ᠠᠷᠠᠳ ᠲᠦᠮᠡᠨ᠎ᠢ ᠲᠡᠭᠡᠳᠤᠯᠡᠵᠦ᠍ ᠠᠷᠠᠳ ᠲᠦᠮᠡᠨ᠎ᠤ ᠲᠦᠯᠦᠭᠡ ᠤᠬᠠᠭᠠᠨ ᠬᠦᠴᠦ᠎ᠪᠠᠨ ᠱᠢᠪᠬᠠᠨ᠎ᠠ
2020-05-29 10:10:05
ᠵᠣᠬᠢᠶᠠᠭ᠍ᠴᠢ᠄
ᠶᠤᠸᠠᠨ ᠶᠦᠡᠭ ᠬᠤᠨᠭ᠌ ᠵᠠᠩ ᠺᠦᠢ
ᠣᠩᠱᠢᠭ᠍ᠰᠠᠨ ᠣᠳᠠᠭ᠎ᠠ᠄
★★★☆☆

     ᠪᠦᠭᠦ᠌ ᠤᠯᠤᠰ᠎ᠤᠨ ᠬᠤᠶᠠᠷ ᠬᠤᠷᠠᠯ᠎ᠳᠤ ᠤᠷᠤᠯᠴᠠᠬ᠍ᠰᠠᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠲᠦᠯᠦᠭᠡᠯᠡᠭ᠌ᠴᠢᠳ ᠪᠤᠯᠤᠨ ᠦᠪᠤᠷ ᠮᠤᠩᠭᠤᠯ᠎ᠳᠤ ᠰᠠᠭᠤᠭ᠎ᠠ ᠪᠦᠭᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠳ᠎ᠤᠨ ᠬᠡᠰᠡᠭ ᠦᠵᠡᠭ᠌ᠳᠡᠯ


     5 ᠰᠠᠷ᠎ᠠ᠎ᠶ᠋ᠢᠨ 21 ᠎ᠤ ᠡᠳᠦᠷ᠎ᠠᠴᠠ 28 ᠎ᠤ ᠡᠳᠦᠷ ᠪᠤᠯᠳᠠᠯ᠎ᠠ᠂ ᠪᠦᠭᠦ᠌ ᠤᠯᠤᠰ᠎ᠤᠨ ᠬᠤᠶᠠᠷ ᠬᠤᠷᠠᠯ ᠪᠡᠭᠡᠵᠢᠩ᠎ᠳᠤ ᠠᠮᠵᠢᠯᠳᠠ᠎ᠲᠠᠢ ᠬᠤᠷᠠᠯᠳᠤᠪᠠ᠃ ᠶᠡᠭᠡ ᠬᠤᠷᠠᠯ᠎ᠤᠨ ᠬᠤᠭᠤᠴᠠᠭᠠᠨ᠎ᠳᠤ᠂ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠲᠦᠯᠦᠭᠡᠯᠡᠭ᠌ᠴᠢᠳ ᠬᠠᠤᠯᠢ᠎ᠳᠤ ᠲᠤᠬ᠍ᠳᠠᠭᠠᠬ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠪᠦᠭᠦ᠌ ᠤᠷᠤᠨ᠎ᠤ 2500 ᠲᠦᠮᠡᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠲᠦᠯᠦᠭᠡᠯᠡᠨ ᠦᠭᠡ ᠬᠡᠯᠡᠵᠦ᠍᠂ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠬᠤ᠂ ᠭᠤᠷᠪᠠᠨ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠰᠠᠢᠳᠤᠷ ᠬᠢᠬᠦ᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 《ᠵᠢᠷᠭᠤᠭ᠎ᠠ᠎ᠶ᠋ᠢ ᠪᠠᠳᠤᠯᠠᠬᠤ》 ᠠᠵᠢᠯ᠎ᠢ ᠰᠠᠢᠳᠤᠷ ᠠᠳᠭᠤᠬᠤ ᠵᠡᠷᠭᠡ ᠲᠠᠯ᠎ᠠ᠎ᠪᠠᠷ ᠮᠠᠰᠢ ᠤᠯᠠᠨ ᠰᠠᠢᠨ ᠰᠠᠨᠠᠭᠤᠯᠭ᠎ᠠ ᠲᠤᠷᠠᠳᠪᠠ; ᠮᠠᠨ᠎ᠤ ᠤᠷᠤᠨ᠎ᠳᠤ ᠰᠠᠭᠤᠭ᠎ᠠ ᠪᠦᠭᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠳ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠂ ᠤᠯᠠᠨ ᠨᠡᠢᠳᠡ᠎ᠶ᠋ᠢᠨ ᠡᠷᠡᠬᠦᠯ ᠬᠠᠮᠠᠭᠠᠯᠠᠯ᠎ᠤᠨ ᠠᠮᠤᠷ ᠲᠦᠪᠱᠢᠨ᠎ᠤ ᠲᠤᠤᠷ᠎ᠢ ᠪᠠᠭᠢ ᠰᠦᠯᠵᠢᠬᠦ᠂ ᠶᠠᠳᠠᠭᠤ᠎ᠠᠴᠠ ᠠᠩᠭᠢᠵᠢᠷᠠᠭᠤᠯᠣᠭ᠍ᠰᠠᠨ ᠦᠷ᠎ᠠ ᠪᠦᠲᠦᠭᠡᠯ᠎ᠢ ᠪᠠᠬᠢᠵᠢᠭᠦᠯᠬᠦ᠌ ᠵᠡᠷᠭᠡ ᠭᠤᠤᠯ ᠰᠡᠳᠦᠪ᠎ᠤᠨ ᠲᠤᠭᠤᠷᠢᠨ᠎ᠳᠤ ᠢᠳᠡᠪᠭᠢᠳᠠᠢ᠎ᠪᠠᠷ ᠠᠷᠭ᠎ᠠ ᠪᠤᠳᠤᠯᠭ᠎ᠠ᠎ᠪᠠᠨ ᠳᠡᠪᠱᠢᠭᠦᠯᠵᠦ᠍᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠤᠬ᠍ᠳᠠᠯ ᠬᠦᠴᠦ᠍ ᠵᠢᠴᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠪᠠ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ 《ᠬᠤᠤᠰ ᠢᠯᠠᠯᠳᠠ》 ᠎ᠶ᠋ᠢ ᠲᠡᠮᠡᠴᠡᠨ ᠤᠯᠬᠤ ᠦᠪᠤᠷ ᠮᠤᠩᠭᠤᠯ᠎ᠤᠨ ᠢᠳᠡᠭᠡᠯ ᠵᠤᠷᠢᠭ᠎ᠢ ᠢᠯᠡᠷᠡᠭᠦᠯᠪᠡ᠃


