ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠠᠶ᠎ᠠ ᠮᠠᠬᠠᠪᠤᠳ᠎ᠤᠨ ᠡᠷᠡᠬᠦᠯ ᠮᠠᠨᠳᠤ᠎ᠶ᠋ᠢ ᠨᠡᠩ ᠰᠠᠢᠳᠤᠷ ᠪᠠᠳᠤᠯᠠᠨ᠎ᠠ
2020-05-28 11:09:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


        — ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠡᠯ᠎ᠡ ᠡᠳᠡᠭᠡᠳ᠎ᠤᠨ ᠲᠤᠮᠳᠠ ᠴᠢᠩᠭ᠎ᠠ ᠲᠣᠰᠭᠠᠯ ᠭᠠᠷᠪᠠ


    ᠶᠡᠷᠤᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠱᠢᠰᠲ᠋ᠧᠮ᠎ᠤᠨ᠎ᠬᠢᠨ᠎ᠤ ᠲᠤᠮᠳᠠ ᠴᠢᠩᠭ᠎ᠠ ᠲᠤᠰᠭᠠᠯ ᠭᠠᠷᠤᠯ᠎ᠠ᠃ 《ᠠᠷᠠᠳ ᠲᠦᠮᠡᠨ》 ᠭᠡᠳᠡᠭ ᠦᠭᠡ ᠶᠠᠭᠤᠨ᠎ᠠᠴᠠ ᠴᠤ᠌ ᠬᠦᠨᠳᠦ᠃ ᠠᠷᠠᠳ ᠲᠦᠮᠡᠨ᠎ᠢ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠲᠤᠬᠠᠢᠯᠠᠭ᠍ᠰᠠᠨ ᠠᠵᠢᠯ᠎ᠤᠨ ᠪᠠᠢᠷᠢᠨ᠎ᠳᠠᠭᠠᠨ ᠰᠠᠭᠤᠷᠢᠯᠠᠨ ᠠᠷᠠᠳ ᠲᠦᠮᠡᠨ᠎ᠳᠤ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠦᠢᠯᠡᠴᠢᠯᠡᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠦᠨ᠎ᠡ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠨᠢ ᠮᠠᠨ᠎ᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠬᠦᠯᠦᠨ ᠰᠠᠢᠲᠤᠷ ᠬᠢᠬᠦ᠂ ᠡᠯ᠎ᠡ ᠵᠦᠶᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ ᠭᠡᠵᠦ᠍ ᠣᠯᠠᠨ᠎ᠢᠶᠠᠷ᠎ᠢᠶᠠᠨ         ᠢᠯᠡᠷᠬᠡᠢᠯᠡᠵᠡᠭᠡᠨ᠎ᠡ᠃
    《ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠤᠯᠤᠰ ᠲᠦᠷᠦ᠍᠂ ᠪᠦᠬᠦ᠌ ᠲᠠᠯ᠎ᠠ᠂ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠲᠤᠬᠠᠢ ᠬᠦᠨᠵᠡᠭᠡᠢ ᠦᠭᠦᠯᠡᠵᠦ᠍᠂ ᠴᠢᠬᠤᠯᠠ ᠱᠠᠭᠠᠷᠲᠠᠯᠭ᠎ᠠ ᠳᠤᠷᠠᠳᠴᠠᠢ᠃ ᠪᠢᠲᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠤᠢ᠍ᠢᠯᠠᠭᠠᠵᠦ᠍᠂ ᠠᠷᠠᠳ ᠲᠦᠮᠡᠨ᠎ᠢ ᠲᠡᠭᠡᠲᠦᠯᠡᠬᠦ᠌᠎ᠶ᠋ᠢ ᠪᠠᠷᠢᠮᠲᠠᠯᠠᠨ᠂ ᠠᠷᠠᠳ ᠲᠦᠮᠡᠨ᠎ᠳᠤ ᠲᠦᠱᠢᠭ᠌ᠯᠡᠵᠦ᠍᠂ ᠠᠷᠠᠳ ᠲᠦᠮᠡᠨ᠎ᠳᠤ ᠲᠠᠰᠤᠷᠠᠯᠲᠠ ᠦᠭᠡᠢ ᠪᠤᠶᠠᠨ ᠦᠶᠯᠡᠳᠴᠤ᠌᠂ ᠠᠷᠠᠳ ᠲᠦᠮᠡᠨ᠎ᠤ ᠲᠤᠮᠲᠠ ᠪᠠᠲᠦ ᠦᠨᠳᠦᠰᠦᠯᠡᠬᠦ᠌᠎ᠶ᠋ᠢᠨ ᠴᠢᠬᠤᠯᠠ ᠶᠡᠭᠡ ᠤᠯᠤᠰ ᠲᠥᠷᠥ᠎ᠶ᠋ᠢᠨ ᠱᠠᠭᠠᠷᠲᠠᠯᠭ᠎ᠠ ᠪᠤᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠨ ᠡᠵᠡᠮᠱᠢᠵᠤ᠂ ᠡᠷᠡᠰ ᠲᠤᠭᠤᠱᠢᠯᠠᠭᠤᠯᠤᠨ ᠨᠠᠢᠲᠠᠪᠤᠷᠢᠵᠢᠭᠤᠯᠵᠦ᠍᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠭᠦᠷᠭᠡ ᠬᠠᠷᠢᠭᠤᠴᠠᠯᠭ᠎ᠠ᠎ᠪᠠᠨ  ᠭᠦᠢᠴᠡᠳᠭᠡᠬᠦ᠌᠎ᠳᠤ ᠦᠨᠡᠨ ᠬᠦ᠌ ᠨᠠᠢᠳᠠᠪᠤᠷᠢᠵᠢᠭᠤᠯᠵᠦ᠍᠂ ᠡᠯ᠎ᠡ ᠵᠦᠢᠯ᠎ᠤᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠤᠯᠤᠨ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠭᠦᠯᠬᠦ᠌ ᠠᠵᠢᠯ᠎ᠢ ᠰᠠᠢᠲᠤᠷ ᠬᠢᠬᠦ᠌ ᠳᠤᠮᠳᠠ ᠨᠠᠢᠳᠠᠪᠤᠷᠢᠵᠢᠭᠤᠯᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠠᠶ᠎ᠠ ᠮᠠᠬᠠᠪᠤᠳ᠎ᠤᠨ ᠡᠷᠡᠬᠦᠯ ᠮᠠᠨᠳᠤ᠎ᠶ᠋ᠢ ᠨᠡᠩ ᠰᠠᠢᠳᠤᠷ ᠪᠠᠳᠤᠯᠠᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠵᠦᠪᠯᠡᠯ᠎ᠤᠨ ᠺᠠᠳ᠋ᠷ ᠠᠵᠢᠯᠳᠠᠳ ᠰᠠᠨᠠᠯ ᠨᠢᠬᠡᠳᠠᠢ ᠶᠠᠷᠢᠵᠠᠭᠠᠨ᠎ᠠ᠃
    《ᠶᠡᠷᠤᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠨᠢ ᠦᠪᠡᠷᠳᠡᠭᠡᠨ ᠵᠠᠰᠠᠬᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠢᠯᠠᠯᠳᠤᠭᠠᠨ᠎ᠤ ᠡᠴᠦᠰ᠎ᠤᠨ ᠢᠯᠠᠯᠳᠠ᠎ᠶ᠋ᠢ ᠤᠯᠬᠤ᠎ᠳᠤ ᠴᠢᠭ᠌ᠯᠡᠯ᠎ᠢ ᠳᠤᠳᠤᠷᠬᠠᠢᠯᠠᠨ᠂ ᠵᠢᠷᠤᠮᠯᠠᠯ ᠬᠠᠩᠭᠠᠯ᠎ᠠ᠃ ᠪᠢᠳᠡ ᠶᠡᠷᠤᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠦ᠍᠂ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ᠌᠎ᠶ᠋ᠢ ᠰᠡᠷᠭᠡᠢᠯᠡᠬᠦ᠂ ᠲᠤᠳᠤᠭᠠᠳᠤ᠎ᠳᠠᠭᠠᠨ ᠲᠠᠬᠢᠨ ᠬᠡᠴᠡᠭᠦᠳᠡᠬᠦ᠌᠎ᠶ᠋ᠢ ᠰᠡᠷᠭᠡᠢᠯᠡᠬᠦ᠌ ᠱᠠᠭᠠᠷᠳᠠᠯᠭ᠎ᠠ᠎ᠶ᠋ᠢ ᠦᠷᠬᠦᠯᠵᠢᠯᠡᠨ ᠪᠠᠷᠢᠮᠳᠠᠯᠠᠵᠤ᠂ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ ᠲᠤᠬ᠍ᠳᠠᠴᠠ᠎ᠶ᠋ᠢ ᠲᠡᠬᠦᠯᠳᠡᠷᠵᠢᠬᠦᠯᠵᠤ᠂ ᠬᠢᠵᠢᠭ᠎ᠤᠨ ᠲᠠᠬᠢᠨ ᠬᠡᠴᠡᠭᠦᠳᠡᠬᠦ᠌ ᠪᠠᠢᠳᠠᠯ ᠡᠬᠦᠰᠭᠦ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠵᠦᠪᠯᠡᠯ᠎ᠤᠨ ᠬᠠᠷᠢᠭᠤᠴᠠᠯᠭᠠᠳᠠᠨ ᠳᠠᠷᠠᠭᠠᠴᠢ᠎ᠶ᠋ᠢᠨ ᠠᠵᠢᠯ᠎ᠤᠨ ᠲᠦᠯᠦᠪᠯᠡᠭᠡ᠎ᠪᠠᠨ ᠲᠠᠨᠢᠯᠴᠠᠭᠤᠯᠪᠠ᠃
    《ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠡᠮᠡᠴᠡᠯ ᠳᠤᠮᠳᠠ᠂ ᠨᠠᠮ᠎ᠤᠨ ᠲᠥᠪ ᠬᠤᠷᠢᠶᠠᠨ᠎ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠤᠯᠤᠰ ᠲᠠᠶᠠᠭᠠᠷ᠎ᠢᠶᠠᠨ ᠬᠦᠳᠡᠯᠦᠯᠴᠡᠨ ᠪᠦᠬᠦ᠌ ᠠᠷᠠᠳ᠎ᠢᠶᠠᠷ᠎ᠢᠶᠠᠨ ᠣᠷᠣᠯᠴᠠᠵᠤ᠂ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠵᠦ᠍᠂ ᠣᠯᠠᠨ᠎ᠢᠶᠠᠷ᠎ᠢᠶᠠᠨ ᠰᠡᠷᠭᠡᠢᠯᠡᠨ ᠣᠯᠠᠨ᠎ᠢᠶᠠᠷ᠎ᠢᠶᠠᠨ ᠵᠠᠰᠠᠵᠤ᠂ ᠬᠠᠮᠤᠭ᠎ᠤᠨ ᠨᠢᠭ᠍ᠲᠠ ᠴᠢᠩᠭ᠎ᠠ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠴᠤᠭ᠍ᠴᠠᠯᠠᠨ᠂ ᠢᠯᠠᠭ᠍ᠳᠠᠰᠢ ᠦᠭᠡᠢ ᠬᠦᠴᠦᠷᠬᠡᠭ ᠶᠡᠭᠡ ᠬᠦᠴᠦᠨ᠎ᠢ ᠨᠢᠭ᠍ᠲᠠᠷᠠᠭᠤᠯᠪᠠ᠃ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ ᠪᠤᠯ ᠲᠠᠷᠤᠢ ᠶᠡᠷᠤᠩᠬᠡᠢ ᠱᠦᠵᠢ᠎ᠶ᠋ᠢᠨ ᠴᠢᠬᠤᠯᠠᠴᠢᠯᠠᠬ᠍ᠰᠠᠠ 〈ᠠᠷᠠᠳ ᠲᠦᠮᠡᠨ᠎ᠢ ᠲᠡᠬᠡᠳᠤᠯᠡᠬᠦ᠌᠎ᠶ᠋ᠢ ᠪᠠᠷᠢᠮᠳᠠᠯᠠᠬᠤ〉 ᠎ᠶ᠋ᠢ ᠦᠢᠯᠡᠳᠦᠯᠬᠡᠵᠢᠬᠦᠯᠥᠭ᠌ᠰᠡᠡ ᠶᠠᠪᠤᠳᠠᠯ ᠪᠤᠯᠤᠨ᠎ᠠ》 ᠬᠡᠵᠥ᠍ ᠦᠪᠡᠷᠳᠡᠭᠡᠨ ᠵᠠᠰᠠᠬᠤ ᠤᠷᠤᠨ᠎ᠤ ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠤᠨ ᠡᠮᠴᠢᠯᠡᠭᠡᠨ᠎ᠤ ᠲᠤᠰᠭᠠᠢ ᠮᠡᠷᠭᠡᠵᠢᠯᠳᠡᠨ᠎ᠤ ᠳᠤᠭᠤᠢ᠍ᠢᠯᠠᠩ᠎ᠤᠨ ᠳᠠᠷᠤᠭ᠎ᠠ ᠰᠦᠨ ᠳ᠋ᠧ ᠵᠢᠶᠦ᠋ᠨ ᠬᠡᠯᠡᠨ᠎ᠠ᠃
