ᠮᠤᠩᠭᠤᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠱᠢᠨ᠎ᠡ ᠭᠠᠢᠬᠠᠮᠱᠢᠭ᠎ᠢ ᠦᠷᠭᠦᠯᠵᠢᠯᠡᠨ ᠪᠢᠴᠢᠭ᠌ᠯᠡᠰᠦᠭᠡᠢ — ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍ ᠨᠠᠢᠳᠠᠪᠦᠷᠢᠵᠢᠭᠤᠯᠬᠤ ᠲᠤᠬᠠᠢ ᠭᠤᠷᠪᠠᠨᠳᠠ ᠦᠭᠦᠯᠡᠬᠦ᠌᠎ᠨᠢ
2020-05-26 09:20:29
ᠵᠣᠬᠢᠶᠠᠭ᠍ᠴᠢ᠄
ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

      ᠨᠢᠬᠡ ᠤᠯᠤᠰ᠂ ᠨᠢᠬᠡ ᠦᠨᠳᠦᠰᠦᠳᠡᠨ ᠬᠦᠭ᠌ᠵᠢᠨ ᠲᠠᠪᠱᠢᠶ᠎ᠠ ᠬᠡᠪᠡᠯ ᠬᠦᠴᠦᠷᠬᠡᠭ ᠶᠡᠭᠡ ᠤᠶᠤᠨ ᠰᠠᠨᠠᠭᠠᠨ᠎ᠤ ᠬᠦᠳᠡᠯᠬᠡᠬᠦ᠌ ᠬᠦᠴᠦᠨ᠎ᠠᠴᠠ ᠰᠠᠯᠵᠥ᠍ ᠴᠢᠳᠠᠬᠤ ᠦᠬᠡᠢ ᠶᠤᠮ᠃ ᠶᠡᠷᠤᠩᠬᠡᠢ ᠱᠦᠵᠢ ᠰᠢ᠎ᠶ᠋ᠢᠨ ᠫᠢᠩ ᠤᠯᠠᠨ ᠤᠳᠠᠭ᠎ᠠ ᠮᠤᠩᠭᠤᠯ ᠮᠤᠷᠢᠨ᠎ᠤ ᠵᠤᠷᠢᠭ ᠰᠠᠨᠠᠭ᠎ᠠ᠎ᠪᠠᠷ ᠮᠠᠨ᠎ᠤ ᠤᠷᠤᠨ᠎ᠤ ᠺᠠᠳ᠋ᠷ ᠤᠯᠠᠨ ᠲᠦᠮᠡᠨ᠎ᠢ ᠵᠤᠷᠢᠬ᠍ᠵᠢᠭᠤᠯᠵᠥ᠍᠂ ᠦᠪᠤᠷ ᠮᠤᠩᠭᠤᠯ᠎ᠳᠤ ᠨᠠᠨᠳᠢᠨ ᠬᠦᠰᠡᠯ ᠲᠠᠯᠪᠢᠵᠠᠢ᠃ 5 ᠰᠠᠷ᠎ᠠ᠎ᠶ᠋ᠢᠨ 22 ᠎ᠤᠨ ᠡᠳᠤᠷ᠂ ᠶᠡᠷᠤᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ᠎ᠳᠠᠭᠠᠨ ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ ᠬᠡᠷᠡᠭ᠌ᠳᠡᠢ ᠬᠡᠵᠥ᠍ ᠲᠠᠬᠢᠨᠳᠠ ᠲᠤᠷᠠᠳᠪᠠ᠃ ᠡᠨᠡ ᠪᠤᠯ ᠦᠪᠤᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠰᠡᠳᠭᠢᠯ ᠨᠢᠬᠡᠳᠤᠨ ᠬᠦᠴᠦ᠎ᠪᠠᠨ ᠬᠠᠮᠳᠤᠳᠭᠠᠵᠥ᠍ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠲᠠᠬᠢᠨᠳᠠ ᠲᠠᠢᠴᠢᠯᠠᠵᠥ᠍ ᠲᠠᠬᠢᠨᠳᠠ ᠵᠤᠷᠢᠬ᠍ᠵᠢᠭᠤᠯᠤᠭ᠍ᠰᠠᠠ ᠶᠠᠪᠤᠳᠠᠯ ᠪᠤᠯᠬᠤ ᠶᠤᠮ᠃
      《ᠬᠦᠴᠢᠷ ᠪᠡᠷᠬᠡᠱᠢᠶᠡᠯ᠎ᠢ ᠲᠠᠪᠠᠵᠦ᠍ ᠴᠤᠴᠠᠯᠳᠠ ᠦᠭᠡᠢ ᠤᠷᠤᠭ᠍ᠰᠢᠯᠠᠨ ᠵᠤᠷᠢᠬ᠍ᠰᠠᠨ᠎ᠳᠠᠭᠠᠨ ᠵᠠᠪᠠᠯ ᠬᠦᠷᠬᠦ᠌》 ᠮᠤᠩᠭᠤᠯ ᠮᠤᠷᠢᠨ᠎ᠤ ᠵᠤᠷᠢᠭ ᠰᠠᠨᠠᠭ᠎ᠠ᠎ᠨᠢ ᠲᠠᠯ᠎ᠠ ᠨᠤᠲᠤᠭ᠎ᠤᠨ ᠠᠷᠠᠳ ᠲᠦᠮᠡᠨ᠎ᠤ ᠤᠶᠤᠨ ᠰᠠᠨᠠᠭᠠᠨ᠎ᠤ ᠬᠦᠭᠡᠭᠡᠴᠡᠯᠳᠦᠯ᠎ᠢ ᠱᠢᠩᠭᠡᠭᠡᠵᠦ᠍᠂ ᠲᠠᠯ᠎ᠠ ᠨᠤᠲᠤᠭ᠎ᠤᠨ ᠠᠷᠠᠳ ᠲᠦᠮᠡᠨ᠎ᠤ ᠦᠪᠡᠷᠮᠢᠴᠡ ᠤᠶᠤᠨ ᠰᠠᠨᠠᠭᠠᠨ᠎ᠤ ᠢᠮ ᠲᠡᠮᠳᠡᠭ᠎ᠢ ᠲᠦᠯᠦᠭᠡᠯᠡᠨ᠂ ᠦᠶ᠎ᠠ ᠦᠶ᠎ᠠ᠎ᠶ᠋ᠢᠨ ᠲᠠᠯ᠎ᠠ ᠨᠤᠲᠤᠭ᠎ᠤᠨ ᠠᠷᠠᠳ ᠲᠦᠮᠡᠨ᠎ᠤ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠡᠷᠡᠮᠡᠬᠡᠢᠯᠡᠨ ᠤᠷᠤᠭ᠍ᠰᠢᠯᠠᠬᠤ᠎ᠶ᠋ᠢ ᠵᠤᠷᠢᠭ᠍ᠵᠢᠭᠤᠯᠤᠬ᠍ᠰᠠᠭᠠᠷ ᠢᠷᠡᠵᠠᠢ᠃ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ ᠱᠢᠨ᠎ᠠ ᠴᠠᠭ ᠦᠶ᠎ᠠ᠎ᠳᠤ ᠤᠷᠤᠭ᠍ᠰᠠᠨ ᠦᠨᠦᠳᠦᠷ᠂ ᠮᠤᠩᠭᠤᠯ ᠮᠤᠷᠢᠨ᠎ᠤ ᠵᠤᠷᠢᠭ ᠰᠠᠨᠠᠭ᠎ᠠ᠎ᠨᠢ ᠦᠭᠡᠷᠡᠴᠢᠯᠡᠯᠳᠡ ᠬᠢᠵᠤ ᠱᠢᠨ᠎ᠠ᠎ᠶ᠋ᠢ ᠡᠭᠦᠳᠬᠦ᠂ ᠵᠤᠷᠢᠬ᠍ᠳᠠᠢ᠎ᠪᠠᠷ ᠬᠦᠭ᠌ᠵᠢᠨ ᠲᠠᠪᠱᠢᠬᠤ ᠴᠠᠭ ᠦᠶ᠎ᠠ᠎ᠶ᠋ᠢᠨ ᠵᠤᠷᠢᠭ ᠰᠠᠨᠠᠭ᠎ᠠ᠎ᠲᠠᠢ ᠨᠢᠭ᠍ᠳᠠ ᠤᠶᠠᠯᠳᠤᠵᠤ᠂ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌᠎ᠶ᠋ᠢ ᠤᠷᠮᠠᠱᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ ᠪᠤᠯᠵᠠᠢ᠃ ᠪᠢᠳᠡ ᠡᠷᠬᠡᠪᠰᠢ ᠶᠡᠷᠦᠩᠬᠡᠢ ᠱᠦᠵᠢ᠎ᠶ᠋ᠢᠨ ᠭᠦᠨ ᠴᠢᠬᠢᠮᠠᠢ ᠪᠤᠳᠤᠯ ᠪᠤᠯᠤᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠭᠦᠨᠵᠡᠭᠡᠢ ᠤᠢ᠍ᠢᠯᠠᠭᠠᠵᠤ᠂ ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠨᠢᠭᠡ ᠯᠡ ᠠᠮᠢᠰᠭᠤᠭ᠎ᠠ᠎ᠪᠠᠷ ᠬᠢᠵᠦ᠍᠂ ᠠᠱᠢᠬ᠍ᠳᠠᠢ ᠪᠠᠢᠳᠠᠯ᠎ᠢ ᠠᠮᠵᠢᠨ ᠤᠷᠤᠬ᠍ᠰᠢᠯᠠᠵᠦ᠍᠂ ᠬᠢᠵᠢᠭ᠎ᠤᠨ ᠪᠠᠢᠳᠠᠯ᠎ᠠᠴᠠ ᠪᠤᠯᠤᠬ᠍ᠰᠠᠨ ᠠᠱᠢᠭ ᠦᠬᠡᠢ ᠨᠦᠯᠦᠭᠡ᠎ᠶ᠋ᠢ ᠡᠷᠡᠰ᠎ᠢᠶᠠᠷ ᠢᠯᠠᠨ ᠳᠠᠪᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠬᠦ᠌ ᠬᠠᠷᠠᠯᠳᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠠᠳᠤᠯᠠᠵᠤ᠂ ᠱᠢᠨ᠎ᠠ ᠴᠠᠭ ᠦᠶ᠎ᠠ᠎ᠳᠤ ᠨᠡᠢᠭᠡᠮ ᠵᠢᠷᠤᠮ᠎ᠤᠨ ᠤᠳᠤᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠶᠠᠨ᠎ᠳᠤ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠳᠠᠢ᠃
      ᠠᠷᠠᠳ ᠲᠦᠮᠡᠨ᠎ᠢ ᠰᠠᠢᠬᠠᠨ ᠠᠮᠢᠳᠤᠷᠠᠭᠤᠯᠬᠤ ᠪᠤᠯ ᠮᠠᠨ᠎ᠤ ᠠᠯᠢᠪᠠ ᠠᠵᠢᠯ᠎ᠤᠨ ᠵᠤᠷᠢᠯᠳᠠ ᠪᠠ ᠳᠤᠰᠤᠯᠳᠠ ᠮᠦᠨ᠃ 《ᠡᠷ᠎ᠠ ᠮᠤᠷᠢ ᠬᠠᠷᠠᠢᠭ᠍ᠰᠠᠠ᠎ᠳᠠᠭᠠᠨ᠂ ᠡᠷ᠎ᠠ ᠬᠦᠮᠦᠨ ᠬᠡᠯᠡᠭ᠌ᠰᠡᠡ᠎ᠳᠡᠭᠡᠨ》 ᠭᠡᠲᠡᠭ᠂ ᠠᠵᠢᠯ ᠬᠢᠵᠦ᠍ ᠦᠢᠯᠡᠰ ᠪᠤᠰᠭᠠᠬᠤ᠎ᠳᠤ ᠡᠷᠴᠢ ᠵᠤᠷᠢᠭ ᠪᠠᠢᠬᠤ ᠭᠡᠷᠡᠭ᠌ᠲᠡᠢ᠂ ᠭᠡᠲᠦᠢ ᠬᠦᠴᠢᠷ ᠪᠡᠷᠬᠡ ᠬᠡᠳᠤᠢ ᠠᠶᠤᠯ ᠲᠦᠭ᠌ᠰᠢᠬᠦᠷᠢ ᠬᠠᠷᠰᠢ ᠰᠠᠭᠠᠳ᠎ᠲᠠᠢ ᠪᠤᠯᠬᠤ ᠲᠤᠲᠤᠮ ᠲᠡᠲᠦᠢ ᠡᠷᠡᠯᠬᠡᠭ᠌ᠯᠡᠨ ᠤᠷᠤᠭ᠍ᠰᠢᠯᠠᠵᠦ᠍᠂ ᠡᠴᠤᠰ᠎ᠤᠨ ᠢᠯᠠᠯᠲᠠ᠎ᠶ᠋ᠢ ᠤᠯᠬᠤ ᠬᠡᠷᠡᠭ᠌ᠳᠠᠢ᠃ ᠡᠨᠡ ᠵᠢᠯ ᠪᠤᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠲᠤᠭᠠᠠ᠎ᠤ ᠢᠯᠠᠯᠲᠠ᠎ᠶ᠋ᠢ ᠤᠯᠬᠤ ᠰᠡᠭᠦᠯ ᠬᠤᠷᠢᠶᠠᠬᠤ ᠵᠢᠯ ᠮᠦᠠ᠂ ᠠᠵᠦ᠍ ᠠᠬᠤᠢ ᠨᠡᠢᠭᠡᠮ᠎ᠤᠨ ᠬᠦᠭ᠌ᠵᠢᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠤ ᠡᠬᠦᠷᠭᠡ ᠪᠡᠷᠬᠡ ᠬᠠᠲᠠᠭᠤᠵᠢᠯᠲᠠᠢ ᠪᠦᠭᠡᠳ ᠨᠦᠰᠡᠷ ᠬᠦᠠᠲᠦ ᠪᠠᠢᠭ᠍ᠰᠠᠠ᠎ᠤ ᠲᠡᠭᠡᠷ᠎ᠠ ᠱᠢᠨ᠎ᠠ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠲᠠᠯ᠎ᠤᠨ ᠨᠦᠯᠦᠭᠡᠯᠡᠯ ᠲᠠᠪᠬᠤᠴᠠᠭ᠍ᠰᠠᠠ ᠪᠤᠯᠬᠤᠷ ᠪᠦᠬᠦ᠌ ᠵᠢᠯ᠎ᠤᠨ ᠠᠵᠢᠯ᠎ᠢ ᠰᠠᠢᠲᠤᠷ ᠬᠢᠬᠦ᠌᠎ᠳᠤ ᠬᠦᠴᠢᠷᠲᠡᠯ ᠨᠡᠩ ᠶᠡᠭᠡ᠂ ᠱᠠᠭᠠᠷᠲᠠᠯᠭ᠎ᠠ ᠨᠡᠩ ᠦᠨᠲᠦᠷ ᠪᠠᠢᠨ᠎ᠠ᠃ ᠡᠢᠮᠦ᠍ ᠵᠠᠩᠭᠢᠯᠠᠭ᠎ᠠ᠎ᠶ᠋ᠢᠨ ᠦᠶ᠎ᠠ᠎ᠳᠤ᠂ ᠪᠢᠲᠠᠨ᠎ᠳᠤ ᠦᠩᠭᠡᠷᠡᠭ᠌ᠰᠡᠡ᠎ᠤ ᠠᠯᠢ ᠴᠦ᠍ ᠦᠶ᠎ᠠ᠎ᠠᠴᠠ ᠬᠡᠳ ᠪᠦᠷ ᠢᠯᠡᠭᠦᠦ 《ᠬᠦᠴᠢᠷ ᠪᠡᠷᠬᠡᠱᠢᠶᠡᠯ᠎ᠢ ᠲᠠᠪᠠᠭ᠍ᠤ》 ᠲᠠᠭᠠᠭᠠᠮᠠᠭᠠᠢ ᠵᠤᠷᠢᠭ ᠪᠠ 《ᠴᠤᠴᠠᠯᠲᠠ ᠦᠭᠡᠢ ᠤᠷᠤᠬ᠍ᠰᠢᠯᠠᠬᠤ》 ᠡᠷᠴᠢ ᠬᠦ᠍ᠴᠦ᠍ ᠭᠡᠷᠡᠭ᠌ᠰᠡᠨ᠎ᠠ᠂ ᠪᠢᠲᠠᠨ᠎ᠳᠤ ᠦᠡᠭ᠌ᠭᠡᠷᠡᠭ᠌ᠰᠡᠨ᠎ᠤ ᠠᠯᠢ ᠴᠦ᠍ ᠦᠶ᠎ᠠ᠎ᠠᠴᠠ ᠬᠡᠳ ᠪᠦᠷ ᠢᠯᠡᠭᠦᠦ 《ᠵᠤᠷᠢᠭ᠍ᠰᠠᠠ᠎ᠳᠠᠭᠠᠨ ᠵᠠᠪᠠᠯ ᠬᠦᠷᠬᠦ᠌》 ᠡᠷᠡᠮᠡᠭᠡᠢ ᠵᠤᠷᠢᠭ ᠪᠠ ᠠᠮᠢ ᠴᠦᠯᠡᠬᠦ᠌ ᠵᠤᠷᠢᠬ ᠰᠠᠨᠠᠭ᠎ᠠ ᠭᠡᠷᠡᠭ᠌ᠰᠡᠨ᠎ᠠ᠃ ᠪᠢᠲᠠ ᠠᠷᠠᠳ ᠲᠦᠮᠠᠠ᠎ᠤ ᠰᠠᠢᠨ ᠰᠠᠢᠬᠠᠨ ᠠᠮᠢᠲᠤᠷᠠᠯ᠎ᠤᠨ ᠬᠦᠰᠡᠯ ᠡᠷᠡᠮᠡᠯᠵᠡᠯ᠎ᠢᠶᠠᠷ ᠲᠡᠮᠡᠴᠡᠬᠦ᠌ ᠬᠠᠷᠠᠯᠲᠠ᠎ᠪᠠᠨ ᠪᠤᠯᠭᠠᠵᠦ᠍᠂ ᠢᠮᠠᠭ᠍ᠲᠠ ᠠᠷᠠᠳ ᠤᠯᠠᠠ᠎ᠲᠠᠢ ᠪᠤᠳᠤᠯ᠎ᠢᠶᠠᠨ ᠨᠢᠭᠡᠳᠭᠡᠨ ᠬᠦᠴᠦ᠎ᠪᠠᠨ ᠬᠠᠮᠳᠤᠳᠭᠠᠵᠤ᠂ ᠬᠠᠳᠠᠭᠤ ᠪᠡᠷᠬᠡᠱᠢᠶᠡᠯ᠎ᠢ ᠬᠠᠮᠳᠤ᠎ᠪᠠᠷ ᠲᠤᠭᠤᠯᠵᠦ᠍ ᠵᠢᠷᠭᠠᠯ ᠵᠤᠪᠠᠯᠠᠩ᠎ᠢᠶᠠᠨ ᠬᠠᠮᠲᠤᠳᠭᠠᠨ᠂ ᠡᠯ᠎ᠠ ᠠᠵᠢᠯ ᠦᠢᠯᠡᠰ᠎ᠤᠨ ᠱᠢᠨ᠎ᠠ ᠪᠠᠢᠲᠠᠯ᠎ᠢ ᠲᠠᠰᠤᠷᠠᠯᠲᠠ ᠦᠭᠡᠢ ᠡᠭᠦᠳᠴᠤ᠌᠂ ᠠᠷᠠᠳ ᠲᠦᠮᠠᠠ᠎ᠳᠤ ᠪᠤᠶᠠᠠ ᠦᠢᠯᠡᠳᠭᠦ᠌ ᠱᠢᠨ᠎ᠠ ᠠᠮᠵᠢᠯᠲᠠ᠎ᠶ᠋ᠢ ᠡᠬᠦᠳᠬᠦ᠌ ᠭᠡᠷᠡᠭ᠌ᠲᠡᠢ᠃
      ᠤᠴᠢᠷ ᠶᠠᠪᠤᠲᠠᠯ ᠬᠡᠳᠦᠢ ᠤᠯᠠᠨ ᠪᠠᠢᠪᠠᠴᠦ᠍ ᠠᠷᠠᠳ᠎ᠤᠨ ᠠᠮᠢᠲᠤᠷᠠᠯ ᠬᠠᠮᠤᠭ᠎ᠤᠨ ᠴᠢᠬᠤᠯᠠ ᠶᠤᠮ᠃ ᠢᠯᠠᠩᠭᠤᠶ᠎ᠠ ᠤᠲᠤᠬᠠᠠ᠎ᠤ ᠪᠠᠢᠲᠠᠯ ᠲᠤᠤᠷ᠎ᠠ ᠠᠵᠦ᠍ ᠠᠬᠤᠢ᠎ᠶ᠋ᠢᠨ ᠬᠦᠭ᠌ᠵᠢᠯᠲᠠ᠎ᠳᠤ ᠲᠤᠯᠭᠠᠷᠠᠭ᠍ᠰᠠᠠ ᠦᠷᠢᠰᠦᠯᠲᠦᠭᠡᠡ ᠤᠷᠢᠳ ᠡᠮᠦᠨ᠎ᠠ ᠪᠠᠢᠭ᠎ᠠ ᠦᠭᠡᠢ ᠶᠤᠮ᠂ ᠭᠠᠭ᠍ᠴᠡ ᠬᠦ᠌ ᠠᠵᠦ᠍ ᠠᠬᠤᠢ᠎ᠶ᠋ᠢᠨ ᠦᠨᠲᠦᠰᠦᠨ ᠪᠠᠢᠲᠠᠯ᠎ᠢ ᠲᠤᠭ᠍ᠲᠠᠪᠤᠷᠢᠵᠢᠭᠤᠯᠵᠦ᠍᠂ ᠠᠷᠠᠳ᠎ᠤᠨ ᠠᠮᠢᠲᠤᠷᠠᠯ᠎ᠤᠨ ᠬᠤᠷᠢᠭ᠎ᠠ ᠱᠤᠭᠤᠮ᠎ᠢ ᠪᠠᠲᠤᠯᠠᠪᠠᠯ ᠰᠠᠶᠢ ᠲᠤᠬ᠍ᠳᠠᠭᠤᠨ᠎ᠤ ᠰᠠᠭᠤᠷᠢᠨ᠎ᠳᠤ ᠢᠲᠡᠪᠬᠢᠲᠠᠢ ᠤᠷᠤᠭ᠍ᠰᠢᠯᠠᠵᠦ᠍᠂ ᠬᠦᠭ᠌ᠵᠢᠯᠲᠠ᠎ᠶ᠋ᠢᠨ ᠰᠠᠨᠠᠭᠠᠴᠢᠯᠠᠭᠠᠲᠦ ᠡᠷᠭᠡ᠎ᠶ᠋ᠢ ᠯᠠᠪᠲᠠᠭᠤᠨ ᠪᠠᠳᠤᠳᠠᠢ ᠡᠵᠡᠮᠳᠡᠵᠤ ᠴᠢᠲᠠᠨ᠎ᠠ᠃ ᠨᠠᠮ᠎ᠤᠨ ᠲᠦᠪ ᠬᠤᠷᠢᠶᠠᠨ᠎ᠠᠴᠠ ᠬᠦᠴᠦ᠎ᠪᠠᠨ ᠲᠦᠪᠯᠡᠷᠡᠬᠦᠯᠵᠤ ᠪᠠᠢᠭᠠᠳ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠳᠤᠯᠠᠬᠤ》 ᠠᠵᠢᠯ᠎ᠢ ᠰᠠᠢᠳᠤᠷ ᠬᠢᠬᠦ᠌ ᠬᠡᠷᠡᠭ᠌ᠳᠡᠢ ᠬᠡᠵᠥ᠍ ᠴᠢᠬᠤᠯᠠᠴᠢᠯᠠᠬ᠍ᠰᠠᠠ᠎ᠨᠢ ᠠᠰᠠᠭᠤᠳᠠᠯ᠎ᠤᠨ ᠤᠳᠤᠷᠢᠳᠤᠮᠵᠢ᠂ ᠬᠤᠷᠢᠭ᠎ᠠ ᠱᠤᠭᠤᠮ᠎ᠤᠨ ᠰᠡᠳᠭᠢᠴᠠ᠂ ᠠᠷᠠᠳ᠎ᠤᠨ ᠠᠮᠢᠳᠤᠷᠠᠯ᠎ᠢ ᠬᠠᠯᠠᠮᠵᠢᠯᠠᠵᠦ᠍ ᠪᠠᠢᠭ᠎ᠠ᠎ᠶ᠋ᠢ ᠬᠠᠷᠠᠭᠤᠯᠵᠤ᠂ ᠪᠢᠳᠡᠨ᠎ᠤ ᠨᠠᠷᠢᠨ ᠪᠤᠳᠤᠯᠢᠶᠠᠨᠳᠠᠢ ᠪᠠᠢᠳᠠᠯ᠎ᠢ ᠠᠷᠭᠠᠴᠠᠭᠠᠬᠤ᠂ ᠪᠡᠷᠬᠡ ᠬᠠᠳᠠᠭᠤᠵᠢᠯᠳᠠᠢ ᠡᠬᠦᠷᠬᠡ᠎ᠶ᠋ᠢ ᠪᠡᠶᠡᠯᠡᠬᠦᠯᠬᠦ᠌᠎ᠳᠤ ᠴᠢᠭ᠌ᠯᠡᠯ᠎ᠢ ᠳᠤᠳᠤᠷᠬᠠᠢ ᠵᠢᠭᠠᠵᠦ᠍ ᠦᠭ᠌ᠴᠠᠢ᠂ ᠡᠨᠡ ᠪᠤᠯ ᠲᠤᠭ᠍ᠳᠠᠭᠤᠨ᠎ᠤ ᠲᠤᠮᠳᠠ ᠤᠷᠤᠬ᠍ᠰᠢᠯᠠᠨ ᠲᠠᠪᠱᠢᠬᠤ᠎ᠶ᠋ᠢ ᠪᠠᠷᠢᠮᠳᠠᠯᠠᠬᠤ᠂ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢᠨ ᠡᠯ᠎ᠠ ᠵᠦᠢᠯ᠎ᠤᠨ ᠠᠵᠢᠯ᠎ᠢ ᠪᠤᠳᠠᠳᠠᠢ ᠠᠳᠭᠤᠬᠤ ᠭᠤᠤᠯ ᠬᠦᠴᠦᠯᠡᠴᠡ ᠮᠦᠨ᠃ ᠪᠢᠳᠡ ᠶᠠᠷᠤᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠪᠤᠯᠤᠨ ᠨᠠᠮ᠎ᠤᠨ ᠲᠦᠪ ᠬᠤᠷᠢᠶᠠᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠪᠠᠳᠤᠯᠠᠭ᠎ᠠ᠎ᠶ᠋ᠢᠨ ᠬᠤᠷᠢᠭ᠎ᠠ ᠱᠤᠭᠤᠮ᠎ᠢ ᠰᠠᠬᠢᠵᠤ᠂ ᠠᠵᠤ ᠠᠬᠤᠢ᠎ᠶ᠋ᠢᠨ ᠦᠨᠳᠦᠰᠦᠨ ᠬᠦᠴᠦᠨ ᠵᠦᠢᠯ᠎ᠢ ᠲᠤᠭ᠍ᠳᠠᠪᠤᠷᠢᠵᠢᠭᠤᠯᠤᠨ᠂ ᠲᠤᠭ᠍ᠳᠠᠭᠤᠨ᠎ᠤ ᠲᠤᠮᠳᠠ ᠤᠷᠤᠬ᠍ᠰᠢᠯᠠᠨ ᠲᠠᠪᠱᠢᠬᠤ᠂ ᠤᠷᠤᠬ᠍ᠰᠢᠯᠠᠯᠳᠠ᠎ᠶ᠋ᠢᠨ ᠶᠠᠪᠤᠴᠠ᠎ᠳᠤ ᠦᠷ᠎ᠠ ᠪᠦᠳᠦᠮᠵᠢ ᠭᠠᠷᠭᠠᠬᠤ᠂ ᠤᠷᠤᠬ᠍ᠰᠢᠯᠠᠯᠳᠠ᠎ᠶ᠋ᠢᠨ ᠶᠠᠪᠤᠴᠠ᠎ᠳᠤ ᠠᠮᠵᠢᠯᠳᠠ ᠪᠦᠳᠤᠮᠵᠢ ᠤᠯᠬᠤ᠎ᠶ᠋ᠢ ᠪᠡᠶᠡᠯᠡᠬᠦᠯᠵᠤ᠂ ᠴᠢᠨᠡᠭᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌᠎ᠳᠤ ᠰᠠᠭᠤᠷᠢ᠎ᠶ᠋ᠢ ᠪᠠᠬᠢᠵᠢᠬᠦᠯᠬᠦ᠌ ᠭᠡᠷᠡᠭ᠌ᠳᠠᠢ᠃
