ᠪᠦᠬᠦ᠌ ᠣᠯᠣᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠪᠠᠢᠩᠭᠤ᠎ᠶ᠋ᠢᠨ ᠬᠤᠷᠢᠶᠠᠨ᠎ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ 
2020-05-28 10:15:08
ᠵᠣᠬᠢᠶᠠᠭ᠍ᠴᠢ᠄
ᠯᠢᠨ ᠬᠤᠢ ᠯᠢᠦ ᠬᠤᠢ
ᠣᠩᠱᠢᠭ᠍ᠰᠠᠨ ᠣᠳᠠᠭ᠎ᠠ᠄
★★★☆☆

    ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶᠠᠨ᠎ᠤ ᠠᠷᠪᠠᠨ ᠨᠢᠭᠡᠳᠦᠭᠡᠷ ᠬᠤᠷᠠᠯ 27 ᠎ᠤ ᠦᠳᠡ᠎ᠶ᠋ᠢᠨ ᠡᠮᠦᠨ᠎ᠡ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢ ᠸᠠᠩ ᠶᠠᠩ ᠬᠤᠷᠠᠯ᠎ᠢ     ᠡᠷᠬᠢᠯᠡᠪᠡ᠃
    ᠬᠤᠷᠠᠯ᠎ᠠᠴᠠ᠂ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠤᠨ ᠨᠠᠷᠢᠨ ᠪᠢᠴᠢᠭ᠎ᠤᠨ ᠳᠠᠷᠤᠭ᠎ᠠ᠎ᠶ᠋ᠢ ᠨᠥᠬᠦᠨ ᠰᠣᠩᠭᠤᠬᠤ ᠰᠣᠩᠭᠤᠭᠤᠯᠢ᠎ᠶ᠋ᠢᠨ ᠠᠷᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠬᠤᠷᠢᠶᠠᠨ᠎ᠤ ᠨᠠᠷᠢᠨ ᠪᠢᠴᠢᠭ᠎ᠤᠨ ᠳᠠᠷᠤᠭ᠎ᠠ᠎ᠶ᠋ᠢ ᠨᠦᠭᠦᠨ ᠰᠤᠩᠭᠤᠬᠤ ᠵᠢᠱ᠌ᠢᠭ᠌ᠳᠡᠭ᠌ᠴᠢ᠎ᠶ᠋ᠢᠨ ᠨᠡᠷᠡᠰ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠬᠤᠷᠢᠶᠠᠨ᠎ᠤ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠤᠨ ᠮᠡᠳᠡᠭᠦᠯᠦᠯᠲᠡ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠢᠳᠪᠦᠷᠢ (ᠲᠥᠰᠦᠯ) ᠎ᠶ᠋ᠢ ᠪᠠᠲᠤᠯᠠᠪᠠ᠃ ᠬᠤᠷᠠᠯ᠎ᠠᠴᠠ ᠳᠡᠭᠡᠷ᠎ᠡ ᠳᠤᠷᠠᠳᠤᠭ᠍ᠰᠠᠨ ᠪᠢᠴᠢᠭ ᠮᠠᠲ᠋ᠧᠷᠢᠶᠠᠯ᠎ᠤᠨ ᠲᠥᠰᠦᠯ᠎ᠢ 5 ᠰᠠᠷ᠎ᠠ᠎ᠶ᠋ᠢᠨ 27 ᠎ᠤ ᠦᠳᠡ᠎ᠶ᠋ᠢᠨ ᠬᠤᠢᠨ᠎ᠠ ᠶᠠᠪᠤᠭ᠍ᠳᠠᠬᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ᠎ᠤᠨ ᠲᠡᠭᠦᠰᠭᠦ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠠᠷ ᠲᠣᠭ᠍ᠲᠠᠪᠠ᠃
    ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠧᠭ᠌ᠨᠠᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠸᠠᠩ ᠵᠧᠩ ᠸᠧᠶ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠦ᠋ ᠬᠤᠶ᠂ ᠵᠧᠩ ᠵᠢᠶᠠᠨ ᠪᠠᠩ᠂ ᠬᠥ᠋ ᠱᠧᠩ ᠽᠦ᠍᠂ ᠯᠢᠦ ᠱᠢᠨ ᠴᠧᠩ᠂ ᠾᠧ ᠸᠧᠶ᠂ ᠱᠣᠤ ᠬᠤᠩ᠂ ᠭᠤᠤ ᠶᠦᠨ ᠯᠦᠩ ᠬᠤᠷᠠᠯ᠎ᠳᠤ     ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号