    《ᠶᠡᠷᠦᠩᠬᠡᠢ ᠱᠦᠵᠢ ᠴᠢᠬᠤᠯᠠ ᠶᠠᠷᠢᠶᠠᠨ᠎ᠳᠠᠭᠠᠨ ᠬᠦᠨᠳᠦ ᠶᠡᠭᠡ ᠬᠢᠵᠢᠭ᠎ᠤᠨ ᠪᠠᠢᠳᠠᠯ᠎ᠤᠨ ᠡᠮᠦᠨ᠎ᠡ᠂ ᠪᠢᠳᠡ ᠡᠬᠢᠯᠡᠩᠭᠦᠳᠡ᠎ᠪᠠᠨ ᠲᠠᠷᠤᠢ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠤ᠎ᠶ᠋ᠢ ᠲᠡᠷᠢᠭᠦᠨ᠎ᠳᠤ ᠲᠠᠯᠪᠢᠬᠤ ᠬᠡᠷᠡᠭ᠌ᠳᠡᠢ ᠭᠡᠵᠦ᠍ ᠲᠣᠳᠣᠷᠬᠠᠢ ᠳᠤᠷᠠᠳᠪᠠ᠃ ᠬᠥᠮᠦᠨ ᠪᠦᠬᠦᠨ ᠡᠬᠦᠨ᠎ᠢ ᠰᠡᠳᠭᠢᠯ᠎ᠢᠶᠠᠷ᠎ᠢᠶᠠᠨ ᠮᠡᠳᠡᠷᠡᠵᠤ ᠪᠠᠢᠬᠤ᠎ᠨᠢ ᠯᠠᠪᠳᠠᠢ᠃ ᠡᠮᠴᠢ ᠰᠤᠪᠢᠯᠠᠭ᠍ᠴᠢ ᠪᠤᠯᠤᠭ᠍ᠰᠠᠨ᠎ᠤ ᠬᠤᠪᠢ᠎ᠳᠤ ᠪᠢ ᠬᠤᠪᠸᠢ᠎ᠶ᠋ᠢ ᠲᠤᠰᠠᠯᠠᠬᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠳᠤ ᠬᠦᠴᠦᠨ ᠴᠢᠳᠠᠯ᠎ᠢᠶᠠᠨ ᠡᠷᠭᠦᠭ᠌ᠰᠡᠨ᠎ᠳᠡᠭᠡᠨ ᠣᠮᠣᠭ᠍ᠰᠢᠵᠤ ᠪᠠᠢᠨ᠎ᠠ᠂ ᠬᠤᠢᠱᠢᠳᠠ ᠤᠯᠤᠰ ᠣᠷᠣᠨ ᠪᠠ ᠠᠷᠠᠳ ᠲᠦᠮᠡᠨ ᠬᠡᠷᠡᠭ᠌ᠴᠡᠭᠡ᠎ᠲᠠᠢ ᠯᠡ ᠶᠤᠮ ᠪᠣᠯ ᠪᠢ ᠴᠡᠭᠡᠵᠢ ᠳᠦᠷᠢᠨ ᠤᠷᠤᠵᠦ᠍ ᠯᠠᠪ ᠬᠤᠢᠰᠢ ᠤᠬᠤᠷᠢᠬᠤ ᠦᠭᠡᠢ》 ᠭᠡᠵᠦ᠍ ᠲᠦᠴᠢᠦᠸᠠᠨ ᠱᠢᠶᠠᠨ᠎ᠤ ᠡᠮᠴᠢᠯᠡᠭᠡᠨ᠎ᠤ ᠪᠦᠯᠬᠦᠮ᠎ᠤᠨ ᠰᠤᠪᠢᠯᠠᠭ᠍ᠴᠢ ᠯᠢᠦ ᠶᠠᠨ ᠰᠡᠳᠭᠢᠯ ᠳᠤᠭ᠍ᠳᠤᠯᠤᠨ ᠶᠠᠷᠢᠨ᠎ᠠ᠃
    《ᠶᠡᠷᠤᠩᠬᠡᠢ ᠱᠦᠵᠢ ᠰᠢ᠎ᠶ᠋ᠢᠨ ᠫᠢᠩ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶᠡᠰ᠂ ᠤᠯᠤᠰ᠎ᠢᠶᠠᠨ ᠬᠠᠢᠷᠠᠯᠠᠬᠤ ᠡᠷᠡᠬᠦᠯ ᠬᠠᠮᠠᠭᠠᠯᠠᠯ᠎ᠤᠨ ᠬᠦᠳᠡᠯᠭᠡᠭᠡᠨ᠎ᠢ ᠦᠷᠭᠡᠨ ᠳᠡᠯᠭᠡᠷ ᠦᠷᠨᠢᠬᠦᠯᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠤᠳ᠎ᠤᠨ ᠡᠷᠡᠬᠦᠯ ᠮᠡᠨᠳᠦ᠎ᠶ᠋ᠢ ᠨᠡᠩ ᠰᠠᠢᠳᠤᠷ ᠪᠠᠲᠤᠯᠠᠬᠤ ᠭᠡᠷᠡᠭ᠌ᠳᠠᠢ ᠭᠡᠵᠦ᠍ ᠴᠢᠬᠤᠯᠠᠴᠢᠯᠠᠵᠠᠢ᠃ ᠮᠠᠨ᠎ᠤ ᠤᠷᠤᠨ᠎ᠤ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠠᠵᠢᠯ ᠨᠠᠮ᠎ᠤᠨ ᠲᠦᠪ ᠬᠤᠷᠢᠶᠠᠨ᠎ᠤ ᠤᠳᠤᠷᠢᠳᠤᠯᠭ᠎ᠠ ᠳᠤᠤᠷ᠎ᠠ ᠲᠤᠪᠤᠢᠮ᠎ᠠ ᠠᠮᠵᠢᠯᠳᠠ ᠤᠯᠵᠤ ᠤᠯᠠᠨ ᠳᠠᠪᠠᠯᠳᠠ᠎ᠶ᠋ᠢ ᠪᠡᠶᠡᠯᠡᠬᠦᠯᠦᠭ᠌ᠰᠡᠨ ᠶᠤᠮ᠃ ᠬᠤᠯᠤᠭᠠᠨ᠎ᠠ᠎ᠶ᠋ᠢᠨ ᠬᠢᠵᠢᠭ ᠪᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ᠂ ᠨᠡᠢᠲᠡ᠎ᠶ᠋ᠢᠨ ᠵᠣᠷᠯᠣᠩ᠎ᠢ ᠴᠡᠭ᠌ᠴᠡᠯᠡᠨ ᠵᠠᠰᠠᠬᠤ᠂ ᠬᠥᠨᠥᠭᠡᠯ᠎ᠢ ᠠᠷᠢᠯᠭᠠᠨ ᠡᠪᠡᠳᠴᠢᠨ᠎ᠢ ᠠᠷᠢᠯᠭᠠᠬᠤ᠂ ᠪᠦᠬᠦ᠌ ᠣᠷᠣᠨ᠎ᠤ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶ᠋ᠢᠨ ᠬᠡᠪ ᠪᠣᠯᠪᠠᠰᠤᠷᠠᠯ᠎ᠤᠨ ᠲᠦᠪᠱᠢᠨ᠎ᠢ ᠳᠡᠭᠡᠭ᠌ᠰᠢᠯᠡᠬᠦᠯᠬᠦ᠌ ᠵᠡᠷᠭᠡ ᠲᠠᠯ᠎ᠠ᠎ᠪᠠᠷ ᠪᠦᠷ ᠳᠤᠪᠤᠢᠮ᠎ᠠ ᠠᠮᠵᠢᠯᠳᠠ ᠤᠯᠤᠭ᠍ᠰᠠᠨ》 ᠭᠡᠵᠦ᠍ ᠦᠪᠡᠷᠳᠡᠭᠡᠨ ᠵᠠᠰᠠᠬᠤ ᠤᠷᠤᠨ᠎ᠤ ᠤᠯᠤᠰ᠎ᠢᠶᠠᠨ ᠬᠠᠢᠷᠠᠯᠠᠬᠤ ᠡᠷᠡᠬᠦᠯ ᠬᠠᠮᠠᠭᠠᠯᠠᠯ᠎ᠤᠨ ᠬᠦᠳᠡᠯᠭᠡᠭᠡᠨ᠎ᠤ ᠵᠦᠪᠯᠡᠯ᠎ᠤᠨ ᠠᠯᠪᠠᠨ᠎ᠤ ᠲᠠᠯ᠎ᠠ᠎ᠶ᠋ᠢᠨ᠎ᠬᠢᠨ ᠰᠤᠷᠪᠤᠯᠵᠢᠯᠠᠭ᠍ᠴᠢ᠎ᠳᠤ ᠲᠠᠨᠢᠯᠴᠠᠭᠤᠯᠤᠨ ᠶᠠᠷᠢᠨ᠎ᠠ᠃
    ᠦᠪᠡᠷᠳᠡᠭᠡᠨ ᠵᠠᠰᠠᠬᠤ ᠤᠷᠤᠨ᠎ᠤ ᠤᠯᠤᠰ᠎ᠢᠶᠠᠨ ᠬᠠᠢᠷᠠᠯᠠᠬᠤ ᠡᠷᠡᠬᠦᠯ ᠬᠠᠮᠠᠭᠠᠯᠠᠯ᠎ᠤᠨ ᠬᠦᠳᠡᠯᠭᠡᠭᠡᠨ᠎ᠤ ᠵᠦᠪᠯᠡᠯ᠎ᠤᠨ᠎ᠬᠢᠨ ᠳᠠᠷᠠᠭ᠎ᠠ ᠠᠯᠬᠤᠮ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠵᠦ᠍᠂ ᠪᠦᠬᠦ᠌ ᠤᠷᠤᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ᠎ᠬᠢᠨ᠎ᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠲᠤᠯ᠎ᠢ ᠴᠢᠨᠠᠭ᠍ᠰᠢᠳᠠ ᠴᠢᠩᠭᠠᠳᠭᠠᠵᠤ᠂ ᠢᠯᠠᠩᠭᠤᠶ᠎ᠠ ᠣᠳᠣᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠬᠦ᠌ ᠠᠵᠢᠯ᠎ᠤᠨ ᠳᠤᠮᠳᠠ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠤ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠣᠯᠠᠨ ᠲᠦᠮᠡᠨ᠎ᠤ ᠳᠠᠪᠠᠭᠤᠯᠢᠭ᠂ ᠲᠤᠰᠭᠠᠶ ᠮᠡᠷᠭᠡᠵᠢᠯ᠎ᠤᠨ ᠳᠠᠪᠠᠭᠤᠯᠢᠭ᠎ᠢᠶᠠᠨ ᠭᠦᠶᠴᠡᠳ ᠪᠠᠳᠠᠷᠠᠭᠤᠯᠵᠤ᠂ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠡᠷᠡᠭᠦᠯ ᠡᠩᠬᠡ ᠥᠪᠥᠷ ᠮᠣᠩᠭᠤᠯ᠎ᠤᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠪᠤᠯᠭᠠᠨ᠎ᠠ᠃ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠠᠵᠢᠯ᠎ᠢ ᠠᠷᠠᠳ᠎ᠤᠨ ᠠᠮᠢᠳᠤᠷᠠᠯ᠎ᠤᠨ ᠴᠢᠬᠤᠯᠠ ᠠᠵᠢᠯ ᠪᠣᠯᠭᠠᠨ᠂ ᠪᠦᠬᠦ᠌ ᠣᠷᠣᠨ᠎ᠤ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶ᠋ᠢᠨ ᠬᠡᠪ ᠪᠣᠯᠪᠠᠰᠤᠷᠠᠯ᠎ᠤᠨ ᠲᠦᠪᠱᠢᠨ᠎ᠢ ᠳᠡᠭᠡᠭ᠌ᠰᠢᠯᠡᠬᠦᠯᠵᠤ᠂ ᠶᠠᠷᠢᠶᠠᠨ᠎ᠤ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠤᠷ᠎ᠠ ᠮᠠᠨ᠎ᠤ ᠤᠷᠤᠨ᠎ᠤ ᠤᠯᠤᠰ᠎ᠢᠶᠠᠨ ᠬᠠᠢᠷᠠᠯᠠᠬᠤ ᠡᠷᠡᠬᠦᠯ ᠬᠠᠮᠠᠭᠠᠯᠠᠯ᠎ᠤᠨ ᠬᠦᠳᠡᠯᠭᠡᠭᠡᠨ᠎ᠢ ᠦᠷᠭᠡᠨ ᠳᠡᠯᠭᠡᠷ ᠦᠷᠨᠢᠬᠦᠯᠬᠦ᠌᠎ᠪᠠᠷ ᠪᠠᠢᠨ᠎ᠠ᠃
    《ᠮᠤᠩᠭᠤᠯ ᠮᠤᠷᠢᠨ᠎ᠤ ᠵᠤᠷᠢᠬ ᠰᠠᠨᠠᠭ᠎ᠠ》 ᠎ᠶ᠋ᠢ ᠶᠡᠭᠡ᠎ᠪᠠᠷ ᠪᠠᠳᠠᠷᠠᠭᠤᠯᠤᠨ᠂ ᠨᠠᠮ᠎ᠤᠨ ᠳᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠳᠤᠭᠤᠱᠢᠯᠠᠭᠤᠯᠵᠥ᠍᠂ ᠠᠷᠠᠳ ᠳᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠤ᠂ ᠠᠷᠠᠳ ᠲᠦᠮᠡᠨ᠎ᠳᠤ ᠪᠤᠳᠠᠳᠠᠢ ᠠᠵᠢᠯ ᠬᠢᠬᠦ᠂ ᠠᠷᠠᠳ ᠲᠦᠮᠡᠨ᠎ᠳᠤ ᠪᠤᠶᠠᠨ ᠦᠶᠯᠡᠳᠬᠦ᠌᠎ᠪᠠᠷ ᠬᠠᠮᠤᠭ᠎ᠤᠨ ᠴᠢᠬᠤᠯᠠ ᠠᠵᠢᠯ᠎ᠤᠨ ᠪᠦᠳᠦᠮᠵᠢ᠎ᠪᠠᠨ ᠪᠤᠯᠭᠠᠵᠦ᠍᠂ ᠠᠷᠠᠳ ᠲᠦᠮᠡᠨ᠎ᠳᠤ ᠬᠡᠳᠦᠢ ᠣᠯᠠᠨ ᠰᠠᠢᠨ ᠶᠠᠪᠤᠳᠠᠯ ᠪᠣᠳᠠᠲᠠᠶ ᠶᠠᠪᠤᠳᠠᠯ ᠬᠢᠵᠦ᠍ ᠥᠭ᠌ᠭᠦᠭ᠌ᠰᠡᠨ᠎ᠢᠶᠠᠷ ᠠᠵᠢᠯ᠎ᠤᠨ ᠪᠦᠲᠦᠮᠵᠢ᠎ᠪᠠᠨ ᠱᠢᠯᠭᠠᠬᠤ ᠴᠢᠬᠤᠯᠠ ᠪᠠᠷᠢᠮᠵᠢᠶ᠎ᠠ᠎ᠪᠠᠨ ᠪᠤᠯᠭᠠᠵᠦ᠍᠂ ᠬᠦᠨᠲᠦ ᠶᠡᠭᠡ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠵᠦ᠍ ᠠᠪᠤᠷᠠᠠ ᠡᠮᠨᠡᠬᠦ᠌ ᠱᠢᠰᠲ᠋ᠧᠮ ᠪᠠ ᠤᠯᠠᠠ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠱᠠᠯᠠᠪᠲᠠᠠ ᠲᠡᠭᠦᠯᠲᠡᠷᠵᠢᠭᠦᠯᠵᠦ᠍᠂ ᠬᠤᠲᠠ ᠬᠦᠲᠡᠭᠡ ᠨᠡᠢᠭᠡᠮ ᠲᠤᠭᠤᠷᠢᠭ ᠵᠡᠷᠭᠡ ᠦᠨᠲᠦᠰᠦᠨ ᠱᠠᠲᠤᠨ᠎ᠤ ᠰᠡᠷᠭᠡᠢᠯᠡᠡ ᠡᠵᠡᠮᠲᠡᠬᠦ᠌ ᠴᠢᠲᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠠ᠂ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠦᠲᠡᠯᠭᠡᠭᠡᠡ᠎ᠢ ᠦᠷᠭᠡᠡ ᠲᠠᠯᠬᠡᠷ ᠦᠷᠨᠢᠭᠦᠯᠵᠦ᠍᠂ ᠠᠷᠠᠳ ᠲᠦᠮᠠᠠ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠠ ᠮᠠᠬᠠᠪᠤᠳ᠎ᠤᠨ ᠡᠷᠡᠭᠦᠯ ᠮᠡᠨᠳᠦ᠎ᠶ᠋ᠢ ᠨᠡᠩ ᠰᠠᠢᠳᠦᠷ ᠪᠠᠲᠤᠯᠠᠵᠦ᠍᠂ ᠨᠠᠮ ᠪᠠ ᠠᠷᠠᠳ ᠲᠦᠮᠡᠨ᠎ᠳᠡᠭᠡᠨ ᠨᠢᠭᠡᠨ ᠬᠤᠪᠢ ᠠᠮᠵᠢᠯᠳᠠ᠎ᠶ᠋ᠢᠨ ᠬᠠᠭᠤᠳᠠᠰᠦ ᠲᠤᠱᠢᠶᠠᠨ᠎ᠠ᠃ ᠡᠨᠡ ᠪᠤᠯ ᠮᠠᠨ᠎ᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠱᠢᠰᠲᠧᠮ᠎ᠤᠨ᠎ᠬᠢᠨ᠎ᠤ ᠡᠷᠴᠢ ᠵᠤᠷᠢᠭ᠎ᠤᠨ ᠤᠨᠳᠤᠷᠤᠯ᠂ ᠠᠷᠠᠳ ᠲᠦᠮᠡᠨ᠎ᠳᠤ ᠦᠭ᠌ᠬᠦᠭ᠌ᠰᠡᠨ ᠠᠮᠠᠨ ᠲᠠᠩᠭᠠᠷᠢᠭ ᠶᠤᠮᠰᠠᠨ᠃
