᠸᠢᠳᠢᠣ᠋ ᠬᠡᠯᠪᠡᠷᠢ᠎ᠪᠠᠷ ᠰᠤᠷᠪᠤᠯᠵᠢᠯᠠᠭ᠎ᠠ ᠬᠦᠯᠢᠶᠠᠪᠠ᠃
    ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠤᠨ ᠡᠷᠬᠢᠯᠡᠭ᠌ᠴᠢ ᠾᠧ ᠯᠢ ᠹᠸᠡᠭ ᠰᠤᠷᠪᠤᠯᠵᠢᠯᠠᠬ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠬᠤ᠎ᠳᠠᠭᠠᠨ᠂ ᠬᠢᠵᠢᠭ᠎ᠤᠨ ᠪᠠᠢᠳᠠᠯ ᠲᠤᠮᠳᠠᠳᠤ ᠤᠯᠤᠰ᠎ᠤᠨ ᠠᠵᠦ᠍ ᠠᠬᠤᠢ᠎ᠳᠤ ᠯᠣᠳᠣ ᠶᠡᠭᠡ ᠲᠠᠭᠠᠷᠢᠯᠳᠠ ᠠᠪᠴᠢᠷᠠᠪᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ ᠬᠢᠭ᠌ᠰᠡᠨ ᠤᠷᠢᠳᠠᠯ ᠲᠤᠤᠷ᠎ᠠ᠂ ᠡᠯ᠎ᠠ ᠭᠠᠵᠠᠷ ᠤᠷᠤᠨ ᠢᠳᠡ ᠬᠦᠴᠦᠨ᠎ᠲᠠᠢ᠂ ᠡᠮᠭᠢ ᠵᠢᠷᠤᠮ᠎ᠲᠠᠢ᠂ ᠦᠷ᠎ᠡ ᠪᠦᠲᠦᠮᠵᠢᠳᠠᠢ᠎ᠪᠠᠷ ᠠᠵᠢᠯ ᠦᠢᠯᠡᠳᠪᠤᠷᠢᠯᠡᠯ᠎ᠢᠶᠠᠨ ᠰᠡᠷᠭᠦᠭᠡᠵᠦ᠍ ᠵᠠᠬ᠎ᠠ ᠲᠡᠯᠭᠡᠭᠦᠷ᠎ᠢᠶᠠᠨ ᠰᠡᠷᠭᠦᠭᠡᠵᠦ᠍ ᠡᠵᠡᠩᠨᠡᠯᠳᠡ᠎ᠪᠠᠨ ᠰᠡᠷᠭᠦᠭᠡᠵᠦ᠍᠂ ᠲᠤᠮᠳᠠᠳᠤ ᠤᠯᠤᠰ᠎ᠤᠨ ᠠᠵᠦ᠍ ᠠᠬᠤᠢ ᠶᠡᠷᠦᠩᠭᠡᠢ᠎ᠳᠡᠭᠡᠨ ᠨᠡᠯᠢᠶᠡᠳ ᠲᠦᠷᠭᠡᠨ ᠰᠡᠷᠭᠦᠵᠦ᠍ ᠪᠠᠢᠨ᠎ᠠ᠃ ᠤᠢ᠍ᠢᠷ᠎ᠠ᠎ᠶ᠋ᠢᠨ ᠬᠤᠭᠤᠴᠠᠭᠠᠨ᠎ᠳᠤ ᠴᠠᠭᠢᠯᠭᠠᠨ ᠭᠠᠷᠭᠠᠬᠤ ᠬᠡᠮᠵᠢᠶ᠎ᠠ᠂ ᠲᠠᠮᠤᠷ ᠵᠠᠮ᠎ᠤᠨ ᠡᠳᠦᠷ ᠪᠦᠷᠢ᠎ᠶ᠋ᠢᠨ ᠵᠦᠭᠡᠭᠡᠪᠤᠷᠢ᠎ᠶ᠋ᠢᠨ ᠬᠡᠮᠵᠢᠶ᠎ᠠ ᠵᠡᠷᠭᠡ ᠭᠦᠢᠴᠡᠳᠭᠡᠬᠦ᠌ ᠲᠤᠭ᠎ᠠ ᠲᠤᠬ᠍ᠳᠠᠭᠤᠨ᠎ᠢᠶᠠᠷ ᠨᠡᠮᠡᠭ᠌ᠳᠡᠵᠦ᠍᠂ ᠵᠠᠷᠢᠮ ᠴᠢᠬᠤᠯᠠ ᠠᠵᠦ᠍ ᠠᠬᠤᠢ᠍ᠢᠯᠠᠯ᠎ᠤᠨ ᠦᠢᠯᠡᠳᠪᠤᠷᠢᠯᠡᠯ ᠡᠵᠡᠩᠨᠡᠯᠳᠡ ᠮᠠᠰᠢ ᠲᠦᠷᠭᠡᠨ ᠰᠡᠷᠭᠦᠵᠦ᠍ ᠪᠣᠢ᠃ ᠡᠨᠡ᠎ᠨᠢ ᠲᠤᠮᠳᠠᠳᠤ ᠤᠯᠤᠰ᠎ᠤᠨ ᠠᠵᠦ᠍ ᠠᠬᠤᠢ ᠤᠳᠤᠬᠠᠨ᠎ᠤ ᠬᠦᠴᠢᠷᠳᠠᠯ᠎ᠢ ᠢᠯᠠᠨ ᠳᠠᠪᠠᠭ᠍ᠣ ᠪᠤᠳᠠᠳᠤ ᠬᠦᠴᠦᠨ ᠪᠠ ᠴᠢᠳᠠᠪᠤᠷᠢ ᠪᠠᠢᠨ᠎ᠠ ᠭᠡᠳᠡᠭ᠎ᠢ ᠭᠦᠢᠴᠡᠳ ᠬᠠᠷᠠᠭᠤᠯᠵᠣ ᠪᠠᠢᠨ᠎ᠠ ᠭᠡᠵᠤ ᠬᠡᠯᠡᠵᠠᠢ᠃ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠪᠦᠭᠦ᠌ ᠵᠢᠯ᠎ᠤᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠡ᠎ᠳᠤ ᠪᠤᠳᠠᠳᠠᠢ ᠬᠠᠷᠠᠯᠳᠠ ᠲᠤᠷᠠᠳᠤᠬ᠍ᠰᠠᠨ ᠦᠭᠡᠢ ᠠᠰᠠᠭᠤᠳᠠᠯ᠎ᠳᠤ ᠴᠢᠭ᠌ᠯᠡᠭᠦᠯᠵᠤ᠂ ᠾᠧ ᠯᠢ ᠹᠧᠩ᠂ ᠤᠳᠤᠬᠠᠨ᠎ᠤ ᠪᠠᠢᠳᠠᠯ ᠲᠤᠤᠷ᠎ᠠ ᠠᠵᠦ᠍ ᠠᠬᠤᠢ᠎ᠶ᠋ᠢᠨ ᠨᠡᠮᠡᠭ᠌ᠳᠡᠯ᠎ᠤᠨ ᠪᠤᠳᠠᠳᠠᠢ ᠭᠦᠢᠴᠡᠳᠭᠡᠬᠦ᠌ ᠲᠤᠭ᠎ᠠ᠎ᠶ᠋ᠢ ᠦᠯᠦ᠍ ᠬᠦᠭᠡᠭᠡᠴᠡᠯᠳᠤᠭᠦ᠎ᠨᠢ ᠮᠠᠨ᠎ᠢ ᠲᠤᠳᠤᠭᠠᠳᠤ ᠬᠡᠷᠡᠭ᠌ᠴᠡᠭᠡ᠎ᠪᠠᠨ ᠲᠠᠰᠤᠷᠠᠯᠳᠠ ᠦᠭᠡᠢ ᠦᠷᠭᠡᠳᠭᠡᠵᠦ᠍᠂ ᠲᠤᠳᠤᠭᠠᠳᠤ ᠬᠡᠷᠡᠭ᠌ᠴᠡᠭᠡ᠎ᠶ᠋ᠢ ᠦᠷᠭᠡᠳᠭᠡᠭᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠳᠡᠭᠡᠷ᠎ᠡ ᠨᠡᠩ ᠢᠯᠡᠭᠦᠦ ᠠᠩᠬᠠᠷᠣᠯ ᠳᠠᠯᠪᠢᠭᠤᠯᠬᠤ ᠪᠣᠯᠣᠨ᠎ᠠ; 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠰᠠᠢᠳᠤᠷ ᠬᠢᠵᠦ᠍᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠪᠡᠶᠡᠯᠡᠭᠦᠯᠭᠦ᠌ ᠳᠡᠭᠡᠷ᠎ᠡ ᠨᠡᠩ ᠢᠯᠡᠭᠦᠦ ᠠᠩᠬᠠᠷᠣᠯ ᠳᠠᠯᠪᠢᠭᠤᠯᠬᠤ ᠪᠣᠯᠣᠨ᠎ᠠ; ᠬᠠᠨᠭ᠌ᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠳᠠᠢ ᠦᠭᠡᠷᠡᠴᠢᠯᠡᠯᠳᠡ᠎ᠶ᠋ᠢ ᠶᠡᠭᠡ᠎ᠪᠠᠷ ᠠᠬᠢᠭᠤᠯᠤᠨ᠂ ᠴᠢᠨᠠᠷ ᠰᠠᠢᠳᠠᠢ ᠬᠦᠭ᠌ᠵᠢᠯᠳᠠ᠎ᠶ᠋ᠢ ᠠᠭᠢᠭᠤᠯᠵᠦ᠍᠂ ᠱᠢᠨ᠎ᠠ ᠬᠡᠷᠡᠭ᠌ᠴᠡᠭᠡ᠎ᠳᠤ ᠵᠤᠬᠢᠴᠠᠭᠤᠯᠤᠨ᠂ ᠱᠢᠨ᠎ᠠ ᠬᠡᠷᠡᠭ᠌ᠴᠡᠭᠡ᠎ᠶ᠋ᠢ ᠲᠠᠭᠠᠭᠤᠯᠵᠣ᠂ ᠱᠢᠨ᠎ᠠ ᠬᠡᠷᠡᠭ᠌ᠴᠡᠭᠡ᠎ᠶ᠋ᠢ ᠡᠭᠦᠳᠤᠨ᠂ ᠬᠦᠴᠦᠷᠭᠡᠭ ᠶᠡᠭᠡ ᠤᠯᠤᠰ᠎ᠤᠨ ᠲᠤᠳᠤᠭᠠᠳᠤ᠎ᠶ᠋ᠢᠨ ᠵᠠᠬ᠎ᠠ ᠲᠡᠯᠭᠡᠭᠦᠷ᠎ᠢ ᠪᠦᠷᠢᠯᠳᠦᠭᠦᠯᠭᠦ᠎ᠶ᠋ᠢ ᠠᠬᠢᠭᠤᠯᠬᠤ ᠳᠡᠭᠡᠷ᠎ᠡ ᠨᠡᠩ ᠢᠯᠡᠭᠦᠦ ᠠᠩᠬᠠᠷᠣᠯ ᠳᠠᠯᠪᠢᠭᠤᠯᠬᠤ ᠪᠣᠯᠣᠨ᠎ᠠ; ᠤᠷᠢᠳ᠎ᠢᠶᠠᠷ ᠠᠵᠢᠯ ᠤᠯᠭᠤᠯᠳᠠ᠎ᠶ᠋ᠢ ᠲᠤᠬ᠍ᠳᠠᠪᠤᠷᠢᠵᠢᠭᠤᠯᠵᠦ᠍ ᠠᠷᠠᠳ᠎ᠤᠨ ᠠᠮᠢᠳᠤᠷᠠᠯ᠎ᠢ ᠪᠠᠳᠤᠯᠠᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠳᠤ ᠡᠷᠡᠰ ᠢᠯᠠᠯᠳᠠ ᠣᠯᠬᠤ᠂ ᠴᠢᠨᠡᠭᠡᠯᠢᠭ ᠨᠡᠢᠭᠡᠮ᠎ᠢ ᠪᠦᠭᠦ᠌ ᠲᠠᠯ᠎ᠠ᠎ᠪᠠᠷ ᠪᠡᠶᠡᠯᠡᠭᠦᠯᠭᠦ᠌ ᠬᠠᠷᠠᠯᠳᠠ ᠡᠭᠦᠷᠭᠡ᠎ᠶ᠋ᠢ ᠴᠢᠷᠮᠠᠢᠨ ᠪᠡᠶᠡᠯᠡᠭᠦᠯᠭᠦ᠌ ᠲᠡᠭᠡᠷ᠎ᠠ ᠳᠡᠭᠡᠷ᠎ᠡ ᠨᠡᠩ ᠢᠯᠡᠭᠦᠦ ᠠᠩᠬᠠᠷᠣᠯ ᠳᠠᠯᠪᠢᠭᠤᠯᠬᠤ ᠪᠣᠯᠣᠨ᠎ᠠ ᠬᠡᠵᠤ ᠢᠯᠡᠷᠬᠡᠢᠯᠡᠪᠡ᠃ ᠾᠧ ᠯᠢ ᠹᠸᠡᠭ᠂ ᠴᠢᠨᠡᠭᠡᠯᠢᠭ ᠨᠡᠢᠭᠡᠮ᠎ᠢ ᠪᠦᠭᠦ᠌ ᠲᠠᠯ᠎ᠠ᠎ᠪᠠᠷ ᠪᠡᠶᠡᠯᠡᠭᠦᠯᠭᠦ᠌ ᠪᠤᠯ ᠨᠢᠭᠡᠨ ᠪᠦᠷᠢᠨ ᠪᠦᠳᠦᠨ᠂ ᠱᠢᠰᠲᠧᠮ᠎ᠲᠠᠢ᠂ ᠶᠡᠷᠦᠩᠭᠡᠢᠯᠡᠭ᠌ᠰᠡᠨ ᠴᠢᠨᠠᠷᠳᠠᠢ ᠬᠠᠷᠠᠯᠳᠠᠳᠤ ᠱᠢᠰᠲᠧᠮ ᠮᠦᠨ᠂ ᠠᠵᠦ᠍ ᠠᠬᠤᠢ᠎ᠶ᠋ᠢᠨ ᠭᠦᠢᠴᠡᠳᠭᠡᠬᠦ᠌ ᠲᠤᠭ᠎ᠠ᠎ᠶ᠋ᠢ ᠪᠠᠭ᠍ᠳᠠᠭᠠᠬᠤ᠎ᠪᠠᠷ ᠦᠯᠦ᠍ ᠪᠠᠷᠠᠮ᠂ ᠠᠷᠠᠳ᠎ᠤᠨ ᠠᠷᠠᠳᠴᠢᠯᠠᠯ᠎ᠢ ᠲᠠᠰᠤᠷᠠᠯᠳᠠ ᠦᠭᠡᠢ ᠦᠷᠭᠡᠳᠭᠡᠭᠦ᠌᠂ ᠠᠷᠠᠳ᠎ᠤᠨ ᠠᠮᠢᠳᠤᠷᠠᠯ᠎ᠤᠨ ᠲᠦᠪᠱᠢᠨ᠎ᠢ ᠲᠠᠰᠤᠷᠠᠯᠳᠠ ᠦᠭᠡᠢ ᠲᠡᠭᠡᠭ᠌ᠰᠢᠯᠡᠭᠦᠯᠭᠦ᠌᠂ ᠰᠤᠶᠤᠯ᠎ᠤᠨ ᠵᠦᠭᠡᠯᠡᠨ ᠪᠤᠳᠠᠳᠤ ᠬᠦᠴᠦᠨ᠎ᠢ ᠪᠠᠢᠭᠤᠯᠬᠤ᠂ ᠠᠮᠢ ᠠᠬᠤᠢ᠎ᠶ᠋ᠢᠨ ᠪᠤᠯᠪᠠᠰᠤᠨ ᠣᠨᠴᠠᠭᠠᠢᠯᠠᠨ ᠡᠭᠢ ᠪᠠᠶᠠᠯᠢᠭ᠎ᠢ ᠠᠷᠪᠢᠯᠠᠬᠤ ᠬᠡᠯᠪᠡᠷᠢ ᠪᠠ ᠤᠷᠴᠢᠨ ᠲᠤᠭᠤᠷᠢᠨ᠎ᠲᠠᠢ ᠨᠦᠭᠦᠷᠰᠡᠭ ᠬᠡᠯᠪᠡᠷᠢ᠎ᠶ᠋ᠢᠨ ᠨᠡᠢᠭᠡᠮ᠎ᠢ ᠪᠠᠢᠭᠤᠯᠬᠤ᠂ ᠨᠡᠢᠭᠡᠮ᠎ᠤᠨ ᠵᠠᠰᠠᠯᠳᠠ᠎ᠶ᠋ᠢᠨ ᠴᠢᠳᠠᠪᠤᠷᠢ ᠪᠠ ᠵᠠᠰᠠᠯᠳᠠ᠎ᠶ᠋ᠢᠨ ᠱᠢᠰᠲᠧᠮ᠎ᠤᠨ ᠲᠦᠪᠱᠢᠨ᠎ᠢ ᠲᠡᠭᠡᠭ᠌ᠰᠢᠯᠡᠭᠦᠯᠬᠦ᠂ ᠦᠭᠡᠷᠡᠴᠢᠯᠡᠯᠳᠡ ᠨᠡᠭᠡᠭᠡᠯᠳᠡ ᠬᠢᠭᠦ᠌ ᠵᠡᠷᠭᠡ ᠠᠭᠤᠯᠭ᠎ᠠ᠎ᠶ᠋ᠢ ᠴᠦ᠍ ᠪᠠᠭ᠍ᠳᠠᠭᠠᠨ᠎ᠠ᠂ ᠤᠨᠴᠠᠭᠠᠢ ᠲᠤᠪᠤᠢᠮ᠎ᠠ ᠬᠠᠷᠠᠯᠳᠠ᠎ᠨᠢ ᠳᠠᠷᠣᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠳᠤ ᠢᠯᠠᠯᠳᠠ ᠣᠯᠬᠤ ᠶᠠᠪᠣᠳᠠᠯ ᠪᠤᠯᠤᠨ᠎ᠠ ᠬᠡᠵᠤ ᠬᠡᠯᠡᠪᠡ᠃ ᠪᠡᠯᠡ ᠤᠷᠤᠭᠤᠯᠤᠯᠳᠠ᠎ᠪᠠᠷ ᠳᠠᠮᠵᠢᠨ ᠲᠤᠳᠠᠭᠤᠳᠠᠯ᠎ᠢᠶᠠᠨ ᠨᠦᠭᠦᠪᠦᠷᠢᠯᠡᠭᠦ᠎ᠳᠤ ᠴᠢᠭ᠌ᠯᠡᠭᠦᠯᠵᠤ᠂ ᠾᠧ ᠯᠢ ᠹᠸᠡᠭ᠄ 《ᠡᠨᠡ ᠵᠢᠯ᠎ᠤᠨ ᠪᠡᠯᠡ ᠤᠷᠤᠭᠤᠯᠬᠤ ᠠᠵᠢᠯ᠎ᠤᠨ ᠠᠴᠢ ᠬᠤᠯᠪᠤᠬ᠍ᠳᠠᠯ ᠮᠠᠰᠢ ᠶᠡᠭᠡ ᠮᠦᠷᠳᠡᠭᠡᠨ ᠲᠤᠩ ᠶᠡᠷᠦ᠍ ᠪᠣᠰᠣ᠎ᠶ᠋ᠢᠨ ᠣᠳᠭ᠎ᠠ ᠠᠭᠤᠯᠭ᠎ᠠ᠎ᠲᠠᠢ ᠶᠤᠮ᠂ ᠣᠨᠣᠴᠠᠳᠠᠢ᠎ᠪᠠᠷ ᠪᠡᠯᠡ ᠬᠤᠷᠠᠮᠳᠤᠭᠤᠯᠬᠤ᠂ ᠤᠨᠤᠴᠠᠳᠠᠢ᠎ᠪᠠᠷ ᠲᠦᠷᠦᠯ ᠵᠦᠢᠯ᠎ᠢ ᠳᠣᠭ᠍ᠳᠠᠭᠠᠬᠤ᠂ ᠣᠨᠣᠴᠠᠳᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠭᠦ᠌ ᠠᠵᠢᠯ᠎ᠢ ᠭᠤᠣᠯᠳᠠᠭᠤᠯᠣᠨ ᠰᠠᠢᠳᠣᠷ ᠬᠢᠬᠦ᠌ ᠬᠡᠷᠡᠭ᠌ᠳᠡᠢ》 ᠬᠡᠵᠤ    ᠬᠡᠯᠡᠪᠡ᠃