      ᠰᠠᠯᠬᠢ ᠪᠤᠷᠤᠭᠠᠨ ᠬᠡᠳᠤᠢ ᠲᠤᠬ᠍ᠰᠢᠨ ᠪᠠᠢᠬ᠍ᠰᠠᠨ ᠴᠤ᠌ ᠮᠤᠩᠭᠤᠯ ᠮᠤᠷᠢᠨ᠎ᠤ ᠤᠷᠤᠬ᠍ᠰᠢᠯᠠᠯᠳᠠ᠎ᠶ᠋ᠢᠨ ᠲᠦᠪᠡᠷᠬᠡᠨ᠎ᠢ ᠬᠤᠷᠢᠬ᠍ᠯᠠᠵᠤ ᠲᠡᠢᠯᠬᠦ᠌ ᠦᠬᠡᠢ; ᠬᠦᠴᠢᠷ ᠪᠡᠷᠬᠡᠱᠢᠶᠠᠯ ᠬᠡᠳᠤᠢ ᠶᠡᠭᠡ ᠪᠠᠢᠬ᠍ᠰᠠᠨ ᠴᠤ᠌ ᠨᠤᠭᠤᠷᠠᠰᠢ ᠦᠬᠡᠢ ᠵᠤᠷᠢᠬ ᠰᠠᠨᠠᠭ᠎ᠠ ᠪᠤᠯᠤᠨ ᠡᠷᠴᠢ ᠵᠤᠷᠢᠬ᠎ᠢ ᠮᠢᠳᠠᠷᠡᠭᠤᠯᠵᠤ ᠲᠡᠢᠯᠬᠦ᠌ ᠦᠬᠡᠢ ᠶᠤᠮ᠃ ᠮᠤᠩᠭᠤᠯ ᠮᠤᠷᠢᠨ᠎ᠤ ᠵᠤᠷᠢᠬ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠬᠢᠮᠤᠷᠠᠯ᠎ᠤᠨ ᠲᠤᠮᠳᠠ ᠠᠵᠢᠯ᠎ᠤᠨ ᠰᠠᠨᠠᠭᠠᠴᠢᠯᠠᠭᠠᠳᠤ ᠡᠷᠬᠡ᠎ᠶ᠋ᠢ ᠴᠢᠷᠮᠠᠢᠨ ᠡᠵᠡᠮᠳᠡᠵᠤ᠂ ᠬᠦᠭ᠌ᠵᠢᠯᠳᠠ᠎ᠶ᠋ᠢᠨ ᠰᠠᠨᠠᠭᠠᠴᠢᠯᠠᠭᠠᠳᠤ ᠲᠠᠢᠯᠠᠯᠳᠤᠭᠠᠨ᠎ᠢ ᠰᠠᠢᠳᠤᠷ ᠬᠢᠵᠤ᠂ ᠱᠢᠷᠭᠠᠭᠤ ᠠᠵᠢᠯᠯᠠᠨ ᠪᠤᠳᠠᠳᠠᠢ ᠬᠢᠵᠤ᠂ ᠠᠮᠢ ᠴᠦᠯᠡᠨ ᠲᠡᠮᠡᠴᠡᠬᠦ᠌ ᠬᠡᠷᠡᠭ᠌ᠳᠠᠢ᠃ ᠪᠢᠳᠠᠨ᠎ᠳᠤ ᠤᠷᠤᠬ᠍ᠰᠢᠯᠠᠯᠳᠠ᠎ᠶ᠋ᠢᠨ ᠵᠠᠮ ᠲᠡᠭᠡᠷᠡᠬᠢ ᠠᠯᠢᠪᠠ ᠬᠦᠴᠢᠷᠳᠠᠯ ᠪᠠ ᠦᠷᠢᠰᠤᠯᠳᠤᠬᠡᠨ᠎ᠢ ᠢᠯᠠᠨ ᠲᠠᠪᠠᠭ᠍ᠤ ᠢᠳᠡᠬᠡᠯ ᠵᠤᠷᠢᠬ᠂ ᠬᠦᠴᠤᠨ ᠴᠢᠳᠠᠯ ᠪᠦᠷᠢᠨ ᠪᠠᠢᠭ᠎ᠠ ᠶᠤᠮ᠂ ᠬᠦᠰᠡᠯ ᠵᠡᠬᠦᠳᠤ᠎ᠪᠠᠨ ᠲᠡᠷᠬᠡᠯᠱᠢᠬᠦᠯᠬᠦ᠌ ᠠᠶᠠᠨ᠎ᠳᠤ ᠦᠷᠬᠦᠯᠵᠢᠯᠠᠨ ᠬᠡᠷᠡᠯ ᠰᠠᠴᠤᠷᠠᠩᠭᠤᠢ ᠱᠢᠨ᠎ᠠ ᠬᠠᠭᠤᠳᠠᠰᠤ᠎ᠶ᠋ᠢ ᠪᠢᠴᠢᠭ᠌ᠯᠡᠰᠦᠬᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号