    ᠣᠷᠳᠣᠰ ᠬᠤᠳᠠ᠎ᠶ᠋ᠢᠨ᠎ᠬᠢᠨ ᠶᠡᠷᠣᠩᠬᠡᠢ ᠱᠥᠵᠢ ᠰᠢ᠎ᠶ᠋ᠢᠨ ᠫᠢᠩ᠎ᠤᠨ 《ᠠᠷᠠᠳ ᠳᠥᠮᠡᠨ᠎ᠤ ᠠᠮᠢ ᠨᠠᠰᠣᠨ᠎ᠤ ᠠᠮᠣᠷ ᠳᠥᠪᠱᠢᠨ ᠪᠠ ᠪᠡᠶ᠎ᠠ ᠮᠠᠬᠠᠪᠣᠳ᠎ᠤᠨ ᠡᠷᠡᠬᠦᠯ ᠮᠡᠨᠳᠤ᠎ᠶ᠋ᠢ ᠴᠠᠬ ᠢᠮᠠᠬ᠍ᠳᠠ ᠲᠡᠷᠢᠬᠦᠨ᠎ᠳᠤ ᠲᠠᠯᠪᠢᠬᠤ》 ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠪᠠᠷ ᠬᠢᠵᠢᠭ᠎ᠤᠨ ᠪᠠᠢᠳᠠᠯ᠎ᠢ ᠰᠠᠷᠬᠡᠢᠯᠡᠡ ᠡᠵᠡᠮᠳᠡᠬᠦ᠌ ᠠᠵᠢᠯ᠎ᠢᠶᠠᠨ ᠵᠢᠯᠥᠭᠤᠳᠣᠭᠤᠯᠵᠣ᠂ ᠬᠤᠳᠠ᠎ᠶ᠋ᠢᠨ ᠲᠠᠷᠤᠭ᠎ᠠ᠎ᠪᠠᠷ ᠳᠣᠭᠤᠢ᠍ᠢᠯᠠᠩ᠎ᠤᠨ ᠲᠠᠷᠤᠭ᠎ᠠ ᠪᠣᠯᠭᠠᠬ᠍ᠰᠠᠨ ᠰᠠᠷᠬᠡᠢᠯᠡᠡ ᠡᠵᠡᠮᠳᠡᠬᠦ᠌ ᠠᠵᠢᠯ᠎ᠤᠨ ᠣᠳᠣᠷᠢᠳᠭᠤ ᠳᠣᠭᠤᠢ᠍ᠢᠯᠠᠩ ᠪᠠᠢᠭᠤᠯᠤᠨ᠂ ᠰᠠᠷᠬᠡᠢᠯᠡᠡ ᠡᠵᠡᠮᠳᠡᠬᠦ᠌ ᠳᠥᠰᠥᠪ ᠳᠣᠬ᠍ᠳᠠᠭᠠᠵᠣ᠂ 10 ᠡᠮᠨᠡᠯᠬᠡ᠎ᠶ᠋ᠢᠨ ᠬᠤᠷᠢᠶ᠎ᠠ᠎ᠶ᠋ᠢ ᠡᠪᠡᠳᠴᠢᠳᠠᠠ᠎ᠢ ᠠᠪᠣᠷᠠᠨ ᠵᠠᠰᠠᠬᠤ ᠲᠤᠰᠭᠠᠢ ᠡᠮᠨᠡᠯᠬᠡ᠎ᠶ᠋ᠢᠨ ᠬᠤᠷᠢᠶ᠎ᠠ᠎ᠪᠠᠷ ᠳᠣᠬ᠍ᠳᠠᠭᠠᠵᠣ᠂ ᠡᠯ᠎ᠠ ᠲᠠᠯ᠎ᠠ᠎ᠶ᠋ᠢᠨ ᠳᠣᠰᠭᠠᠢ ᠮᠡᠷᠬᠡᠵᠢᠯ᠎ᠲᠠᠢ 549 ᠡᠮᠴᠢ ᠰᠣᠪᠢᠯᠠᠬ᠍ᠴᠢ᠎ᠶ᠋ᠢ ᠵᠣᠬᠢᠶᠠᠨ ᠪᠠᠢᠭᠤᠯᠥᠨ ᠳᠣᠰᠠᠭᠠᠷᠯᠠᠨ ᠡᠮᠴᠢᠯᠡᠬᠦ᠌ ᠠᠵᠢᠯ᠎ᠳᠤ ᠣᠷᠣᠯᠴᠠᠭᠤᠯᠵᠣ᠂ ᠬᠤᠶᠠᠳᠣᠭᠠᠷ ᠲᠡᠰ᠎ᠠᠴᠠ ᠲᠡᠬᠡᠭ᠌ᠰᠢᠬᠢ ᠠᠯᠪᠠᠨ᠎ᠠᠴᠠ ᠡᠷᠬᠢᠯᠡᠭ᠌ᠰᠡᠨ 13 ᠡᠮᠨᠡᠯᠬᠡ᠎ᠶ᠋ᠢᠨ ᠬᠤᠷᠢᠶ᠎ᠠ᠎ᠳᠤ ᠬᠠᠯᠠᠭᠤᠷᠠᠯ᠎ᠤᠨ ᠪᠠᠢᠳᠠᠯ᠎ᠢ ᠤᠨᠤᠱᠢᠯᠠᠨ ᠪᠠᠢᠴᠠᠭᠠᠬᠤ ᠡᠬᠦᠳᠡᠨ ᠡᠮᠨᠡᠯᠬᠡ᠎ᠶ᠋ᠢᠨ ᠥᠷᠥᠬᠡ ᠳᠣᠬᠢᠷᠠᠭᠤᠯᠤᠭ᠍ᠰᠠᠨ ᠪᠠᠢᠨ᠎ᠠ᠃
    ᠣᠷᠳᠣᠰ ᠬᠤᠳᠠ᠎ᠶ᠋ᠢᠨ ᠡᠷᠡᠬᠦᠯ ᠬᠠᠮᠠᠭᠠᠯᠠᠯ ᠡᠷᠡᠬᠦᠯ ᠮᠠᠨᠳᠣ᠎ᠶ᠋ᠢᠨ ᠵᠥᠪᠯᠡᠯ᠎ᠤᠨ ᠲᠡᠳ᠋ ᠡᠷᠬᠢᠯᠡᠭ᠌ᠴᠢ ᠸᠠᠩ ᠯᠢᠨ ᠴᠢ᠄ 《ᠪᠢ ᠲᠧᠯᠸᠢᠰ᠎ᠠᠴᠠ ᠶᠡᠷᠣᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠣᠭᠠᠳ ᠳᠣᠩ ᠶᠡᠭᠡ ᠪᠠᠶᠠᠷᠯᠠᠪᠠ᠃ ᠶᠡᠷᠣᠩᠬᠡᠢ ᠱᠥᠵᠢ᠎ᠶ᠋ᠢᠨ ᠴᠢᠬᠤᠯᠠ ᠶᠠᠷᠢᠶ᠎ᠠ᠎ᠠᠴᠠ ᠥᠪᠣᠷ ᠮᠣᠩᠭᠤᠯ᠎ᠤᠨ ᠠᠵᠢᠯ᠎ᠢ ᠬᠠᠯᠠᠮᠵᠢᠯᠠᠨ ᠲᠠᠮᠵᠢᠵᠣ᠂ ᠥᠪᠣᠷ ᠮᠣᠩᠭᠤᠯ᠎ᠤᠨ ᠠᠷᠠᠳ ᠳᠥᠮᠡᠨ᠎ᠢ ᠬᠠᠯᠠᠮᠵᠢᠯᠠᠨ ᠬᠠᠢᠷᠠᠯᠠᠵᠣ ᠪᠠᠢᠬᠤ᠎ᠶ᠋ᠢ ᠬᠥᠢᠴᠡᠳ ᠦᠢᠯᠠᠭᠠᠯ᠎ᠠ᠃ ᠶᠡᠷᠣᠩᠬᠡᠢ ᠱᠥᠵᠢ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠢ ᠪᠡᠶ᠎ᠠ᠎ᠪᠠᠷ᠎ᠢᠶᠠᠨ ᠵᠢᠯᠣᠭᠤᠳᠴᠤ᠌᠂ ᠣᠯᠣᠰ᠎ᠠᠴᠠ ᠡᠯ᠎ᠠ ᠲᠠᠯ᠎ᠠ᠎ᠶ᠋ᠢᠨ ᠬᠥᠴᠥᠨ᠎ᠢ ᠲᠠᠢᠴᠢᠯᠠᠨ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠠᠶ᠎ᠠ ᠮᠠᠬᠠᠪᠤᠳ᠎ᠤᠨ ᠡᠷᠡᠬᠦᠯ ᠮᠡᠨᠳᠤ᠎ᠶ᠋ᠢ ᠬᠠᠮᠠᠭᠠᠯᠠᠬᠤ᠎ᠳᠤ ᠶᠡᠮᠡᠷᠪᠡ ᠦᠷᠡᠭ᠌ᠳᠡᠯ ᠭᠠᠷᠭᠠᠬᠤ᠎ᠠᠴᠠ ᠴᠦ᠍ ᠪᠤᠴᠠᠭ᠍ᠰᠠᠨ ᠦᠬᠡᠢ᠃ ᠪᠢᠳᠠ ᠶᠡᠷᠣᠩᠬᠡᠢ ᠱᠥᠵᠢ᠎ᠶ᠋ᠢᠨ ᠬᠥᠨ ᠵᠣᠵᠠᠭᠠᠨ ᠬᠠᠢᠷ᠎ᠠ ᠬᠠᠯᠠᠮᠵᠢ ᠪᠠ ᠬᠥᠨᠳᠤ ᠨᠠᠢᠳᠠᠯᠭ᠎ᠠ᠎ᠶ᠋ᠢ ᠦᠯᠦ᠍ ᠬᠥᠰᠡᠷᠳᠡᠬᠦᠯᠵᠤ᠂ ᠤᠷᠤᠨ ᠨᠤᠳᠤᠭ᠎ᠤᠨ ᠪᠣᠳᠠᠳᠣ ᠪᠠᠢᠳᠠᠯ᠎ᠲᠠᠢ᠎ᠪᠠᠨ ᠣᠶᠠᠯᠳᠣᠭᠤᠯᠤᠨ ᠡᠮ ᠡᠮᠨᠡᠯᠬᠡ ᠡᠷᠡᠬᠦᠯ ᠬᠠᠮᠠᠭᠠᠯᠠᠯ᠎ᠤᠨ ᠪᠠᠢᠭᠤᠯᠣᠮᠵᠢ᠎ᠶ᠋ᠢᠨ ᠥᠬᠡᠷᠡᠴᠢᠯᠡᠯᠳᠡ᠎ᠶ᠋ᠢ ᠬᠥᠨᠵᠡᠬᠡᠢᠷᠡᠬᠦᠯᠵᠣ᠂ ᠣᠯᠠᠨ ᠨᠠᠢᠳᠠ᠎ᠶ᠋ᠢᠨ ᠡᠷᠡᠬᠦᠯ ᠬᠠᠮᠠᠭᠠᠯᠠᠯ᠎ᠤᠨ ᠥᠢᠯᠡᠴᠢᠯᠡᠭᠡ᠎ᠪᠠᠨ ᠱᠢᠯᠢᠳᠡᠭ᠌ᠵᠢᠬᠦᠯᠤᠨ᠂ 〈ᠡᠷᠡᠬᠦᠯ ᠡᠩᠬᠡ ᠣᠷᠳᠣᠰ〉 ᠎ᠤᠨ ᠵᠣᠬᠢᠴᠠᠭᠤᠯᠣᠨ ᠥᠢᠯᠡᠴᠢᠯᠡᠬᠦ᠌ ᠳᠥᠪ᠎ᠢ ᠪᠠᠢᠭᠤᠯᠵᠣ᠂ 25 ᠰᠣᠮᠣ ᠪᠠᠯᠭᠠᠰᠣ᠎ᠶ᠋ᠢᠨ ᠡᠷᠡᠬᠦᠯ ᠬᠠᠮᠠᠭᠠᠯᠠᠯ᠎ᠤᠨ ᠥᠢᠯᠡᠴᠢᠯᠡᠬᠡᠨ᠎ᠤ ᠳᠥᠪ᠎ᠢ ᠲᠠᠬᠢᠨ ᠱᠢᠨ᠎ᠠ᠎ᠪᠠᠷ ᠲᠦᠰᠦᠪᠯᠡᠵᠦ᠍᠂ ᠥᠨᠳᠣᠰᠣᠨ ᠱᠠᠳᠣᠨ᠎ᠤ ᠬᠦᠨᠳᠦ ᠡᠪᠡᠳᠴᠢᠨ ᠪᠠ ᠬᠢᠵᠢᠭ᠎ᠢ ᠰᠡᠷᠬᠡᠢᠯᠡᠨ ᠡᠵᠡᠮᠳᠡᠬᠦ᠌ ᠠᠵᠢᠯ᠎ᠢ ᠠᠬᠢᠭᠤᠯᠵᠣ᠂ ᠡᠷᠡᠬᠦᠯ ᠡᠩᠬᠡ ᠣᠷᠳᠣᠰ᠎ᠢ ᠪᠥᠳᠥᠬᠡᠨ ᠪᠠᠢᠭᠤᠯᠬᠤ᠎ᠪᠠᠷ ᠴᠢᠷᠮᠡᠢᠨ ᠲᠠᠮᠠᠴᠠᠨ᠎ᠠ》 ᠭᠡᠵᠤ ᠱᠢᠢᠳᠮᠡᠭ ᠶᠠᠷᠢᠨ᠎ᠠ᠃
    ᠥᠢᠷ᠎ᠡ᠎ᠶ᠋ᠢᠨ ᠬᠡᠳᠤᠠ ᠡᠳᠥᠷ᠂ ᠬᠥᠷᠢᠶ᠎ᠡ ᠬᠤᠱᠢᠭᠤᠨ᠎ᠤ ᠨᠤᠮ᠎ᠤᠨ ᠰᠠᠩ᠎ᠤᠨ ᠨᠠᠮ᠎ᠤᠨ ᠡᠭᠦᠷ᠎ᠤᠨ ᠱᠥᠵᠢ ᠢᠤᠢ ᠽᠥᠩ ᠮᠧᠢ ᠶᠡᠷᠥᠩᠬᠡᠢ ᠱᠥᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠤᠩᠭᠤᠯ᠎ᠤᠨ ᠲᠥᠯᠥᠭᠡᠯᠡᠭ᠌ᠴᠢᠳ᠎ᠤᠨ ᠪᠥᠯᠬᠦᠮ᠎ᠤᠨ ᠬᠢᠨᠠᠨ ᠵᠥᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠨᠠᠮ᠎ᠤᠨ ᠭᠡᠱᠢᠭᠦᠳ᠎ᠲᠡᠭᠡᠨ ᠤᠯᠠᠮᠵᠢᠯᠠᠵᠤ ᠶᠠᠪᠤᠨ᠎ᠠ᠃ 《ᠶᠡᠷᠥᠩᠬᠡᠢ ᠱᠥᠵᠢ 〈ᠮᠠᠨ᠎ᠤ ᠨᠠᠮ᠎ᠳᠤ ᠥᠪᠡᠷ᠎ᠤᠨ ᠭᠡᠰᠡᠨ ᠤᠨᠴᠠᠭᠠᠢ ᠠᠱᠢᠬ ᠲᠤᠰᠠ ᠭᠡᠵᠤ ᠪᠠᠢᠬᠤ ᠥᠭᠡᠢ᠂ ᠮᠠᠨ᠎ᠤ ᠨᠠᠮ ᠶᠠᠮᠠᠷᠪᠠ ᠴᠠᠬ ᠥᠶ᠎ᠡ᠎ᠳᠤ ᠬᠡᠳ ᠪᠥᠷ ᠠᠷᠠᠳ ᠲᠥᠮᠡᠨ᠎ᠤ ᠠᠱᠢᠬ ᠲᠤᠰᠠ᠎ᠶ᠋ᠢ ᠲᠡᠷᠢᠭᠦᠨ᠎ᠳᠤ ᠳᠠᠯᠪᠢᠳᠠᠭ〉 ᠭᠡᠵᠥ᠍ ᠵᠢᠭᠠᠵᠤ ᠭᠠᠷᠭᠠᠵᠠᠢ᠃ ᠬᠥᠨᠳᠥ ᠶᠡᠭᠡ ᠬᠢᠵᠢᠭ᠎ᠤᠨ ᠪᠠᠢᠳᠠᠯ᠎ᠤᠨ ᠡᠮᠥᠨ᠎ᠡ᠂ ᠮᠠᠨ᠎ᠤ ᠨᠠᠮ ᠪᠦᠬᠦ᠌ ᠤᠯᠤᠰ᠎ᠤᠨ ᠬᠡᠪᠴᠢᠶᠠᠨ᠎ᠳᠤ ᠬᠠᠮᠤᠭ᠎ᠤᠨ ᠱᠢᠯᠢᠳᠡᠭ ᠡᠮᠴᠢ᠂ ᠬᠠᠮᠤᠭ᠎ᠤᠨ ᠲᠡᠷᠢᠬᠦᠨ᠎ᠤ ᠲᠤᠨᠤᠭ ᠲᠦᠬᠦᠭᠡᠷᠤᠮᠵᠢ᠂ ᠬᠠᠮᠤᠭ᠎ᠤᠨ ᠪᠡᠴᠢᠮ ᠭᠡᠷᠡᠭ᠌ᠰᠡᠬᠦ᠌ ᠡᠬᠢ ᠪᠠᠶᠠᠯᠢᠭ᠎ᠢ ᠱᠢᠯᠵᠢᠬᠦᠯᠤᠨ ᠲᠦᠪᠯᠡᠷᠡᠬᠦᠯᠵᠤ᠂ ᠬᠠᠮᠳᠤ᠎ᠶ᠋ᠢᠨ ᠬᠥᠴᠥᠨ᠎ᠢᠶᠠᠷ ᠬᠢᠵᠢᠭ᠎ᠢ ᠨᠤᠮᠤᠬᠠᠳᠭᠠᠵᠤ ᠳᠡᠯᠡᠭᠡᠢ᠎ᠶ᠋ᠢᠨ ᠠᠩᠬᠠᠷᠤᠯ᠎ᠢ ᠳᠠᠳᠠᠵᠠᠢ᠃ ᠨᠠᠮ᠎ᠤᠨ ᠭᠡᠱᠢᠭᠦᠨ ᠨᠢᠭᠡᠪᠥᠷᠢ ᠨᠠᠮ᠎ᠤᠨ ᠲᠥᠪ ᠬᠤᠷᠢᠶᠠᠨ᠎ᠤ ᠨᠢᠭᠡᠳᠥᠯᠲᠠᠢ ᠤᠳᠤᠷᠢᠳᠤᠯᠭ᠎ᠠ ᠳᠤᠤᠷ᠎ᠠ᠂ ᠲᠤᠬᠠᠢᠯᠠᠬ᠍ᠰᠠᠨ ᠠᠵᠢᠯ ᠪᠠ ᠤᠳᠤᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠠᠬᠢ ᠬᠤᠱᠢᠭᠤᠴᠢ ᠵᠢᠱ᠌ᠢᠶᠠᠴᠢ᠎ᠶ᠋ᠢᠨ ᠥᠢᠯᠡᠳᠥᠯ᠎ᠢᠶᠠᠨ ᠥᠷᠬᠦᠯᠵᠢᠯᠠᠨ ᠪᠠᠳᠠᠷᠠᠭᠤᠯᠵᠤ᠂ ᠠᠷᠠᠳ ᠲᠥᠮᠡᠨ᠎ᠤ ᠠᠮᠢ ᠨᠠᠰᠤᠨ᠎ᠤ ᠠᠮᠤᠷ ᠲᠥᠪᠱᠢᠨ ᠪᠠ ᠪᠡᠶ᠎ᠠ ᠮᠠᠬᠠᠪᠤᠳ᠎ᠤᠨ ᠡᠷᠡᠭᠦᠯ ᠮᠡᠨᠳᠥ᠎ᠶ᠋ᠢ ᠪᠠᠳᠤᠯᠠᠨ᠂ ᠴᠠᠬ ᠢᠮᠠᠬ᠍ᠳᠠ ᠥᠪᠡᠷ᠎ᠢ᠎ᠪᠠᠨ ᠵᠤᠷᠢᠭᠤᠯᠬᠤ᠎ᠪᠠᠷ ᠪᠡᠯᠡᠭᠡᠨ ᠪᠠᠢᠪᠠᠯ ᠵᠤᠬᠢᠨ᠎ᠠ》 ᠭᠡᠵᠤ ᠢᠤᠢ ᠽᠥᠩ ᠮᠧᠢ ᠳᠤᠬ᠍ᠳᠤᠯᠤᠩᠭᠤᠢ ᠶᠠᠷᠢᠨ᠎ᠠ᠃ ᠬᠢᠵᠢᠭ᠎ᠤᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠬᠦᠷᠢᠶ᠎ᠡ ᠬᠤᠱᠢᠭᠤ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠢᠷᠢᠰ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠵᠢᠴᠢ ᠲᠦᠩᠯᠢᠶᠣᠤ ᠬᠤᠲᠠ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠵᠢᠭ᠎ᠤᠨ ᠪᠠᠢᠳᠠᠯ᠎ᠢ ᠴᠠᠭ ᠲᠤᠬᠠᠶ᠎ᠳᠤᠨᠢ ᠰᠤᠳᠤᠯᠤᠨ ᠮᠠᠭᠠᠳᠯᠠᠵᠤ᠂ ᠬᠠᠤᠯᠢ ᠶᠣᠰᠣᠭᠠᠷ ᠱᠢᠨᠵᠢᠯᠡᠬᠦ᠌ ᠤᠬᠠᠭᠠᠨᠴᠢ᠎ᠪᠠᠷ ᠤᠨᠤᠴᠠᠲᠠᠢ᠎ᠪᠠᠷ ᠰᠡᠷᠭᠡᠢᠯᠡᠨ ᠡᠵᠡᠮᠳᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠦᠭ᠌ᠵᠢᠯᠳᠡ᠎ᠶ᠋ᠢ ᠨᠢᠬᠡᠳᠤᠯᠳᠠᠢ ᠲᠦᠯᠦᠪᠵᠢᠬᠦᠯᠵᠤ ᠪᠦᠬᠦ᠌ ᠬᠦᠴᠦ᠎ᠪᠠᠷ᠎ᠢᠶᠠᠨ ᠠᠬᠢᠭᠤᠯᠤᠭ᠍ᠰᠠᠨ ᠪᠠᠢᠨ᠎ᠠ᠃ ᠬᠥᠷᠢᠶ᠎ᠡ ᠬᠤᠱᠢᠭᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠤ᠎ᠶ᠋ᠢᠨ ᠵᠥᠪᠯᠡᠯ᠎ᠤᠨ ᠡᠷᠬᠢᠯᠡᠭ᠌ᠴᠢ ᠭᠥ᠋ ᠱᠢᠥ ᠶᠢᠩ᠄ 《ᠶᠡᠷᠥᠩᠬᠡᠢ ᠱᠥᠵᠢ᠎ᠶ᠋ᠢᠨ ᠴᠢᠬᠤᠯᠠ ᠶᠠᠷᠢᠶ᠎ᠠ ᠮᠠᠨ᠎ᠤ ᠠᠵᠢᠯ᠎ᠤᠨ ᠴᠢᠭ᠌ᠯᠡᠯ᠎ᠢ ᠳᠤᠳᠤᠷᠬᠠᠢᠯᠠᠵᠤ᠂ ᠬᠢᠵᠢᠭ᠎ᠤᠨ ᠪᠠᠢᠳᠠᠯ᠎ᠢ ᠢᠯᠠᠨ ᠲᠠᠪᠠᠭ᠍ᠤ ᠬᠥᠴᠥ᠍ ᠵᠤᠷᠢᠬ᠎ᠢ ᠨᠡᠩ ᠡᠷᠴᠢᠯᠡᠯ᠎ᠡ᠂ ᠪᠢᠳᠡ ᠶᠡᠷᠥᠩᠬᠡᠢ ᠱᠥᠵᠢ᠎ᠶ᠋ᠢᠨ ᠵᠢᠭᠠᠪᠥᠷᠢ ᠶᠤᠰᠤᠭᠠᠷ ᠭᠠᠳᠠᠨ᠎ᠠ᠎ᠠᠴᠠ ᠤᠷᠤᠵᠤ ᠢᠷᠡᠬᠦ᠌ ᠬᠢᠵᠢᠭ᠎ᠤᠨ ᠪᠠᠢᠳᠠᠯ᠎ᠢ ᠴᠢᠩᠭ᠎ᠠ ᠰᠡᠷᠭᠡᠢᠯᠡᠨ ᠡᠵᠡᠮᠳᠡᠬᠦ᠌᠎ᠶ᠋ᠢᠨ ᠬᠠᠮᠳᠤ ᠪᠥᠬᠦ᠌ ᠠᠷᠠᠳ᠎ᠤᠨ ᠥᠪᠡᠷ᠎ᠢ᠎ᠪᠠᠨ ᠰᠡᠷᠭᠡᠢᠯᠡᠨ ᠬᠠᠮᠠᠭᠠᠯᠠᠬᠤ ᠠᠵᠢᠯ᠎ᠢ ᠴᠢᠩᠭᠠᠳᠭᠠᠵᠤ᠂ ᠬᠢᠵᠢᠭ᠎ᠤᠨ ᠪᠠᠢᠳᠠᠯ᠎ᠢ ᠰᠠᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠵᠤ᠂ ᠬᠢᠵᠢᠭ᠎ᠤᠨ ᠳᠠᠬᠢᠨ ᠥᠷᠪᠢᠰᠥᠨ ᠳᠡᠯᠭᠡᠷᠡᠬᠦ᠌ ᠪᠠᠢᠳᠠᠯ ᠥᠯᠥ᠍ ᠭᠠᠷᠬᠤ᠎ᠶ᠋ᠢ ᠥᠨᠡᠨ ᠬᠦ᠌ ᠪᠠᠳᠤᠯᠠᠨ᠎ᠠ》 ᠭᠡᠵᠤ ᠢᠳᠡᠭᠡᠯᠳᠡᠢᠭᠡᠨ ᠶᠠᠷᠢᠵᠤ ᠪᠠᠢᠯ᠎ᠠ᠃
    ᠶᠡᠷᠦᠩᠬᠡᠢ ᠱᠦᠵᠢ ᠰᠢ᠎ᠶ᠋ᠢᠨ ᠫᠢᠡᠭ᠎ᠤᠨ ᠠᠷᠪᠡᠨ ᠭᠤᠷᠪᠡᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠡᠤᠨ᠎ᠤᠨ ᠲᠦᠯᠤᠭᠡᠯᠡᠭ᠌ᠴᠢᠤᠨ᠎ᠤᠨ ᠶᠡᠭᠡ ᠬᠤᠷᠡᠯ᠎ᠤᠨ ᠭᠤᠷᠪᠡᠳᠤᠭᠠᠷ ᠬᠤᠷᠡᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠤ ᠲᠤᠮᠳᠠ ᠴᠢᠩᠭ᠎ᠠ ᠲᠤᠰᠭᠠᠯ ᠭᠠᠷᠴᠦ᠍᠂ ᠲᠤᠬᠠᠢᠯᠠᠭ᠍ᠰᠠᠨ ᠠᠵᠢᠯ᠎ᠤᠨ ᠪᠠᠢᠷᠢᠨ ᠲᠡᠭᠡᠷ᠎ᠡ᠎ᠪᠠᠨ ᠡᠷᠡᠯᠬᠡᠭ᠌ᠯᠡᠨ ᠲᠡᠮᠡᠴᠡᠵᠤ᠂ ᠱᠢᠨ᠎ᠡ ᠠᠮᠵᠢᠯᠳᠠ ᠪᠦᠳᠦᠮᠵᠢ ᠭᠠᠷᠭᠠᠬᠤ᠎ᠳᠤ ᠲᠦᠷᠦᠭᠡ ᠴᠢᠩᠭᠠᠯᠠᠨ ᠵᠤᠷᠢᠭ᠎ᠢ ᠡᠷᠴᠢᠯᠡᠯ᠎ᠡ ᠭᠡᠵᠦ᠍ ᠢᠯᠡᠷᠭᠡᠢᠯᠡᠵᠡᠭᠡᠨ᠎ᠠ᠃
    ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠡᠷᠡᠭᠦᠯ ᠬᠠᠮᠠᠭᠠᠯᠠᠯ᠎ᠤᠨ ᠭᠠᠴᠠᠭ᠎ᠠ᠎ᠶ᠋ᠢᠨ ᠢᠷᠠᠭᠤ ᠠᠯᠳᠠᠷ᠎ᠢ ᠬᠦᠷᠳᠡᠭ᠌ᠰᠡᠨ ᠵᠡᠭᠦᠨ ᠦᠵᠤᠮᠤᠴᠢᠨ ᠬᠤᠱᠢᠭᠤᠨ᠎ᠤ ᠬᠠᠳᠠᠪᠴᠢ ᠪᠠᠯᠭᠠᠰᠤ᠎ᠶ᠋ᠢᠨ ᠱᠠᠩᠳᠠ ᠭᠠᠴᠠᠭ᠎ᠠ ᠪᠤᠯ ᠮᠤᠩᠭᠤᠯ ᠤᠯᠤᠰ᠎ᠯᠤᠭ᠎ᠠ 60 ᠭᠠᠷᠤᠢ ᠺᠢᠯᠣᠮᠧᠲᠷ ᠬᠢᠯᠢᠯᠡᠵᠦ᠍ ᠪᠠᠢᠭ᠎ᠠ ᠬᠢᠯᠢ᠎ᠶ᠋ᠢᠨ ᠭᠠᠴᠠᠭ᠎ᠠ ᠪᠤᠯᠬᠤ ᠪᠦᠭᠡᠳ ᠤᠢ᠍ᠢᠷ᠎ᠡ᠎ᠶ᠋ᠢᠨ ᠵᠢᠯ᠎ᠳᠤ ᠲᠤᠰ ᠭᠠᠴᠠᠭ᠎ᠠ ᠦᠨᠳᠦᠰᠤᠳᠡᠨ᠎ᠤ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠤᠭ᠍ᠳᠠᠭᠤᠨ᠂ ᠨᠠᠮ᠎ᠤᠨ ᠪᠠᠢᠭᠤᠯᠤᠯᠳᠠ ᠵᠡᠷᠭᠡ ᠠᠵᠢᠯ᠎ᠤᠨ ᠤᠯᠠᠨ ᠬᠦᠷᠢᠶ᠎ᠡ ᠴᠠᠷᠠᠭᠠᠨ᠎ᠳᠤ ᠬᠢᠯᠠᠯᠵᠠᠭ᠍ᠰᠠᠨ ᠠᠮᠵᠢᠯᠳᠠ᠎ᠶ᠋ᠢ ᠪᠢᠴᠢᠭ᠌ᠯᠡᠭ᠌ᠰᠡᠨ ᠶᠤᠮ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠱᠠᠩᠳᠠ ᠭᠠᠴᠠᠭ᠎ᠠ ᠬᠤᠱᠢᠭᠤ ᠪᠠᠯᠭᠠᠰᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠷᠢᠯᠠᠭᠤᠯᠤᠯᠳᠠ ᠶᠤᠰᠤᠭᠠᠷ 《ᠨᠠᠮ᠎ᠤᠨ ᠭᠡᠱᠢᠭᠦᠨ᠎ᠤ 4 ᠭᠤᠤᠯᠯᠠᠭ᠍ᠴᠢ ᠡᠷᠦᠬᠡ + 32 ᠨᠠᠮ᠎ᠤᠨ ᠭᠡᠱᠢᠭᠦᠨ + 150 ᠮᠠᠯᠵᠢᠬᠤ ᠡᠷᠦᠬᠡ᠎ᠶ᠋ᠢᠨ ᠲᠤᠤᠷᠴᠢᠯᠠᠭ᠍ᠰᠠᠨ ᠰᠡᠷᠭᠡᠢᠯᠡᠨ ᠡᠵᠡᠮᠳᠡᠬᠦ᠌ ᠵᠠᠭ᠍ᠪᠤᠷ》 ᠎ᠢ ᠪᠦᠷᠢᠯᠳᠦᠭᠦᠯᠵᠦ᠍᠂ ᠬᠢᠵᠢᠭ᠎ᠤᠨ ᠬᠤᠭᠤᠴᠠᠭᠠᠨ᠎ᠳᠠᠬᠢ ᠨᠡᠢᠭᠡᠮ᠎ᠤᠨ ᠠᠮᠤᠷ ᠲᠤᠭ᠍ᠳᠠᠭᠤᠨ᠎ᠢ ᠪᠠᠳᠤᠯᠠᠪᠠ᠃ ᠡᠨᠡ ᠬᠦ᠌ ᠬᠤᠭᠤᠴᠠᠭᠠᠨ᠎ᠳᠤ ᠱᠠᠩᠳᠠ ᠭᠠᠴᠠᠭᠠᠨ᠎ᠤ ᠵᠦᠪᠯᠡᠯ᠎ᠤᠨ᠎ᠬᠢᠨ 10 ᠡᠷᠦᠬᠡ᠎ᠶ᠋ᠢᠨ ᠡᠪᠡᠰᠤ ᠪᠤᠷᠳᠤᠭ᠎ᠠ ᠲᠤᠳᠠᠭ᠍ᠳᠠᠭ᠍ᠰᠠᠨ ᠪᠠ 12 ᠮᠠᠯᠵᠢᠬᠤ ᠡᠷᠦᠬᠡ᠎ᠶ᠋ᠢᠨ ᠲᠤᠯᠠᠭᠠᠯᠠᠭ᠎ᠠ᠎ᠶ᠋ᠢᠨ ᠲᠦᠯᠡᠰᠢ ᠬᠦᠷᠦᠯᠴᠡᠭᠡ ᠮᠠᠭᠤᠳᠠᠢ ᠪᠤᠯᠤᠭ᠍ᠰᠠᠨ ᠪᠠᠢᠳᠠᠯ᠎ᠢ ᠤᠢ᠍ᠢᠯᠠᠭᠠᠭ᠍ᠰᠠᠠ᠎ᠤ ᠲᠠᠷᠠᠭ᠎ᠠ ᠲᠠᠷᠦ᠋ᠢᠬᠠᠨ ᠬᠦᠳᠡᠯᠦᠯᠴᠡᠵᠦ᠍᠂ 30 ᠲᠤᠨ ᠪᠤᠷᠳᠤᠭ᠎ᠠ ᠪᠤᠯᠤᠨ 10 ᠭᠠᠷᠤᠢ ᠲᠤᠨ ᠨᠡᠭᠦᠷᠡᠰᠤ᠎ᠶ᠋ᠢ ᠦᠨ᠎ᠡ ᠲᠦᠯᠦᠪᠦᠷᠢ ᠦᠭᠡᠢ᠎ᠪᠠᠷ ᠵᠦᠭᠡᠭᠡᠪᠦᠷᠢᠯᠡᠨ ᠬᠦᠷᠭᠡᠵᠦ᠍᠂ ᠮᠠᠯᠴᠢᠨ ᠲᠦᠮᠡᠨ᠎ᠤ᠎ᠪᠠᠨ ᠭᠠᠴᠢᠭ᠍ᠳᠠᠯ᠎ᠢ ᠱᠢᠢᠳᠪᠤᠷᠢᠯᠠᠵᠠᠢ᠃ ᠱᠠᠩᠳᠠ ᠭᠠᠴᠠᠭᠠᠨ᠎ᠤ ᠪᠦᠬᠦ᠌ ᠨᠠᠮ᠎ᠤᠨ ᠭᠡᠱᠢᠭᠦᠨ ᠪᠠᠰᠠ ᠰᠠᠢᠨ ᠲᠤᠷ᠎ᠠ᠎ᠠᠴᠠ᠎ᠪᠠᠨ ᠨᠡᠢᠳᠡ 35420 ᠲᠦᠭᠦᠷᠢᠭ ᠬᠠᠨᠳᠢᠪᠯᠠᠵᠤ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠷᠢᠭ᠍ᠯᠠᠯᠳᠠ᠎ᠶ᠋ᠢᠨ ᠲᠠᠢᠯᠠᠯᠳᠤᠭᠠᠨ᠎ᠤ ᠡᠮᠦᠨ᠎ᠡ ᠹᠷᠤᠨᠲ᠎ᠲᠤ ᠲᠤᠰᠠᠯᠠᠭ᠍ᠰᠠᠨ ᠠᠵᠢ᠃ ᠱᠠᠩᠲᠤ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠡᠷᠳᠡᠨᠢᠳᠠᠯᠠᠢ᠄ 《ᠮᠠᠨ᠎ᠤ ᠭᠠᠴᠠᠭᠠᠨ᠎ᠤ ᠨᠠᠮ᠎ᠤᠨ ᠡᠭᠦᠷ ᠪᠠ ᠭᠠᠴᠠᠭᠠᠨ᠎ᠤ ᠵᠦᠪᠯᠡᠯ᠎ᠤᠨ ᠭᠡᠱᠢᠭᠦᠳ᠂ ᠨᠠᠮ᠎ᠤᠨ ᠭᠡᠱᠢᠭᠦᠨ ᠭᠤᠤᠯᠯᠠᠭ᠍ᠴᠢ ᠡᠷᠦᠭᠡ ᠬᠢᠭᠡᠳ ᠬᠡᠰᠡᠭ ᠨᠠᠮ᠎ᠤᠨ ᠭᠡᠱᠢᠭᠦᠳ ᠬᠠᠮᠳᠤ᠎ᠪᠠᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠡᠷᠢᠶ᠎ᠠ᠎ᠶ᠋ᠢ ᠱᠢᠭᠤᠳ ᠨᠡᠪᠲᠡᠷᠡᠭᠦᠯᠭᠡ᠎ᠠᠴᠠ ᠬᠦᠯᠢᠶᠡᠨ ᠠᠪᠴᠤ᠌ ᠰᠤᠨᠤᠰᠤᠭᠠᠳ ᠲᠦᠢᠯ᠎ᠢᠶᠠᠷ ᠵᠤᠷᠢᠭ᠍ᠵᠢᠨ ᠲᠤᠭ᠍ᠳᠤᠯᠵᠤ ᠪᠢᠯᠡ᠂ ᠬᠤᠢᠱᠢᠳᠠ ᠪᠢᠳᠡ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ᠌ ᠰᠡᠳᠭᠢᠯ ᠪᠦᠬᠦ᠌ ᠵᠤᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠨ᠎ᠡ》 ᠭᠡᠵᠤ ᠪᠠᠢᠯ᠎ᠠ᠃
    《ᠡᠨᠡ ᠵᠢᠯ ᠮᠠᠨ᠎ᠤ ᠬᠤᠱᠢᠭᠤ 100 ᠲᠦᠮᠡᠨ ᠲᠦᠭᠦᠷᠢᠭ᠎ᠤᠨ ᠪᠡᠯᠡ ᠤᠷᠤᠭᠤᠯᠵᠤ ᠪᠠᠢᠭᠠᠳ ᠬᠠᠳᠠᠪᠴᠢ ᠪᠠᠯᠭᠠᠰᠤᠨ᠎ᠳᠤ ᠬᠤᠯᠤᠭᠠᠨ᠎ᠠ᠎ᠶ᠋ᠢᠨ ᠬᠢᠵᠢᠭ᠎ᠢ ᠪᠠᠢᠴᠠᠭᠠᠬᠤ ᠲᠤᠰᠭᠠᠢ ᠴᠡᠭ ᠭᠠᠷᠭᠠᠭ᠍ᠰᠠᠨ ᠪᠠ ᠬᠤᠱᠢᠭᠤᠨ᠎ᠤ᠎ᠪᠠᠨ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠲᠦᠪ᠎ᠲᠡᠭᠡᠨ 130 ᠲᠦᠮᠡᠨ ᠲᠦᠭᠦᠷᠢᠭ᠎ᠤᠨ ᠪᠡᠯᠡ ᠤᠷᠤᠭᠤᠯᠤᠯᠳᠠ ᠪᠦᠬᠦᠢ PRC ᠪᠦᠭᠡᠮ ᠬᠦᠴᠢᠯ᠎ᠢ ᠱᠢᠯᠭᠠᠨ ᠪᠠᠢᠴᠠᠭᠠᠬᠤ ᠲᠠᠰᠤᠭ ᠭᠠᠷᠭᠠᠵᠤ᠂ ᠤᠳᠤᠬᠠᠨ᠎ᠳᠤ ᠶᠠᠭ ᠲᠤᠰᠭᠠᠢ ᠠᠵᠢᠯᠳᠠᠳ᠎ᠢᠶᠠᠨ ᠪᠤᠯᠪᠠᠰᠤᠷᠠᠭᠤᠯᠵᠤ ᠪᠠᠢᠨ᠎ᠠ᠃ ᠬᠦᠳᠡᠭᠡ ᠲᠤᠰᠭᠤᠨ ᠮᠠᠯᠵᠢᠬᠤ ᠤᠷᠤᠨ᠎ᠤ ᠤᠨᠴᠠ ᠶᠡᠭᠡ ᠡᠪᠡᠳᠴᠢᠨ ᠬᠢᠵᠢᠭ᠎ᠢ ᠰᠡᠷᠭᠡᠢᠯᠡᠨ ᠡᠵᠡᠮᠳᠡᠬᠦ᠌ ᠬᠠᠮᠠᠭᠠᠯᠠᠯᠳᠠ᠎ᠶ᠋ᠢᠨ ᠱᠢᠰᠲ᠋ᠧᠮ ᠪᠤᠯᠤᠨ ᠬᠤᠳᠠ ᠪᠠᠯᠭᠠᠰᠤᠨ᠎ᠤ ᠡᠪᠡᠳᠴᠢᠨ ᠬᠢᠵᠢᠭ᠎ᠢ ᠰᠡᠷᠭᠡᠢᠯᠡᠨ ᠪᠠᠢᠴᠠᠭᠠᠬᠤ ᠲᠤᠨᠤᠭ ᠲᠦᠬᠦᠭᠡᠷᠤᠮᠵᠢ᠎ᠶ᠋ᠢ ᠲᠦᠭᠦᠷᠵᠢᠭᠦᠯᠬᠦ᠌᠎ᠶ᠋ᠢ ᠲᠠᠭᠠᠯᠳᠤᠨ ᠬᠤᠱᠢᠭᠤ ᠲᠤᠭᠤᠷᠢᠭ ᠰᠤᠮᠤ ᠪᠠᠯᠭᠠᠰᠤ ᠭᠠᠴᠠᠭ᠎ᠠ ᠲᠤᠰᠭᠤᠨ ᠠᠭᠤᠰᠤᠯᠴᠠᠨ ᠨᠢᠭᠡᠳᠤᠭ᠌ᠰᠡᠨ ᠰᠡᠷᠭᠡᠢᠯᠡᠯᠳᠡ᠎ᠶ᠋ᠢᠨ ᠲᠤᠤᠷ ᠶᠠᠭ ᠪᠦᠷᠢᠯᠳᠤᠨ ᠪᠠᠬᠢᠵᠢᠵᠤ ᠪᠠᠢᠨ᠎ᠠ》 ᠭᠡᠵᠦ᠍ ᠵᠡᠭᠦᠨ ᠦᠵᠦᠮᠦᠴᠢᠨ ᠬᠤᠱᠢᠭᠤᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠲᠦᠪ᠎ᠤᠨ ᠲᠡᠳ᠋ ᠡᠷᠬᠢᠯᠡᠭ᠌ᠴᠢ ᠲᠠᠢᠴᠢᠨ ᠲᠠᠨᠢᠯᠴᠠᠭᠤᠯᠤᠯ᠎ᠠ᠃

         (ᠲᠤᠰ ᠰᠤᠨᠢᠨ᠎ᠤ ᠰᠤᠷᠪᠤᠯᠵᠢᠯᠠᠭ᠍ᠴᠢ ᠤᠷᠭᠤᠮᠠᠯ ᠡᠷᠳᠡᠨᠢᠵᠢᠷᠭᠠᠯ ᠪᠤᠤ ᠴᠢᠩ ᠱᠧᠩ ᠪᠢᠯᠢᠭ᠌ᠪᠡᠭᠠᠳᠤᠷ ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号