   ᠡᠨᠡ ᠵᠢᠯ ᠢᠳᠡᠪᠭᠢᠳᠠᠢ ᠡᠳ᠋᠎ᠤᠨ ᠵᠠᠰᠠᠬ᠎ᠤᠨ ᠲᠦᠷᠦ᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ ᠬᠡᠷᠭᠢᠨ ᠬᠦᠴᠤᠯᠡᠭᠦ᠌ ᠪᠤᠢ? ᠡᠳ᠋᠎ᠤᠨ ᠵᠠᠰᠠᠬ᠎ᠤᠨ ᠤᠷᠤᠯᠭ᠎ᠠ ᠲᠠᠳᠠᠭᠤ᠂ ᠵᠠᠪᠠᠯ ᠬᠡᠷᠡᠭ᠌ᠯᠡᠭᠦ᠌ ᠵᠠᠷᠤᠯᠭ᠎ᠠ᠎ᠶ᠋ᠢ ᠬᠠᠮᠢᠭ᠎ᠠ᠎ᠠᠴᠠ ᠭᠠᠷᠭᠠᠬᠤ ᠪᠤᠢ? 《ᠪᠢᠳᠡ ᠴᠢᠨᠠᠷ ᠪᠠ ᠬᠡᠮᠵᠢᠶ᠎ᠠ ᠬᠤᠶᠠᠷ ᠲᠠᠯ᠎ᠠ᠎ᠳᠤ ᠬᠦᠴᠦ᠍ ᠤᠷᠤᠭᠤᠯᠣᠨ᠎ᠠ᠂ ᠨᠡᠮᠡᠭᠦ᠌ ᠠᠷᠭ᠎ᠠ᠎ᠶ᠋ᠢ ᠬᠡᠷᠡᠭ᠌ᠯᠡᠭᠦ᠌ ᠮᠦᠷᠳᠡᠭᠡᠨ ᠬᠠᠰᠤᠬᠤ ᠠᠷᠭ᠎ᠠ᠎ᠶ᠋ᠢ ᠴᠦ᠍ ᠬᠡᠷᠡᠭ᠌ᠯᠡᠵᠦ᠍᠂ ᠪᠦᠲᠦᠴᠡ᠎ᠶ᠋ᠢ ᠲᠤᠬᠢᠷᠠᠭᠤᠯᠤᠨ᠂ ᠪᠠᠳᠤᠯᠠᠬᠤ ᠴᠢᠬᠤᠯᠠ᠎ᠲᠠᠢ᠎ᠶ᠋ᠢ ᠪᠠᠳᠣᠯᠠᠵᠣ ᠬᠠᠰᠣᠬᠤ ᠴᠢᠬᠤᠯᠠ᠎ᠲᠠᠢ᠎ᠶ᠋ᠢ ᠬᠠᠰᠣᠵᠣ᠂ ᠨᠡᠩ ᠢᠳᠡᠪᠭᠢᠳᠠᠢ ᠨᠡᠩ ᠦᠷ᠎ᠠ ᠪᠦᠳᠦᠮᠵᠢᠳᠠᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠎ᠠ》 ᠭᠡᠵᠦ᠍ ᠡᠳ᠋᠎ᠤᠨ ᠵᠠᠰᠠᠬ᠎ᠤᠨ ᠶᠠᠮᠤᠨ᠎ᠤ ᠰᠠᠢᠳ ᠯᠢᠤ ᠺᠦᠨ ᠬᠡᠯᠡᠨ᠎ᠡ᠃ ᠬᠢᠵᠢᠭ᠎ᠤᠨ ᠪᠠᠢᠳᠠᠯ᠎ᠤᠨ ᠨᠥᠯᠥᠭᠡ᠎ᠠᠴᠠ ᠪᠣᠯᠵᠤ᠂ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ ᠨᠡᠯᠢᠶᠡᠳ ᠬᠦᠴᠢᠷᠲᠡᠶ ᠪᠠᠢᠨ᠎ᠠ᠃ ᠵᠠᠭᠤᠴᠢᠯᠠᠭᠤᠷ᠎ᠤᠨ ᠬᠠᠯᠠᠮᠵᠢᠯᠠᠵᠣ ᠪᠠᠢᠭ᠎ᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠴᠠᠯᠢᠩ᠎ᠢ ᠪᠠᠲᠤᠯᠠᠬᠤ᠂ ᠡᠷᠭᠢᠯᠳᠡ᠎ᠶ᠋ᠢ ᠪᠠᠲᠤᠯᠠᠬᠤ ᠠᠰᠠᠭᠤᠳᠠᠯ᠎ᠳᠤ ᠴᠢᠭ᠌ᠯᠡᠭᠦᠯᠵᠤ᠂ ᠯᠢᠦ ᠺᠦᠨ᠄ 《ᠶᠡᠷᠦᠩᠬᠡᠶ᠎ᠳᠤᠨᠢ ᠠᠪᠴᠤ᠌ ᠦᠵᠡᠪᠡᠯ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠡᠷᠬᠢᠯᠳᠡ ᠲᠣᠭ᠍ᠲᠠᠭᠤᠨ ᠮᠦᠷᠳᠡᠭᠡᠨ ᠬᠡᠪ᠎ᠤᠨ ᠪᠠᠢᠳᠠᠯ᠎ᠳᠠᠭᠠᠨ ᠪᠠᠢᠨ᠎ᠠ᠃ ᠣᠷᠣᠨ ᠨᠤᠲᠤᠭ᠎ᠤᠨ ᠡᠳ᠋᠎ᠤᠨ ᠬᠦᠴᠦᠨ᠎ᠤ ᠪᠠᠲᠤᠯᠠᠭ᠎ᠠ᠎ᠶ᠋ᠢ ᠴᠢᠩᠭᠠᠳᠭᠠᠬᠤ ᠪᠣᠯ ᠡᠨᠡ ᠵᠢᠯ᠎ᠤᠨ ᠲᠥᠰᠦᠪ᠎ᠤᠨ ᠲᠤᠬᠢᠷᠠᠭᠤᠯᠣᠯᠳᠠ᠎ᠶ᠋ᠢᠨ ᠭᠤᠤᠯᠳᠠᠯᠭ᠎ᠠ ᠪᠣᠯᠣᠨ᠎ᠠ》 ᠬᠡᠵᠤ ᠬᠡᠯᠡᠪᠡ᠃ ᠲᠡᠷᠡ᠂ ᠲᠥᠪ᠎ᠤᠨ ᠡᠳ᠋᠎ᠤᠨ ᠵᠠᠰᠠᠬ᠎ᠠᠴᠠ ᠡᠨᠡ ᠵᠢᠯ᠎ᠤᠨ ᠤᠯᠠᠭᠠᠨ ᠲᠤᠭ᠎ᠠ᠎ᠶ᠋ᠢᠨ ᠨᠣᠷᠮ᠎ᠠ᠎ᠶ᠋ᠢ ᠲᠡᠭᠡᠭ᠌ᠰᠢᠯᠡᠭᠦᠯᠦᠨ ᠨᠡᠮᠡᠭ᠌ᠳᠡᠭᠦᠯᠦᠭ᠌ᠰᠡᠨ ᠪᠡᠯᠡ ᠮᠥᠩᠭᠦ᠎ᠶ᠋ᠢ ᠴᠦᠮ ᠣᠷᠣᠨ ᠨᠤᠲᠤᠭ᠎ᠲᠤ ᠲᠣᠬᠢᠷᠠᠭᠤᠯᠵᠣ᠂ ᠲᠥᠪ᠎ᠤᠨ ᠡᠳ᠋᠎ᠤᠨ ᠵᠠᠰᠠᠭ᠎ᠤᠨ ᠲᠠᠷᠬᠠᠭᠠᠬ᠍ᠰᠠᠨ ᠬᠢᠵᠢᠭ᠎ᠲᠠᠢ ᠲᠡᠮᠡᠴᠡᠬᠦ᠌ ᠣᠨᠴᠠᠭᠠᠶ ᠤᠯᠤᠰ᠎ᠤᠨ ᠵᠢᠭᠡᠯᠡᠯᠭᠡ᠎ᠶ᠋ᠢᠨ ᠲᠡᠮᠳᠡᠭ᠌ᠳᠤ᠎ᠶ᠋ᠢᠨ ᠣᠷᠣᠯᠭ᠎ᠠ᠎ᠶ᠋ᠢ ᠴᠦᠮ ᠣᠷᠣᠨ ᠨᠤᠲᠤᠭ᠎ᠤᠨ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠳᠡᠮᠵᠢᠬᠦ᠌ ᠪᠠ ᠬᠢᠵᠢᠭ᠎ᠲᠠᠢ ᠲᠡᠮᠡᠴᠡᠬᠦ᠌ ᠬᠠᠮᠢᠶ᠎ᠠ ᠪᠦᠬᠦᠢ ᠵᠠᠷᠤᠯᠭ᠎ᠠ᠎ᠳᠤ ᠬᠡᠷᠡᠭ᠌ᠯᠡᠬᠦ᠌ ᠪᠣᠯᠣᠨ᠎ᠠ᠂ ᠡᠨᠡ᠎ᠨᠢ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠡᠷᠭᠢᠯᠳᠡ᠎ᠳᠠᠬᠢ ᠬᠦᠴᠦᠷᠬᠡᠭ ᠶᠡᠭᠡ ᠲᠤᠯᠭᠠᠭᠤᠷᠢᠯᠠᠯ ᠪᠣᠯᠣᠨ᠎ᠠ ᠬᠡᠵᠤ ᠲᠠᠨᠢᠯᠴᠠᠭᠤᠯᠵᠠᠢ᠃ ᠣᠢᠷ᠎ᠠ᠎ᠶ᠋ᠢᠨ ᠬᠡᠳᠦᠨ ᠵᠢᠯ᠎ᠳᠤ 《ᠭᠤᠷᠪᠠᠨ ᠵᠦᠢᠯ᠎ᠤᠨ ᠠᠯᠪᠠᠨ ᠵᠠᠷᠤᠳᠠᠯ》 ᠵᠡᠷᠭᠡ ᠡᠩ᠎ᠤᠨ ᠴᠢᠨᠠᠷᠲᠠᠶ ᠵᠠᠷᠤᠯᠭ᠎ᠠ᠎ᠶ᠋ᠢ ᠵᠢᠯ ᠳᠠᠷᠠᠭᠠᠯᠠᠨ ᠪᠠᠭᠠᠰᠭᠠᠭ᠍ᠰᠠᠨ ᠪᠤᠯᠪᠠᠴᠦ᠍ ᠯᠢᠦ ᠺᠦᠨ᠎ᠤ ᠦᠵᠡᠬᠦ᠌᠎ᠪᠠᠷ᠂ ᠲᠥᠰᠦᠪ᠎ᠢ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠬᠤ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠨᠠᠷᠢᠨ ᠨᠢᠮᠪᠠᠶ ᠲᠦᠯᠦᠪᠯᠡᠬᠦ᠌ ᠵᠢᠴᠢ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠲᠠᠯ᠎ᠠ᠎ᠪᠠᠷ ᠪᠠᠰᠠ ᠣᠷᠣᠨ ᠵᠠᠶ᠎ᠲᠠᠢ ᠪᠠᠢᠨ᠎ᠠ᠃ ᠲᠡᠷᠡ᠂ ᠵᠠᠰᠠᠭ᠎ᠤᠨ ᠣᠷᠳᠣᠨ᠎ᠤ ᠵᠠᠷᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ ᠡᠩ᠎ᠤᠨ ᠴᠢᠨᠠᠷᠲᠠᠶ ᠵᠠᠷᠤᠯᠭ᠎ᠠ᠎ᠶ᠋ᠢ ᠶᠡᠭᠡ᠎ᠪᠠᠷ ᠪᠠᠭᠠᠰᠭᠠᠨ᠎ᠠ᠂ ᠢᠯᠠᠩᠭᠤᠶ᠎ᠠ 《ᠭᠤᠷᠪᠠᠨ ᠵᠦᠢᠯ᠎ᠤᠨ ᠠᠯᠪᠠᠨ ᠵᠠᠷᠤᠳᠠᠯ》᠂ ᠬᠤᠷᠠᠯ ᠴᠣᠭ᠍ᠯᠠᠭᠠᠨ᠂ ᠯᠠᠪᠯᠠᠭ᠎ᠠ ᠪᠣᠯᠪᠠᠰᠤᠷᠠᠯ ᠪᠤᠯᠤᠨ ᠶᠠᠷᠢᠶᠠᠨ᠎ᠤ ᠲᠠᠪᠴᠠᠩ ᠦᠵᠡᠭᠦᠯᠭᠡ᠎ᠶ᠋ᠢᠨ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠵᠤ᠂ ᠵᠠᠰᠠᠭ᠎ᠤᠨ ᠣᠷᠳᠣᠨ᠎ᠤ ᠴᠢᠨᠠᠷᠲᠠᠶ ᠠᠰᠠᠷ ᠲᠠᠭ᠍ᠲᠤ ᠲᠠᠩᠬᠢᠮ ᠪᠠᠭᠤᠳᠠᠯ᠎ᠢ ᠱᠢᠨ᠎ᠡ᠎ᠪᠠᠷ ᠪᠠᠢᠭᠤᠯᠬᠤ ᠪᠠ ᠥᠷᠭᠡᠳᠭᠡᠨ ᠪᠠᠢᠭᠤᠯᠬᠤ᠎ᠶ᠋ᠢ ᠴᠢᠩᠭ᠎ᠠ ᠴᠠᠭᠠᠵᠠᠯᠠᠨ᠎ᠠ ᠭᠡᠵᠦ᠍ ᠳᠣᠷᠠᠳᠴᠠᠢ᠃
   ᠡᠨᠡ ᠵᠢᠯ ᠪᠦᠬᠦ᠌ ᠳᠡᠯᠡᠬᠡᠶ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠳᠡᠯᠭᠡᠷᠡᠭ᠌ᠰᠡᠨ᠎ᠢᠶᠠᠷ ᠵᠠᠷᠢᠮ ᠤᠯᠤᠰ ᠠᠮᠤ ᠪᠤᠳᠠᠭᠠᠨ᠎ᠤ ᠨᠥᠭᠡᠴᠡ᠎ᠪᠠᠨ ᠨᠡᠮᠡᠭ᠌ᠳᠡᠭᠦᠯᠵᠤ᠂ ᠵᠠᠷᠢᠮ ᠤᠯᠤᠰ ᠠᠮᠤ ᠪᠤᠳᠠᠭ᠎ᠠ᠎ᠪᠠᠨ ᠭᠠᠳᠠᠭᠠᠳᠤ᠎ᠳᠤ ᠭᠠᠷᠭᠠᠬᠤ᠎ᠶ᠋ᠢ ᠬᠢᠵᠠᠭᠠᠷᠯᠠᠪᠠ᠃ ᠡᠨᠡ ᠬᠦ᠌ ᠪᠠᠢᠳᠠᠯ᠎ᠤᠨ ᠡᠮᠦᠨ᠎ᠡ᠂ ᠵᠠᠷᠢᠮ ᠬᠦᠮᠦᠰ ᠮᠠᠨ᠎ᠤ ᠤᠯᠤᠰ᠎ᠲᠤ ᠠᠮᠤ ᠪᠤᠳᠠᠭᠠᠨ᠎ᠤ ᠬᠢᠮᠤᠷᠠᠯ ᠭᠠᠷᠴᠦ᠍ ᠮᠡᠳᠡᠨ᠎ᠠ ᠭᠡᠵᠦ᠍ ᠰᠠᠨᠠᠭᠠᠱᠢᠷᠠᠵᠤ ᠪᠤᠢ᠃ ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠤ ᠰᠠᠢᠳ ᠬᠠᠨ ᠴᠠᠩ ᠹᠦ᠍᠄ 《ᠳᠤᠮᠳᠠᠳᠤ ᠤᠯᠤᠰ᠎ᠲᠤ ᠠᠮᠤ ᠪᠤᠳᠠᠭᠠᠨ᠎ᠤ ᠬᠢᠮᠤᠷᠠᠯ ᠭᠠᠷᠬᠤ ᠦᠭᠡᠢ ᠶᠤᠮ ᠭᠡᠵᠦ᠍ ᠪᠢ ᠪᠠᠲᠤᠲᠠᠶ ᠬᠡᠯᠡᠵᠦ᠍ ᠳᠡᠢᠯᠦᠨ᠎ᠡ》 ᠭᠡᠵᠦ᠍ ᠶᠠᠷᠢᠯ᠎ᠠ᠃ ᠲᠡᠷᠡ᠂ ᠮᠠᠨ᠎ᠤ ᠤᠯᠤᠰ᠎ᠤᠨ ᠠᠮᠤ ᠪᠤᠳᠠᠭ᠎ᠠ ᠨᠢᠭᠡᠨᠲᠡ ᠠᠷᠪᠠᠨ ᠬᠡᠳᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ 2019 ᠣᠨ᠎ᠤ ᠤᠨᠡᠯᠳᠡ 13277 ᠳ᠋ᠦᠩᠱᠢᠭᠤᠷ ᠵᠢᠩ᠎ᠳᠤ ᠬᠦᠷᠴᠦ᠍᠂ 5 ᠵᠢᠯ ᠳᠠᠷᠠᠭᠠᠯᠠᠨ 13000 ᠳ᠋ᠦᠩᠱᠢᠭᠤᠷ ᠵᠢᠩ᠎ᠠᠴᠠ ᠳᠡᠭᠡᠭ᠌ᠰᠢ ᠪᠠᠢᠬᠤ᠎ᠶ᠋ᠢ ᠪᠠᠲᠤᠯᠠᠪᠠ᠃ ᠣᠳᠣᠬᠠᠨ᠎ᠳᠤ ᠮᠠᠨ᠎ᠤ ᠤᠯᠤᠰ᠎ᠤᠨ ᠬᠥᠮᠦᠨ ᠳᠤᠮᠳᠠᠴᠢ᠎ᠶ᠋ᠢᠨ ᠠᠮᠤ ᠪᠤᠳᠠᠭᠠᠨ᠎ᠤ ᠡᠵᠡᠯᠡᠮᠵᠢ ᠳᠡᠯᠡᠬᠡᠢ᠎ᠶ᠋ᠢᠨ ᠠᠮᠤ ᠪᠤᠳᠠᠭᠠᠨ᠎ᠤ ᠠᠮᠤᠷ ᠲᠦᠪᠱᠢᠨ᠎ᠤ ᠪᠠᠷᠢᠮᠵᠢᠶ᠎ᠠ᠎ᠠᠴᠠ ᠬᠤᠯᠠ ᠥᠨᠳᠥᠷ ᠪᠠᠢᠨ᠎ᠠ᠃ ᠲᠤᠲᠤᠷᠭ᠎ᠠ᠂ ᠪᠤᠭᠤᠳᠠᠶ ᠬᠤᠶᠠᠷ ᠶᠡᠭᠡ ᠠᠮᠤ ᠬᠦᠨᠡᠰᠦ᠎ᠪᠠᠨ ᠪᠦᠬᠦᠨ᠎ᠢ ᠥᠪᠡᠰᠤᠪᠠᠨ ᠬᠠᠩᠭᠠᠵᠣ᠂ ᠬᠠᠳᠠᠭᠠᠯᠠᠮᠵᠢ᠎ᠶ᠋ᠢᠨ ᠬᠡᠮᠵᠢᠶ᠎ᠡ᠎ᠨᠢ ᠨᠢᠭᠡ ᠵᠢᠯ᠎ᠤᠨ ᠤᠨᠠᠯᠳᠠ᠎ᠠᠴᠠ ᠲᠠᠪᠠᠭᠠᠳ ᠪᠦᠬᠦ᠌ ᠤᠯᠤᠰ᠎ᠤᠨ ᠠᠷᠠᠳ ᠲᠦᠮᠡᠨ ᠨᠢᠭᠡ ᠵᠢᠯ ᠢᠳᠡᠵᠦ᠍ ᠬᠦᠷᠦᠨ᠎ᠠ ᠬᠡᠵᠤ ᠶᠠᠷᠢᠨ᠎ᠠ᠃ ᠭᠠᠭ᠍ᠠᠶ᠎ᠶ᠋ᠢᠨ ᠮᠢᠬᠠᠨ᠎ᠤ ᠦᠨ᠎ᠡ ᠬᠠᠩᠰᠢ᠎ᠶ᠋ᠢᠨ ᠲᠤᠬᠠᠶ ᠬᠠᠨ ᠴᠠᠩ ᠹᠦ᠍᠂ ᠭᠠᠭ᠍ᠠᠶ᠎ᠶ᠋ᠢᠨ ᠮᠢᠬ᠎ᠠ᠎ᠶ᠋ᠢᠨ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠨᠢᠭᠡᠨᠲᠡ 13 ᠭᠠᠷᠠᠭ ᠳᠠᠷᠠᠭᠠᠯᠠᠨ ᠪᠠᠭ᠎ᠠ ᠬᠡᠮᠵᠢᠶ᠎ᠡ᠎ᠪᠠᠷ ᠪᠠᠭᠤᠷᠠᠵᠤ᠂ ᠬᠠᠮᠤᠭ᠎ᠤᠨ ᠥᠨᠳᠥᠷ ᠦᠶ᠎ᠡ᠎ᠶ᠋ᠢᠨ᠎ᠬᠢ᠎ᠠᠴᠠ᠎ᠪᠠᠨ 23% ᠪᠠᠭᠤᠷᠠᠵᠤ᠂ ᠺᠢᠯᠣᠭ᠌ᠷᠠᠮ ᠪᠦᠷᠢ᠎ᠳᠤ ᠪᠠᠷᠤᠭ 12 ᠲᠥᠭᠦᠷᠢᠭ ᠪᠠᠭᠤᠷᠠᠪᠠ᠃ ᠠᠮᠢᠳᠤ ᠭᠠᠭ᠍ᠠᠶ᠎ᠶ᠋ᠢᠨ ᠦᠶᠯᠡᠳᠪᠦᠷᠢᠯᠡᠯ ᠰᠡᠷᠭᠦᠬᠦ᠌᠎ᠶ᠋ᠢ ᠳᠠᠭᠠᠯᠳᠤᠨ ᠬᠠᠩᠭᠠᠯᠭ᠎ᠠ ᠬᠡᠷᠡᠭ᠌ᠴᠡᠭᠡ᠎ᠶ᠋ᠢᠨ ᠬᠠᠷᠢᠴᠠᠭ᠎ᠠ ᠢᠳᠡᠭ ᠢᠳᠡᠭ᠎ᠢᠶᠠᠷ ᠰᠠᠢᠵᠢᠷᠠᠵᠤ᠂ ᠵᠠᠬ᠎ᠠ ᠳᠡᠯᠭᠡᠭᠦᠷ᠎ᠲᠠᠬᠢ ᠭᠠᠭ᠍ᠠᠶ᠎ᠶ᠋ᠢᠨ ᠮᠢᠬᠠᠨ᠎ᠤ ᠦᠨ᠎ᠡ ᠬᠠᠩᠰᠢ ᠲᠠᠬᠢᠨ ᠶᠡᠭᠡ ᠬᠡᠮᠵᠢᠶ᠎ᠡ᠎ᠪᠠᠷ ᠥᠰᠭᠦ ᠦᠭᠡᠢ ᠬᠡᠵᠤ ᠮᠠᠭᠠᠳᠯᠠᠨ ᠶᠠᠷᠢᠨ᠎ᠠ᠃ ᠬᠠᠨ ᠴᠠᠩ ᠹᠦ᠍᠄ 《ᠠᠮᠢᠳᠤ ᠭᠠᠭ᠍ᠠᠶ᠎ᠶ᠋ᠢᠨ ᠦᠶᠯᠡᠳᠪᠦᠷᠢᠯᠡᠯ᠎ᠢ ᠪᠦᠷᠢᠮᠦᠰᠦᠨ ᠰᠡᠷᠭᠦᠭᠡᠬᠦ᠌᠎ᠳᠤ ᠨᠢᠬᠡᠨ ᠦᠢᠯᠡᠳᠪᠤᠷᠢᠯᠡᠯ᠎ᠤᠨ ᠶᠠᠪᠤᠴᠠ᠎ᠶ᠋ᠢ ᠱᠠᠭᠠᠷᠳᠠᠳᠠᠭ᠂ ᠣᠨᠴᠠ ᠵᠠᠷᠢᠮ ᠮᠤᠵᠢ᠎ᠶ᠋ᠢᠨ ᠠᠮᠢᠳᠤ ᠭᠠᠭ᠍ᠠᠶ᠎ᠶ᠋ᠢᠨ ᠦᠶᠯᠡᠳᠪᠦᠷᠢᠯᠡᠯ᠎ᠢᠶᠠᠨ ᠰᠡᠷᠭᠦᠭᠡᠬᠦ᠌ ᠶᠠᠪᠣᠴᠠ᠎ᠳᠤ ᠪᠠᠰᠠ ᠬᠡᠯᠪᠡᠯᠵᠡᠯ ᠭᠠᠷᠴᠤ᠌ ᠪᠠᠢᠭ᠎ᠠ ᠪᠣᠯᠬᠤᠷ ᠡᠯ᠎ᠡ ᠵᠦᠶᠯ᠎ᠤᠨ ᠠᠷᠭ᠎ᠠ ᠬᠡᠮᠵᠢᠶ᠎ᠡ᠎ᠶ᠋ᠢ ᠴᠢᠩᠭᠠᠳᠭᠠᠬᠤ ᠴᠢᠬᠤᠯᠠᠳᠠᠢ》 ᠬᠡᠵᠤ ᠰᠠᠨᠠᠭᠤᠯᠪᠠ᠃ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠲᠤᠬᠠᠢ ᠬᠠᠨ ᠴᠠᠩ ᠹᠦ᠍᠂ ᠡᠨᠡ ᠬᠡᠳᠦᠨ ᠵᠢᠯ᠎ᠳᠤ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠠᠵᠢᠯ᠎ᠤᠨ ᠬᠠᠮᠤᠷᠣᠭ᠍ᠰᠠᠨ ᠬᠡᠪᠴᠢᠶ᠎ᠡ ᠥᠷᠭᠡᠨ ᠲᠠᠯᠬᠡᠷ ᠪᠠᠢᠵᠤ᠂ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠬᠠᠮᠤᠭ᠎ᠤᠨ ᠤᠯᠠᠨ ᠳᠠᠢᠴᠢᠯᠠᠭ᠍ᠰᠠᠨ ᠶᠠᠳᠠᠭᠤ᠎ᠶ᠋ᠢ ᠲᠡᠳᠬᠦᠬᠦ᠌ ᠠᠷᠭ᠎ᠠ ᠬᠡᠮᠵᠢ᠊ ᠡᠶ᠎ᠡ ᠪᠣᠯᠪᠠ᠃ ᠤᠳᠤ ᠨᠥᠬᠦᠴᠡᠯ ᠪᠤᠯᠤᠮᠵᠢ ᠪᠦᠷᠢᠳᠦᠭ᠌ᠰᠡᠨ ᠶᠠᠳᠠᠭᠤ ᠬᠦᠴᠢᠷᠳᠡᠯᠲᠡᠢ ᠲᠣᠰᠭᠤᠨ ᠴᠥᠮ ᠦᠪᠡᠷᠮᠢᠴᠡ ᠤᠨᠴᠠᠯᠢᠭ᠎ᠲᠠᠢ ᠠᠵᠤ ᠦᠢᠯᠡᠰ᠎ᠤᠨ ᠰᠠᠭᠤᠷᠢᠨ ᠪᠠᠢᠭᠤᠯᠵᠤ᠂ ᠶᠡᠷᠦᠩᠬᠡᠢ ᠬᠡᠮᠵᠢᠶ᠎ᠡ᠎ᠨᠢ ᠨᠢᠭᠡᠨᠲᠡ 10 ᠲᠦᠮᠡ᠎ᠶ᠋ᠢ ᠳᠠᠪᠠᠵᠣ ᠪᠣᠢ᠃ ᠭᠡᠪᠡᠴᠦ᠍ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠠᠵᠤ ᠦᠢᠯᠡᠰ᠎ᠤᠨ ᠪᠦᠬᠦᠯᠢ ᠴᠣᠭ᠍ᠴᠠ᠎ᠶ᠋ᠢᠨ ᠲᠦᠪᠱᠢᠨ ᠮᠦᠨ ᠬᠦ᠌ ᠥᠨᠳᠥᠷ ᠪᠢᠰᠢ ᠪᠠᠢᠭ᠍ᠰᠠᠭᠠᠷ᠂ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ ᠳᠠᠷᠠᠭᠠᠴᠢ᠎ᠶ᠋ᠢᠨ ᠠᠯᠬᠤᠮ᠎ᠳᠤ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠠᠳᠭᠤᠬᠤ᠂ ᠵᠣᠯᠭᠠᠯᠴᠠᠭ᠎ᠠ᠎ᠶ᠋ᠢ ᠠᠬᠢᠭᠤᠯᠬᠤ᠂ ᠲᠠᠷᠢᠶᠠᠯᠠᠬᠤ ᠡᠷᠤᠭᠡ᠎ᠶ᠋ᠢ ᠳᠠᠢᠴᠢᠯᠠᠬᠤ ᠵᠡᠷᠬᠡ ᠲᠦᠷᠪᠡᠨ ᠲᠠᠯ᠎ᠠ᠎ᠪᠠᠷ ᠬᠦᠴᠦᠯᠡᠵᠦ᠍᠂ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠦᠷᠭᠦᠯᠵᠢᠯᠡᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ ᠬᠡᠵᠤ ᠶᠠᠷᠢᠭ᠍ᠰᠠᠨ ᠪᠠᠢᠨ᠎ᠠ᠃

         (ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 22 ᠎ᠤᠨ ᠴᠠᠬᠢᠯᠭᠠᠨ ᠮᠡᠳᠡᠭᠡ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号