ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠤᠶᠠᠳᠡᠬᠢ ᠳᠠᠯᠠᠪᠤᠷ 《ᠲᠦᠯᠦᠬᠡᠯᠡᠭ᠌ᠴᠢᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》 ᠎ᠤᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠶᠠᠪᠤᠭ᠍ᠳᠠᠪᠠ
2020-05-26 10:07:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


    5 ᠰᠠᠷ᠎ᠠ᠎ᠶ᠋ᠢᠨ 25 ᠎ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠤᠶᠠᠳᠡᠬᠢ ᠳᠠᠯᠠᠪᠤᠷ 《ᠲᠦᠯᠦᠬᠡᠯᠡᠭ᠌ᠴᠢᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ》 ᠎ᠤᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠶᠠᠪᠤᠭ᠍ᠳᠠᠪᠠ᠃ ᠦᠢᠯᠡᠳᠪᠦᠷᠢ᠂ ᠬᠦᠳᠡᠭᠡ ᠳᠤᠰᠭᠤᠨ᠂ ᠰᠤᠷᠭᠠᠭᠤᠯᠢ᠂ ᠴᠡᠷᠢᠭ᠎ᠤᠨ ᠬᠤᠸᠠᠷᠠᠨ ᠵᠡᠷᠬᠡ ᠠᠳᠠᠯᠢ ᠪᠤᠰᠤ ᠬᠦᠷᠢᠶᠡᠨ᠎ᠤ ᠵᠢᠷᠭᠤᠭᠠᠨ ᠲᠦᠯᠦᠬᠡᠯᠡᠭ᠌ᠴᠢ ᠰᠤᠷᠪᠤᠯᠵᠢᠯᠠᠭ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠪᠠ᠃ ᠮᠦᠭ᠌ᠳᠡᠨ᠎ᠤ ᠨᠢᠰᠭᠡᠯ᠎ᠤᠨ ᠬᠦᠳᠡᠯᠬᠡᠬᠦᠷ ᠦᠢᠯᠡᠳᠦᠭ᠌ᠴᠢ ᠯᠢ ᠱᠧᠩ ᠷᠦᠢ ᠲᠦᠯᠦᠬᠡᠯᠡᠭ᠌ᠴᠢ ᠪᠠ ᠳᠠᠯᠠᠢ᠎ᠶ᠋ᠢᠨ ᠴᠡᠷᠢᠭ᠎ᠤᠨ ᠵᠠᠯᠠᠭᠤᠷᠳᠤ ᠰᠤᠮᠤ᠎ᠶ᠋ᠢ ᠰᠦᠨᠦᠬᠡᠭ᠌ᠴᠢ ᠤᠩᠭᠤᠴᠠ᠎ᠠᠴᠠ ᠢᠷᠡᠭ᠌ᠰᠡᠨ ᠵᠤᠤ ᠶᠠᠨ ᠴᠢᠤᠸᠠᠨ ᠲᠦᠯᠦᠬᠡᠯᠡᠭ᠌ᠴᠢ᠎ᠠᠴᠠ ᠳᠡᠳᠡᠨ᠎ᠤ ᠪᠤᠳᠤᠯ᠎ᠳᠠᠬᠢ ᠬᠠᠷᠢᠭᠤᠴᠠᠯᠭ᠎ᠠ ᠪᠠ ᠡᠬᠦᠷᠬᠡ᠎ᠪᠠᠨ ᠶᠠᠷᠢᠭ᠍ᠰᠠᠨ ᠪᠠᠢᠨ᠎ᠠ᠃ ᠬᠦᠬᠡᠮᠳᠥᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ᠂ ᠶᠡᠭᠡ ᠬᠢᠩᠭᠠᠨ ᠳᠠᠪᠠᠭ᠎ᠠ᠎ᠠᠴᠠ ᠢᠷᠡᠭ᠌ᠰᠡᠨ ᠵᠧᠦ ᠢ ᠵᠧ ᠲᠦᠯᠦᠬᠡᠯᠡᠭ᠌ᠴᠢ ᠦᠪᠡᠷ᠎ᠤᠨ ᠦᠩᠬᠡᠷᠡᠯᠳᠡ᠎ᠪᠠᠷ᠎ᠢᠶᠠᠨ ᠱᠢᠨ᠎ᠡ ᠴᠠᠭ ᠦᠶ᠎ᠠ᠎ᠶ᠋ᠢᠨ ᠤᠢ᠍ᠢᠳᠤ ᠤᠷᠤᠨ᠎ᠤ ᠠᠮᠢᠳᠤᠷᠠᠯ᠎ᠢ ᠳᠠᠨᠢᠯᠴᠠᠭᠤᠯᠵᠤ᠂ ᠪᠦᠬᠦ᠌ ᠤᠯᠤᠰ᠎ᠤᠨ ᠠᠷᠠᠳ ᠲᠦᠮᠡᠨ᠎ᠳᠤ ᠤᠷᠢᠯᠭ᠎ᠠ ᠳᠠᠯᠪᠢᠯ᠎ᠠ᠃ ᠬᠦᠳᠡᠭᠡ ᠳᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢ ᠬᠡᠷᠬᠢᠨ ᠪᠡᠶᠡᠯᠡᠬᠦᠯᠬᠦ᠌ ᠪᠤᠢ? ᠰᠧᠴᠤᠸᠠᠨ᠎ᠤ ᠱᠢᠦ ᠶᠦᠨ ᠳᠤᠰᠭᠤᠨ᠎ᠤ ᠯᠢ ᠵᠢᠶᠦ᠋ᠨ ᠲᠦᠯᠦᠬᠡᠯᠡᠭ᠌ᠴᠢ᠎ᠠᠴᠠ ᠢᠨᠲ᠋ᠧᠷ ᠰᠦᠯᠵᠢᠶ᠎ᠠ᠎ᠶ᠋ᠢ ᠬᠦᠢᠴᠡᠳ ᠠᠱᠢᠭ᠍ᠯᠠᠬᠤ ᠲᠤᠬᠠᠢ ᠲᠤᠷᠠᠳᠤᠯ᠎ᠠ᠃ ᠰᠤᠷᠭᠠᠨ ᠬᠦᠮᠦᠵᠢᠯ ᠪᠤᠯ ᠮᠠᠨ᠎ᠤ ᠤᠯᠤᠰ᠎ᠤᠨ ᠠᠷᠠᠳ᠎ᠤᠨ ᠠᠮᠢᠳᠤᠷᠠᠯ᠎ᠤᠨ ᠪᠡᠯᠡ ᠤᠷᠤᠭᠤᠯᠤᠯᠳᠠ᠎ᠶ᠋ᠢᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠤᠯᠤᠨ᠎ᠠ᠂ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢ ᠭᠧᠰᠠᠩᠳᠡᠵᠢ ᠪᠠ ᠸᠠᠩ ᠱᠦ᠍ ᠭᠦᠸᠧ ᠰᠤᠷᠪᠤᠯᠵᠢᠯᠠᠭ᠍ᠴᠢᠳ᠎ᠲᠠᠢ ᠠᠵᠢᠯ᠎ᠤᠨ᠎ᠢᠶᠠᠨ ᠳᠤᠮᠳᠠᠬᠢ ᠪᠤᠳᠤᠯᠬᠢᠯᠠᠯ ᠪᠠ ᠲᠦᠷᠦᠭ᠌ᠳᠡᠯ᠎ᠢᠶᠠᠨ ᠬᠤᠪᠢᠶᠠᠯᠴᠠᠪᠠ᠃ ᠵᠢᠷᠤᠭ ᠪᠤᠯ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ ᠰᠦᠯᠵᠢᠶᠠᠨ᠎ᠤ ᠸᠢᠳᠢᠣ᠋᠎ᠪᠠᠷ ᠰᠤᠷᠪᠤᠯᠵᠢᠯᠠᠭ᠎ᠠ ᠬᠦᠯᠢᠶᠡᠵᠦ᠍ ᠪᠠᠢᠭ᠎ᠠ᠎ᠨᠢ᠃



                 ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠎ᠶ᠋ᠢᠨ ᠯᠢᠶᠠᠩ ᠺᠤᠸᠠᠢ ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号