《ᠬᠡᠱᠢᠬᠦᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》 ᠎ᠳᠤ ᠁
2020-05-25 09:54:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    5 ᠰᠠᠷ᠎ᠠ᠎ᠶ᠋ᠢᠨ 24 ᠎ᠤ ᠦᠳᠡ᠎ᠶ᠋ᠢᠨ ᠡᠮᠦᠨ᠎ᠠ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠬᠤᠶᠠᠳᠤᠭᠠᠷ ᠲᠠᠯᠠᠪᠠᠢ 《ᠬᠡᠱᠢᠬᠦᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》 ᠎ᠤᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠪᠡᠬᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠰᠤᠨᠢᠨ ᠮᠡᠳᠡᠭᠡ ᠨᠡᠢᠳᠡᠯᠡᠬᠦ᠌ ᠲᠢᠩᠬᠢᠮ᠎ᠳᠤ ᠶᠠᠪᠤᠬ᠍ᠳᠠᠪᠠ᠃ 6 ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ᠂ ᠠᠵᠦ᠍ ᠦᠢᠯᠡᠰ᠎ᠤᠨ ᠬᠡᠯᠬᠢᠶ᠎ᠠ ᠪᠠ ᠬᠠᠩᠭᠠᠯᠭ᠎ᠠ᠎ᠶ᠋ᠢᠨ ᠬᠡᠯᠬᠢᠶ᠎ᠠ᠎ᠶ᠋ᠢ ᠲᠤᠬ᠍ᠳᠠᠪᠤᠷᠢᠵᠢᠭᠤᠯᠬᠤ ᠵᠡᠷᠬᠡ ᠬᠠᠯᠠᠮᠱᠢᠯ ᠰᠡᠳᠦᠪ᠎ᠤᠨ ᠲᠤᠭᠤᠷᠢᠨ᠎ᠳᠤ ᠰᠤᠷᠪᠤᠯᠵᠢᠯᠠᠬ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠪᠠ᠃
    ᠬᠢᠵᠢᠭ᠎ᠤᠨ ᠪᠠᠢᠳᠠᠯ᠎ᠤᠨ ᠲᠠᠭᠠᠷᠢᠯᠳᠠ᠎ᠳᠤ ᠬᠠᠨᠳᠤᠨ᠂ ᠠᠷᠠᠳ᠎ᠤᠨ ᠡᠵᠡᠩᠨᠡᠯᠳᠡ᠎ᠶ᠋ᠢᠨ ᠠᠵᠦ᠍ ᠠᠬᠤᠢ᠍ᠢᠯᠠᠯ ᠬᠦᠭ᠌ᠵᠢᠯᠳᠡ᠎ᠶ᠋ᠢᠨ ᠬᠦᠴᠢᠷᠳᠡᠯᠳᠤ ᠪᠠᠢᠳᠠᠯ᠎ᠢᠶᠠᠨ ᠬᠡᠷᠬᠢᠨ ᠲᠠᠪᠠᠭ᠍ᠤ ᠪᠤᠢ? ᠵᠦ᠍ ᠵᠢᠶᠠᠨ ᠮᠢᠨ ᠬᠡᠱᠢᠬᠦᠨ᠎ᠤ ᠦᠵᠡᠬᠦ᠌᠎ᠪᠠᠷ᠂ ᠵᠠᠩᠬᠢᠯᠠᠭ᠎ᠠ᠎ᠨᠢ ᠠᠵᠦ᠍ ᠦᠢᠯᠡᠰ᠎ᠤᠨ ᠬᠡᠯᠬᠢᠶ᠎ᠠ ᠪᠠ ᠬᠠᠩᠭᠠᠯᠭ᠎ᠠ᠎ᠶ᠋ᠢᠨ ᠬᠡᠯᠬᠢᠶ᠎ᠠ᠎ᠶ᠋ᠢ ᠱᠢᠯᠤᠭᠤᠳᠭᠠᠬᠤ ᠪᠠ ᠲᠤᠬ᠍ᠳᠠᠪᠤᠷᠢᠵᠢᠭᠤᠯᠬᠤ᠎ᠳᠤ ᠪᠤᠢ᠃ ᠭᠠᠨ ᠯᠢᠨ ᠬᠡᠱᠢᠬᠦᠨ᠎ᠤ ᠦᠵᠡᠬᠦ᠌᠎ᠪᠠᠷ᠂ ᠬᠢᠨᠠᠯᠲᠠ ᠬᠠᠮᠢᠶᠠᠷᠤᠯᠳᠠ ᠬᠢᠬᠦ᠌ ᠤᠯᠠᠨ ᠲᠦᠮᠡᠨᠴᠢ ᠱᠤᠭᠤᠮ᠎ᠢᠶᠠᠷ ᠶᠠᠪᠤᠵᠦ᠍᠂ ᠵᠠᠰᠠᠬ᠎ᠤᠨ ᠤᠷᠳᠤᠨ ᠬᠡᠷᠡᠭ᠌ᠯᠡᠭᠡ᠎ᠶ᠋ᠢᠨ ᠢᠯᠡᠴᠢᠯᠡᠨ ᠵᠠᠭᠠᠯᠳᠤᠯᠭ᠎ᠠ᠎ᠶ᠋ᠢ ᠢᠯᠡ ᠨᠡᠢᠳᠡᠯᠡᠬᠦ᠌ ᠲᠦᠷᠢᠮ᠎ᠢ ᠲᠤᠭ᠍ᠳᠠᠭᠠᠬᠤ ᠬᠡᠷᠡᠭ᠌ᠳᠡᠢ ᠭᠡᠵᠡᠢ᠃ ᠡᠨᠡ ᠡᠳᠦᠷ᠎ᠤᠨ 《ᠬᠡᠱᠢᠬᠦᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》 ᠲᠡᠭᠡᠷ᠎ᠠ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠳ ᠪᠠᠰᠠ ᠰᠤᠶᠤᠯ᠎ᠢᠶᠠᠷ ᠶᠠᠳᠠᠭᠤ᠎ᠶ᠋ᠢ ᠲᠡᠳᠬᠦᠬᠦ᠂ ᠵᠢᠭᠤᠯᠴᠢᠯᠠᠯ᠎ᠤᠨ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠵᠡᠷᠬᠡ ᠠᠰᠠᠭᠤᠳᠠᠯ᠎ᠤᠨ ᠲᠤᠭᠤᠷᠢᠨ᠎ᠳᠤ ᠰᠤᠷᠪᠤᠯᠵᠢᠯᠠᠬ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠪᠠ᠃
           (ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 24 ᠎ᠤ ᠴᠡᠬᠢᠯᠭᠠᠨ ᠮᠡᠳᠡᠭᠡ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号