                                  ᠲᠦᠯᠦᠭᠡᠯᠡᠭ᠌ᠴᠢᠳ᠎ᠤᠨ ᠪᠦᠯᠭᠦᠮ᠎ᠤᠨ ᠪᠦᠭᠦᠳᠡ ᠬᠤᠷᠠᠯ


                                ᠸᠢᠳᠢᠣ᠋ ᠰᠤᠷᠪᠤᠯᠵᠢᠯᠠᠭ᠎ᠠ᠎ᠶ᠋ᠢ ᠬᠦᠯᠢᠶᠠᠨ᠎ᠠ


                                 ᠰᠠᠨᠠᠭᠤᠯᠭ᠎ᠠ᠎ᠪᠠᠨ ᠲᠡᠭᠦᠯᠳᠡᠷᠵᠢᠭᠦᠯᠦᠨ᠎ᠠ


     ᠮᠠᠲ᠋ᠧᠷᠢᠶᠠᠯ᠎ᠳᠠᠭᠠᠨ ᠵᠠᠰᠠᠪᠤᠷᠢ ᠤᠷᠤᠭᠤᠯᠤᠨ᠎ᠠ (ᠲᠤᠰ ᠬᠡᠷᠡᠯ ᠵᠢᠷᠤᠭ᠎ᠢ ᠦᠪᠠᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠠᠴᠠ ᠬᠠᠨᠭ᠌ᠭᠠᠪᠠ)


                       ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠎ᠠ


     ᠴᠦᠭᠡᠨ ᠲᠤᠭᠠᠳᠤ ᠦᠨᠳᠦᠰᠦᠳᠡᠨ᠎ᠤ ᠡᠳᠡᠭᠡᠳ᠎ᠤᠨ ᠭᠡᠱᠢᠭᠦᠳ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠶᠠᠷᠢᠯᠴᠠᠨ᠎ᠠ (ᠲᠤᠰ ᠬᠡᠷᠡᠯ ᠵᠢᠷᠤᠭ᠎ᠢ ᠦᠪᠠᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠠᠴᠠ ᠬᠠᠨᠭ᠌ᠭᠠᠪᠠ)


                    ᠲᠦᠯᠦᠭᠡᠯᠡᠭ᠌ᠴᠢᠳ᠎ᠤᠨ ᠰᠤᠷᠪᠤᠯᠵᠢᠯᠠᠭ᠎ᠠ ᠬᠦᠯᠢᠶᠠᠭᠦ᠌ ᠵᠠᠮ


     ᠱᠠᠱᠢᠨ ᠰᠤᠷᠳᠠᠬᠤᠨ᠎ᠤ ᠡᠳᠡᠭᠡᠳ᠎ᠤᠨ ᠭᠡᠱᠢᠭᠦᠳ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠶᠠᠷᠢᠯᠴᠠᠨ᠎ᠠ (ᠲᠤᠰ ᠬᠡᠷᠡᠯ ᠵᠢᠷᠤᠭ᠎ᠢ ᠦᠪᠠᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠠᠴᠠ ᠬᠠᠨᠭ᠌ᠭᠠᠪᠠ)


     ᠭᠠᠨᠵᠤᠭ᠎ᠠ ᠲᠦᠭᠦᠷᠡᠩ᠎ᠢᠶᠠᠷ ᠪᠤᠴᠠᠬᠤ ᠠᠶᠠᠨ᠎ᠢᠶᠠᠨ ᠡᠯᠭᠦᠪᠠ (ᠲᠤᠰ ᠬᠡᠷᠡᠯ ᠵᠢᠷᠤᠭ᠎ᠢ ᠦᠪᠠᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠠᠴᠠ ᠬᠠᠨᠭ᠌ᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号